ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠠᠯᠪᠠᠲᠠᠨ ᠤ ᠬᠠᠤᠯᠢ ᠪᠣᠯᠤᠨ ᠠᠯᠪᠠᠲᠠᠨ ᠡᠯᠰᠡᠵᠦ ᠬᠡᠷᠡᠭᠯᠡᠬᠦ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2018 ᠣᠨ ᠤ ᠪᠦᠬᠦ ᠣᠷᠣᠨ ᠤ ᠨᠠᠮ ᠵᠠᠰᠠᠭ ᠤᠯᠠᠨ | ᠲᠦᠮᠡᠨ ᠤ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ︵ᠳᠣᠷᠣᠭᠰᠢ ︽ | ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠬᠤ ᠨᠢᠭᠡᠴᠡ︾ ᠭᠡᠵᠦ ᠲᠣᠪᠴᠢᠯᠠᠨ᠎ᠠ︶ ᠶᠢᠨ ᠡᠷᠬᠢᠯᠡᠭᠴᠢ | ᠭᠡᠰᠢᠭᠦᠴᠢ ᠠᠴᠠ ᠳᠣᠷᠣᠭᠰᠢᠬᠢ ᠤᠳᠤᠷᠢᠳᠬᠤ ᠪᠣᠰᠤ ᠲᠤᠰᠢᠶᠠᠯ ᠪᠦᠬᠦᠢ ᠠᠯᠪᠠᠲᠠᠨ ᠪᠠ ᠠᠵᠢᠯᠲᠠᠨ ᠡᠯᠰᠡᠬᠦ | ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠵᠠᠢ᠃ ᠠᠯᠪᠠᠲᠠᠨ ᠪᠣᠯᠤᠨ ᠠᠯᠪᠠᠲᠠᠨ ᠤ | ᠬᠠᠤᠯᠢ ᠪᠠᠷ ᠯᠠᠪᠯᠠᠯᠲᠠ ᠪᠣᠯᠭᠠᠬᠤ ᠨᠢᠭᠡᠴᠡ ᠨᠡᠶᠢᠲᠡ 2325 ᠬᠥᠮᠦᠨ ᠡᠯᠰᠡᠬᠦ ᠪᠠᠷ ᠲᠥᠯᠥᠪᠯᠡᠵᠦ ᠪᠣᠢ᠂ ᠡᠭᠦᠨ ᠳᠤ | ᠪᠦᠬᠦ ᠣᠷᠣᠨ ᠤ ᠨᠠᠮ ᠵᠠᠰᠠᠭ ᠤᠯᠡᠠ ᠲᠦᠮᠡᠨ ᠤ ᠰᠢᠰᠲ᠋ᠧᠮ 392 ᠬᠥᠮᠦᠨ᠂ ᠪᠥᠬᠦ ᠣᠷᠣᠨ ᠤ ᠰᠢᠭᠦᠬᠦ | ᠪᠠᠶᠢᠴᠠᠭᠠᠬᠤ ᠰᠢᠰᠲ᠋ᠧᠮ 390 ᠬᠥᠮᠦᠨ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ 1543 ᠬᠥᠮᠦᠨ | ᠡᠯᠰᠡᠨ᠎ᠠ᠃ | ᠰᠢᠯᠭᠠᠯᠲᠠ ᠳᠤ ᠨᠡᠷ᠎ᠡ ᠮᠡᠳᠡᠭᠦᠯᠦᠭᠴᠢ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶ᠎ᠠ ᠲᠠᠢ ᠪᠠᠶᠢᠬᠤ︔ ᠪᠦᠬᠦᠯᠢ ᠠᠷᠪᠠᠨ ᠨᠠᠢᠮᠠᠨ | ᠨᠠᠰᠤᠨ ᠠᠴᠠ ᠳᠡᠭᠡᠭᠰᠢᠬᠢ᠂ ᠪᠦᠬᠦᠯᠢ ᠭᠤᠴᠢᠨ ᠲᠠᠪᠤᠨ ᠨᠠᠰᠤ ᠠᠴᠠ ᠳᠣᠷᠣᠭᠰᠢ ︵2000 ᠣᠨ ᠤ 3 ᠳ᠋ᠤᠭᠠᠷ | ᠰᠠᠷ᠎ᠠ ᠶᠢᠨ 26 ᠤ ᠡᠳᠦᠷ ᠠᠴᠠ ᠡᠮᠦᠨ᠎ᠡ 1982 ᠣᠨ ᠤ 3 ᠳ᠋ᠤᠭᠠᠷ ᠰᠠᠷ᠎ᠠ ᠶᠢᠨ 26 ᠤ ᠡᠳᠦᠷ ᠠᠴᠠ ᠬᠤᠶᠢᠰᠢ | ᠲᠥᠷᠥᠭᠰᠡᠨ︶ ᠪᠠᠶᠢᠬᠤ︔ ᠰᠢᠯᠭᠠᠨ ᠡᠯᠰᠡᠬᠦ ᠠᠵᠢᠯ ᠤᠨ ᠪᠠᠶᠢᠷᠢ ᠨᠢ ᠨᠠᠰᠤᠨ ᠤ ᠣᠨᠴᠠᠭᠠᠶ ᠱᠠᠭᠠᠷᠳᠠᠯᠭ᠎ᠠ ᠲᠠᠢ | ᠪᠠᠶᠢᠪᠠᠯ ︽ᠰᠢᠯᠭᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠪᠠᠷ ᠪᠠᠷᠢᠮᠵᠢᠶ᠎ᠠ ᠪᠣᠯᠭᠠᠬᠤ︔ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠳᠡᠭ ᠪᠠᠶᠢᠬᠤ︔ ᠰᠢᠯᠢᠳᠡᠭ ᠰᠠᠶᠢᠨ | ᠮᠣᠷᠠᠯ ᠰᠤᠷᠲᠠᠯ ᠲᠠᠢ ᠪᠠᠶᠢᠬᠤ︔ ᠡᠭᠦᠷᠭᠡ ᠬᠠᠷᠢᠭᠤᠴᠠᠯᠭ᠎ᠠ ᠪᠠᠨ ᠬᠡᠪ ᠢᠶᠠᠷ ᠭᠦᠢᠴᠡᠳᠬᠡᠵᠦ ᠳᠡᠶᠢᠯᠬᠦ ᠪᠡᠶ᠎ᠡ | ᠮᠠᠬᠠᠪᠣᠳ ᠤᠨ ᠨᠥᠬᠦᠴᠡᠯ ᠲᠠᠢ ᠪᠠᠶᠢᠬᠤ︔ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ | ᠴᠢᠳᠠᠪᠤᠷᠢ ᠲᠠᠢ ᠪᠠᠶᠢᠬᠤ︔ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠬᠢ ᠠᠴᠠ ᠳᠡᠭᠡᠭᠰᠢᠬᠢ ᠰᠣᠶᠣᠯ ᠤᠨ | ᠬᠢᠷᠢ ᠬᠡᠮᠵᠢᠶ᠎ᠡ ᠲᠠᠢ ᠪᠠᠶᠢᠬᠤ︔ ᠰᠢᠯᠭᠠᠨ ᠡᠯᠰᠡᠬᠦ ᠠᠵᠢᠯ ᠤᠨ ᠪᠠᠶᠢᠷᠢᠨ ᠳᠤ ᠱᠠᠭᠠᠷᠳᠠᠭᠰᠠᠨ ᠪᠤᠰᠤᠳ ᠬᠢᠷᠢ ᠬᠡᠮ ᠤᠨ | ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠬᠡᠯᠪᠡᠷᠢ ᠪᠠᠷ ᠶᠠᠪᠤᠭᠳᠠᠭᠤᠯᠤᠨ᠎ᠠ᠂ ᠨᠡᠷ᠎ᠡ ᠮᠡᠳᠡᠭᠦᠯᠬᠦ ᠰᠦᠯᠵᠢᠶ᠎ᠡ ᠪᠣᠯ ᠥᠪᠥᠷ ᠮᠣᠩᠭᠤᠯ ᠤᠨ ᠠᠵᠢᠯᠲᠠᠨ ᠤ | ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ http://www. | impta.com︶᠂ ᠨᠡᠷ᠎ᠡ ᠮᠡᠳᠡᠭᠦᠯᠦᠭᠴᠢ ᠶᠢᠨ ᠨᠡᠷ᠎ᠡ ᠮᠡᠳᠡᠭᠦᠯᠬᠦ ᠭᠤᠶᠤᠴᠢᠯᠠᠯ ᠢᠶᠠᠨ ᠲᠤᠰᠢᠶᠠᠬᠤ ᠴᠠᠭ ᠨᠢ 3 | ᠳ᠋ᠤᠭᠠᠷ ᠰᠠᠷ᠎ᠠ ᠶᠢᠨ 26 ᠤ ᠡᠳᠦᠷ ᠤᠨ 9᠄ 00 ᠠᠴᠠ 3 ᠳ᠋ᠤᠭᠠᠷ ᠰᠠᠷ᠎ᠠ ᠶᠢᠨ 31 ᠤ ᠡᠳᠦᠷ ᠤᠨ 17᠄ 00 | ᠪᠣᠯᠲᠠᠯ᠎ᠠ᠃ | ᠲᠣᠰ ᠤᠳᠠᠭᠠᠨ ᠤ ᠰᠢᠯᠭᠠᠨ ᠡᠯᠰᠡᠬᠦ ᠪᠢᠷ ᠤᠨ ᠰᠢᠯᠭᠠᠯᠲᠠ ᠶᠢ 4 ᠳ᠋ᠦ᠋ᠭᠡᠷ ᠰᠠᠷ᠎ᠠ ᠶᠢᠨ 21 ᠤ ᠡᠳᠦᠷ ᠪᠠ 4 | ᠳ᠋ᠦ᠋ᠭᠡᠷ ᠰᠠᠷ᠎ᠠ ᠶᠢᠨ 22 ᠤᠨ ᠡᠳᠦᠷ ᠬᠢᠨ᠎ᠡ᠂ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ | ᠬᠢᠷᠢ ᠲᠡᠩᠴᠡᠭᠦ ᠬᠠᠮᠤᠭ ᠤᠨ ᠳᠣᠣᠷ᠎ᠠ ᠬᠢᠵᠠᠭᠠᠷ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠨᠡᠶᠢᠲᠡᠯᠡᠨ᠎ᠡ᠃ |