ᠥᠪᠥᠷ ᠮᠣᠩᠭᠤᠯ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠲᠤᠷᠰᠢᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ
ᠨᠡᠶᠢᠲᠡᠯᠡᠭᠰᠡᠨ ᠴᠠᠭ᠄
2018/3/28
      ᠪᠥᠬᠦ ᠤᠯᠤᠰ ᠤᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠶᠢᠮᠠᠭ ᠬᠤᠲᠠ ᠨᠢᠭᠡᠪᠦᠷᠢ ᠠᠴᠠ ᠨᠢᠭᠡ ᠬᠤᠰᠢᠭᠤ ᠰᠢᠶᠠᠨ ᠢ ᠰᠣᠩᠭᠤᠵᠤ ᠲᠤᠷᠰᠢᠯᠲᠠ ᠶᠢᠨ ᠴᠢᠬ ᠪᠣᠯᠭᠠᠭᠠᠳ ᠤᠷᠢᠳᠠᠪᠠᠷ ᠲᠤᠷᠰᠢᠯᠲᠠ ᠬᠢᠪᠡ᠃ ᠡᠯ᠎ᠡ ᠲᠤᠷᠰᠢᠯᠲᠠ ᠶᠢᠨ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠪᠬᠢᠲᠡᠶ ᠪᠠᠷ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠲᠤᠶᠢᠯ ᠤᠨ ᠣᠨᠣᠪᠴᠢᠲᠠᠢ ᠠᠷᠭ᠎ᠠ ᠪᠣᠳᠣᠯᠭ᠎ᠠ ᠠᠪᠴᠤ᠂ ᠭᠤᠣᠯᠳᠠᠯᠭ᠎ᠠ ᠶᠢ ᠴᠢᠩᠭ᠎ᠠ ᠠᠳᠬᠤᠵᠤ᠂ ᠠᠵᠢᠯ ᠤᠨ ᠳᠡᠰ ᠳᠠᠷᠠᠭᠠᠯᠠᠯ ᠪᠠ ᠪᠠᠷᠢᠮᠵᠢᠶ᠎ᠠ ᠶᠢ ᠴᠢᠩᠭᠠᠷᠠᠭᠤᠯᠵᠤ᠂ ᠲᠤᠷᠰᠢᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃      ᠥᠪᠥᠷ ᠮᠣᠩᠭᠤᠯ ᠤᠨ ᠡᠷᠬᠡ ᠶᠢ ᠨᠤᠲᠠᠯᠠᠨ ᠲᠣᠭᠲᠠᠭᠠᠬᠤ ᠠᠯᠪᠠᠨ ᠭᠡᠷ ᠤᠤᠯ ᠤᠨ ᠬᠥᠳᠡᠭᠡ ᠠᠵᠤ ᠠᠬᠤᠶ ᠶᠢᠨ ᠶᠠᠮᠤᠨ ᠤ ︽ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ ᠠᠪᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠢᠴᠢ ᠥᠪᠡᠷᠲᠡᠭᠡᠨ ᠵᠠᠰᠠᠬᠤ ᠣᠷᠣᠨ ᠤ ︽ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ ᠠᠪᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠬᠤᠰᠢᠭᠤ ᠰᠢᠶᠠᠨ ᠢ ᠰᠢᠯᠭᠠᠨ ᠠᠪᠤᠪᠠ᠃ ᠪᠠᠭᠠᠷᠢᠨ ᠵᠡᠭᠦᠨ ᠬᠤᠰᠢᠭᠤ᠂ ᠲᠦᠮᠡᠳ ᠪᠠᠷᠠᠭᠤᠨ ᠬᠤᠰᠢᠭᠤ᠂ ᠦᠴᠦᠸᠠᠨ ᠰᠢᠶᠠᠨ᠂ ᠬᠠᠩᠭᠢᠨ ᠬᠤᠰᠢᠭᠤ᠂ ᠠᠷᠤᠨ ᠬᠤᠰᠢᠭᠤ᠂ ᠨᠠᠢᠮᠠᠨ ᠬᠤᠰᠢᠭᠤ᠂ ᠦᠶᠤᠸᠠᠨ ᠰᠢᠶᠠᠨ ᠵᠡᠷᠭᠡ ᠲᠤᠷᠰᠢᠯᠲᠠ ᠶᠢᠨ ᠬᠤᠰᠢᠭᠤ ᠰᠢᠶᠠᠨ ᠨᠢ ᠰᠢᠯᠭᠠᠯᠲᠠ ᠳᠤ ᠬᠢᠷᠢ ᠲᠡᠩᠴᠡᠪᠡ᠂ ᠡᠷᠬᠡ ᠶᠢ ᠨᠤᠲᠠᠯᠠᠨ ᠲᠣᠭᠲᠠᠭᠠᠬᠤ ᠠᠵᠢᠯ ᠨᠢ ᠬᠢᠷᠢ ᠲᠡᠩᠴᠡᠬᠦ ᠪᠠᠷᠢᠮᠵᠢᠶ᠎ᠠ ᠳᠤ ᠬᠦᠷᠦᠭᠰᠡᠨ ᠳᠤᠨᠢ᠂ ︽ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾᠎ ᠢ ᠵᠠᠯᠭᠠᠯᠳᠤᠭ᠎ᠠ ᠪᠠᠷ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号