3 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃ | ᠬᠤᠷᠠᠯ ᠨᠢ᠂ ᠮᠠᠨ ᠤ ᠤᠷᠤᠨ ᠤ ︽ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠤᠰ ᠤᠨ ᠦᠮᠴᠢᠯᠡᠯ ᠤᠨ ᠡᠳ᠋ | ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠭᠦ ᠲᠦᠷᠢᠮ ᠢ ᠪᠠᠶᠢᠭᠤᠯᠬᠤ ᠲᠤᠬᠠᠢ ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠦᠪ ᠬᠤᠷᠢᠶ᠎ᠠ ᠶᠢᠨ ᠰᠠᠨᠠᠯ︾ ᠪᠠ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠰᠦᠪ ᠢ ᠬᠢᠨᠠᠨ ᠪᠠᠶᠢᠴᠠᠭᠠᠵᠤ ᠬᠢᠨᠠᠯᠳᠠ ᠲᠠᠯᠪᠢᠬᠤ ᠭᠤᠤᠯᠳᠠᠯᠭ᠎ᠠ ᠶᠢ ᠵᠠᠷᠤᠯᠭ᠎ᠠ ᠶᠢᠨ ᠲᠦᠰᠦᠪ ᠪᠠ ᠲᠦᠷᠦ ᠶᠢᠨ | ᠪᠤᠳᠤᠯᠭ᠎ᠠ ᠲᠡᠰᠢ ᠦᠷᠭᠡᠳᠭᠡᠭᠦ ᠲᠤᠬᠠᠢ ᠵᠢᠯᠤᠭᠤᠳᠬᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ | ᠪᠦᠬᠦᠢ ᠠᠵᠢᠯ ᠢ ᠰᠤᠳᠤᠯᠪᠠ᠃ ᠬᠤᠷᠠᠯ ᠠᠴᠠ᠂ ᠡᠨᠡ ᠬᠤᠶᠠᠷ ᠴᠢᠬᠤᠯᠠ ᠪᠢᠴᠢᠭ ᠮᠠᠲ᠋ᠧᠷᠢᠶᠠᠯ ᠢ ᠲᠤᠬᠳᠠᠭᠠᠨ | ᠨᠡᠶᠢᠲᠡᠯᠡᠭᠰᠡᠨ ᠨᠢ᠂ ᠨᠠᠮ ᠤᠨ ᠲᠦᠪ ᠬᠤᠷᠢᠶ᠎ᠠ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠢᠨᠠᠯᠳᠠ ᠲᠠᠯᠪᠢᠬᠤ ᠡᠭᠦᠷᠭᠡ ᠴᠢᠳᠠᠪᠬᠢ ᠶᠢ ᠴᠢᠩᠭᠠᠳᠬᠠᠨ ᠲᠡᠭᠦᠯᠳᠡᠷᠵᠢᠭᠦᠯᠵᠦ ᠪᠠᠶᠢᠭ᠎ᠠ ᠴᠢᠬᠤᠯᠠ ᠠᠷᠭ᠎ᠠ ᠬᠡᠮᠵᠢᠶ᠎ᠠ | ᠪᠤᠯᠤᠨ᠎ᠠ᠃ ᠪᠢᠳᠡ ᠡᠨᠡ ᠬᠤᠶᠠᠷ ᠴᠢᠬᠤᠯᠠ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ | ᠨᠠᠮ ᠤᠨ ᠲᠦᠪ ᠬᠤᠷᠢᠶ᠎ᠠ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢ | ᠮᠡᠳᠡᠭᠦᠯᠭᠦ ᠲᠦᠷᠢᠮ ᠢ ᠴᠢᠨᠠᠬᠰᠢᠳᠠ ᠲᠡᠭᠦᠯᠳᠡᠷᠵᠢᠭᠦᠯᠵᠤ᠂ ᠠᠶᠢᠮᠠᠭ ᠬᠤᠳᠠ ᠶᠢᠨ ᠱᠠᠳᠣ᠂ ᠬᠤᠰᠢᠭᠤ ᠰᠢᠶᠠᠨ ᠤ | ᠱᠠᠳᠤᠨ ᠳᠤ ᠵᠠᠰᠠᠭ ᠤᠨ ᠤᠷᠳᠤᠨ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠭᠦ ᠲᠦᠷᠢᠮ | ᠢ ᠲᠦᠷᠭᠡᠳᠭᠡᠨ ᠪᠠᠶᠢᠭᠤᠯᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠦᠭᠵᠢᠯᠳᠡ ᠳᠤ ᠨᠡᠩ ᠰᠠᠶᠢᠲᠤᠷ | ᠦᠢᠯᠡᠴᠢᠯᠡᠭᠦᠯᠵᠤ᠂ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠭᠦ ᠬᠡᠷᠡᠭᠳᠡᠢ᠃ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠲᠦᠰᠦᠪ ᠢ ᠬᠢᠨᠠᠨ ᠪᠠᠶᠢᠴᠠᠭᠠᠵᠤ ᠬᠢᠨᠠᠯᠳᠠ ᠲᠠᠯᠪᠢᠬᠤ ᠭᠤᠤᠯᠳᠠᠯᠭ᠎ᠠ ᠶᠢ ᠵᠠᠷᠤᠯᠭ᠎ᠠ ᠶᠢᠨ | ᠲᠦᠰᠦᠪ ᠪᠠ ᠲᠦᠷᠦ ᠶᠢᠨ ᠪᠤᠳᠤᠯᠭ᠎ᠠ ᠲᠡᠰᠢ ᠦᠷᠭᠡᠳᠭᠡᠭᠦ ᠶᠢᠨ ᠴᠢᠬᠤᠯᠠ ᠠᠴᠢ ᠬᠤᠯᠪᠤᠬᠳᠠᠯ ᠢ ᠬᠦᠨᠵᠡᠭᠡᠢ | ᠤᠶᠢᠯᠠᠭᠠᠵᠤ᠂ ᠬᠠᠮᠢᠶ᠎ᠠ ᠪᠦᠬᠦᠢ ᠳᠡᠰ ᠲᠠᠷᠠᠭᠠᠯᠠᠯ᠂ ᠠᠷᠭ᠎ᠠ ᠬᠡᠮᠵᠢᠶ᠎ᠠ ᠪᠠ ᠱᠠᠭᠠᠷᠳᠠᠯᠭ᠎ᠠ ᠶᠢ ᠪᠤᠯᠪᠠᠰᠤᠷᠠᠩᠭᠤᠢ | ᠡᠵᠡᠮᠰᠢᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠰᠦᠪ ᠢ ᠬᠢᠨᠠᠨ ᠪᠠᠶᠢᠴᠠᠭᠠᠵᠤ ᠬᠢᠨᠠᠯᠳᠠ | ᠲᠠᠯᠪᠢᠬᠤ ᠶᠠᠰᠣ ᠴᠢᠨᠠᠷ ᠪᠤᠯᠤᠨ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ ᠭᠡᠵᠡᠢ᠃ | ᠬᠤᠷᠠᠯ ᠨᠢ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ︵2018 — 2022︶ | ᠤᠨ ᠬᠠᠤᠯᠢ ᠲᠤᠬᠳᠠᠭᠠᠬᠤ ᠲᠦᠯᠦᠪᠵᠢᠭᠦᠯᠭᠡ ᠪᠠ 2018 ᠤᠨ ᠤ ᠬᠠᠤᠯᠢ ᠲᠤᠬᠳᠠᠭᠠᠬᠤ ᠲᠦᠯᠦᠪᠯᠡᠭᠡ ᠶᠢ | ᠰᠤᠳᠤᠯᠤᠭᠰᠠᠨ ᠤ ᠬᠠᠮᠳᠤ ᠵᠠᠷᠴᠢᠮ ᠲᠡᠭᠡᠷ᠎ᠠ ᠪᠠᠨ ᠵᠦᠪᠰᠢᠶᠡᠷᠡᠪᠡ᠃ ᠬᠤᠷᠠᠯ ᠠᠴᠠ ᠱᠠᠭᠠᠷᠳᠠᠭᠰᠠᠨ ᠨᠢ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ | ᠲᠤᠬᠳᠠᠭᠠᠬᠤ ᠠᠵᠢᠯ ᠲᠠᠬᠢ ᠨᠠᠮ ᠤᠨ ᠤᠳᠤᠷᠢᠳᠤᠯᠭ᠎ᠠ ᠶᠢ ᠡᠷᠡᠰ ᠪᠠᠷᠢᠮᠳᠠᠯᠠᠨ᠂ ᠬᠠᠤᠯᠢ ᠲᠤᠬᠳᠠᠭᠠᠬᠤ ᠠᠵᠢᠯ ᠳᠠᠬᠢ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠤᠯ ᠤᠳᠤᠷᠢᠳᠬᠤ ᠦᠢᠯᠡᠳᠦᠯ ᠢ ᠬᠦᠢᠴᠡᠳ | ᠪᠠᠳᠠᠷᠠᠭᠤᠯᠵᠤ᠂ ᠰᠢᠨᠵᠢᠯᠡᠭᠦ ᠤᠬᠠᠭᠠᠨᠴᠢ ᠪᠠᠷ ᠬᠠᠤᠯᠢ ᠲᠤᠬᠳᠠᠭᠠᠬᠤ᠂ ᠠᠷᠠᠳᠴᠢᠯᠡᠯ ᠢᠶᠠᠷ ᠬᠠᠤᠯᠢ ᠲᠤᠬᠳᠠᠭᠠᠬᠤ᠂ | ᠬᠠᠤᠯᠢ ᠶᠤᠰᠤᠭᠠᠷ ᠬᠠᠤᠯᠢ ᠲᠤᠬᠳᠠᠭᠠᠬᠤ ᠶᠢ ᠦᠨᠡᠨᠭᠦ ᠠᠬᠢᠭᠤᠯᠵᠤ᠂ ᠲᠦᠯᠦᠪᠵᠢᠭᠦᠯᠭᠡ ᠪᠠ ᠲᠦᠯᠦᠪᠯᠡᠭᠡ ᠶᠢ ᠪᠦᠬᠦ | ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠦᠢᠯᠡᠰ ᠤᠨ | ᠬᠦᠭᠵᠢᠯᠳᠡ ᠳᠤ ᠪᠡᠳᠤ ᠪᠠᠬᠢ ᠬᠠᠤᠯᠢᠵᠢᠯ ᠤᠨ ᠪᠠᠳᠤᠯᠠᠭ᠎ᠠ ᠬᠠᠩᠭᠠᠬᠤ ᠬᠡᠷᠡᠭᠳᠡᠢ ᠭᠡᠵᠡᠢ᠃ | ᠬᠤᠷᠠᠯ ᠨᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠤᠯᠤᠰ ᠤᠨ | ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠲᠦᠷᠢᠮ︾ ᠪᠠ ︽ᠦᠪᠡᠷᠳᠡᠭᠡᠨ ᠵᠠᠰᠠᠬᠤ ᠤᠷᠤᠨ ᠤ | ᠰᠢᠭᠤᠳ ᠬᠠᠷᠢᠶ᠎ᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ | ᠤᠨ ᠬᠡᠷᠡᠭᠵᠢᠭᠦᠯᠭᠦ ᠠᠷᠭ᠎ᠠ︾ ᠶᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |