ᠦᠪᠦᠷ ᠮᠣᠩᠭᠤᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠢ ᠳᠡᠭᠡᠭᠰᠢᠯᠡᠭᠦᠯᠬᠦ ᠲᠥᠯᠥᠪᠯᠡᠭᠡ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2018/3/28
     ᠡᠨᠡ ᠵᠢᠯ ᠦᠪᠦᠷ ᠮᠣᠩᠭᠤᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠢ ᠳᠡᠭᠡᠭᠰᠢᠯᠡᠭᠦᠯᠬᠦ ︽ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠪᠠᠨ ᠡᠬᠢᠯᠡᠭᠦᠯᠵᠦ᠂ 3 ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ 20%᠎ ᠶᠢᠨ ᠬᠤᠰᠢᠭᠤ ᠰᠢᠶᠠᠨ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠰᠢᠶᠠᠨ ᠤ ᠪᠠᠷᠢᠮᠵᠢᠶ᠎ᠠ ᠳᠤ ᠬᠦᠷᠦᠭᠦᠯᠵᠦ᠂ 50%᠎ ᠠᠴᠠ ᠳᠡᠭᠡᠭᠰᠢᠬᠢ ᠬᠤᠰᠢᠭᠤ ᠰᠢᠶᠠᠨ ᠢ ᠥᠪᠡᠷᠲᠡᠭᠡᠨ ᠵᠠᠰᠠᠭ ᠣᠷᠣᠨ ᠤ ᠠᠮᠤᠷ ᠲᠥᠪᠰᠢᠨ ᠰᠢᠶᠠᠨ ᠤ ᠪᠠᠷᠢᠮᠵᠢᠶ᠎ᠠ ᠳᠤ ᠬᠦᠷᠦᠭᠦᠯᠦᠨ᠎ᠡ︔ ᠨᠡᠶᠢᠲᠡ ᠶᠢᠨ ᠬᠦᠨᠦᠭᠡᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠬᠠᠷᠢᠴᠠᠯ ᠢ 50%᠎ ᠠᠴᠠ ᠳᠡᠭᠡᠭᠰᠢ ᠳᠤ ᠬᠦᠷᠦᠭᠦᠯᠵᠦ᠂ ᠵᠣᠷᠰᠢᠯᠲᠤ ᠬᠢᠨᠠᠨ ᠬᠡᠮᠵᠢᠬᠦ ᠬᠢᠷᠢ ᠲᠡᠩᠴᠡᠯ ᠤᠨ ᠨᠣᠷᠮ᠎ᠠ ᠶᠢ 96%᠎ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃        ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠳᠤᠷᠠᠳᠤᠨ ᠭᠠᠷᠭᠠᠭᠰᠠᠨ ᠢᠶᠠᠷ᠄ 2 — 3 ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠲᠠᠷᠢᠵᠤ ᠲᠡᠵᠢᠭᠡᠬᠦ ᠡᠳ᠋ᠰᠢᠭᠦᠯᠬᠦ ᠪᠦᠬᠦ ᠶᠠᠪᠤᠴᠠ ᠶᠢ ᠬᠠᠮᠤᠷᠤᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠲᠤ ᠰᠢᠰᠲ᠋ᠧᠮᠵᠢ ᠶᠢ ᠪᠠᠶᠢᠭᠤᠯᠵᠤ᠂ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠪᠤᠭᠤᠲᠠᠢ᠂ ᠨᠡᠷᠡᠨ ᠬᠤᠸᠠᠷ᠂ ᠠᠯᠠᠰᠢᠨ ᠦᠬᠡᠷ᠂ ᠠᠯᠠᠰᠢᠨ ᠬᠤᠨᠢ᠂ ᠰᠠᠭᠠᠯᠢ ᠶᠢᠨ ᠦᠨᠢᠶ᠎ᠡ᠂ ᠭᠠᠭ᠋ᠠᠶ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠴᠢᠨᠠᠷ ᠰᠠᠶᠢᠲᠠᠶ ᠬᠥᠭᠵᠢᠭᠦᠯᠬᠦ‍ ᠨᠢᠭᠡ ᠪᠦᠯᠦᠭ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠤᠭᠤᠯᠵᠤ᠂ ᠨᠢᠭᠡ ᠪᠦᠯᠦᠭ ᠬᠡᠪᠴᠢᠶᠡᠲᠦ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠨ᠂ ᠨᠢᠭᠡ ᠪᠦᠯᠦᠭ ᠴᠢᠨᠠᠷ ᠰᠠᠶᠢᠲᠠᠶ ᠲᠤᠰᠬᠠᠶ ᠬᠡᠷᠡᠭᠯᠡᠭᠡᠨ ᠤ ᠡᠭᠦᠯᠳᠡᠷ ᠢᠶᠠᠷ ᠵᠢᠱᠢᠶ᠎ᠡ ᠦᠵᠡᠭᠦᠯᠵᠦ᠂ ᠨᠢᠭᠡ ᠪᠦᠯᠦᠭ ᠪᠣᠬᠢᠷᠲᠤᠯ ᠥᠭᠡᠢ ᠥᠷᠳᠡᠭ ᠢ ᠠᠷᠪᠢᠯᠠᠨ ᠦᠷ᠎ᠡ ᠠᠰᠢᠭ ᠢ ᠳᠡᠭᠡᠭᠰᠢᠯᠡᠭᠦᠯᠬᠦ ᠮᠡᠷᠭᠡᠵᠢᠯ ᠢ ᠳᠡᠯᠭᠡᠷᠡᠭᠦᠯᠦᠨ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠴᠢᠨᠠᠷ ᠰᠠᠶᠢᠲᠠᠶ ᠤᠨᠴᠠᠯᠢᠭᠳᠤ ᠲᠡᠮᠳᠡᠭᠲᠦ ᠶᠢ ᠪᠣᠶᠢᠵᠢᠭᠤᠯᠤᠨ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠬᠤ ᠪᠠᠷ ᠴᠢᠷᠮᠠᠶᠢᠨ᠎ᠠ᠃ ᠣᠳᠣᠬᠠᠨ ᠎ ᠳᠤ᠂ ᠥᠪᠥᠷ ᠮᠣᠩᠭᠤᠯ ᠨᠢᠭᠡᠨᠲᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠂ ᠬᠠᠷᠢᠭᠤᠴᠠᠯᠭ᠎ᠠ ᠶᠢ ᠨᠢ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠳᠤ ᠣᠷᠤᠭᠤᠯᠤᠭᠰᠠᠨ ᠪᠠᠶᠢᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠦᠴᠢᠷ ᠤᠳ ᠶᠠᠭ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠵᠠᠷᠤᠳᠠᠯ ᠢ ᠲᠥᠰᠦᠪ ᠲᠤ ᠣᠷᠤᠭᠤᠯᠵᠤ᠂ ᠮᠦ ᠪᠦᠷᠢ ᠲᠠᠷᠢᠶᠠᠨ ᠭᠠᠵᠠᠷ ᠲᠤ 1.3 ᠲᠥᠭᠦᠷᠢᠭ᠂ ᠮᠠᠯ ᠨᠢᠭᠡᠪᠦᠷᠢ ᠳᠤ 0.5 ᠲᠥᠭᠦᠷᠢᠭ ᠤᠨ ᠪᠠᠷᠢᠮᠵᠢᠶ᠎ᠠ ᠳᠤ ᠬᠦᠷᠦᠭᠦᠯᠵᠡᠢ᠃ ᠥᠪᠥᠷ ᠮᠣᠩᠭᠤᠯ ᠬᠢᠨᠠᠨ ᠬᠠᠮᠢᠶᠠᠷᠤᠭᠰᠠᠳ ᠢᠶᠠᠨ ᠬᠤᠪᠢ ᠬᠦᠮᠦᠨ ᠳᠤ ᠬᠦᠷᠲᠡᠯ᠎ᠡ ᠳᠠᠭᠠᠭᠠᠴᠢᠯᠠᠭᠤᠯᠦᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠠᠵᠢᠯ ᠤᠨ ᠪᠠᠶᠢᠷᠢᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠤᠷᠢᠭ᠎ᠠ ᠴᠠᠭᠠᠵᠠ ᠪᠦᠬᠦᠢ ᠡᠮ ᠢ ᠬᠠᠤᠯᠢ ᠠᠴᠠ ᠵᠥᠷᠢᠴᠡᠨ ᠬᠡᠷᠡᠭᠯᠡᠬᠦ᠂ ᠮᠠᠯ ᠳᠤ ᠬᠡᠷᠡᠭᠯᠡᠬᠦ ᠪᠠᠺᠲ᠋ᠧᠷᠢ ᠡᠰᠡᠷᠭᠦ ᠡᠮ ᠢ ᠳᠤᠷ᠎ᠠ ᠪᠠᠷ ᠢᠶᠠᠨ ᠬᠡᠷᠡᠭᠯᠡᠬᠦ᠂ ︽ᠬᠠᠷ᠎ᠠ ᠮᠢᠬᠠᠯᠠᠭᠤᠯᠬᠤ ᠬᠠᠨᠳᠠ︾᠎ ᠶᠢ ᠬᠠᠤᠯᠢ ᠪᠤᠰᠤ ᠪᠠᠷ ᠨᠡᠮᠡᠬᠦ ᠵᠡᠷᠭᠡ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠭᠰᠡᠨ ᠪᠠ ᠨᠡᠶᠢᠲᠡᠯᠡᠵᠡᠢ᠃ ᠡᠭᠦᠨ ᠤ ᠬᠠᠮᠲᠤ᠂ ᠥᠪᠥᠷ ᠮᠣᠩᠭᠤᠯ ᠪᠠᠰᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠢ ᠮᠥᠷᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ᠂ ᠨᠡᠶᠢᠲᠡ ᠶᠢᠨ ᠬᠦᠨᠦᠭᠡᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠢᠶᠠᠷ ᠨᠤᠲᠠᠯᠠᠭᠤᠯᠤᠭᠰᠠᠨ ᠠᠵᠤ ᠠᠬᠤᠶᠢᠯᠠᠯ ᠢ ᠡᠩ ᠲᠡᠷᠢᠭᠦᠨ ᠳᠤ ᠶᠠᠰᠤ ᠴᠢᠨᠠᠷ ᠤᠨ ᠠᠮᠤᠷ ᠲᠥᠪᠰᠢᠨ ᠢ ᠮᠥᠷᠳᠡᠬᠦ ᠬᠠᠮᠢᠶᠠᠷᠤᠯᠲᠠ ᠳᠤ ᠣᠷᠣᠭᠤᠯᠵᠤ᠂ ᠪᠦᠬᠦ ᠣᠷᠣᠨ ᠤ ᠭᠤᠣᠯ ᠪᠣᠯᠬᠤ ᠪᠦᠲᠦᠭᠡᠭᠳᠡᠬᠦᠨ ᠢ ᠮᠥᠷᠳᠡᠵᠦ ᠪᠣᠯᠬᠤᠶᠢᠴᠠ ᠪᠣᠯᠭᠠᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号