ᠬᠠᠷᠠᠮᠦ᠋ᠷᠡᠨ ᠭᠢᠷᠢᠨ ᠯᠢᠶᠣᠤᠨᠢᠩ ᠥᠪᠥᠷ ᠮᠣᠩᠭᠤᠯ ᠵᠡᠭᠦᠨ ᠬᠤᠶᠢᠲᠤ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠤᠯᠪᠣᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2018/3/29
      ᠬᠠᠷᠠᠮᠦ᠋ᠷᠡᠨ᠂ ᠭᠢᠷᠢᠨ᠂ ᠯᠢᠶᠣᠤᠨᠢᠩ ᠵᠢᠴᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠤᠨ ᠬᠠᠮᠲᠤᠷᠠᠨ ᠡᠷᠭᠢᠯᠡᠭᠰᠡᠨ ︽ᠵᠡᠭᠦᠨ ᠬᠤᠶᠢᠲᠤ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠤᠯᠪᠣᠭ᠎ᠠ ᠪᠠᠶᠢᠭᠤᠯᠤᠭᠳᠠᠭᠰᠠᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠤᠯᠠᠷᠢᠯ ᠤᠨ ᠠᠵᠢᠯᠯᠠᠭ᠎ᠠ︾ ᠬᠠᠷᠠᠮᠥ᠋ᠷᠡᠨ ᠮᠤᠵᠢ ᠶᠢᠨ ᠶᠠ ᠪᠦ᠋ ᠯᠢ ᠪᠤᠯᠪᠠᠰᠤᠷᠠᠭᠤᠯᠤᠯ ᠤᠨ ᠰᠠᠭᠤᠷᠢᠨ ᠳᠤ ᠶᠠᠪᠤᠭᠳᠠᠵᠤ᠂ ᠳᠡᠳ᠋ ᠡᠷᠬᠢᠯᠡᠭᠴᠢ ᠢᠦᠶ ᡁᠢ ᠭᠦᠸᠧ ᠥᠪᠥᠷ ᠮᠣᠩᠭᠤᠯ ᠤᠨ ᠵᠢᠭᠤᠯᠠᠴᠢᠯ ᠤᠨ ᠲᠥᠯᠥᠭᠡᠯᠡᠭᠴᠢ ᠶᠢᠨ ᠪᠦᠯᠬᠦᠮ ᠤᠨ 23 ᠬᠦᠮᠦᠨ ᠢ ᠳᠠᠭᠠᠭᠤᠯᠤᠨ ᠬᠤᠷᠠᠯ ᠳᠤ ᠣᠷᠣᠯᠴᠠᠪᠠ᠃      ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ᠂ ᠭᠢᠷᠢᠨ᠂ ᠯᠢᠶᠣᠤᠨᠢᠩ᠂ ᠬᠠᠷᠠᠮᠥ᠋ᠷᠡᠨ ᠳᠦᠷᠪᠡᠨ ᠮᠤᠵᠢ ᠤᠷᠤᠨ ᠤ ᠪᠡᠶ᠎ᠡ ᠶᠢᠨ ᠲᠠᠮᠢᠷ᠂ ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤᠷᠠᠨ ᠬᠦᠲᠡᠯᠦᠯᠴᠡᠵᠦ᠂ ᠵᠡᠭᠦᠨ ᠬᠤᠶᠢᠲᠤ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠤᠯᠪᠤᠭ᠎ᠠ ᠶᠢ ᠭᠠᠷ ᠬᠤᠯᠪᠣᠯᠴᠠᠨ ᠪᠠᠶᠢᠭᠤᠯᠵᠤ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠪᠠ᠃ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠤᠯᠠᠷᠢᠯ ᠨᠢ ᠵᠡᠭᠦᠨ ᠬᠤᠶᠢᠲᠤ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ ᠬᠤᠯᠪᠤᠭᠠᠯᠠᠨ ᠬᠦᠲᠡᠯᠦᠯᠴᠡᠬᠦ ᠶᠢ ᠲᠦᠯᠬᠢᠨ ᠠᠬᠢᠭᠤᠯᠬᠤ ᠶᠢᠨ ᠬᠠᠮᠲᠤ ᠪᠠᠰᠠ ᠤᠯᠠᠨ ᠳᠤ ᠨᠢᠭᠡ ᠵᠦᠢᠯ ᠤᠨ ᠴᠠᠭ ᠤᠨ ᠥᠩᠭᠡ ᠶᠢ ᠳᠠᠭᠠᠭᠰᠠᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠠᠮᠢᠳᠤᠷᠠᠯ ᠤᠨ ᠠᠷᠭ᠎ᠠ ᠬᠡᠯᠪᠡᠷᠢ ᠶᠢ ᠲᠠᠨᠢᠯᠴᠠᠭᠤᠯᠵᠤ᠂ ︽ᠵᠢᠭᠤᠯᠴᠢᠯᠠᠯ + ᠪᠡᠶ᠎ᠡ ᠶᠢᠨ ᠲᠠᠮᠢᠷ︾᠎ ᠤᠨ ᠠᠵᠤ ᠦᠢᠯᠡᠰ ᠤᠨ ᠥᠷᠨᠢᠨ ᠬᠥᠭᠵᠢᠬᠦ ᠶᠢ ᠳᠠᠶᠢᠴᠢᠯᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号