ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠣ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/3/29
     3 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ ᠦᠪᠡᠷᠳᠡᠭᠡᠨ ᠵᠠᠰᠠᠬᠤ ᠤᠷᠤᠨ ᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠤᠨᠤᠯ ᠤᠨ ᠰᠢᠰᠲ᠋ᠧᠮᠵᠢ ᠶᠢᠨ ᠰᠤᠳᠤᠯᠭᠠᠨ ᠤ ᠲᠦᠪ ᠠᠴᠠ ᠲᠠᠭᠠᠭᠠᠴᠢᠯᠠᠨ ᠡᠷᠬᠢᠯᠡᠭᠰᠡᠨ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠣ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠱᠠᠯᠠᠭᠤᠯᠬᠤ ᠲᠤᠬᠠᠢ ᠤᠨᠤᠯ ᠤᠨ ᠰᠤᠳᠤᠯᠤᠨ ᠶᠠᠷᠢᠯᠴᠠᠬᠤ ᠬᠤᠷᠠᠯ︾ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠎ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠷᠤᠯᠴᠠᠭᠰᠠᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠨᠢ ᠬᠦᠨ ᠬᠦᠨᠵᠡᠭᠡᠢ᠂ ᠠᠭᠤᠯᠬᠤᠨ ᠨᠢ ᠪᠠᠶᠠᠯᠢᠭ᠂ ᠦᠬᠦᠯᠡᠯᠳᠡ ᠨᠢ ᠰᠤᠳᠤᠯ ᠮᠡᠷᠭᠡᠨ ᠪᠦᠭᠡᠳ ᠰᠢᠨ᠎ᠠ ᠡᠭᠦᠳᠦᠯᠲᠡ ᠪᠠᠷ ᠪᠠᠶᠠᠯᠢᠭ ᠪᠠᠶᠢᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠦᠪᠦᠷ ᠮᠤᠩᠭᠤᠯ ᠳᠠᠬᠢ ᠲᠤᠤᠱᠯᠠᠭᠤᠯᠤᠯᠳᠠ ᠪᠠ ᠪᠤᠲᠠᠲᠠᠶᠢᠵᠢᠭᠤᠯᠤᠯᠲᠠ ᠪᠤᠯᠤᠨ᠎ᠠ᠂ ᠮᠦᠨᠴᠦ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠠᠵᠢᠯ ᠤᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠤᠯᠤᠨ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢᠨ ᠪᠠᠶᠠᠯᠢᠭ ᠠᠭᠤᠯᠬᠤᠨ ᠪᠤᠯᠤᠨ ᠦᠢᠯᠡᠳᠦᠯᠭᠡᠲᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠨᠤᠪᠴᠢᠳᠠᠢ ᠰᠤᠷᠤᠯᠴᠠᠨ ᠤᠶᠢᠯᠠᠭᠠᠵᠤ᠂ ᠰᠤᠳᠤᠯᠤᠨ ᠲᠠᠶᠢᠯᠪᠤᠷᠢᠯᠠᠵᠤ᠂ ᠤᠬᠠᠮᠰᠠᠷ ᠠᠴᠠ ᠪᠠᠨ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠶᠠᠷᠢᠶ᠎ᠠ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠴᠢᠬᠤᠯᠠ ᠶᠡᠭᠡ ᠤᠨᠤᠯ ᠤᠨ ᠠᠬᠤᠢ ᠠᠰᠠᠭᠤᠳᠠᠯ ᠢ ᠰᠤᠳᠤᠯᠤᠨ ᠬᠠᠷᠢᠭᠤᠯᠳᠡ ᠦᠭᠴᠦ᠂ ᠤᠨᠤᠯ ᠤᠨ ᠰᠤᠳᠤᠯᠭᠠᠨ ᠲᠠᠶᠢᠯᠪᠤᠷᠢᠯᠠᠯᠲᠠ ᠶᠢ ᠬᠦᠨᠴᠠ ᠲᠠᠢ ᠪᠦᠭᠡᠳ ᠦᠷᠭᠡᠴᠡ ᠲᠠᠢ ᠬᠦᠭᠵᠢᠭᠦᠯᠭᠦ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠲᠤᠰᠬᠠᠢ ᠮᠡᠷᠭᠡᠵᠢᠯᠳᠡᠨ ᠰᠤᠳᠤᠯᠭᠠᠳᠠᠳ ᠰᠢᠨ᠎ᠠ ᠴᠠᠭ ᠦᠶ᠎ᠠ ᠠᠴᠠ ᠤᠯᠭᠤᠬᠰᠠᠨ ᠤᠨᠤᠯ ᠤᠨ ᠰᠤᠳᠤᠯᠤᠨ ᠲᠠᠶᠢᠯᠪᠤᠷᠢᠯᠠᠬᠤ ᠰᠢᠨ᠎ᠠ ᠠᠵᠠ ᠲᠤᠬᠢᠶᠠᠯ ᠢ ᠡᠵᠡᠮᠳᠡᠵᠦ᠂ ᠤᠬᠠᠮᠰᠡᠷ ᠠᠴᠠ ᠪᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠤᠳᠤᠯᠤᠨ ᠲᠠᠶᠢᠯᠪᠤᠷᠢᠯᠠᠬᠤ ᠠᠵᠢᠯ ᠢᠶᠠᠨ ᠵᠢᠯᠤᠭᠤᠳᠤᠭᠤᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠢᠮᠠᠬᠳᠠ ᠪᠠᠷᠢᠮᠳᠠᠯᠠᠨ᠂ ᠰᠢᠷᠭᠠᠭᠤ ᠪᠠᠷ ᠦᠢᠯᠡᠳᠦᠯᠭᠡᠵᠢᠭᠦᠯᠦᠨ ᠰᠦᠪᠡᠭᠴᠢᠯᠡᠵᠦ᠂ ᠰᠢᠨᠵᠢᠯᠡᠭᠡᠨ ᠠᠯᠤᠰᠯᠠᠬᠰᠠᠨ ᠬᠦᠷᠢᠶ᠎ᠡ ᠠᠯᠤᠰᠯᠠᠬᠰᠠᠨ ᠰᠤᠳᠤᠯᠭᠠᠨ ᠢ ᠬᠦᠨᠵᠡᠭᠡᠢ ᠦᠷᠨᠢᠭᠦᠯᠵᠦ᠂ ᠨᠡᠩ ᠴᠢᠨᠠᠷ ᠰᠠᠶᠢᠲᠠᠢ᠂ ᠨᠡᠩ ᠦᠨ᠎ᠡ ᠴᠡᠨ᠎ᠡ ᠲᠠᠢ ᠦᠷ᠎ᠠ ᠪᠦᠳᠦᠭᠡᠯ ᠢ ᠢᠯᠡᠭᠦᠭᠡᠨ ᠪᠤᠢ ᠪᠤᠯᠭᠠᠵᠤ᠂ ᠡᠭᠡ ᠤᠯᠤᠰ ᠤᠨ ᠤᠮᠠᠷᠠᠳᠦ ᠶᠢᠨ ᠡᠨᠡᠭᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠴᠤᠭᠴᠠᠯᠠᠬᠤ ᠳᠤ ᠤᠨᠤᠯ ᠤᠨ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号