ᠥᠪᠥᠷ ᠮᠣᠩᠭᠤᠯ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠤᠳ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ︽ᠠᠶᠠᠯᠠᠯ ᠬᠠᠮᠠᠭᠠᠯᠠᠬᠤ ᠠᠵᠢᠯᠯᠠᠭ᠎ᠠ︾ ᠦᠷᠨᠢᠭᠦᠯᠪᠡ
ᠨᠡᠶᠢᠲᠡᠯᠡᠭᠰᠡᠨ ᠴᠠᠭ᠄
2018/3/29
     ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠣᠶᠢᠷ᠎ᠠ ᠳᠤ 2018 ᠣᠨ ᠠᠴᠠ 2020 ᠣᠨ ᠪᠣᠯᠲᠠᠯ᠎ᠠ ᠪᠦᠬᠦ ᠣᠷᠣᠨ ᠤ ᠬᠡᠪᠴᠢᠶᠡᠨ ᠳᠤ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠤᠳ ᠢ ᠲᠤᠰᠠᠯᠠᠵᠤ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠬᠤ ︽ᠠᠶᠠᠯᠠᠯ ᠬᠠᠮᠠᠭᠠᠯᠠᠬᠤ ᠠᠵᠢᠯᠯᠠᠭ᠎ᠠ︾᠎ ᠶᠢ ᠬᠠᠮᠲᠤᠪᠡᠷ ᠦᠷᠨᠢᠭᠦᠯᠬᠦ ᠪᠠᠷ ᠲᠣᠭᠲᠠᠵᠤ᠂ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠤᠳ ᠢ  ᠳᠡᠮᠵᠢᠵᠦ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ᠂ ᠵᠢᠷᠤᠮᠵᠢᠭᠤᠨ ᠬᠡᠷᠡᠭᠵᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠨ ᠬᠥᠭᠵᠢᠵᠦ᠂ ᠲᠣᠭᠲᠠᠭᠤᠨ ᠢᠶᠠᠷ ᠠᠵᠢᠯ ᠣᠯᠭᠤᠬᠤ ᠪᠠᠷ ᠪᠣᠯᠪᠠ᠃   ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠪᠠᠷ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠬᠡᠪᠴᠢᠶ᠎ᠡ ᠶᠢ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠨᠢ ᠦᠭᠡᠶᠢᠰᠬᠡᠭᠰᠡᠨ ᠠᠵᠤ ᠠᠬᠤᠶᠢᠯᠠᠯ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠨᠢ ᠰᠢᠭᠰᠢᠭᠳᠡᠭᠦᠯᠦᠭᠰᠡᠨ ᠠᠵᠤ ᠠᠬᠤᠶᠢᠯᠠᠯ ᠵᠡᠷᠭᠡ ᠭᠤᠷᠪᠠᠨ ᠲᠥᠷᠥᠯ ᠤᠨ ᠠᠵᠤ ᠠᠬᠤᠶᠢᠯᠠᠯ ᠠᠴᠠ ᠨᠥᠬᠦᠴᠡᠯ ᠳᠤ ᠨᠡᠶᠢᠴᠡᠬᠦ ᠪᠣᠶ ᠪᠥᠬᠦᠶ ᠠᠵᠤ ᠠᠬᠤᠶᠢᠯᠠᠯ  ᠬᠦᠷᠲᠡᠯ᠎ᠡ ᠥᠷᠭᠡᠳᠬᠡᠪᠡ  ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠤᠯ ᠦᠯᠡᠳᠡᠪᠦᠷᠢ ᠨᠢ ᠨᠢᠭᠡ ᠵᠢᠯ ᠠᠴᠠ ᠳᠡᠭᠡᠭᠰᠢ ᠥᠭᠴᠦ ᠳᠡᠶᠢᠯᠬᠦ ᠦᠭᠡᠢ ᠪᠣᠯ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠳᠡᠭᠡᠷ᠎ᠡ ᠵᠢᠯ ᠤᠨ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠤᠨ 50%᠎ ᠪᠠᠷ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠵᠤ᠂ ᠭᠤᠣᠯᠳᠠᠭᠤ ᠠᠵᠢᠯᠲᠠᠨ ᠠᠵᠢᠯᠴᠢᠨ ᠤ ᠠᠮᠢᠳᠤᠷᠠᠯ ᠤᠨ ᠨᠥᠬᠦᠪᠥᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ᠂ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ ᠪᠣᠯᠤᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠵᠡᠷᠭᠡ ᠵᠠᠷᠤᠯᠭ᠎ᠠ ᠳᠤ ᠬᠡᠷᠡᠭᠯᠡᠵᠦ ᠪᠣᠯᠣᠨ᠎ᠠ᠃      ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ᠂ ᠥᠪᠥᠷ ᠮᠣᠩᠭᠤᠯ ᠤᠨ ᠬᠡᠰᠡᠭ ᠠᠵᠤ ᠠᠬᠤᠶᠢᠯᠠᠯ ᠣᠯᠠᠨ ᠵᠦᠢᠯ ᠤᠨ ᠰᠢᠯᠲᠠᠭᠠᠨ ᠠᠴᠠ ᠪᠣᠯᠵᠤ ᠭᠤᠶᠤᠴᠢᠯᠠᠨ ᠮᠡᠳᠡᠭᠦᠯᠬᠦ ᠬᠤᠭᠤᠴᠠᠭᠠᠨ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ ᠴᠠᠭ ᠲᠣᠬᠠᠢ ᠳᠤᠨᠢ  ᠭᠤᠶᠤᠴᠢᠯᠠᠵᠤ ᠳᠡᠶᠢᠯᠦᠭᠰᠡᠨ ᠦᠭᠡᠢ  ᠪᠠᠶᠢᠪᠠᠯ ᠭᠤᠶᠣᠴᠢᠯᠠᠯ ᠢ ᠨᠢ ᠨᠥᠬᠦᠪᠦᠷᠢᠯᠡᠨ ᠭᠦᠢᠴᠡᠳᠬᠡᠵᠦ ᠥᠭᠭᠦᠨ᠎ᠡ︔ ᠳᠡᠭᠡᠷ᠎ᠡ ᠵᠢᠯ ᠳᠤ ᠦᠷᠢᠲᠦᠭᠰᠡᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢᠶᠠᠨ ᠨᠥᠬᠦᠵᠦ ᠲᠤᠰᠢᠶᠠᠭᠰᠠᠨ ᠠᠵᠤ ᠠᠬᠤᠶᠢᠯᠠᠯ ᠪᠣᠯ ᠲᠤᠬᠠᠶ ᠶᠢᠨ ᠵᠢᠯ ᠤᠨ ᠭᠤᠶᠤᠴᠢᠯᠠᠯ ᠢᠶᠠᠷ ᠢᠶᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ ᠬᠦᠷᠲᠡᠵᠦ ᠪᠣᠯᠣᠨ᠎ᠠ᠃ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠬᠤᠷᠠᠮᠳᠤᠯ ᠦᠯᠡᠳᠡᠪᠦᠷᠢ ᠨᠢ ᠨᠢᠭᠡ ᠵᠢᠯ ᠠᠴᠠ ᠳᠡᠭᠡᠭᠰᠢ ᠲᠥᠯᠥᠪᠦᠷᠢ ᠥᠭᠬᠦ ᠴᠢᠳᠠᠯ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠭ᠎ᠠ ᠶᠢᠨ ᠮᠥᠩᠭᠦ ᠶᠢ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠬᠠᠷᠢᠴᠠᠯ ᠶᠣᠰᠣᠭᠠᠷ ᠲᠣᠬᠢᠷᠠᠭᠤᠯᠵᠤ ᠥᠭᠭᠦᠨ᠎ᠡ᠃ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠢ ᠦᠭᠡᠶᠢᠰᠬᠡᠬᠦ ᠡᠭᠦᠷᠭᠡ ᠬᠦᠨᠳᠦ ᠪᠠᠶᠢᠭ᠎ᠠ ᠪᠤᠯᠤᠳ ᠲᠡᠮᠦᠷ᠂ ᠨᠡᠭᠦᠷᠡᠰᠦ᠂ ᠨᠡᠭᠦᠷᠡᠰᠦᠨ ᠴᠠᠬᠢᠯᠭᠠᠨ ᠵᠡᠷᠭᠡ ᠠᠵᠢᠯ ᠲᠦᠷᠦᠯ  ᠎ ᠳᠤ ᠪᠣᠯ᠂ ᠠᠵᠤ ᠠᠬᠤᠶᠢᠯᠠᠯ ᠤᠨ ᠳᠡᠭᠡᠷ᠎ᠡ ᠵᠢᠯ ᠤᠨ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ  ᠵᠠᠷᠤᠳᠠᠯ ᠤᠨ 80%᠎ ᠪᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠵᠤ ᠪᠤᠯᠣᠨ᠎ᠠ  ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号