ᠦᠪᠦᠷ ᠮᠣᠩᠭᠤᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠦᠬᠠᠶ ᠳᠤ ᠡᠬᠢᠯᠡᠪᠡ
ᠨᠡᠶᠢᠲᠡᠯᠡᠭᠰᠡᠨ ᠴᠠᠭ᠄
2018/3/30
     3 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠭᠤᠣᠯᠯᠠᠨ ᠡᠷᠭᠢᠯᠡᠵᠦ᠂ ᠦᠬᠠᠶ ᠬᠤᠳᠠ ᠶᠢᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠦᠬᠠᠶ ᠬᠤᠲᠠ ᠶᠢᠨ ᠪᠡᠶ᠎ᠡ ᠶᠢᠨ ᠲᠠᠮᠢᠷ ᠤᠨ ᠲᠦᠪ ᠤᠨ ᠶᠡᠷᠦᠩᠭᠡᠶᠢᠯᠡᠭᠰᠡᠨ ᠤᠷᠳᠤᠨ ᠳᠤ ᠡᠬᠢᠯᠡᠪᠡ᠃      ᠬᠤᠷᠠᠯ ᠡᠬᠢᠯᠡᠬᠦ ᠶᠣᠰᠣᠯᠠᠯ ᠳᠡᠭᠡᠷ᠎ᠡ᠂ ᠪᠦᠬᠦ ᠣᠷᠣᠨ ᠤ 12 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠵᠢᠭᠰᠠᠭᠠᠯ ᠴᠤᠭ ᠪᠠᠳᠠᠷᠠᠩᠭᠤᠢ ᠪᠦᠭᠡᠳ ᠲᠡᠷᠢ ᠲᠡᠭᠰᠢ ᠠᠯᠬᠤᠭ᠎ᠠ ᠪᠠᠷ ᠬᠤᠷᠠᠯ ᠤᠨ ᠲᠠᠯᠠᠪᠠᠶ ᠳᠤ ᠠᠯᠬᠤᠵᠤ ᠤᠷᠤᠪᠠ᠃ ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠤᠷᠤᠯᠳᠤᠭᠠᠨ ᠨᠢ 7 ᠳ᠋ᠤᠭᠠᠷ ᠰᠠᠷ᠎ᠠ ᠪᠤᠯᠲᠠᠯ᠎ᠠ ᠦᠷᠬᠦᠯᠵᠢᠯᠡᠵᠤ᠂ ᠡᠨᠡᠬᠦ ᠬᠤᠭᠤᠴᠠᠭᠠᠨ ᠳᠤ ᠦᠬᠠᠶ ᠬᠤᠳᠠ ᠳᠤ ᠵᠠᠯᠭᠠᠯᠳᠤᠭᠠᠪᠠᠷ ᠬᠦᠨᠳᠦ ᠬᠥᠩᠭᠡᠨ ᠪᠡᠶ᠎ᠡ ᠶᠢᠨ ᠲᠠᠮᠢᠷ᠂ ᠤᠮᠪᠠᠯᠲᠠ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠦᠯ ᠪᠥᠮᠪᠦᠭᠡ᠂ ᠲᠡᠪᠡᠭ᠂ ᠫᠢᠩᠫᠠᠩ ᠪᠥᠮᠪᠦᠭᠡ᠂ ᠵᠡᠪᠰᠡᠭ ᠤᠨ ᠡᠷᠳᠡᠮ᠂ ᠭᠤᠸᠠᠵᠢᠯ ᠤᠨ ᠲᠠᠮᠢᠷ᠂ ᠪᠥᠬᠡ ᠵᠡᠷᠭᠡ 10 ᠳᠤᠮᠤ ᠵᠦᠢᠯ ᠤᠨ ᠤᠷᠤᠯᠳᠤᠭᠠᠨ ᠶᠠᠪᠤᠭᠳᠠᠵᠤ᠂ ᠨᠡᠶᠢᠲᠡ 2100 ᠭᠠᠷᠤᠶ ᠲᠠᠮᠢᠷᠴᠢᠨ ᠲᠤᠰ ᠤᠳᠠᠭᠠᠨ ᠤ ᠤᠷᠤᠯᠳᠤᠭᠠᠨ ᠳᠤ ᠤᠷᠤᠯᠴᠠᠬᠤ ᠪᠤᠯᠤᠨ᠎ᠠ᠃ ᠠᠯᠠᠭᠠᠳᠠᠬᠤ ᠪᠥᠮᠪᠦᠭᠡ ᠨᠢ ᠠᠩᠬᠠᠳᠠᠭᠴᠢ ᠤᠷᠤᠯᠳᠤᠭᠠᠨ ᠪᠣᠯᠤᠭᠰᠠᠨ ᠤ ᠬᠤᠪᠢ ᠳᠤ 3 ᠳ᠋ᠤᠭᠠᠷ ᠰᠠᠷ᠎ᠠ ᠶᠢᠨ 29᠎ ᠤ ᠡᠳᠦᠷ ᠠᠴᠠ 4 ᠳ᠋ᠤᠭᠡᠷ ᠰᠠᠷ᠎ᠠ ᠶᠢᠨ 2᠎ ᠤᠨ ᠡᠳᠦᠷ ᠪᠤᠯᠲᠠᠯ᠎ᠠ ᠶᠠᠪᠤᠭᠳᠠᠨ᠎ᠠ᠃      ᠥᠪᠡᠷᠲᠡᠭᠡᠨ ᠵᠠᠰᠠᠬᠤ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠤᠯ 3 ᠵᠢᠯ ᠳᠤ ᠨᠢᠭᠡ ᠬᠤᠭᠤᠴᠠᠭ᠎ᠠ ᠡᠷᠬᠢᠯᠡᠳᠡᠭ᠂ ᠪᠥᠬᠦ ᠣᠷᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠵᠦᠢᠯ ᠢᠶᠠᠷ ᠬᠠᠮᠤᠭ ᠤᠨ ᠤᠯᠠᠨ᠂ ᠨᠥᠯᠥᠭᠡ ᠎ ᠪᠠᠷ ᠬᠠᠮᠤᠭ ᠤᠨ ᠦᠷᠭᠡᠨ ᠪᠤᠯᠬᠤ ᠲᠤᠮᠤ ᠬᠡᠯᠪᠡᠷᠢ ᠶᠢᠨ ᠤᠷᠤᠯᠳᠤᠭᠠᠨ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号