3 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠬᠤᠶᠠᠳᠤᠭᠠᠷ ᠬᠤᠷᠠᠯ ᠠᠩᠬᠠᠳᠣᠭᠠᠷ ᠣᠳᠠᠭ᠎ᠠ ᠶᠢᠨ ᠪᠦᠭᠦᠳᠡ ᠬᠤᠷᠠᠯ ᠬᠢᠪᠡ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠣᠳᠣ 61 ᠬᠦᠮᠦᠨ ᠪᠣᠢ᠂ 51 ᠬᠦᠮᠦᠨ ᠨᠢ | ᠡᠨᠡ ᠣᠳᠠᠭ᠎ᠠ ᠶᠢᠨ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠪᠠ᠃ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ | ᠰᠤ᠋᠂ ᠾᠧ ᠶᠠᠨ ᠯᠢᠡ ᠪᠠ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠬᠤᠷᠠᠯ ᠳᠤ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ | ᠬᠤᠷᠠᠯ ᠨᠢ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ | ᠵᠠᠩ ᠵᠢᠶᠠᠨ ᠮᠢᠨ ᠤ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠪᠠᠷ | ᠪᠠᠶᠢᠭ᠎ᠠ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠶᠢᠯᠠᠯᠳᠠ ᠶᠢ ᠰᠤᠨᠤᠰᠪᠠ᠃ | ᠬᠤᠷᠠᠯ ᠨᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠭᠧ ᠹᠸᠡᠭ ᠤᠨ ᠬᠢᠭᠰᠡᠨ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠵᠦ ᠠᠬᠤᠶᠢᠯᠠᠯ ᠤᠨ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢ ᠬᠢᠨᠠᠨ | ᠬᠠᠮᠢᠶᠠᠷᠬᠤ ᠲᠦᠷᠢᠮ ︵ᠲᠦᠰᠦᠯ ᠳᠤ ᠵᠠᠰᠠᠪᠤᠷᠢ ᠤᠷᠤᠭᠤᠯᠤᠬᠰᠠᠨ ᠨᠤᠤᠷᠠᠬ︶︾ ᠢ ᠬᠢᠨᠠᠨ ᠵᠦᠪᠯᠡᠭᠰᠡᠨ ᠦᠷ᠎ᠠ | ᠳ᠋ᠦᠩ ᠤᠨ ᠳᠣᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ | ᠵᠦᠪᠯᠡᠯ ᠤᠨ ᠡᠷᠭᠢᠯᠡᠭᠴᠢ ᠭᠠᠨᠭ᠍ᠳᠡᠮᠤᠷ ᠤᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠦᠨᠳᠦᠰᠦᠨ ᠬᠠᠤᠯᠢ ᠳᠤ ᠲᠠᠩᠭᠠᠷᠢᠬᠯᠠᠬᠤ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠭᠦ ᠠᠷᠭ᠎ᠠ ᠳᠤ ᠵᠠᠰᠠᠪᠤᠷᠢ | ᠤᠷᠤᠭᠤᠯᠬᠤ ᠨᠤᠤᠷᠠᠬ ︵ᠲᠦᠰᠦᠯ︶︾ ᠤᠨ ᠳᠣᠬᠠᠢ ᠲᠤᠳᠤᠷᠬᠠᠶᠢᠯᠠᠯᠳᠠ᠂ ᠬᠦᠬᠡᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠤᠨ | ᠬᠢᠭᠰᠡᠨ ︽ᠬᠦᠬᠡᠬᠤᠳᠠ ᠶᠢᠨ ᠡᠷᠳᠡᠨ ᠤ ᠮᠤᠳᠤ ᠨᠡᠷᠡᠳᠤ ᠮᠤᠳᠤ ᠶᠢ ᠬᠠᠮᠠᠭᠠᠯᠠᠬᠤ ᠲᠦᠷᠢᠮ︾ ᠤᠨ ᠳᠣᠬᠠᠢ | ᠲᠤᠳᠤᠷᠬᠠᠶᠢᠯᠠᠯᠳᠠ᠂ ᠲᠦᠡᠭᠯᠢᠶᠤᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ ᠤ ᠬᠢᠭᠰᠡᠨ ︽ᠲᠦᠡᠭᠯᠢᠶᠤᠤ ᠬᠤᠳᠠ ᠶᠢᠨ ᠬᠠᠨ | ᠠᠭᠤᠯᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ︾ ᠤᠨ ᠳᠣᠬᠠᠢ | ᠲᠤᠳᠤᠷᠬᠠᠶᠢᠯᠠᠯᠳᠠ᠂ ᠤᠯᠠᠭᠠᠨᠴᠠᠪ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᡁᠢ ᠮᠢᠩ ᠤᠨ ᠬᠢᠭᠰᠡᠨ ︽ᠤᠯᠠᠭᠠᠨᠴᠠᠪ ᠬᠤᠳᠠ ᠶᠢᠨ ᠲᠠᠭ᠎ᠠ ᠶᠢᠨ | ᠨᠠᠭᠤᠷ᠂ ᠭᠬᠢᠷᠢ ᠶᠢᠨ ᠨᠠᠭᠤᠷ ᠤᠨ ᠬᠠᠮᠠᠭᠠᠯᠠᠯᠳᠠ ᠶᠢᠨ ᠲᠦᠷᠢᠮ︾ ᠤᠨ ᠳᠣᠬᠠᠢ ᠲᠤᠳᠤᠷᠬᠠᠶᠢᠯᠠᠯᠳᠠ᠂ ᠡᠸᠠᠩᠭᠢ | ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠮᠢᠨ ᠵᠢᠶᠧ ᠶᠢᠨ ᠬᠢᠭᠰᠡᠨ ︽ᠡᠸᠡᠩᠭᠢ ᠦᠨᠳᠦᠰᠦᠳᠡᠨ ᠤ ᠦᠪᠡᠷᠳᠡᠭᠡᠨ | ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︿ᠡᠸᠡᠩᠭᠢ ᠦᠨᠳᠦᠰᠦᠳᠡᠨ ᠤ | ᠦᠪᠡᠷᠳᠡᠭᠡᠨ ᠵᠠᠰᠠᠬᠤ ᠬᠤᠰᠢᠭᠤᠨ ᠤ ᠬᠠᠤᠯᠢ ᠲᠤᠬᠳᠠᠭᠠᠬᠤ ᠲᠦᠷᠢᠮ﹀ ᠳᠤ ᠵᠠᠰᠠᠪᠤᠷᠢ ᠤᠷᠤᠭᠤᠯᠬᠤ ᠲᠤᠬᠳᠠᠭᠠᠯ︾ | ᠤᠨ ᠲᠤᠬᠠᠢ ᠲᠤᠳᠤᠷᠬᠠᠶᠢᠯᠠᠯᠳᠠ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠭᠢᠮ ᠤᠨ ᠲᠠᠷᠤᠭ᠎ᠠ ᠶᠢᠨ | ᠰᠤ᠋ ᠫᠢᠡᠭ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠭᠦᠢᠴᠡᠳᠭᠡᠯ ᠢ | ᠬᠡᠷᠡᠭᠵᠢᠭᠦᠯᠦᠭᠰᠡᠨ ᠪᠠᠶᠢᠳᠠᠯ ᠪᠠ ᠪᠤᠰᠤᠳ 2017 ᠣᠨ ᠤ ᠬᠢᠨᠠᠨ ᠪᠤᠳᠤᠯᠳᠠ ᠪᠠᠷ ᠪᠠᠶᠢᠴᠠᠭᠠᠵᠦ ᠭᠠᠷᠭᠠᠬᠰᠠᠨ ᠡᠳ᠋ | ᠤᠨ ᠵᠠᠰᠠᠬ ᠤᠨ ᠤᠷᠤᠯᠭ᠎ᠠ ᠵᠠᠷᠤᠯᠭ᠎ᠠ ᠶᠢᠨ ᠠᠰᠠᠭᠤᠳᠠᠯ ᠢ ᠴᠡᠭᠴᠡᠯᠡᠵᠦ ᠰᠠᠶᠢᠵᠢᠷᠠᠭᠤᠯᠤᠬᠰᠠᠨ ᠪᠠᠶᠢᠳᠠᠯ ᠤᠨ ᠲᠤᠬᠠᠢ | ᠮᠡᠳᠡᠭᠦᠯᠦᠯᠳᠡ ᠵᠡᠷᠭᠡ ᠶᠢ ᠳᠣᠰ ᠳᠣᠰ ᠰᠤᠨᠤᠰᠪᠠ᠃ |