| | | ᠰᠤᠷᠪᠤᠯᠵᠢᠯᠠᠭᠰᠠᠨ ᠴᠠᠭ᠄ | 2017 ᠣᠨ ᠤ 12 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ | ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠬᠠᠤᠯᠢ ᠶᠢ 2018 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠭᠠᠷ | ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠶᠡᠭᠡ ᠪᠠᠷ ᠠᠬᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠭᠰᠠᠭᠠᠷ ᠢᠷᠡᠵᠡᠢ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠬᠤ ᠬᠠᠤᠯᠢ ᠨᠢ ᠪᠣᠬᠢᠷᠲᠤᠯ ᠢ ᠵᠠᠰᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠣᠲᠣᠭᠠᠳᠤ ᠶᠢᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ | ᠨᠡᠶᠢᠭᠡᠮ ᠠᠵᠤ ᠠᠬᠤᠶᠢᠯᠠᠯ ᠤᠨ ᠲᠣᠬᠢᠷᠠᠭᠤᠯᠬᠤ ᠦᠢᠯᠡᠳᠦᠯ ᠢ ᠤᠯᠠᠮ ᠴᠢᠨᠠᠭᠰᠢᠳᠠ ᠴᠢᠩᠭᠠᠳᠬᠠᠵᠤ᠂ ᠲᠡᠳᠡᠨᠦᠰ ᠢ | ᠰᠢᠪᠠᠳᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠤᠬᠠᠮᠰᠠᠷ ᠠᠴᠠ ᠪᠠᠨ ᠬᠦᠨᠳᠦᠳᠬᠡᠵᠦ᠂ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠠᠰᠢᠭᠲᠠᠢ ᠪᠠᠶᠢᠳᠠᠭ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ | ᠦᠵᠡᠭᠰᠡᠨ ᠳᠤ ᠴᠢᠨᠢ ᠪᠠᠶᠠᠷᠯᠠᠯ᠎ᠠ᠃ ᠮᠠᠨ ᠤ ᠤᠯᠤᠰ ᠤᠨ ᠠᠩᠬᠠᠳᠠᠭᠴᠢ ︽ᠵᠦᠢ ᠶᠣᠰᠣᠨ ᠤ ᠭᠠᠶᠢᠯᠢ ᠶᠢᠨ ᠳᠦᠷᠢᠮ | ︾ ᠢ ᠲᠤᠰᠬᠠᠶᠢᠯᠠᠨ ᠬᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠤᠰᠬᠠᠢ | ᠭᠠᠶᠢᠯᠢ ᠶᠢᠨ ᠬᠠᠤᠯᠢ ᠪᠣᠯᠣᠭᠰᠠᠨ ᠤ ᠬᠤᠪᠢ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ 2018 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠠᠲᠠᠪᠤᠷᠢᠯᠠᠬᠤ ᠪᠠᠷ ᠪᠠᠶᠢᠨ᠎ᠠ᠂ ᠡᠭᠦᠨ ᠤ ᠲᠤᠬᠠᠢ | ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠡᠮᠵᠢᠶ᠎ᠡ ᠴᠤ ᠤᠯᠠᠮ ᠠᠴᠠ ᠥᠨᠳᠥᠷ ᠪᠣᠯᠵᠤ ᠪᠠᠶᠢᠨ᠎ᠠ᠃ ᠥᠨᠥᠳᠦᠷ ᠪᠢᠳᠡ | ᠵᠣᠯ ᠢᠶᠠᠷ ᠥᠪᠥᠷ ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ ᠢ ᠤᠷᠢᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ ᠲᠠᠲᠠᠪᠤᠷᠢᠯᠠᠬᠤ ᠬᠠᠮᠢᠶ᠎ᠠ ᠪᠦᠬᠦᠢ ᠠᠵᠢᠯ ᠤᠨ ᠲᠤᠬᠠᠶ | ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ᠂ ᠰᠦᠯᠵᠢᠶᠡᠨ ᠤ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ | ᠪᠣᠯᠣᠯ᠎ᠠ᠃ ᠯᠢᠦ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠯᠢᠦ ᠹᠧᠩ ᠵᠢᠶᠦ᠋ᠨ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠡᠭᠡᠷ᠎ᠡ ᠲᠠ ᠪᠦᠬᠦᠨ ᠲᠠᠢ ᠰᠠᠨᠠᠯ ᠢᠶᠠᠨ | ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠪᠢ ᠥᠪᠥᠷ ᠮᠣᠩᠭᠤᠯ ᠤᠨ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ ᠣᠷᠣᠨ ᠨᠤᠲᠤᠭ ᠤᠨ ᠭᠠᠶᠢᠯᠢ ᠶᠢᠨ ᠠᠵᠢᠯ ᠢ ᠶᠡᠷᠦ ᠠᠴᠠ | ᠬᠠᠯᠠᠮᠵᠢᠯᠠᠨ ᠳᠡᠮᠵᠢᠭᠰᠡᠭᠡᠷ ᠢᠷᠡᠭᠰᠡᠨ ᠰᠦᠯᠵᠢᠶᠡᠨ ᠤ ᠠᠨᠳᠠ ᠨᠠᠷ ᠲᠤ ᠪᠠᠨ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠨ᠎ᠠ᠃ | ᠬᠥᠲᠥᠯᠥᠭᠴᠢ᠄ | ᠶᠠᠭᠤᠨ ᠤ ᠡᠮᠦᠨ᠎ᠡ ᠶᠠᠭᠤᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ | ᠥᠭᠡᠷᠡᠴᠢᠯᠡᠨ ᠬᠡᠷᠡᠭᠵᠢᠭᠦᠯᠬᠦ ᠲᠤᠬᠠᠢ ᠲᠠ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠹᠧᠩ ᠵᠢᠶᠦ᠋ᠨ: | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠭᠠᠷ ᠮᠠᠨᠳᠠᠯ᠂ ᠤᠰᠤ ᠪᠠ | ᠬᠥᠷᠥᠰᠥ ᠰᠢᠷᠣᠢ ᠶᠢᠨ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠶᠡᠭᠡ ᠪᠠᠷ ᠠᠬᠢᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠭᠰᠠᠨ ᠠᠴᠠ᠂ ᠣᠶᠢᠷ᠎ᠠ ᠶᠢᠨ | ᠵᠢᠯ ᠤᠳ ᠠᠴᠠ ᠨᠠᠭᠠᠰᠢ ᠮᠠᠨ ᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠵᠣᠬᠢᠬᠤ | ᠬᠡᠮᠵᠢᠶ᠎ᠡ ᠪᠠᠷ ᠰᠠᠶᠢᠵᠢᠷᠠᠪᠠ᠃ ᠭᠡᠲᠡᠯ᠎ᠡ ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠣᠷᠴᠢᠨ | ᠲᠣᠭᠤᠷᠢᠨ ᠤ ᠬᠠᠮᠠᠭᠠᠯᠠᠯᠲᠠ ᠮᠥᠨ ᠠᠵᠤ ᠠᠬᠤᠢ ᠨᠡᠶᠢᠭᠡᠮ ᠤᠨ ᠬᠥᠭᠵᠢᠯᠲᠡ ᠠᠴᠠ ᠬᠤᠴᠣᠷᠴᠤ᠂ ᠠᠮᠢ ᠠᠬᠤᠢ ᠶᠢᠨ | ᠣᠷᠴᠢᠨ ᠲᠣᠭᠤᠷᠢᠨ ᠤ ᠮᠠᠭᠤᠵᠢᠷᠠᠯᠲᠠ ᠶᠢᠨ ᠬᠠᠨᠳᠤᠰᠢ ᠳᠤ ᠬᠠᠷᠠᠬᠠᠨ ᠦᠨᠳᠦᠰᠦᠨ ᠬᠤᠪᠢᠷᠠᠯᠲᠠ ᠭᠠᠷᠤᠭ᠎ᠠ ᠦᠭᠡᠢ᠂ | ᠬᠡᠰᠡᠭ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ | ᠬᠡᠪ ᠤᠨ ᠦᠢᠯᠡᠳᠪᠦᠷᠢᠯᠡᠯ ᠠᠮᠢᠳᠤᠷᠠᠯ ᠪᠠ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢ ᠬᠦᠨᠳᠦ ᠨᠣᠴᠢᠲᠠᠢ | ᠨᠥᠯᠥᠭᠡᠯᠡᠵᠦ ᠪᠠᠶᠢᠬᠤ ᠪᠣᠯᠬᠤᠷ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠨᠢ ᠨᠢᠭᠡᠨᠲᠡ | ᠠᠯᠭᠤᠷᠯᠠᠭᠤᠯᠵᠤ ᠪᠣᠯᠣᠰᠢ ᠦᠭᠡᠢ ᠠᠰᠠᠭᠤᠳᠠᠯ ᠪᠣᠯᠣᠭᠰᠠᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠤᠨ ᠢᠯᠡᠳᠬᠡᠯ ᠪᠠ ᠮᠠᠨ ᠤ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠲᠣᠭᠲᠠᠭᠠᠨ ᠬᠡᠷᠡᠭᠵᠢᠭᠦᠯᠵᠦ᠂ ᠣᠷᠴᠢᠨ | ᠲᠣᠭᠤᠷᠢᠨ ᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠪᠢᠴᠢᠭ | ᠮᠠᠲ᠋ᠧᠷᠢᠶᠠᠯ ᠳᠤ᠄ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠬᠤ | ᠥᠭᠡᠷᠡᠴᠢᠯᠡᠯᠲᠡ ᠶᠢ ᠠᠬᠢᠭᠤᠯᠵᠤ︾᠂ ︽ᠴᠢᠩᠭ᠎ᠠ ᠬᠠᠲᠠᠭᠤ ᠬᠠᠤᠯᠢ ᠳᠦᠷᠢᠮ ᠢᠶᠠᠷ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠬᠡᠷᠡᠭᠲᠡᠢ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠶᠢᠮᠦ ᠠᠴᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ | ᠬᠥᠲᠥᠯᠥᠭᠴᠢ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠪᠠ ᠭᠠᠶᠢᠯᠢ ᠲᠠᠲᠠᠪᠤᠷᠢᠯᠠᠬᠤ | ᠡᠲᠡᠭᠡᠳ ᠨᠢ ᠠᠯᠢ ᠠᠯᠢ ᠪᠣᠯᠬᠤ ᠲᠤᠬᠠᠢ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠹᠧᠩ ᠵᠢᠶᠦ᠋ᠨ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠬᠠᠤᠯᠢ︾ ᠶᠢᠨ ᠬᠤᠶᠠᠳᠤᠭᠠᠷ ᠵᠦᠢᠯ ᠳᠤ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠤᠲᠤᠭ ᠳᠡᠪᠢᠰᠬᠡᠷ ᠪᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶᠠᠨ ᠳᠠᠬᠢ ᠪᠤᠰᠤᠳ | ᠳᠠᠯᠠᠢ ᠶᠢᠨ ᠣᠷᠣᠨ ᠳᠤ᠂ ᠭᠠᠶᠢᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ ᠢ ᠣᠷᠴᠢᠨ ᠲᠣᠭᠤᠷᠢᠨ ᠳᠤ ᠰᠢᠭᠤᠳ | ᠭᠠᠲᠠᠭᠰᠢᠯᠠᠭᠤᠯᠵᠤ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠤᠯᠤᠨ ᠪᠤᠰᠤᠳ | ᠦᠢᠯᠡᠳᠪᠦᠷᠢᠯᠡᠭᠴᠢᠳ ᠡᠵᠡᠩᠨᠡᠭᠴᠢᠳ ᠪᠤᠯ ᠤᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ | ᠲᠤᠰᠢᠶᠠᠭᠴᠢ ᠪᠣᠯᠣᠨ᠎ᠠ᠃ ᠳᠡᠭᠡᠷ᠎ᠡ ᠶᠠᠷᠢᠭᠰᠠᠨ ᠭᠠᠶᠢᠯᠢ ᠲᠤᠰᠢᠶᠠᠭᠴᠢ ᠶᠢᠨ ᠲᠤᠬᠠᠢ ᠲᠣᠭᠲᠠᠭᠠᠯ ᠳᠤ ᠭᠠᠶᠢᠯᠢ | ᠲᠤᠰᠢᠶᠠᠬᠤ ᠡᠭᠦᠷᠭᠡ ᠶᠢᠨ ᠲᠠᠯ᠎ᠠ ᠪᠠᠷ ᠳᠣᠣᠷᠠᠬᠢ ᠬᠤᠶᠠᠷ ᠵᠦᠢᠯ ᠤᠨ ᠪᠠᠶᠢᠳᠠᠯ ᠳᠤ ᠭᠠᠶᠢᠯᠢ ᠠᠴᠠ ᠬᠡᠯᠲᠦᠷᠢᠭᠦᠯᠬᠦ ᠪᠠᠷ | ᠲᠣᠭᠲᠠᠭᠠᠪᠠ᠃ ᠲᠤᠬᠠᠶᠢᠯᠠᠪᠠᠯ᠄ ᠨᠢᠭᠡ ᠳᠤ᠂ ᠭᠠᠶᠢᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ ᠢ ᠣᠷᠴᠢᠨ | ᠲᠣᠭᠤᠷᠢᠨ ᠳᠤ ᠰᠢᠭᠤᠳ ᠭᠠᠲᠠᠭᠰᠢᠯᠠᠭᠤᠯᠵᠤ ᠪᠠᠶᠢᠬᠤ ᠦᠭᠡᠢ ᠪᠣᠯ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠲᠤᠰᠢᠶᠠᠬᠤ ᠦᠭᠡᠢ᠃ ᠬᠤᠶᠠᠷ ᠲᠤ᠂ ᠰᠠᠭᠤᠭᠠᠯᠢ ᠠᠷᠠᠳ ᠬᠤᠪᠢ ᠬᠥᠮᠥᠨ ᠨᠢ ᠭᠠᠶᠢᠯᠢ ᠲᠤᠰᠢᠶᠠᠭᠴᠢ ᠳᠤ | ᠬᠠᠷᠢᠶᠠᠯᠠᠭᠳᠠᠬᠤ ᠦᠭᠡᠢ ᠪᠣᠯᠬᠤᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ ᠴᠢᠬᠤᠯᠠ ᠦᠭᠡᠢ | ᠃ | ᠭᠠᠶᠢᠯᠢ ᠲᠠᠲᠠᠪᠤᠷᠢᠯᠠᠬᠤ ᠡᠲᠡᠭᠡᠳ ᠤᠨ ᠲᠠᠯ᠎ᠠ ᠪᠠᠷ᠂ ᠠᠭᠠᠷ ᠮᠠᠨᠳᠠᠯ᠂ ᠤᠰᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ᠂ ᠳᠠᠭᠤ ᠱᠤᠤᠭᠢᠶᠠᠨ ᠪᠣᠯ ᠣᠷᠴᠢᠨ ᠲᠣᠭᠤᠷᠢᠨ ᠢ ᠨᠥᠯᠥᠭᠡᠯᠡᠵᠦ ᠪᠠᠶᠢᠭ᠎ᠠ ᠬᠠᠮᠤᠭ ᠤᠨ ᠭᠤᠣᠯ | ᠪᠣᠯᠬᠤ ᠪᠣᠬᠢᠷ ᠪᠣᠳᠠᠰ ᠪᠠᠶᠢᠵᠤ᠂ ᠣᠯᠠᠨ ᠤᠯᠤᠰ ᠤᠨ ᠬᠢᠨ ᠶᠡᠷᠦ ᠳᠤ ᠪᠠᠨ ᠡᠨᠡ ᠳᠥᠷᠪᠡᠨ ᠲᠥᠷᠥᠯ ᠤᠨ ᠪᠣᠬᠢᠷ | ᠪᠣᠳᠠᠰ ᠢ ᠰᠣᠩᠭᠤᠨ ᠭᠠᠶᠢᠯᠢ ᠲᠠᠲᠠᠪᠤᠷᠢᠯᠠᠳᠠᠭ᠃ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷ | ᠪᠣᠳᠠᠰ ᠭᠠᠳᠠᠭᠰᠢᠯᠠᠭᠤᠯᠬᠤ ᠰᠦᠢᠳᠬᠡᠯ ᠬᠤᠷᠢᠶᠠᠵᠤ ᠪᠠᠶᠢᠭ᠎ᠠ ᠡᠲᠡᠭᠡᠳ ᠨᠢ ᠴᠤ ᠡᠨᠡ ᠳᠥᠷᠪᠡᠨ ᠲᠥᠷᠥᠯ ᠤᠨ ᠪᠣᠬᠢᠷ | ᠪᠣᠳᠠᠰ ᠪᠣᠯᠣᠨ᠎ᠠ᠃ ᠣᠯᠠᠨ ᠤᠯᠤᠰ ᠤᠨ ᠡᠯ᠎ᠡ ᠲᠠᠯ᠎ᠠ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠬᠤ ᠶᠢᠨ ᠬᠠᠮᠲᠤ᠂ | ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷ ᠪᠣᠳᠠᠰ ᠭᠠᠳᠠᠭᠰᠢᠯᠠᠭᠤᠯᠬᠤ ᠰᠦᠢᠳᠬᠡᠯ ᠤᠨ | ᠳᠦᠷᠢᠮ ᠲᠠᠢ ᠵᠣᠯᠭᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠠᠲᠠᠪᠤᠷᠢᠯᠠᠬᠤ | ᠡᠲᠡᠭᠡᠳ ᠢ ᠠᠭᠠᠷ ᠮᠠᠨᠳᠠᠯ ᠤᠨ ᠪᠣᠬᠢᠷ ᠪᠣᠳᠠᠰ᠂ ᠤᠰᠤᠨ ᠤ ᠪᠣᠬᠢᠷ ᠪᠣᠳᠠᠰ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠪᠠ ᠳᠠᠭᠤ ᠱᠤᠤᠭᠢᠶᠠᠨ ᠭᠡᠵᠦ ᠲᠣᠭᠲᠠᠭᠠᠵᠤ᠂ ᠪᠣᠳᠠᠲᠠᠢ ᠭᠠᠶᠢᠯᠢ ᠲᠠᠲᠠᠪᠤᠷᠢᠯᠠᠬᠤ ᠶᠤᠰᠤᠳᠠᠢ ᠪᠤᠬᠢᠷ ᠪᠤᠲᠠᠰ ᠢ | ᠭᠠᠶᠢᠯᠢ ᠶᠢᠨ ᠬᠠᠤᠯᠢ ᠳᠤ ᠳᠠᠭᠠᠯᠳᠤᠭᠤᠯᠤᠭᠰᠠᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ | ᠲᠥᠷᠥᠯ ᠪᠠ ᠲᠤᠭ᠎ᠠ ᠶᠢᠨ ᠬᠦᠰᠦᠨᠦᠭᠲᠦ︾᠂ ︽ᠭᠠᠶᠢᠯᠢ ᠲᠠᠲᠠᠪᠤᠷᠢᠯᠠᠬᠤ ᠶᠤᠰᠤᠳᠠᠢ ᠪᠤᠬᠢᠷ ᠪᠣᠳᠠᠰ ᠪᠠ ᠲᠡᠩᠴᠡᠯ | ᠬᠡᠮᠵᠢᠭᠳᠡᠯ ᠤᠨ ᠬᠦᠰᠦᠨᠦᠭᠲᠦ︾ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠵᠤ ᠬᠡᠷᠡᠭᠵᠢᠭᠦᠯᠦᠨ᠎ᠡ᠃ | ᠬᠥᠲᠥᠯᠥᠭᠴᠢ᠄ | ᠡᠨᠡ ᠳᠥᠷᠪᠡᠨ ᠲᠥᠷᠥᠯ ᠤᠨ ᠪᠣᠬᠢᠷ ᠪᠣᠳᠠᠰ ᠲᠤ ᠴᠢᠭᠯᠡᠭᠦᠯᠦᠨ ᠭᠠᠶᠢᠯᠢ ᠪᠣᠳᠣᠬᠤ ᠦᠨᠳᠦᠰᠦᠯᠡᠯ ᠨᠢ ᠶᠠᠭᠤ | ᠪᠣᠢ︖ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠣᠳᠣᠬᠤ ᠠᠷᠭ᠎ᠠ ᠨᠢ ᠬᠠᠷᠢᠴᠠᠩᠭᠤᠢ ᠪᠣᠳᠣᠯᠢᠶᠠᠨᠲᠠᠢ | ᠪᠠᠶᠢᠵᠤ᠂ ᠦᠢᠯᠡᠳᠦᠯᠭᠡ ᠶᠢᠨ ᠳᠤᠮᠳᠠ ᠴᠣᠬᠤᠮ ᠶᠠᠭᠠᠬᠢᠵᠤ ᠬᠡᠷᠡᠭᠵᠢᠭᠦᠯᠬᠦ ᠪᠣᠢ︖ | ᠯᠢᠦ ᠹᠧᠩ ᠵᠢᠶᠦ᠋ᠨ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠭᠤᠣᠯᠳᠠᠭᠤ ᠪᠣᠬᠢᠷ ᠪᠣᠳᠠᠰ ᠭᠠᠳᠠᠭᠰᠢᠯᠠᠭᠤᠯᠵᠤ | ᠪᠠᠶᠢᠭ᠎ᠠ ᠬᠡᠮᠵᠢᠶ᠎ᠡ ᠪᠠᠷ ᠲᠠᠲᠠᠪᠤᠷᠢᠯᠠᠳᠠᠭ ᠪᠣᠯᠪᠠᠴᠤ ᠭᠠᠳᠠᠭᠰᠢᠯᠠᠭᠤᠯᠬᠤ ᠪᠣᠬᠢᠷ ᠪᠣᠳᠠᠰ ᠤᠨ ᠬᠡᠮᠵᠢᠶ᠎ᠡ ᠶᠢ ᠪᠣᠳᠣᠬᠤ ᠳᠤ | ᠨᠡᠯᠢᠶᠡᠳ ᠪᠤᠳᠤᠯᠢᠶᠠᠨᠲᠠᠢ ᠪᠠᠶᠢᠵᠤ᠂ ᠠᠭᠠᠷ ᠮᠠᠨᠳᠠᠯ᠂ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠳᠠᠭᠤ | ᠱᠤᠤᠭᠢᠶᠠᠨ ᠵᠡᠷᠭᠡ ᠶᠢᠨ ᠬᠡᠮᠵᠢᠶ᠎ᠡ ᠶᠢ ᠪᠣᠳᠣᠬᠤ ᠪᠠᠷᠢᠮᠵᠢᠶ᠎ᠠ ᠨᠢ ᠠᠳᠠᠯᠢ ᠪᠤᠰᠤ ᠪᠠᠶᠢᠳᠠᠭ᠃ ᠡᠶᠢᠮᠦ ᠠᠴᠠ᠂ | ᠭᠠᠶᠢᠯᠢ ᠶᠢᠨ ᠬᠠᠤᠯᠢ ᠳᠤ ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠤᠨ ᠭᠠᠶᠢᠯᠢ ᠶᠢ ᠪᠣᠳᠣᠬᠤ | ᠦᠨᠳᠦᠰᠦᠯᠡᠯ ᠳᠤ ᠲᠤᠰ ᠲᠤᠰ ᠳᠣᠣᠷᠠᠬᠢ ᠮᠡᠲᠦ ᠲᠣᠭᠲᠠᠭᠠᠯ ᠭᠠᠷᠭᠠᠵᠠᠢ᠄ | ︵1︶ ᠭᠠᠶᠢᠯᠢ ᠲᠠᠲᠠᠪᠤᠷᠢᠯᠠᠬᠤ ᠶᠣᠰᠣᠲᠠᠢ ᠠᠭᠠᠷ ᠮᠠᠨᠳᠠᠯ ᠤᠨ ᠪᠣᠬᠢᠷ ᠪᠣᠳᠠᠰ ᠢ ᠪᠣᠳᠣᠬᠤ ᠳᠤ ᠪᠠᠨ ᠪᠣᠬᠢᠷ | ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠨᠤᠭᠤᠯᠤᠨ ᠪᠣᠳᠣᠭᠰᠠᠨ ᠤ ᠳᠠᠷᠠᠭᠠᠬᠢ ᠪᠣᠬᠢᠷᠲᠤᠯ ᠤᠨ ᠲᠡᠩᠴᠡᠯ | ᠲᠤᠭ᠎ᠠ ᠪᠠᠷ ᠲᠣᠭᠲᠠᠭᠠᠨ᠎ᠠ︔ | ︵2︶ ᠭᠠᠶᠢᠯᠢ ᠲᠠᠲᠠᠪᠤᠷᠢᠯᠠᠬᠤ ᠶᠣᠰᠣᠲᠠᠢ ᠤᠰᠤᠨ ᠤ ᠪᠣᠬᠢᠷ ᠪᠣᠳᠠᠰ ᠢ ᠪᠣᠳᠣᠬᠤ ᠳᠤ ᠪᠠᠨ ᠪᠣᠬᠢᠷ ᠪᠣᠳᠠᠰ | ᠭᠠᠳᠠᠭᠰᠢᠯᠠᠭᠤᠯᠤᠭᠰᠠᠨ ᠬᠡᠮᠵᠢᠶ᠎ᠡ ᠶᠢ ᠨᠤᠭᠤᠯᠤᠨ ᠪᠣᠳᠣᠭᠰᠠᠨ ᠤ ᠳᠠᠷᠠᠭᠠᠬᠢ ᠪᠣᠬᠢᠷᠲᠤᠯ ᠤᠨ ᠲᠡᠩᠴᠡᠯ ᠲᠤᠭ᠎ᠠ ᠪᠠᠷ | ᠲᠣᠭᠲᠠᠭᠠᠨ᠎ᠠ︔ | ︵3︶ ᠭᠠᠶᠢᠯᠢ ᠲᠠᠲᠠᠪᠤᠷᠢᠯᠠᠬᠤ ᠶᠣᠰᠣᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠲᠠᠭᠤ ᠪᠡᠶᠡᠲᠦ | ᠬᠠᠶᠠᠭᠳᠠᠮᠠᠯ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠪᠠᠷ ᠲᠣᠭᠲᠠᠭᠠᠨ᠎ᠠ︔ | ︵4︶ ᠭᠠᠶᠢᠯᠢ ᠲᠠᠲᠠᠪᠤᠷᠢᠯᠠᠬᠤ ᠶᠣᠰᠣᠲᠠᠢ ᠳᠠᠭᠤ ᠱᠤᠤᠭᠢᠶᠠᠨ ᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠠᠴᠠ ᠳᠠᠪᠠᠭᠰᠠᠨ ᠳ᠋ᠧᠼᠢᠪᠧᠯ ᠤᠨ ᠲᠤᠭ᠎ᠠ ᠪᠠᠷ ᠲᠣᠭᠲᠠᠭᠠᠨ᠎ᠠ᠃ | ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠬᠡᠷᠬᠢᠨ ᠦᠨᠡᠨ ᠪᠣᠳᠠᠲᠠᠢ ᠮᠥᠷᠲᠡᠭᠡᠨ ᠣᠨᠣᠪᠴᠢᠲᠠᠢ ᠪᠠᠷ | ᠬᠢᠨᠠᠨ ᠬᠡᠮᠵᠢᠬᠦ ᠪᠠ ᠪᠣᠳᠣᠬᠤ ᠪᠣᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠨ ᠬᠠᠮᠢᠶᠠᠷᠬᠤ | ᠠᠵᠢᠯ ᠤᠨ ᠨᠢᠭᠡᠨ ᠬᠦᠴᠢᠷᠳᠡᠯᠲᠡᠢ ᠠᠰᠠᠭᠤᠳᠠᠯ ᠪᠣᠯᠣᠨ᠎ᠠ᠃ ᠡᠨᠡ ᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ | ᠲᠥᠯᠥᠭᠡ᠂ ᠣᠯᠠᠨ ᠵᠢᠯ ᠤᠨ ᠲᠤᠷᠰᠢᠬᠢ ᠪᠣᠬᠢᠷ ᠪᠣᠳᠠᠰ ᠭᠠᠳᠠᠭᠰᠢᠯᠠᠭᠤᠯᠬᠤ ᠰᠦᠢᠳᠬᠡᠯ ᠬᠤᠷᠢᠶᠠᠭᠰᠠᠨ | ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠵᠤ᠂ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠷᠭ᠎ᠠ | ᠬᠡᠮᠵᠢᠶ᠎ᠡ ᠠᠪᠬᠤ ᠪᠠᠷ ᠪᠠᠶᠢᠨ᠎ᠠ᠃ ᠨᠢᠭᠡ ᠳᠤ᠂ ᠤᠯᠤᠰ ᠤᠨ ᠭᠤᠣᠯᠳᠠᠯᠭ᠎ᠠ ᠲᠠᠢ ᠬᠢᠨᠠᠨ ᠡᠵᠡᠮᠰᠢᠵᠦ ᠪᠠᠶᠢᠭ᠎ᠠ ᠠᠵᠤ | ᠠᠬᠤᠶᠢᠯᠠᠯ ︵ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠨᠢ ᠪᠦᠬᠦ ᠨᠡᠶᠢᠭᠡᠮ ᠤᠨ ᠭᠤᠣᠯ ᠪᠣᠯᠬᠤ ᠪᠣᠬᠢᠷ | ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶᠡᠨ ᠤ 80% ᠣᠷᠴᠢᠮ ᠢ ᠡᠵᠡᠯᠡᠨ᠎ᠡ︶ ᠨᠢᠭᠡᠪᠦᠷᠢ ᠳᠤ ᠠᠦ᠋ᠲ᠋ᠣ᠋ | ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠬᠤ ᠶᠢᠨ ᠬᠠᠮᠲᠤ᠂ ᠠᠦ᠋ᠲ᠋ᠣ᠋ ᠪᠠᠷ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ | ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠨᠢ ᠪᠣᠳᠣᠨ᠎ᠠ᠃ ᠬᠤᠶᠠᠷ ᠲᠤ᠂ ᠠᠦ᠋ᠲ᠋ᠣ᠋ ᠬᠢᠨᠠᠨ ᠬᠡᠮᠵᠢᠬᠦ | ᠲᠥᠬᠦᠭᠡᠷᠦᠮᠵᠢ ᠥᠯᠥ ᠤᠭᠰᠠᠷᠠᠭᠰᠠᠨ ᠠᠵᠤ ᠠᠬᠤᠶᠢᠯᠠᠯ ᠤᠨ ᠭᠠᠳᠠᠭᠰᠢᠯᠠᠭᠤᠯᠤᠭᠰᠠᠨ ᠪᠣᠬᠢᠷ ᠪᠣᠳᠠᠰ ᠢ ᠬᠢᠨᠠᠨ | ᠬᠡᠮᠵᠢᠬᠦ ᠪᠠᠶᠢᠭᠤᠯᠤᠮᠵᠢ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠤ ᠪᠣᠳᠣᠨ᠎ᠠ᠃ | ᠡᠭᠦᠨ ᠳᠤ ᠵᠠᠰᠠᠭ ᠤᠨ ᠣᠷᠳᠣᠨ ᠤ ᠬᠢᠨ ᠨᠡᠶᠢᠭᠡᠮ ᠠᠴᠠ ᠬᠢᠨᠠᠨ ᠬᠡᠮᠵᠢᠬᠦ ᠦᠢᠯᠡᠴᠢᠯᠡᠭᠡ ᠬᠤᠳᠠᠯᠳᠤᠵᠤ ᠠᠪᠬᠤ ᠪᠠ | ᠭᠤᠷᠪᠠᠳᠠᠭᠴᠢ ᠪᠠᠶᠢᠭᠤᠯᠤᠮᠵᠢ ᠳᠤ ᠨᠠᠶᠢᠳᠠᠵᠤ ᠲᠤᠰᠬᠠᠶᠢᠵᠢᠭᠰᠠᠨ ᠬᠢᠨᠠᠨ ᠬᠡᠮᠵᠢᠬᠦ ᠦᠢᠯᠡᠴᠢᠯᠡᠭᠡ ᠬᠠᠩᠭᠠᠯᠭᠠᠬᠤ | ᠳᠦᠷᠢᠮ ᠢ ᠥᠷᠭᠡᠨ ᠢᠶᠠᠷ ᠬᠡᠷᠡᠭᠵᠢᠭᠦᠯᠵᠦ᠂ ᠵᠠᠷᠢᠮ ᠬᠤᠲᠠ᠂ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠯᠠᠭ᠎ᠠ ᠮᠥᠴᠢᠷ ᠤᠨ ᠬᠢᠨ ᠤ ᠬᠢᠨᠠᠨ ᠬᠡᠮᠵᠢᠬᠦ ᠴᠢᠳᠠᠪᠤᠷᠢ ᠭᠦᠢᠴᠡᠳ ᠦᠭᠡᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ | ᠃ ᠭᠤᠷᠪᠠ ᠳᠤ᠂ ᠬᠢᠨᠠᠨ ᠬᠡᠮᠵᠢᠬᠦ ᠨᠥᠬᠦᠴᠡᠯ ᠦᠭᠡᠢ᠂ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠦᠨᠡᠨ | ᠪᠣᠳᠠᠲᠠᠢ ᠪᠠᠷ ᠬᠢᠨᠠᠨ ᠬᠡᠮᠵᠢᠬᠦ ᠶᠢᠨ ᠠᠷᠭ᠎ᠠ ᠦᠭᠡᠢ ᠪᠣᠯ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠢᠯᠡᠳᠬᠡᠬᠦ ᠠᠷᠭ᠎ᠠ | ᠂ ᠪᠣᠳᠠᠰ ᠤᠨ ᠮᠠᠲ᠋ᠧᠷᠢᠶᠠᠯ ᠢ ᠲᠡᠩᠴᠡᠭᠦᠯᠦᠨ ᠪᠣᠳᠣᠬᠤ ᠠᠷᠭ᠎ᠠ ᠪᠠ ᠥᠯᠢᠭᠡᠷ ᠰᠤᠭᠤᠴᠢᠵᠤ ᠬᠡᠮᠵᠢᠨ ᠪᠣᠳᠣᠬᠤ | ᠠᠷᠭ᠎ᠠ ᠪᠠᠷ ᠪᠣᠬᠢᠷ ᠪᠣᠳᠠᠰ ᠭᠠᠳᠠᠭᠰᠢᠯᠠᠭᠤᠯᠤᠭᠰᠠᠨ ᠬᠡᠮᠵᠢᠶ᠎ᠡ ᠶᠢ ᠪᠣᠳᠣᠨ᠎ᠠ᠃ ᠬᠠᠮᠢᠶ᠎ᠠ ᠪᠦᠬᠦᠢ ᠲᠣᠭᠠᠴᠠᠨ ᠪᠣᠳᠣᠬᠤ | ᠠᠷᠭ᠎ᠠ ᠶᠢ ᠮᠤᠵᠢ ᠶᠢᠨ ᠳᠡᠰ ᠠᠴᠠ ᠳᠡᠭᠡᠭᠰᠢᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠨ᠎ᠡ᠃ | ᠬᠥᠲᠥᠯᠥᠭᠴᠢ᠄ | ᠲᠡᠭᠡᠪᠡᠯ ᠮᠠᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠬᠡᠷᠬᠢᠨ ᠲᠠᠲᠠᠪᠤᠷᠢᠯᠠᠨ ᠬᠠᠮᠢᠶᠠᠷᠬᠤ ᠪᠠᠷ ᠲᠥᠯᠥᠪᠯᠡᠵᠦ ᠪᠠᠶᠢᠬᠤ ᠪᠣᠢ︖ | | ᠯᠢᠦ ᠹᠧᠩ ᠵᠢᠶᠦ᠋ᠨ᠄ | ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠲᠠᠲᠠᠪᠤᠷᠢᠯᠠᠨ ᠬᠤᠷᠢᠶᠠᠵᠤ ᠪᠠᠶᠢᠨ᠎ᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠪᠣᠯᠭᠠᠨ ᠥᠭᠡᠷᠡᠴᠢᠯᠡᠨ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠬᠠᠤᠯᠢ ᠶᠢᠨ ᠲᠣᠭᠲᠠᠭᠠᠯ ᠶᠣᠰᠣᠭᠠᠷ ᠲᠠᠲᠠᠪᠤᠷᠢᠯᠠᠨ | ᠬᠠᠮᠢᠶᠠᠷᠤᠨ᠎ᠠ᠃ ᠡᠭᠦᠨ ᠤ ᠬᠠᠮᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠳᠤ ︽ᠠᠵᠤ | ᠠᠬᠤᠶᠢᠯᠠᠯ ᠠᠴᠠ ᠭᠤᠶᠤᠴᠢᠯᠠᠨ ᠮᠡᠳᠡᠭᠦᠯᠬᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠲᠠᠲᠠᠪᠤᠷᠢᠯᠠᠬᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠬᠠᠮᠵᠢᠯᠴᠠᠬᠤ᠂ ᠮᠡᠳᠡᠭᠡ ᠵᠠᠩᠭᠢ ᠪᠠᠨ | ᠬᠠᠮᠲᠤ ᠪᠠᠷ ᠬᠦᠷᠲᠡᠬᠦ︾ ᠭᠡᠬᠦ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠢ ᠲᠣᠭᠲᠠᠭᠠᠪᠠ᠃ ᠲᠤᠬᠠᠶᠢᠯᠠᠪᠠᠯ᠂ ᠭᠠᠶᠢᠯᠢ | ᠲᠤᠰᠢᠶᠠᠭᠴᠢ ᠠᠴᠠ ᠭᠠᠶᠢᠯᠢ ᠲᠤᠰᠢᠶᠠᠬᠤ ᠭᠤᠶᠤᠴᠢᠯᠠᠨ ᠮᠡᠳᠡᠭᠦᠯᠦᠯᠲᠡ ᠪᠠᠨ ᠬᠠᠤᠯᠢ ᠶᠣᠰᠣᠭᠠᠷ ᠦᠨᠡᠨ ᠪᠣᠳᠠᠲᠠᠢ ᠪᠠᠷ | ᠳᠡᠪᠰᠢᠭᠦᠯᠬᠦ ᠶᠢᠨ ᠬᠠᠮᠲᠤ᠂ ᠭᠤᠶᠤᠴᠢᠯᠠᠨ ᠮᠡᠳᠡᠭᠦᠯᠦᠯᠲᠡ ᠶᠢᠨ ᠢᠶᠠᠨ ᠦᠨᠡᠨ ᠪᠣᠳᠠᠲᠤ ᠴᠢᠨᠠᠷ ᠪᠠ ᠪᠦᠷᠢᠨ ᠲᠥᠬᠦᠷ | ᠴᠢᠨᠠᠷ ᠲᠤ ᠬᠠᠷᠢᠭᠤᠴᠠᠯᠭ᠎ᠠ ᠡᠭᠦᠷᠭᠡᠯᠡᠨ᠎ᠡ︔ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠣᠰᠣᠭᠠᠷ | ᠲᠠᠲᠠᠪᠤᠷᠢᠯᠠᠨ ᠬᠠᠮᠢᠶᠠᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ | ᠪᠣᠬᠢᠷ ᠪᠣᠳᠠᠰ ᠢ ᠬᠢᠨᠠᠨ ᠬᠡᠮᠵᠢᠬᠦ ᠪᠠ ᠬᠠᠮᠢᠶᠠᠷᠤᠨ᠎ᠠ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ | ᠬᠢᠭᠡᠳ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠳᠤ | ᠬᠤᠯᠪᠣᠭᠳᠠᠭᠰᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠪᠠ ᠠᠵᠢᠯ ᠤᠨ ᠲᠠᠯ᠎ᠠ ᠪᠠᠷ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠭᠠᠶᠢᠯᠢ ᠲᠤᠰᠢᠶᠠᠬᠤ ᠲᠤᠬᠠᠢ ᠬᠤᠯᠪᠣᠭᠳᠠᠯ ᠪᠦᠬᠦᠢ ᠮᠡᠳᠡᠭᠡ ᠵᠠᠩᠭᠢ ᠶᠢᠨ | ᠮᠠᠲ᠋ᠧᠷᠢᠶᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠬᠤ ᠬᠡᠷᠡᠭᠲᠡᠢ᠃ ᠡᠨᠡ ᠬᠦ ᠲᠠᠲᠠᠪᠤᠷᠢᠯᠠᠨ ᠬᠠᠮᠢᠶᠠᠷᠬᠤ | ᠬᠡᠪ ᠵᠠᠭᠪᠤᠷ ᠨᠢ ᠭᠠᠶᠢᠯᠢ ᠲᠤᠰᠢᠶᠠᠭᠴᠢ ᠶᠢᠨ ᠥᠪᠡᠷ ᠢᠶᠠᠨ ᠡᠵᠡᠨ ᠮᠡᠳᠡᠵᠦ ᠦᠨᠡᠨ ᠪᠣᠳᠠᠲᠠᠢ ᠪᠠᠷ ᠭᠠᠶᠢᠯᠢ | ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠡᠭᠦᠷᠭᠡ ᠶᠢ ᠲᠣᠪᠣᠶᠢᠯᠭᠠᠵᠤ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠭᠠᠶᠢᠯᠢ ᠲᠠᠲᠠᠪᠤᠷᠢᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠤ ᠬᠠᠮᠲᠤ | ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠢ ᠪᠣᠬᠢᠷᠲᠤᠯ ᠭᠠᠳᠠᠭᠰᠢᠯᠠᠭᠤᠯᠬᠤ ᠭᠠᠶᠢᠯᠢ | ᠲᠠᠲᠠᠪᠤᠷᠢᠯᠠᠬᠤ ᠳᠤ ᠮᠡᠳᠡᠭᠡ ᠵᠠᠩᠭᠢ ᠶᠢᠨ ᠬᠠᠷᠭᠤᠭᠤᠯᠤᠯᠲᠠ ᠪᠠᠶᠢᠴᠠᠭᠠᠯᠲᠠ ᠬᠠᠩᠭᠠᠵᠤ᠂ ᠭᠠᠶᠢᠯᠢ ᠲᠠᠲᠠᠪᠤᠷᠢᠯᠠᠨ | ᠬᠠᠮᠢᠶᠠᠷᠬᠤ ᠠᠵᠢᠯ ᠳᠤ ᠬᠠᠮᠵᠢᠯᠴᠠᠨ ᠰᠠᠶᠢᠲᠤᠷ ᠬᠢᠬᠦ ᠶᠢ ᠱᠠᠭᠠᠷᠳᠠᠭᠰᠠᠨ ᠪᠠᠶᠢᠨ᠎ᠠ᠃ | ᠬᠥᠲᠥᠯᠥᠭᠴᠢ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ | ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠬᠦ ᠪᠣᠯᠣᠯᠴᠠᠭ᠎ᠠ ᠲᠠᠢ ᠦᠦ︖ ᠶᠠᠮᠠᠷ ᠪᠠᠶᠢᠳᠠᠯ ᠳᠣᠣᠷ᠎ᠠ ᠬᠠᠰᠤᠨ | ᠬᠡᠯᠲᠦᠷᠢᠭᠦᠯᠵᠦ ᠪᠣᠯᠬᠤ ᠪᠣᠢ︖ | ᠯᠢᠦ ᠹᠧᠩ ᠵᠢᠶᠦ᠋ᠨ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠳᠤ᠂ ︽ | ᠭᠠᠶᠢᠯᠢ ᠶᠢᠨ ᠳᠠᠷᠤᠭᠠᠰᠤ ᠶᠢ ᠲᠡᠩᠴᠡᠭᠦᠷᠢᠲᠡᠢ ᠪᠠᠷ ᠰᠢᠯᠵᠢᠭᠦᠯᠬᠦ︾ ᠵᠠᠷᠴᠢᠮ ᠢ ᠵᠢᠷᠤᠮᠯᠠᠨ᠂ ᠭᠠᠶᠢᠯᠢ ᠲᠠᠲᠠᠪᠤᠷᠢᠯᠠᠬᠤ | ᠬᠦᠷᠢᠶ᠎ᠡ ᠬᠡᠪᠴᠢᠶ᠎ᠡ ᠪᠠ ᠭᠠᠶᠢᠯᠢ ᠶᠢᠨ ᠨᠣᠷᠮ᠎ᠠ ᠳᠤ ᠦᠨᠳᠦᠰᠦᠨ ᠳᠤ ᠪᠠᠨ ᠬᠤᠪᠢᠷᠠᠯᠲᠠ ᠭᠠᠷᠭᠠᠬᠤ ᠦᠭᠡᠢ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ | ᠲᠠᠲᠠᠪᠤᠷᠢ ᠶᠢᠨ ᠬᠦᠴᠦᠯᠡᠴᠡ ᠶᠢ ᠨᠡᠮᠡᠭᠳᠡᠭᠦᠯᠦᠨ᠂ ᠲᠠᠲᠠᠪᠤᠷᠢᠯᠠᠨ ᠬᠤᠷᠢᠶᠠᠬᠤ ᠲᠣᠭᠲᠠᠴᠠ ᠶᠢ ᠨᠡᠩ ᠴᠢᠩᠭᠠᠷᠠᠭᠤᠯᠵᠤ᠂ | ᠲᠤᠰᠢᠶᠠᠪᠠᠰᠤ ᠵᠣᠬᠢᠬᠤ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢᠶᠠᠨ ᠲᠤᠰᠢᠶᠠᠭ᠎ᠠ ᠦᠭᠡᠢ ᠬᠡᠰᠡᠭ ᠠᠵᠤ | ᠠᠬᠤᠶᠢᠯᠠᠯ ᠢ ᠭᠠᠶᠢᠯᠢ ᠲᠠᠲᠠᠪᠤᠷᠢᠯᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠪᠣᠯᠣᠨ᠎ᠠ᠃ ᠡᠭᠦᠨ ᠠᠴᠠ ᠭᠠᠳᠠᠨ᠎ᠠ᠂ | ᠭᠠᠶᠢᠯᠢ ᠲᠠᠲᠠᠪᠤᠷᠢᠯᠠᠭᠰᠠᠨ ᠤ ᠳᠠᠷᠠᠭ᠎ᠠ ᠠᠵᠤ ᠠᠬᠤᠶᠢᠯᠠᠯ ᠢ ᠬᠢᠵᠠᠭᠠᠷᠯᠠᠬᠤ ᠲᠣᠭᠲᠠᠴᠠ ᠨᠢ ᠤᠯᠠᠮ ᠴᠢᠨᠠᠭᠰᠢᠳᠠ | ᠴᠢᠩᠭᠠᠷᠠᠵᠤ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠣᠬᠢᠷ ᠪᠣᠳᠠᠰ | ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠳᠤ ᠬᠦᠷᠦᠭᠦᠯᠵᠦ᠂ ᠵᠠᠷᠢᠮ ᠠᠵᠤ ᠠᠬᠤᠶᠢᠯᠠᠯ ᠤᠨ ᠲᠤᠰᠢᠶᠠᠬᠤ | ᠭᠠᠶᠢᠯᠢ ᠶᠢᠨ ᠲᠤᠭ᠎ᠠ ᠮᠥᠨ ᠵᠣᠬᠢᠬᠤ ᠬᠡᠮᠵᠢᠶ᠎ᠡ ᠪᠠᠷ ᠪᠠᠭᠠᠰᠬᠤ ᠪᠣᠯᠣᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠳᠤ ᠳᠣᠣᠷᠠᠬᠢ 5 ᠵᠦᠢᠯ ᠤᠨ ᠪᠠᠶᠢᠳᠠᠯ ᠳᠤ | ᠭᠠᠶᠢᠯᠢ ᠠᠴᠠ ᠲᠦᠷ ᠬᠡᠯᠲᠦᠷᠢᠭᠦᠯᠬᠦ ᠪᠠᠷ ᠲᠣᠭᠲᠠᠭᠠᠵᠠᠢ᠄ | ᠨᠢᠭᠡ ᠳᠤ᠂ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠲᠠᠷᠢᠶᠠᠯᠠᠩ ᠦᠢᠯᠡᠳᠪᠦᠷᠢᠯᠡᠯ ᠠᠴᠠ | ᠭᠠᠳᠠᠭᠰᠢᠯᠠᠭᠤᠯᠤᠭᠰᠠᠨ ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠠᠴᠠ ᠲᠦᠷ ᠭᠠᠶᠢᠯᠢ ᠲᠠᠲᠠᠪᠤᠷᠢᠯᠠᠬᠤ | ᠦᠭᠡᠢ᠃ ᠭᠡᠲᠡᠯ᠎ᠡ ᠬᠡᠪᠴᠢᠶᠡᠵᠢᠭᠦᠯᠦᠭᠰᠡᠨ ᠦᠷᠡᠵᠢᠭᠦᠯᠦᠭᠡ ᠨᠢ ᠬᠥᠳᠡᠭᠡ ᠲᠣᠰᠬᠤᠨ ᠤ ᠣᠷᠴᠢᠨ ᠲᠣᠭᠤᠷᠢᠨ ᠳᠤ | ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ᠂ ᠠᠳᠠᠯᠢ ᠪᠤᠰᠤ ᠪᠠᠶᠢᠳᠠᠯ ᠢ ᠢᠯᠭᠠᠨ | ᠰᠠᠯᠭᠠᠵᠤ ᠭᠠᠶᠢᠯᠢ ᠲᠠᠲᠠᠪᠤᠷᠢᠯᠠᠬᠤ ᠪᠤᠶᠤ ᠬᠡᠯᠲᠦᠷᠢᠭᠦᠯᠬᠦ ᠴᠢᠬᠤᠯᠠᠲᠠᠢ᠂ ᠡᠶᠢᠮᠦ ᠠᠴᠠ ᠲᠡᠭᠦᠨ ᠢ ᠭᠠᠶᠢᠯᠢ ᠠᠴᠠ | ᠬᠡᠯᠲᠦᠷᠢᠭᠦᠯᠬᠦ ᠬᠦᠷᠢᠶ᠎ᠡ ᠬᠡᠪᠴᠢᠶᠡᠨ ᠳᠤ ᠵᠢᠭᠰᠠᠭᠠᠭᠰᠠᠨ ᠦᠭᠡᠢ᠃ | ᠬᠤᠶᠠᠷ ᠲᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠳᠦᠷᠢᠮ ᠳᠤ ᠨᠢᠭᠡᠨᠲᠡ ᠪᠠᠶᠢᠭ᠎ᠠ ᠲᠡᠷᠭᠡ | ᠣᠩᠭᠤᠴᠠᠨ ᠤ ᠭᠠᠶᠢᠯᠢ᠂ ᠬᠡᠷᠡᠭᠯᠡᠭᠡ ᠶᠢᠨ ᠭᠠᠶᠢᠯᠢ᠂ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠵᠡᠷᠭᠡ | ᠭᠠᠶᠢᠯᠢ ᠶᠢᠨ ᠲᠥᠷᠥᠯ ᠤᠨ ᠮᠠᠰᠢᠨᠲᠤ ᠲᠡᠷᠭᠡᠨ ᠤ ᠦᠢᠯᠡᠳᠪᠦᠷᠢᠯᠡᠯ ᠬᠡᠷᠡᠭᠯᠡᠭᠡ ᠳᠤ ᠲᠣᠬᠢᠷᠠᠭᠤᠯᠤᠯᠲᠠ ᠬᠢᠵᠦ ᠪᠠᠶᠢᠬᠤ | ᠪᠠ ᠡᠨᠧᠷᠭᠢ ᠶᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ | ᠦᠵᠡᠭᠦᠯᠵᠦ ᠪᠠᠶᠢᠭ᠎ᠠ ᠪᠠᠶᠢᠳᠠᠯ ᠢ ᠪᠣᠳᠣᠯᠬᠢᠯᠠᠨ᠂ ᠮᠠᠰᠢᠨᠲᠤ ᠲᠡᠷᠭᠡ᠂ ᠣᠩᠭᠤᠴᠠ ᠪᠠ ᠠᠭᠠᠷ ᠤᠨ ᠠᠶᠠᠯᠠᠭᠤᠷ ᠵᠡᠷᠭᠡ | ᠬᠥᠳᠡᠯᠦᠩᠭᠦᠢ ᠪᠣᠬᠢᠷᠲᠤᠯ ᠤᠨ ᠰᠤᠷᠪᠤᠯᠵᠢ ᠶᠢᠨ ᠭᠠᠳᠠᠭᠰᠢᠯᠠᠭᠤᠯᠤᠭᠰᠠᠨ ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ | ᠪᠣᠳᠠᠰ ᠠᠴᠠ ᠲᠦᠷ ᠭᠠᠶᠢᠯᠢ ᠲᠠᠲᠠᠪᠤᠷᠢᠯᠠᠬᠤ ᠦᠭᠡᠢ᠃ | ᠭᠤᠷᠪᠠ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠣᠬᠢᠷ ᠪᠣᠳᠠᠰ | ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ ᠬᠤᠲᠠ ᠬᠥᠳᠡᠭᠡ ᠶᠢᠨ ᠪᠣᠬᠢᠷ ᠤᠰᠤ ᠶᠢ ᠲᠥᠪᠯᠡᠷᠡᠭᠦᠯᠦᠨ | ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠲᠠᠯᠠᠪᠤᠷ ᠠᠴᠠ ᠬᠤᠷᠢᠶᠠᠬᠤ | ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢ ᠬᠡᠯᠲᠦᠷᠢᠭᠦᠯᠦᠨ᠎ᠡ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯᠲᠦ | ᠴᠢᠨᠠᠷ ᠢ ᠪᠠᠲᠤᠯᠠᠬᠤ ᠶᠢᠨ ᠲᠥᠯᠥᠭᠡ᠂ ᠬᠠᠤᠯᠢ ᠶᠣᠰᠣᠭᠠᠷ ᠲᠣᠬᠢᠷᠠᠭᠤᠯᠤᠭᠰᠠᠨ ᠬᠤᠲᠠ ᠬᠥᠳᠡᠭᠡ ᠶᠢᠨ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ | ᠲᠠᠯᠠᠪᠤᠷ ᠠᠴᠠ ᠭᠠᠳᠠᠭᠰᠢᠯᠠᠭᠤᠯᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ | ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠠᠴᠠ ᠲᠠᠲᠠᠪᠤᠷᠢᠯᠠᠬᠤ ᠭᠠᠶᠢᠯᠢ ᠶᠢ ᠲᠦᠷ ᠬᠡᠯᠲᠦᠷᠢᠭᠦᠯᠦᠨ᠎ᠡ᠃ | ᠳᠥᠷᠪᠡ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠵᠤ᠂ | ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠲᠥᠯᠥᠭᠡ᠂ ᠭᠠᠶᠢᠯᠢ ᠲᠤᠰᠢᠶᠠᠭᠴᠢ ᠶᠢᠨ | ᠶᠡᠷᠦᠩᠬᠡᠶᠢᠯᠡᠨ ᠠᠰᠢᠭᠯᠠᠬᠤ ᠪᠠᠷᠢᠮᠵᠢᠶ᠎ᠠ ᠳᠤ ᠬᠦᠷᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠴᠠ | ᠲᠠᠲᠠᠪᠤᠷᠢᠯᠠᠬᠤ ᠭᠠᠶᠢᠯᠢ ᠶᠢ ᠲᠦᠷ ᠬᠡᠯᠲᠦᠷᠢᠭᠦᠯᠦᠨ᠎ᠡ᠃ | ᠲᠠᠪᠤ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠶᠢᠯᠢ ᠠᠴᠠ ᠲᠦᠷ ᠬᠡᠯᠲᠦᠷᠢᠭᠦᠯᠬᠦ ᠪᠠᠷ | ᠵᠥᠪᠰᠢᠶᠡᠷᠡᠭᠰᠡᠨ ᠪᠤᠰᠤᠳ ᠪᠠᠶᠢᠳᠠᠯ᠃ | ᠬᠥᠲᠥᠯᠥᠭᠴᠢ᠄ | ᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠭᠤᠶᠤᠴᠢᠯᠠᠨ ᠮᠡᠳᠡᠭᠦᠯᠵᠦ ᠲᠤᠰᠢᠶᠠᠬᠤ ᠴᠠᠭ ᠤᠨ | ᠬᠢᠵᠠᠭᠠᠷᠯᠠᠯ ᠪᠠ ᠪᠣᠳᠠᠲᠠᠢ ᠭᠠᠵᠠᠷ ᠢ ᠶᠠᠷᠢᠭᠠᠳ ᠥᠭᠭᠦᠨ᠎ᠡ ᠦᠦ︖ | ᠯᠢᠦ ᠹᠧᠩ ᠵᠢᠶᠦ᠋ᠨ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠰᠠᠷ᠎ᠠ ᠪᠠᠷ ᠲᠣᠭᠠᠴᠠᠨ ᠪᠣᠳᠣᠵᠤ᠂ ᠤᠯᠠᠷᠢᠯ ᠢᠶᠠᠷ | ᠭᠤᠶᠤᠴᠢᠯᠠᠨ ᠮᠡᠳᠡᠭᠦᠯᠵᠦ ᠲᠤᠰᠢᠶᠠᠨ᠎ᠠ᠃ ᠲᠣᠭᠲᠠᠭᠰᠠᠨ ᠴᠠᠭ ᠤᠨ ᠳᠣᠲᠣᠷ᠎ᠠ ᠲᠣᠭᠠᠴᠠᠨ ᠪᠣᠳᠣᠵᠤ ᠲᠤᠰᠢᠶᠠᠵᠤ | ᠳᠡᠶᠢᠯᠬᠦ ᠦᠭᠡᠢ ᠪᠣᠯ ᠤᠳᠠᠭ᠎ᠠ ᠪᠠᠷ ᠭᠤᠶᠤᠴᠢᠯᠠᠨ ᠮᠡᠳᠡᠭᠦᠯᠵᠦ ᠲᠤᠰᠢᠶᠠᠵᠤ ᠪᠣᠯᠣᠨ᠎ᠠ᠃ ᠭᠠᠶᠢᠯᠢ ᠲᠤᠰᠢᠶᠠᠭᠴᠢ ᠠᠴᠠ | ᠤᠯᠠᠷᠢᠯ ᠢᠶᠠᠷ ᠭᠤᠶᠤᠴᠢᠯᠠᠨ ᠮᠡᠳᠡᠭᠦᠯᠵᠦ ᠲᠤᠰᠢᠶᠠᠬᠤ ᠭᠡᠪᠡᠯ᠂ ᠨᠢᠭᠡ ᠤᠯᠠᠷᠢᠯ ᠭᠦᠢᠴᠡᠭᠰᠡᠨ ᠡᠳᠦᠷ ᠠᠴᠠ ᠡᠬᠢᠯᠡᠨ | 15 ᠡᠳᠦᠷ ᠤᠨ ᠳᠣᠲᠣᠷ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠴᠦ ᠭᠠᠶᠢᠯᠢ ᠲᠤᠰᠢᠶᠠᠬᠤ ᠪᠠᠷ | ᠭᠤᠶᠤᠴᠢᠯᠠᠨ ᠮᠡᠳᠡᠭᠦᠯᠬᠦ ᠶᠢᠨ ᠬᠠᠮᠲᠤ ᠭᠠᠶᠢᠯᠢ ᠶᠢᠨ ᠮᠥᠩᠭᠦ ᠪᠠᠨ ᠲᠤᠰᠢᠶᠠᠬᠤ ᠬᠡᠷᠡᠭᠲᠡᠢ᠃ ᠭᠠᠶᠢᠯᠢ | ᠲᠤᠰᠢᠶᠠᠭᠴᠢ ᠠᠴᠠ ᠤᠳᠠᠭ᠎ᠠ ᠪᠠᠷ ᠭᠤᠶᠤᠴᠢᠯᠠᠨ ᠮᠡᠳᠡᠭᠦᠯᠵᠦ ᠲᠤᠰᠢᠶᠠᠬᠤ ᠭᠡᠪᠡᠯ᠂ ᠭᠠᠶᠢᠯᠢ ᠲᠤᠰᠢᠶᠠᠬᠤ ᠡᠭᠦᠷᠭᠡ | ᠲᠠᠢ ᠪᠣᠯᠣᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ | ᠬᠦᠷᠴᠦ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ᠂ ᠭᠠᠶᠢᠯᠢ ᠶᠢᠨ ᠮᠥᠩᠭᠦ ᠪᠠᠨ ᠲᠤᠰᠢᠶᠠᠬᠤ | ᠬᠡᠷᠡᠭᠲᠡᠢ᠃ | ᠭᠠᠶᠢᠯᠢ ᠲᠤᠰᠢᠶᠠᠭᠴᠢ ᠠᠴᠠ ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠭᠠᠳᠠᠭᠰᠢᠯᠠᠭᠤᠯᠤᠭᠰᠠᠨ | ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠴᠦ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠭᠤᠶᠤᠴᠢᠯᠠᠨ ᠮᠡᠳᠡᠭᠦᠯᠵᠦ ᠲᠤᠰᠢᠶᠠᠬᠤ ᠬᠡᠷᠡᠭᠲᠡᠢ᠃ | ᠬᠥᠲᠥᠯᠥᠭᠴᠢ᠄ | ᠮᠠᠨ ᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠡᠬᠢᠯᠡᠨ ᠲᠠᠲᠠᠪᠤᠷᠢᠯᠠᠬᠤ ᠲᠤᠬᠠᠢ ᠶᠠᠮᠠᠷ ᠶᠠᠮᠠᠷ ᠪᠡᠯᠡᠳᠬᠡᠯ ᠠᠵᠢᠯ | ᠬᠢᠭᠰᠡᠨ ᠪᠣᠢ︖ | ᠯᠢᠦ ᠹᠧᠩ ᠵᠢᠶᠦ᠋ᠨ᠄ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠠᠴᠠ ᠡᠷᠲᠡ ᠪᠡᠯᠡᠳᠬᠡᠬᠦ᠂ ᠡᠷᠲᠡ ᠪᠠᠶᠢᠷᠢᠯᠠᠭᠤᠯᠬᠤ ᠪᠠ ᠡᠷᠲᠡ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠡᠮᠬᠢᠯᠡᠨ᠂ ᠠᠵᠢᠯ ᠤᠨ ᠠᠯᠬᠤᠮ ᠳᠠᠷᠠᠭ᠎ᠠ ᠪᠠᠨ | ᠲᠣᠩᠭᠤᠷᠠᠭᠤᠯᠤᠨ ᠲᠣᠬᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠭᠰᠠᠨ ᠠᠴᠠ ᠣᠳᠣ ᠡᠯ᠎ᠡ | ᠲᠠᠯ᠎ᠠ ᠶᠢᠨ ᠠᠵᠢᠯ ᠯᠠᠪᠳᠠᠭᠤᠨ ᠪᠠᠲᠤᠲᠠᠢ ᠠᠬᠢᠵᠤ ᠪᠠᠶᠢᠨ᠎ᠠ᠃ | ᠨᠢᠭᠡ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠢᠭᠡᠳᠦᠭᠡᠷ ᠤᠳᠤᠷᠢᠳᠤᠯᠭ᠎ᠠ ᠪᠠᠷ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠭᠤᠯᠤᠨ᠂ ᠲᠣᠪᠴᠢᠶᠠᠨ ᠤ ᠪᠤᠰᠤᠳ ᠤᠳᠤᠷᠢᠳᠤᠯᠭ᠎ᠠ ᠪᠠᠷ ᠳᠡᠳ᠋ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠤᠯᠵᠤ᠂ ᠲᠣᠪᠴᠢᠶᠠᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠠᠷ ᠠᠯᠪᠠᠨ ᠭᠡᠷ ᠤᠨ ᠡᠷᠬᠢᠯᠡᠭᠴᠢ ᠶᠢ ᠬᠠᠪᠰᠤᠷᠭᠠᠨ ᠬᠠᠷᠢᠭᠤᠴᠠᠭᠤᠯᠵᠠᠢ᠃ ᠡᠭᠦᠨ ᠤ ᠬᠠᠮᠲᠤ᠂ | ᠪᠦᠬᠦ ᠣᠷᠣᠨ ᠤ 14 ᠠᠶᠢᠮᠠᠭ ᠬᠤᠲᠠ ᠶᠢᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠲᠣᠭᠤᠷᠢᠭ ᠤᠨ ᠲᠣᠪᠴᠢᠶᠠᠨ ᠤ ᠰᠢᠭᠤᠳ ᠬᠠᠷᠢᠶ᠎ᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ 101 ᠬᠤᠰᠢᠭᠤ | ᠰᠢᠶᠠᠨ ᠤ ᠲᠣᠪᠴᠢᠶ᠎ᠠ ᠳᠤ ᠪᠦᠷ ᠤᠳᠤᠷᠢᠳᠬᠤ ᠳᠤᠭᠤᠶᠢᠯᠠᠩ ᠪᠠᠶᠢᠭᠤᠯᠵᠠᠢ᠃ ᠤᠳᠤᠷᠢᠳᠬᠤ ᠳᠤᠭᠤᠶᠢᠯᠠᠩ ᠨᠢ ᠪᠦᠬᠦ | ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠶᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠵᠤ᠂ | ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠤᠭ᠎ᠠ | ᠵᠣᠬᠢᠴᠠᠭᠤᠯᠤᠨ ᠬᠠᠮᠵᠢᠯᠴᠠᠬᠤ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ | ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠠᠵᠢᠯ ᠤᠨ ᠲᠥᠰᠥᠯ ᠢ | ᠲᠣᠭᠲᠠᠭᠠᠵᠤ᠂ ᠡᠭᠦᠷᠭᠡ ᠪᠠᠨ ᠲᠣᠳᠣᠷᠬᠠᠶᠢᠯᠠᠪᠠ᠃ ᠡᠳ᠋ ᠤᠨ ᠵᠠᠰᠠᠭ ᠤᠨ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ ᠲᠠᠢ ᠬᠠᠮᠲᠤ ᠮᠠᠨ ᠤ ᠣᠷᠣᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ﹀ ᠶᠢ ᠲᠤᠭᠤᠰᠢᠯᠠᠭᠤᠯᠬᠤ ᠠᠵᠢᠯ ᠤᠨ | ᠲᠥᠰᠥᠯ︾ ᠢ ᠲᠣᠭᠲᠠᠭᠠᠭᠰᠠᠨ ᠤ ᠬᠠᠮᠲᠤ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ | ᠬᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠠᠵᠢᠯ ᠤᠨ ᠲᠥᠰᠥᠯ ᠢ ᠲᠣᠭᠲᠠᠭᠠᠭᠰᠠᠨ ᠪᠠᠶᠢᠨ᠎ᠠ᠃ | | ᠭᠤᠷᠪᠠ ᠳᠤ᠂ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ | ᠠᠵᠢᠯ ᠢ ᠨᠠᠷᠢᠨ ᠬᠢᠨᠠᠮᠠᠭᠠᠢ ᠥᠷᠨᠢᠭᠦᠯᠪᠡ᠃ ᠡᠳ᠋ ᠤᠨ ᠵᠠᠰᠠᠭ ᠤᠨ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ ᠲᠠᠢ ᠬᠠᠮᠲᠤᠷᠠᠵᠤ ᠪᠠᠶᠢᠴᠠᠭᠠᠨ ᠰᠤᠳᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ | ᠨᠡᠶᠢᠲᠡᠯᠢᠭ ᠲᠥᠯᠥᠭᠡᠯᠡᠬᠦ ᠴᠢᠨᠠᠷ ᠪᠦᠬᠦᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠪᠣᠯᠬᠤ ᠬᠥᠬᠡᠬᠤᠲᠠ ᠶᠢᠨ | ᠴᠠᠬᠢᠯᠭᠠᠨ ᠤ ᠦᠢᠯᠡᠳᠪᠦᠷᠢ ︵ᠠᠭᠠᠷ ᠮᠠᠨᠳᠠᠯ ᠤᠨ ᠪᠣᠬᠢᠷᠲᠤᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ︶᠂ ᠢᠯᠢ | ᠪᠦᠯᠦᠭᠯᠡᠯ ︵ᠤᠰᠤᠨ ᠤ ᠪᠣᠬᠢᠷᠲᠤᠯ︶᠂ ᠲᠢᠶᠠᠨ ᠶᠧ ᠬᠢᠮᠢ ᠶᠢᠨ ᠠᠵᠤ ᠦᠢᠯᠡᠳᠪᠦᠷᠢ ︵ᠠᠭᠠᠷ ᠮᠠᠨᠳᠠᠯ ᠤᠨ | ᠪᠣᠬᠢᠷᠲᠤᠯ︶ ᠳᠤ ᠲᠥᠪᠯᠡᠷᠡᠩᠭᠦᠢ ᠪᠠᠶᠢᠴᠠᠭᠠᠨ ᠰᠤᠳᠤᠯᠤᠯᠲᠠ ᠬᠢᠵᠦ᠂ ᠪᠣᠬᠢᠷᠲᠤᠯ ᠭᠠᠳᠠᠭᠰᠢᠯᠠᠭᠤᠯᠬᠤ ᠠᠵᠤ | ᠠᠬᠤᠶᠢᠯᠠᠯ ᠤᠨ ᠭᠠᠳᠠᠭᠰᠢᠯᠠᠭᠤᠯᠤᠭᠰᠠᠨ ᠪᠣᠬᠢᠷ ᠪᠣᠳᠠᠰ ᠤᠨ ᠲᠥᠷᠥᠯ ᠵᠦᠢᠯ᠂ ᠭᠠᠳᠠᠭᠰᠢᠯᠠᠭᠤᠯᠬᠤ ᠶᠠᠪᠤᠴᠠ᠂ ᠬᠢᠨᠠᠨ | ᠡᠵᠡᠮᠰᠢᠯᠲᠡ᠂ ᠬᠡᠮᠵᠢᠶᠡᠨ ᠤ ᠪᠣᠳᠣᠯᠲᠠ ᠵᠢᠴᠢ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠲᠤᠰᠢᠶᠠᠭᠰᠠᠨ ᠵᠡᠷᠭᠡ | ᠬᠠᠮᠢᠶ᠎ᠠ ᠪᠦᠬᠦᠢ ᠪᠠᠶᠢᠳᠠᠯ ᠢ ᠠᠩᠬ᠎ᠠ ᠠᠯᠬᠤᠮ ᠣᠶᠢᠯᠠᠭᠠᠨ ᠡᠵᠡᠮᠰᠢᠵᠦ᠂ ᠳᠠᠷᠠᠭᠠᠴᠢ ᠶᠢᠨ ᠠᠯᠬᠤᠮ ᠳᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠬᠠᠷᠭᠤᠭᠤᠯᠤᠨ ᠲᠣᠭᠲᠠᠭᠠᠬᠤ ᠪᠠ ᠲᠠᠲᠠᠪᠤᠷᠢᠯᠠᠬᠤ ᠠᠷᠭ᠎ᠠ ᠶᠢ | ᠲᠣᠭᠲᠠᠭᠠᠬᠤ ᠳᠤ ᠰᠠᠭᠤᠷᠢ ᠲᠠᠯᠪᠢᠵᠠᠢ᠃ | ᠳᠥᠷᠪᠡ ᠳᠤ᠂ ᠡᠳ᠋ ᠤᠨ ᠵᠠᠰᠠᠭ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠲᠠᠢ | ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢᠯᠠᠬᠤ ᠶᠣᠰᠣᠲᠠᠢ ᠠᠭᠠᠷ | ᠮᠠᠨᠳᠠᠯ ᠤᠨ ᠪᠣᠬᠢᠷ ᠪᠣᠳᠠᠰ᠂ ᠤᠰᠤᠨ ᠤ ᠪᠣᠬᠢᠷ ᠪᠣᠳᠠᠰ ᠠᠴᠠ ᠲᠠᠲᠠᠪᠤᠷᠢᠯᠠᠬᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠳᠤ ᠪᠣᠳᠠᠲᠠᠢ ᠬᠡᠷᠡᠭᠯᠡᠭᠳᠡᠬᠦ ᠭᠠᠶᠢᠯᠢ ᠶᠢᠨ ᠲᠤᠭ᠎ᠠ ᠪᠠ ᠠᠳᠠᠯᠢ ᠨᠢᠭᠡ ᠪᠣᠬᠢᠷᠲᠤᠯ | ᠭᠠᠳᠠᠭᠰᠢᠯᠠᠭᠤᠯᠬᠤ ᠠᠮᠠᠰᠠᠷ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠵᠤ ᠪᠠᠶᠢᠭ᠎ᠠ | ᠭᠠᠶᠢᠯᠢ ᠲᠠᠲᠠᠪᠤᠷᠢᠯᠠᠬᠤ ᠶᠣᠰᠣᠲᠠᠢ ᠪᠣᠬᠢᠷ ᠪᠣᠳᠠᠰ ᠤᠨ ᠲᠥᠷᠥᠯ ᠵᠦᠢᠯ ᠤᠨ ᠲᠤᠭ᠎ᠠ ᠶᠢ ᠲᠦᠷ ᠥᠯᠥ ᠨᠡᠮᠡᠭᠳᠡᠭᠦᠯᠬᠦ | ᠲᠤᠬᠠᠢ ᠰᠠᠨᠠᠭᠤᠯᠭ᠎ᠠ︾ ᠶᠢᠨ ᠮᠡᠳᠡᠭᠦᠯᠦᠯᠲᠡ ᠶᠢ ᠲᠤᠭᠤᠷᠪᠢᠵᠤ᠂ ᠣᠳᠣ ᠨᠢᠭᠡᠨᠲᠡ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠪᠠᠲᠤᠯᠠᠭᠤᠯᠤᠭᠰᠠᠨ ᠪᠠᠶᠢᠨ᠎ᠠ᠃ | ᠲᠠᠪᠤ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠲᠠᠢ ᠬᠠᠮᠲᠤ ᠬᠠᠷᠢᠶ᠎ᠠ ᠭᠠᠶᠢᠯᠢ | ᠲᠤᠰᠢᠶᠠᠭᠴᠢ ᠶᠢᠨ ᠲᠤᠭ᠎ᠠ ᠪᠠᠷᠢᠮᠲᠠ ᠶᠢ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠪᠡ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠲᠠᠢ ᠬᠠᠮᠲᠤᠷᠠᠵᠤ ᠳᠠᠷᠤᠮᠠᠯᠯᠠᠨ ᠲᠠᠷᠬᠠᠭᠠᠭᠰᠠᠨ ᠬᠠᠷᠢᠶ᠎ᠠ ᠭᠠᠶᠢᠯᠢ | ᠲᠤᠰᠢᠶᠠᠭᠴᠢ ᠶᠢᠨ ᠲᠤᠭ᠎ᠠ ᠪᠠᠷᠢᠮᠲᠠ ᠶᠢ ᠰᠢᠯᠵᠢᠭᠦᠯᠦᠨ ᠲᠤᠰᠢᠶᠠᠬᠤ ᠲᠥᠰᠥᠯ ᠤᠨ ᠶᠣᠰᠣᠭᠠᠷ᠂ ᠨᠢᠭᠡᠨᠲᠡ ᠪᠦᠬᠦ | ᠣᠷᠣᠨ ᠤ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠲᠠᠲᠠᠪᠤᠷᠢᠯᠠᠭᠰᠠᠨ 3638 ᠠᠵᠤ ᠠᠬᠤᠶᠢᠯᠠᠯ ᠤᠨ ᠬᠠᠮᠢᠶ᠎ᠡ | ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠵᠡᠢ᠃ | ᠣᠳᠣᠬᠠᠨ ᠳᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠭᠠᠶᠢᠯᠢ | ᠲᠤᠰᠢᠶᠠᠭᠴᠢ ᠶᠢ ᠢᠯᠭᠠᠨ ᠲᠠᠨᠢᠵᠤ ᠳᠠᠩᠰᠠᠯᠠᠬᠤ ᠠᠵᠢᠯ ᠢ ᠶᠠᠭ ᠰᠠᠶᠢᠬᠠᠨ ᠪᠠᠴᠢᠮ ᠮᠥᠷᠲᠡᠭᠡᠨ ᠡᠮᠬᠢ ᠵᠢᠷᠤᠮ ᠲᠠᠢ | ᠥᠷᠨᠢᠭᠦᠯᠵᠦ ᠪᠠᠶᠢᠨ᠎ᠠ᠃ | ᠵᠢᠷᠭᠤᠭ᠎ᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠡᠯ᠎ᠡ ᠵᠦᠢᠯ ᠤᠨ ᠠᠵᠢᠯ ᠤᠨ | ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ | ᠲᠣᠳᠣᠷᠬᠠᠶᠢᠯᠠᠪᠠ᠃ 10 ᠳ᠋ᠤᠭᠠᠷ ᠰᠠᠷ᠎ᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠡᠯ᠎ᠡ | ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠡᠮᠬᠢᠯᠡᠵᠦ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠲᠠᠲᠠᠪᠤᠷᠢᠯᠠᠨ ᠬᠠᠮᠢᠶᠠᠷᠬᠤ ᠪᠡᠯᠡᠳᠬᠡᠯ ᠠᠵᠢᠯ ᠤᠨ ᠡᠭᠦᠷᠭᠡ ᠶᠢᠨ ᠬᠤᠪᠢᠶᠠᠷᠢᠯᠠᠯ ᠲᠣᠬᠢᠷᠠᠭᠤᠯᠤᠯᠲᠠ ᠶᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 18 ᠵᠦᠢᠯ ᠤᠨ ᠠᠵᠢᠯ ᠤᠨ | ᠡᠭᠦᠷᠭᠡ᠂ ᠠᠵᠢᠯ ᠤᠨ ᠠᠭᠤᠯᠭ᠎ᠠ᠂ ᠲᠣᠯᠣᠭᠠᠶᠢᠯᠠᠬᠤ ᠪᠠᠶᠢᠭᠤᠯᠭ᠎ᠠ᠂ ᠬᠠᠮᠵᠢᠯᠴᠠᠬᠤ ᠪᠠᠶᠢᠭᠤᠯᠭ᠎ᠠ᠂ ᠪᠡᠶᠡᠯᠡᠭᠦᠯᠬᠦ | ᠴᠠᠭ ᠤᠨ ᠬᠢᠵᠠᠭᠠᠷ ᠵᠡᠷᠭᠡ ᠳᠤ ᠴᠥᠮ ᠲᠣᠳᠣᠷᠬᠠᠶᠢᠯᠠᠯᠲᠠ ᠬᠢᠭᠰᠡᠨ ᠪᠠᠶᠢᠨ᠎ᠠ᠃ | ᠳᠣᠯᠤᠭ᠎ᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠨ ᠬᠠᠮᠢᠶᠠᠷᠬᠤ | ᠰᠢᠰᠲ᠋ᠧᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠤᠰᠬᠠᠢ ᠬᠥᠮᠥᠰ ᠰᠢᠯᠢᠨ ᠲᠣᠬᠢᠷᠠᠭᠤᠯᠵᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠰᠦᠯᠵᠢᠶ᠎ᠡ ᠪᠠᠷ ᠮᠡᠳᠡᠭᠦᠯᠬᠦ ᠰᠢᠰᠲ᠋ᠧᠮ ᠢ ᠰᠤᠳᠤᠯᠤᠨ ᠨᠡᠭᠡᠭᠡᠭᠰᠡᠨ ᠤ | ᠬᠠᠮᠲᠤ᠂ ᠭᠠᠶᠢᠯᠢ ᠲᠠᠲᠠᠪᠤᠷᠢ ᠶᠢ ᠮᠡᠳᠡᠭᠡ ᠵᠠᠩᠭᠢᠵᠢᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠳᠠᠬᠢ | ᠭᠤᠣᠯ ᠲᠠᠲᠠᠪᠤᠷᠢᠯᠠᠨ ᠬᠠᠮᠢᠶᠠᠷᠬᠤ ᠰᠢᠰᠲ᠋ᠧᠮ ᠳᠤ ᠣᠯᠠᠨ ᠤᠳᠠᠭ᠎ᠠ ᠬᠡᠮᠵᠢᠨ ᠲᠤᠷᠰᠢᠯᠲᠠ ᠬᠢᠵᠦ᠂ ᠬᠡᠮᠵᠢᠯᠲᠡ | ᠲᠤᠷᠰᠢᠯᠲᠠ ᠶᠢᠨ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ | 2018 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠷᠤᠭᠰᠢᠲᠠᠢ ᠬᠤᠷᠢᠶᠠᠨ ᠲᠠᠲᠠᠪᠤᠷᠢᠯᠠᠵᠤ | ᠴᠢᠳᠠᠬᠤ ᠶᠢ ᠪᠠᠲᠤᠯᠠᠭᠰᠠᠨ ᠪᠠᠶᠢᠨ᠎ᠠ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ | ᠪᠠᠶᠠᠷᠯᠠᠵᠤ ᠪᠠᠶᠢᠨ᠎ᠠ᠂ ᠮᠥᠨ ᠰᠦᠯᠵᠢᠶᠡᠨ ᠤ ᠠᠨᠳᠠ ᠨᠠᠷ ᠤᠨ ᠣᠷᠣᠯᠴᠠᠭ᠎ᠠ ᠳᠤ ᠪᠠᠶᠠᠷᠯᠠᠵᠤ ᠪᠠᠶᠢᠨ᠎ᠠ᠂ ᠴᠠᠭ ᠤᠨ | ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | | | | |