ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠲᠤᠭᠤᠶᠢᠯᠠᠩ ᠬᠤᠪᠢᠶᠠᠵᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2018/3/5
     3 ᠳ᠋ᠤᠭᠠᠷ ᠰᠠᠷ᠎ᠠ ᠶᠢᠨ 4᠎ ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠯᠡᠭᠡᠨ ᠤ ᠬᠡᠰᠢᠭᠦᠳ ᠦᠪᠡᠷ ᠦᠪᠡᠷ ᠤᠨ ᠡᠳᠡᠭᠡᠳ ᠤᠨ ᠢᠯᠭᠠᠯ ᠤᠨ ᠢᠶᠠᠨ ᠬᠢᠨᠠᠨ ᠵᠦᠪᠯᠡᠭᠦ ᠬᠤᠷᠠᠯ ᠳᠤ ᠤᠷᠤᠯᠴᠠᠵᠤ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠎ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠪᠡ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠷᠸᠠ ᠶᠠ ᠫᠢᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠳᠦᠮᠠᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠾᠧᠩ ᠢᠤᠢ᠂ ᠵᠧᠩ ᠹᠦ᠋ ᠲᠢᠶᠠᠨ᠂ ᠯᠢᠦ ᠰᠢᠨ ᠯᠧ ᠬᠢᠨᠠᠨ ᠵᠦᠪᠯᠡᠭᠦ ᠳᠤ ᠤᠷᠤᠯᠴᠠᠵᠠᠢ᠃      ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠯᠡᠭᠡᠨ ᠤ ᠬᠡᠰᠢᠭᠦᠳ ᠠᠵᠢᠯ ᠎ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢᠨ ᠵᠤᠷᠢᠭ ᠰᠠᠨᠠᠭ᠎ᠠ ᠶᠢ ᠰᠤᠷᠤᠯᠴᠠᠨ ᠤᠶᠢᠯᠠᠭᠠᠵᠤ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠰᠠᠨᠠᠯ ᠪᠣᠳᠣᠯ ᠢᠶᠠᠨ ᠢᠳᠡᠪᠬᠢᠳᠡᠢ ᠳᠡᠯᠭᠡᠵᠦ᠂ ᠲᠠᠨᠢᠯᠳᠠ ᠪᠠᠨ ᠶᠠᠷᠢᠵᠣ᠂ ᠰᠠᠨᠠᠯ ᠰᠠᠨᠠᠭᠤᠯᠭ᠎ᠠ ᠲᠤᠷᠠᠳᠪᠠ᠃ ᠤᠯᠠᠨ ᠢᠶᠠᠷ ᠢᠶᠠᠨ᠂ ᠢᠤᠢ ᠵᠧᠩ ᠱᠧᠩ ᠲᠡᠷᠢᠭᠦᠯᠡᠭᠴᠢ ᠪᠠ ᠸᠠᠨ ᠭᠠᠩ ᠲᠡᠳ᠋ ᠲᠡᠷᠢᠭᠦᠯᠡᠭᠴᠢ ᠶᠢᠨ ᠬᠢᠭᠰᠡᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠦᠩᠭᠡᠷᠡᠭᠰᠡᠨ 5 ᠵᠢᠯ ᠤᠨ ᠠᠵᠢᠯ ᠢᠶᠠᠨ ᠦᠨᠡᠨ ᠪᠤᠳᠠᠳᠠᠢ ᠳ᠋ᠦᠩᠨᠡᠵᠤ᠂ ᠬᠤᠶᠢᠰᠢᠳᠡ ᠶᠢᠨ ᠠᠵᠢᠯ ᠳᠤ ᠬᠡᠷᠡᠭᠵᠢᠭᠦᠯᠦᠰᠢᠳᠡᠢ ᠰᠠᠨᠠᠭᠤᠯᠭ᠎ᠠ ᠲᠤᠷᠠᠳᠪᠠ᠃ 5 ᠵᠢᠯ ᠤᠨ ᠲᠤᠷᠰᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠳᠤ ᠡᠵᠡᠮᠰᠢᠵᠤ᠂ ᠦᠷᠭᠡᠨ ᠤᠯᠠᠨ ᠤᠯᠤᠰ ᠲᠦᠷᠦ ᠶᠢᠨ ᠬᠡᠰᠢᠭᠦᠨ ᠢ ᠬᠦᠳᠦᠯᠦᠨ ᠵᠢᠯᠤᠭᠤᠳᠴᠤ ᠪᠠᠶᠢᠭᠠᠳ ︽ᠲᠦᠷᠪᠡᠨ ᠤᠬᠠᠮᠰᠠᠷ︾᠎ ᠢ ᠨᠢ ᠴᠢᠩᠭᠠᠷᠠᠭᠤᠯᠤᠨ᠂ ︽ᠲᠦᠷᠪᠡᠨ ᠢᠳᠡᠭᠡᠯ︾᠎ ᠢ ᠨᠢ ᠪᠠᠳᠤᠳᠬᠠᠵᠤ᠂ ᠪᠦᠯᠬᠦᠮᠳᠡᠨ ᠲᠡᠮᠡᠴᠡᠭᠦ ᠬᠠᠮᠳᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠦᠨᠡᠨᠭᠦ ᠪᠠᠬᠢᠵᠢᠭᠦᠯᠪᠡ᠃ ᠨᠠᠮ ᠪᠤᠯᠤᠨ ᠤᠯᠤᠰ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠤ᠂ ᠤᠯᠤᠰ ᠲᠦᠷᠦ ᠶᠢᠨ ᠵᠦᠪᠯᠡᠭᠡ ᠬᠢᠬᠦ᠂ ᠠᠷᠠᠳᠴᠢᠯᠡᠯ ᠢᠶᠠᠷ ᠬᠢᠨᠠᠯᠳᠠ ᠲᠠᠯᠪᠢᠬᠤ᠂ ᠵᠦᠪᠯᠡᠯᠭᠡ ᠥᠭᠬᠦ ᠲᠦᠷᠦ ᠶᠢᠨ ᠶᠠᠪᠤᠳᠠᠯ ᠢ ᠵᠦᠪᠯᠡᠭᠦ ᠪᠠᠶᠢᠷᠢᠰᠢᠯ  ᠎ ᠢ ᠲᠡᠭᠦᠯᠳᠡᠷᠵᠢᠭᠦᠯᠦᠨ᠂ ᠠᠷᠠᠳᠴᠢᠯᠡᠯ ᠢᠶᠠᠷ ᠬᠢᠨᠠᠯᠳᠠ ᠲᠠᠯᠪᠢᠬᠤ ᠡᠭᠦᠷᠭᠡ ᠴᠢᠳᠠᠪᠬᠢ ᠶᠢ ᠴᠢᠩᠭᠠᠷᠠᠭᠤᠯᠵᠣ᠂ ᠪᠦᠯᠬᠦᠮᠳᠡᠨ ᠨᠦᠬᠦᠷᠯᠡᠭᠦ ᠠᠵᠢᠯ ᠢ ᠦᠷᠭᠡᠳᠭᠡᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠠᠮᠳᠤ ᠶᠢᠨ ᠲᠠᠨᠢᠯᠳᠠ ᠶᠢ ᠦᠷᠭᠡᠨ ᠢᠶᠠᠷ ᠨᠢᠬᠳᠠᠷᠠᠭᠤᠯᠤᠨ᠂ ᠬᠦᠴᠦᠨ ᠴᠢᠳᠠᠯ ᠎ ᠢ ᠲᠦᠪᠯᠡᠷᠡᠭᠦᠯᠵᠤ᠂ ᠨᠠᠮ ᠪᠤᠯᠤᠨ ᠤᠯᠤᠰ ᠤᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠵᠡᠢ ᠬᠡᠵᠤ ᠰᠠᠨᠠᠯ ᠨᠢᠭᠡᠲᠡᠢ ᠦᠵᠡᠵᠡᠭᠡᠪᠡ᠃      ᠬᠡᠰᠢᠭᠦᠳ᠂ ᠮᠡᠳᠡᠭᠦᠯᠦᠯᠳᠡ ᠶᠢᠨ ᠵᠤᠷᠢᠭ ᠰᠠᠨᠠᠭ᠎ᠠ ᠶᠢ ᠰᠡᠳᠬᠢᠯ ᠲᠠᠯᠪᠢᠨ ᠰᠠᠶᠢᠳᠤᠷ ᠤᠶᠢᠯᠠᠭᠠᠨ᠂ ᠰᠠᠶᠢᠳᠤᠷ ᠰᠤᠷᠤᠯᠴᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ᠂ ᠨᠠᠮ ᠪᠤᠯᠤᠨ ᠤᠯᠤᠰ ᠎ ᠤᠨ ᠬᠦᠭᠵᠢᠯᠳᠡ ᠶᠢᠨ ᠶᠡᠭᠡ ᠲᠠᠯ᠎ᠠ ᠶᠢ ᠪᠤᠳᠤᠯᠬᠢᠯᠠᠵᠦ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠤᠶᠤᠨ ᠤᠬᠠᠭᠠᠨ ᠢ ᠲᠦᠪᠯᠡᠷᠡᠭᠦᠯᠵᠤ᠂ ᠠᠷᠠᠳ ᠤᠨ ᠰᠡᠳᠬᠢᠯ ᠢ ᠨᠢᠬᠳᠠᠷᠠᠭᠤᠯᠦᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠳᠠ ᠬᠢᠵᠤ᠂ ᠢᠳᠡᠪᠬᠢᠳᠡᠢ ᠪᠠᠷ ᠠᠷᠭ᠎ᠠ ᠪᠤᠳᠤᠯᠭ᠎ᠠ ᠲᠡᠪᠰᠢᠭᠦᠯᠦᠨ᠂ ᠡᠭᠦᠷᠭᠡ ᠴᠢᠳᠠᠪᠬᠢ ᠪᠠᠨ ᠦᠨᠡᠨᠭᠦ ᠬᠦᠢᠴᠡᠳᠭᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠪᠠ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠦᠨ᠎ᠡ ᠬᠡᠵᠤ ᠢᠯᠡᠷᠬᠡᠶᠢᠯᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号