︵2018 ᠣᠨ ᠤ 2 ᠳ᠋ᠤᠭᠠᠷ ᠰᠠᠷ᠎ᠠ ᠶᠢᠨ 28 ᠤ ᠡᠲᠦᠷ ᠲᠤᠮᠲᠠᠲᠤ ᠤᠯᠤᠰ ᠤᠨ ᠡᠪ ᠬᠠᠮᠲᠦ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠲᠡ ᠬᠤᠷᠠᠯ ᠠᠴᠠ ᠪᠠᠲᠤᠯᠠᠪᠠ︶ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠬᠠᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢᠨ | ᠲᠦᠯᠦᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠲᠡ | ᠬᠤᠷᠠᠯ ᠠᠴᠠ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠬᠠᠢ | ᠠᠰᠠᠭᠤᠲᠠᠯ ᠢ ᠰᠤᠳᠤᠯᠵᠦ᠂ ᠲᠤᠤᠷᠠᠬᠢ ᠮᠡᠳᠤ ᠲᠤᠬᠲᠠᠭᠠᠯ ᠭᠠᠷᠭᠠᠪᠠ᠃ | ᠨᠢᠭᠡ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠤᠯ ᠤᠯᠤᠰ | ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠲᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠨᠢᠭᠡ | ᠤᠳᠠᠭ᠎ᠠ ᠶᠢᠨ ᠭᠦᠨᠵᠡᠭᠡᠢ ᠬᠤᠪᠢᠰᠤᠯᠲᠠ ᠮᠦᠨ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠲᠠᠪᠬᠢ ᠶᠢᠨ ᠰᠢᠰᠲ᠋ᠧᠮᠵᠢ ᠪᠤᠯ ᠲᠤᠮᠲᠠᠲᠤ ᠤᠯᠤᠰ | ᠤᠨ ᠤᠨᠴᠠᠯᠢᠬ ᠲᠠᠢ ᠨᠡᠶᠢᠭᠡᠮ ᠵᠢᠷᠦᠮᠲᠦ ᠪᠠᠶᠢᠭᠤᠯᠤᠯ ᠤᠨ ᠴᠢᠬᠤᠯᠠ ᠪᠦᠷᠢᠯᠲᠦᠭᠦᠨ ᠬᠡᠰᠡᠭ ᠮᠦᠨ᠂ ᠮᠠᠨ ᠤ ᠨᠠᠮ ᠤᠨ | ᠲᠦᠷᠦ ᠶᠢ ᠵᠠᠰᠠᠵᠦ ᠵᠠᠰᠠᠭ ᠢ ᠡᠷᠬᠢᠯᠡᠬᠦ ᠴᠢᠬᠤᠯᠠ ᠪᠠᠲᠤᠯᠠᠭ᠎ᠠ ᠮᠦᠨ᠃ ᠨᠠᠮ ᠤᠨ ᠲᠦᠷᠦ ᠪᠠᠷᠢᠬᠤ ᠴᠢᠲᠠᠪᠤᠷᠢ | ᠪᠤᠯᠤᠨ ᠤᠳᠤᠷᠢᠳᠬᠤ ᠲᠦᠪᠰᠢᠨ ᠢ ᠲᠡᠭᠡᠭᠰᠢᠯᠡᠭᠦᠯᠦᠨ᠂ ᠡᠯ᠎ᠡ ᠲᠠᠯ᠎ᠠ ᠶᠢᠨ ᠢᠲᠡᠪᠬᠢᠵᠢᠯ᠂ ᠰᠠᠨᠠᠭᠠᠴᠢᠯᠠᠭᠠᠲᠦ ᠴᠢᠨᠠᠷ᠂ | ᠪᠦᠳᠦᠭᠡᠯᠴᠢ ᠴᠢᠨᠠᠷ ᠢ ᠦᠷᠭᠡᠨ ᠢᠶᠠᠷ ᠲᠠᠶᠢᠴᠢᠯᠠᠨ᠂ ᠤᠯᠤᠰ ᠪᠤᠯᠤᠨ ᠨᠡᠶᠢᠭᠡᠮ ᠢ ᠪᠦᠲᠦᠮᠵᠢᠲᠡᠢ ᠵᠠᠰᠠᠵᠦ᠂ ᠨᠠᠮ | ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠬᠤ ᠳᠤ᠂ ᠡᠷᠬᠡᠪᠰᠢ ᠰᠢᠨ᠎ᠡ ᠴᠠᠬ ᠦᠶ᠎ᠡ ᠶᠢᠨ | ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠬᠦᠭᠵᠢᠯᠲᠡ ᠶᠢᠨ ᠱᠠᠭᠠᠷᠲᠠᠯᠭ᠎ᠠ ᠳᠤ ᠵᠤᠬᠢᠴᠠᠵᠦ᠂ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠬᠡᠷᠡᠭᠲᠡᠢ᠃ | ᠨᠠᠮ ᠤᠨ ᠲᠦᠪ ᠬᠤᠷᠢᠶ᠎ᠠ ᠢᠮᠠᠬᠲᠠ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠤᠯᠤᠨ | ᠦᠭᠡᠷᠡᠴᠢᠯᠡᠯᠲᠡ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠬᠰᠠᠭᠠᠷ ᠢᠷᠡᠵᠠᠢ᠃ ᠰᠢᠨ᠎ᠡ ᠲᠤᠮᠲᠠᠲᠤ ᠤᠯᠤᠰ | ᠪᠠᠶᠢᠭᠤᠯᠤᠬᠲᠠᠬᠰᠠᠨ ᠤ ᠲᠠᠷᠠᠭ᠎ᠠ᠂ ᠮᠠᠨ ᠤ ᠨᠠᠮ ᠤᠨ ᠤᠳᠤᠷᠢᠳᠤᠯᠭ᠎ᠠ ᠲᠤᠤᠷ᠎ᠠ᠂ ᠮᠠᠨ ᠤ ᠤᠯᠤᠰ ᠨᠡᠶᠢᠭᠡᠮ ᠵᠢᠷᠦᠮ | ᠤᠨ ᠦᠨᠳᠦᠰᠦᠨ ᠪᠠᠶᠢᠭᠤᠯᠤᠯ ᠢ ᠲᠤᠬᠲᠠᠭᠠᠵᠤ᠂ ᠮᠠᠨ ᠤ ᠤᠯᠤᠰ ᠤᠨ ᠤᠨᠴᠠᠯᠢᠬ ᠲᠠᠢ ᠨᠠᠮ ᠪᠤᠯᠤᠨ ᠲᠦᠷᠦ ᠶᠢᠨ | ᠪᠠᠶᠢᠭᠤᠯᠤᠮᠵᠢ ᠶᠢᠨ ᠡᠭᠦᠷᠭᠡ ᠴᠢᠲᠠᠪᠬᠢ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠦ᠂ ᠮᠠᠨ ᠤ ᠨᠠᠮ | ᠤᠨ ᠲᠦᠷᠦ ᠶᠢ ᠵᠠᠰᠠᠵᠦ ᠵᠠᠰᠠᠭ ᠢ ᠡᠷᠬᠢᠯᠡᠬᠦ᠂ ᠨᠡᠶᠢᠭᠡᠮ ᠵᠢᠷᠦᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ | ᠴᠢᠬᠤᠯᠠ ᠦᠢᠯᠡᠲᠦᠯ ᠦᠵᠡᠭᠦᠯᠵᠠᠢ᠃ ᠦᠭᠡᠷᠡᠴᠢᠯᠡᠯᠲᠡ ᠨᠡᠬᠡᠭᠡᠯᠳᠡ ᠬᠢᠭᠰᠡᠨ ᠠᠴᠠ ᠨᠠᠰᠢ᠂ ᠨᠠᠮ ᠪᠤᠯᠤᠨ ᠤᠯᠤᠰ | ᠤᠨ ᠠᠵᠢᠯ ᠤᠨ ᠭᠤᠤᠯᠲᠠᠯᠭ᠎ᠠ ᠶᠢᠨ ᠰᠢᠯᠵᠢᠯᠲᠡ᠂ ᠨᠡᠶᠢᠭᠡᠮ ᠵᠢᠷᠦᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ | ᠬᠦᠭᠵᠢᠯᠲᠡ ᠪᠤᠯᠤᠨ ᠡᠯ᠎ᠡ ᠲᠠᠯ᠎ᠠ ᠶᠢᠨ ᠠᠵᠢᠯ ᠤᠨ ᠲᠠᠰᠤᠷᠠᠯᠲᠠ ᠦᠭᠡᠢ ᠬᠦᠨᠵᠡᠭᠡᠶᠢᠷᠡᠬᠦ ᠬᠡᠷᠡᠭᠴᠡᠭᠡ ᠳᠤ ᠵᠤᠬᠢᠴᠠᠵᠤ᠂ | ᠮᠠᠨ ᠤ ᠨᠠᠮ ᠠᠴᠠ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠢᠲᠡᠪᠬᠢᠲᠡᠢ ᠪᠠᠷ | ᠠᠬᠢᠭᠤᠯᠵᠦ᠂ ᠡᠯ᠎ᠡ ᠲᠠᠯ᠎ᠠ ᠶᠢᠨ ᠪᠠᠶᠢᠭᠤᠯᠤᠮᠵᠢ ᠶᠢᠨ ᠡᠭᠦᠷᠭᠡ ᠴᠢᠲᠠᠪᠬᠢ ᠲᠠᠰᠤᠷᠠᠯᠲᠠ ᠦᠭᠡᠢ ᠰᠢᠯᠢᠲᠡᠭᠵᠢᠵᠤ᠂ | ᠠᠯᠬᠤᠮ ᠠᠯᠬᠤᠮ ᠢᠶᠠᠷ ᠵᠢᠷᠤᠮᠵᠢᠵᠤ᠂ ᠲᠦᠯᠦᠪᠯᠡᠭᠡᠲᠦ ᠠᠵᠦ ᠠᠬᠤᠢ ᠶᠢᠨ ᠨᠦᠬᠦᠴᠡᠯ ᠲᠤᠤᠷᠠᠬᠢ ᠪᠠᠶᠢᠭᠤᠯᠤᠮᠵᠢ ᠶᠢᠨ | ᠡᠭᠦᠷᠭᠡ ᠴᠢᠲᠠᠪᠬᠢ ᠶᠢᠨ ᠰᠢᠰᠲ᠋ᠧᠮᠵᠢ ᠠᠴᠠ ᠨᠡᠶᠢᠭᠡᠮ ᠵᠢᠷᠦᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ | ᠨᠦᠬᠦᠴᠡᠯ ᠲᠤᠤᠷᠠᠬᠢ ᠪᠠᠶᠢᠭᠤᠯᠤᠮᠵᠢ ᠶᠢᠨ ᠡᠭᠦᠷᠭᠡ ᠴᠢᠲᠠᠪᠬᠢ ᠶᠢᠨ ᠰᠢᠰᠲ᠋ᠧᠮᠵᠢ ᠲᠡᠰᠢ ᠰᠢᠯᠵᠢᠬᠦ ᠴᠢᠬᠤᠯᠠ ᠶᠡᠭᠡ | ᠬᠤᠪᠢᠷᠠᠯᠲᠠ ᠶᠢ ᠪᠡᠶᠡᠯᠡᠭᠦᠯᠵᠦ᠂ ᠦᠭᠡᠷᠡᠴᠢᠯᠡᠯᠲᠡ ᠨᠡᠬᠡᠭᠡᠯᠳᠡ ᠬᠢᠬᠦ ᠪᠠ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠠᠴᠠ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠶᠡᠷᠦᠩᠬᠡᠢ | ᠬᠠᠷᠠᠯᠲᠠ ᠪᠤᠯ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮᠲᠦ ᠪᠠᠶᠢᠭᠤᠯᠤᠯ ᠢ ᠲᠡᠭᠦᠯᠲᠡᠷᠵᠢᠭᠦᠯᠤᠨ | ᠬᠦᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠲᠠᠪᠤᠷᠢ ᠶᠢᠨ | ᠤᠳᠤᠬᠢᠴᠢᠯᠠᠯᠲᠠ ᠶᠢ ᠠᠬᠢᠭᠤᠯᠬᠤ ᠶᠠᠪᠤᠳᠠᠯ ᠪᠤᠯᠤᠨ᠎ᠠ᠃ ᠪᠢᠲᠡ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠱᠠᠭᠠᠷᠲᠠᠯᠭ᠎ᠠ ᠳᠤ ᠵᠤᠬᠢᠴᠠᠵᠤ᠂ | ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ | ᠭᠤᠤᠯᠲᠠᠯᠭᠠᠲᠦ ᠬᠦᠷᠢᠶ᠎ᠡ ᠶᠢ ᠲᠤᠪᠤᠶᠢᠯᠭᠠᠨ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠬᠦᠨᠵᠡᠭᠡᠶᠢᠷᠡᠭᠦᠯᠵᠦ᠂ ᠵᠠᠷᠢᠮ ᠴᠢᠬᠤᠯᠠ ᠬᠦᠷᠢᠶ᠎ᠡ ᠪᠤᠯᠤᠨ ᠵᠠᠩᠬᠢᠯᠠᠭ᠎ᠠ ᠶᠢᠨ ᠭᠤᠬᠴᠤᠭᠠᠨ ᠳᠤ ᠴᠢᠬᠤᠯᠠ ᠶᠡᠭᠡ | ᠠᠬᠢᠴᠠ ᠲᠠᠢ ᠪᠤᠯᠵᠦ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ | ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠳᠤ ᠬᠦᠴᠦᠲᠤ ᠪᠠᠲᠤᠯᠠᠭ᠎ᠠ ᠬᠠᠩᠭᠠᠬᠤ ᠬᠡᠷᠡᠭᠳᠠᠢ ᠭᠡᠵᠤ ᠲᠤᠳᠤᠷᠬᠠᠢ | ᠲᠤᠷᠠᠳᠴᠠᠢ᠃ | ᠤᠳᠤᠬᠠᠨ ᠳᠤ᠂ ᠰᠢᠨ᠎ᠡ ᠴᠠᠬ ᠦᠶ᠎ᠡ ᠰᠢᠨ᠎ᠡ ᠡᠭᠦᠷᠭᠡ ᠲᠤ ᠴᠢᠭᠯᠡᠭᠦᠯᠦᠨ ᠲᠤᠷᠠᠳᠤᠬᠰᠠᠨ ᠰᠢᠨ᠎ᠡ | ᠱᠠᠭᠠᠷᠲᠠᠯᠭ᠎ᠠ ᠶᠢᠨ ᠡᠮᠦᠨ᠎ᠡ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠡᠭᠦᠷᠭᠡ | ᠴᠢᠲᠠᠪᠬᠢ ᠶᠢᠨ ᠲᠤᠬᠢᠷᠠᠭᠤᠯᠤᠯᠲᠠ ᠨᠢ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ | ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠱᠠᠭᠠᠷᠲᠠᠯᠭ᠎ᠠ ᠲᠠᠢ ᠪᠦᠷᠢᠨ ᠵᠤᠬᠢᠴᠠᠬᠤ ᠦᠭᠡᠢ ᠪᠤᠯᠵᠦ᠂ | ᠤᠯᠤᠰ ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠲᠠᠪᠤᠷᠢ ᠶᠢᠨ ᠤᠳᠤᠬᠢᠴᠢᠯᠠᠯᠲᠠ ᠶᠢᠨ | ᠱᠠᠭᠠᠷᠲᠠᠯᠭ᠎ᠠ ᠶᠢ ᠪᠡᠶᠡᠯᠡᠭᠦᠯᠬᠦ ᠲᠠᠢ ᠪᠦᠷᠢᠨ ᠵᠤᠬᠢᠴᠠᠬᠤ ᠦᠭᠡᠢ ᠪᠤᠯᠪᠠ᠃ ᠭᠤᠤᠯᠲᠠᠭᠤ᠄ ᠵᠠᠷᠢᠮ ᠬᠦᠷᠢᠶᠡᠨ ᠳᠠᠬᠢ | ᠨᠠᠮ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠡᠭᠦᠷᠭᠡ ᠴᠢᠲᠠᠪᠬᠢ ᠶᠢᠨ ᠲᠤᠬᠢᠷᠠᠭᠤᠯᠤᠯᠲᠠ ᠪᠠᠰᠠ ᠪᠦᠷᠢᠨ | ᠴᠢᠩᠭ᠎ᠠ ᠪᠢᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠲᠤᠯᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠠᠬᠢᠭᠤᠯᠬᠤ ᠪᠠᠶᠢᠭᠤᠯᠤᠮᠵᠢ ᠲᠤᠬᠲᠠᠴᠠ ᠶᠢ ᠲᠡᠭᠦᠯᠲᠡᠷᠵᠢᠭᠦᠯᠬᠦ ᠴᠢᠬᠤᠯᠠᠲᠠᠢ ᠪᠠᠶᠢᠨ᠎ᠠ︔ ᠵᠠᠷᠢᠮ ᠬᠦᠷᠢᠶᠡᠨ | ᠳᠠᠬᠢ ᠨᠠᠮ ᠵᠠᠰᠠᠭ ᠤᠨ ᠪᠠᠶᠢᠭᠤᠯᠤᠮᠵᠢ ᠲᠠᠪᠬᠤᠷᠲᠠᠵᠦ᠂ ᠡᠭᠦᠷᠭᠡ ᠬᠠᠷᠢᠭᠤᠴᠠᠯᠭ᠎ᠠ ᠰᠤᠯᠪᠢᠴᠠᠨ᠂ ᠡᠷᠬᠡ | ᠬᠠᠷᠢᠭᠤᠴᠠᠯᠭ᠎ᠠ ᠰᠠᠯᠤᠩᠬᠢᠷᠠᠬᠰᠠᠨ ᠠᠰᠠᠭᠤᠲᠠᠯ ᠨᠡᠯᠢᠶᠡᠳ ᠲᠤᠪᠤᠶᠢᠮ᠎ᠠ ᠪᠠᠶᠢᠨ᠎ᠠ︔ ᠵᠠᠷᠢᠮ ᠵᠠᠰᠠᠭ ᠤᠨ ᠤᠷᠳᠤᠨ ᠤ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠰᠢᠨᠵᠢᠯᠡᠬᠦ | ᠤᠬᠠᠭᠠᠨᠴᠢ ᠪᠢᠰᠢ᠂ ᠡᠭᠦᠷᠭᠡ ᠬᠠᠷᠢᠭᠤᠴᠠᠯᠭ᠎ᠠ ᠲᠤᠲᠠᠮᠠᠬ ᠪᠠᠶᠢᠬᠤ ᠪᠠ ᠦᠷ᠎ᠡ ᠪᠦᠲᠦᠮᠵᠢ ᠦᠨᠳᠦᠷ ᠪᠢᠰᠢ ᠪᠠᠶᠢᠬᠤ | ᠠᠰᠠᠭᠤᠲᠠᠯ ᠢᠯᠡᠷᠬᠡᠢ ᠪᠠᠶᠢᠵᠦ᠂ ᠵᠠᠰᠠᠭ ᠤᠨ ᠤᠷᠳᠤᠨ ᠤ ᠡᠭᠦᠷᠭᠡ ᠴᠢᠲᠠᠪᠬᠢ ᠶᠢᠨ ᠬᠤᠪᠢᠷᠠᠯᠲᠠ ᠪᠠᠰᠠ ᠬᠦᠢᠴᠡᠳ | ᠦᠭᠡᠢ ᠪᠠᠶᠢᠨ᠎ᠠ︔ ᠵᠠᠷᠢᠮ ᠬᠦᠷᠢᠶᠡᠨ ᠳᠠᠬᠢ ᠲᠦᠪ ᠤᠨ ᠪᠠ ᠤᠷᠤᠨ ᠨᠤᠳᠤᠭ ᠤᠨ ᠪᠠᠶᠢᠭᠤᠯᠤᠮᠵᠢ ᠶᠢᠨ ᠡᠭᠦᠷᠭᠡ | ᠴᠢᠲᠠᠪᠬᠢ ᠨᠢ ᠲᠡᠭᠡᠳᠤ ᠲᠤᠤᠷᠠᠳᠤ ᠱᠠᠳᠤ ᠪᠠᠷ ᠠᠳᠠᠯᠢᠬᠠᠨ ᠪᠤᠯᠵᠦ᠂ ᠡᠷᠬᠡ ᠬᠠᠷᠢᠭᠤᠴᠠᠯᠭ᠎ᠠ ᠶᠢᠨ | ᠬᠤᠪᠢᠶᠠᠷᠢᠯᠠᠯᠲᠠ ᠨᠢ ᠵᠤᠬᠢᠰ ᠦᠭᠡᠢ ᠪᠠᠶᠢᠨ᠎ᠠ︔ ᠦᠨᠳᠦᠰᠦᠨ ᠱᠠᠲᠤᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠤᠯᠤᠨ ᠡᠷᠬᠡ ᠶᠢᠨ ᠲᠤᠬᠢᠷᠠᠭᠤᠯᠤᠯᠲᠠ ᠶᠢ ᠲᠡᠭᠦᠯᠲᠡᠷᠵᠢᠭᠦᠯᠬᠦ ᠴᠢᠬᠤᠯᠠᠲᠠᠢ ᠪᠠᠶᠢᠨ᠎ᠠ᠂ ᠤᠯᠠᠨ ᠲᠦᠮᠡᠨ ᠢ ᠵᠤᠬᠢᠶᠠᠨ | ᠪᠠᠶᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠴᠢᠲᠠᠪᠤᠷᠢ ᠶᠢ ᠴᠢᠨᠠᠬᠰᠢᠲᠠ ᠲᠡᠭᠡᠭᠰᠢᠯᠡᠭᠦᠯᠬᠦ ᠴᠢᠬᠤᠯᠠᠳᠠᠢ ᠪᠠᠶᠢᠨ᠎ᠠ︔ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠲᠦᠪᠰᠢᠨ ᠢ ᠲᠡᠭᠡᠭᠰᠢᠯᠡᠭᠦᠯᠬᠦ ᠴᠢᠬᠤᠯᠠᠳᠠᠢ | ᠪᠠᠶᠢᠨ᠎ᠠ︔ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ | ᠤ ᠴᠢᠨᠠᠷ᠂ ᠤᠯᠠᠨ ᠲᠦᠮᠡᠨᠴᠢ ᠴᠢᠨᠠᠷ ᠢ ᠴᠢᠩᠭᠠᠷᠠᠭᠤᠯᠬᠤ ᠴᠢᠬᠤᠯᠠᠳᠠᠢ ᠪᠠᠶᠢᠨ᠎ᠠ︔ ᠠᠵᠢᠯ ᠦᠢᠯᠡᠰ ᠤᠨ ᠨᠢᠭᠡᠴᠡ | ᠶᠢᠨ ᠪᠠᠶᠢᠷᠢ ᠲᠤᠬᠲᠠᠭᠠᠯᠲᠠ ᠤᠨᠤᠪᠴᠢᠲᠠᠢ ᠪᠢᠰᠢ᠂ ᠡᠭᠦᠷᠭᠡ ᠴᠢᠲᠠᠪᠬᠢ ᠲᠤᠲᠤᠷᠬᠠᠢ ᠪᠢᠰᠢ᠂ ᠦᠷ᠎ᠡ ᠠᠰᠢᠬ | ᠦᠨᠳᠦᠷ ᠪᠢᠰᠢ ᠪᠠᠶᠢᠬᠤ ᠵᠡᠷᠭᠡ ᠠᠰᠠᠭᠤᠲᠠᠯ ᠮᠦᠨ ᠤᠷᠤᠰᠢᠵᠦ ᠪᠠᠶᠢᠨ᠎ᠠ︔ ᠵᠠᠷᠢᠮ ᠬᠦᠷᠢᠶᠡᠨ ᠳᠠᠬᠢ ᠡᠷᠬᠡ ᠶᠢᠨ | ᠠᠵᠢᠯᠯᠠᠭᠠᠨ ᠪᠤᠯᠤᠨ ᠬᠢᠨᠠᠯᠲᠠ ᠲᠠᠯᠪᠢᠬᠤ ᠲᠤᠬᠲᠠᠴᠠ ᠲᠡᠭᠦᠯᠲᠡᠷ ᠪᠢᠰᠢ᠂ ᠡᠷᠬᠡ ᠪᠠᠨ ᠲᠤᠷ᠎ᠠ ᠪᠠᠷ ᠬᠡᠷᠡᠭᠯᠡᠬᠦ᠂ | ᠡᠷᠬᠡ ᠪᠠᠨ ᠠᠰᠢᠬᠯᠠᠨ ᠠᠮᠢ ᠪᠠᠨ ᠪᠤᠷᠳᠤᠬᠤ ᠵᠡᠷᠭᠡ ᠠᠰᠠᠭᠤᠲᠠᠯ ᠮᠦᠨ ᠤᠷᠤᠰᠢᠵᠦ ᠪᠠᠶᠢᠨ᠎ᠠ︔ ᠪᠠᠶᠢᠭᠤᠯᠤᠮᠵᠢ ᠶᠢᠨ | ᠤᠷᠤᠨ ᠲᠤᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠡ᠂ ᠬᠠᠤᠯᠢ ᠲᠥᠷᠢᠮᠵᠢᠯᠳᠡ ᠨᠢ ᠬᠠᠷᠢᠴᠠᠩᠭᠤᠢ ᠪᠠᠷ | ᠬᠤᠵᠢᠭᠤᠳᠠᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ | ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠡᠲᠡᠭᠡᠷ ᠠᠰᠠᠭᠤᠲᠠᠯ ᠢ ᠡᠷᠬᠡᠪᠰᠢ ᠰᠢᠮᠳᠠᠭᠤᠯᠤᠨ ᠰᠢᠢᠳᠪᠦᠷᠢᠯᠡᠬᠦ | ᠬᠡᠷᠡᠭᠳᠠᠢ᠃ | ᠮᠠᠨ ᠤ ᠨᠠᠮ ᠠᠷᠠᠳ ᠲᠦᠮᠡᠨ ᠢ ᠨᠡᠩ ᠰᠠᠶᠢᠨ ᠤᠳᠤᠷᠢᠳᠤᠨ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ | ᠢᠨᠵᠧᠨᠧᠷᠢᠩ ᠢ ᠪᠠᠶᠢᠭᠤᠯᠵᠤ᠂ ᠠᠭᠤᠤ ᠶᠡᠭᠡ ᠦᠢᠯᠡᠰ ᠢ ᠠᠬᠢᠭᠤᠯᠵᠦ᠂ ᠠᠭᠤᠤ ᠶᠡᠭᠡ ᠬᠦᠰᠡᠯ ᠵᠡᠭᠦᠳᠤ ᠶᠢ | ᠪᠡᠶᠡᠯᠡᠭᠦᠯᠬᠦ ᠳᠤ᠂ ᠡᠷᠬᠡᠪᠰᠢ ᠤᠯᠤᠰ ᠤᠨ ᠵᠠᠰᠠᠯᠲᠠ ᠶᠢᠨ ᠰᠢᠰᠲ᠋ᠧᠮᠵᠢ ᠪᠤᠯᠤᠨ ᠵᠠᠰᠠᠯᠲᠠ ᠶᠢᠨ ᠴᠢᠲᠠᠪᠤᠷᠢ ᠶᠢᠨ | ᠤᠳᠤᠬᠢᠴᠢᠯᠠᠯᠲᠠ ᠶᠢ ᠲᠦᠷᠬᠡᠳᠬᠡᠨ ᠠᠬᠢᠭᠤᠯᠵᠦ᠂ ᠨᠡᠩ ᠪᠤᠯᠪᠠᠰᠤᠷᠠᠩᠭᠤᠢ᠂ ᠨᠡᠩ ᠲᠤᠬᠳᠠᠪᠤᠷᠢᠵᠢᠬᠰᠠᠨ ᠲᠤᠮᠲᠠᠲᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠦᠮᠲᠦ ᠪᠠᠶᠢᠭᠤᠯᠤᠯ ᠢ ᠴᠢᠷᠮᠠᠶᠢᠨ ᠪᠦᠷᠢᠯᠲᠦᠭᠦᠯᠬᠦ ᠬᠡᠷᠡᠭᠲᠡᠢ᠃ ᠡᠨᠡ ᠪᠤᠯ | ᠮᠠᠨ ᠤ ᠨᠠᠮ ᠤᠨ ᠡᠮᠦᠨ᠎ᠡ ᠲᠡᠯᠪᠢᠬᠲᠡᠵᠦ ᠪᠠᠶᠢᠭ᠎ᠠ ᠴᠢᠬᠤᠯᠠ ᠶᠡᠭᠡ ᠡᠭᠦᠷᠭᠡ ᠮᠦᠨ᠃ ᠮᠠᠨ ᠤ ᠤᠯᠤᠰ ᠤᠨ | ᠬᠦᠭᠵᠢᠯᠲᠡ ᠶᠢᠨ ᠰᠢᠨ᠎ᠡ ᠲᠡᠦᠬᠡ ᠶᠢᠨ ᠤᠷᠤᠨ ᠪᠠᠶᠢᠷᠢ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ | ᠬᠤᠪᠢᠷᠠᠯᠲᠠ᠂ 2020 ᠣᠨ ᠪᠤᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ 2035 ᠣᠨ | ᠪᠤᠯᠬᠤ ᠳᠤ ᠨᠡᠶᠢᠭᠡᠮ ᠵᠢᠷᠦᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ᠂ ᠲᠤᠰ ᠵᠠᠭᠤᠨ ᠤ | ᠲᠤᠮᠲᠠᠴᠢ ᠦᠶ᠎ᠡ ᠪᠤᠯᠬᠤ ᠳᠤ ᠨᠡᠶᠢᠭᠡᠮ ᠵᠢᠷᠦᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠳᠤ᠂ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠡᠭᠦᠷᠭᠡ | ᠴᠢᠲᠠᠪᠬᠢ ᠶᠢ ᠵᠤᠬᠢᠰᠲᠠᠢ ᠲᠤᠬᠢᠷᠠᠭᠤᠯᠵᠦ᠂ ᠤᠷᠤᠨ ᠲᠤᠭ᠎ᠠ ᠶᠢ ᠨᠢᠭᠡᠲᠦᠯᠲᠡᠢ ᠲᠦᠯᠦᠪᠵᠢᠭᠦᠯᠦᠨ ᠬᠡᠷᠡᠭᠯᠡᠵᠦ᠂ | ᠪᠠᠶᠢᠭᠤᠯᠤᠮᠵᠢ ᠲᠤᠬᠲᠠᠴᠠ ᠶᠢ ᠲᠡᠭᠦᠯᠲᠡᠷᠵᠢᠭᠦᠯᠵᠤ᠂ ᠡᠬᠢ ᠪᠠᠶᠠᠯᠢᠬ ᠢ ᠲᠤᠬᠢᠷᠠᠭᠤᠯᠬᠤ ᠶᠠᠪᠤᠴᠠ ᠳᠠᠬᠢ ᠵᠠᠬ᠎ᠠ | ᠲᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠲᠦᠯ ᠢ ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠲᠦᠯ ᠢ | ᠨᠡᠩ ᠰᠠᠶᠢᠨ ᠪᠠᠲᠠᠷᠠᠭᠤᠯᠵᠦ᠂ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠲᠡ ᠶᠢ | ᠨᠡᠩ ᠰᠠᠶᠢᠨ ᠠᠬᠢᠭᠤᠯᠵᠦ᠂ ᠠᠷᠠᠳ ᠲᠥᠮᠡᠨ ᠤ ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ | ᠤᠨ ᠬᠡᠷᠡᠭᠴᠡᠭᠡ ᠶᠢ ᠨᠡᠩ ᠰᠠᠶᠢᠨ ᠬᠠᠩᠭᠠᠵᠦ᠂ ᠬᠦᠮᠦᠨ ᠤ ᠪᠦᠬᠦ ᠲᠠᠯ᠎ᠠ ᠶᠢᠨ ᠬᠦᠭᠵᠢᠯᠳᠡ᠂ ᠨᠡᠶᠢᠭᠡᠮ ᠤᠨ ᠪᠦᠬᠦ | ᠲᠠᠯ᠎ᠠ ᠶᠢᠨ ᠲᠠᠪᠰᠢᠯᠳᠠ᠂ ᠠᠷᠠᠳ ᠲᠦᠮᠡᠨ ᠤ ᠬᠠᠮᠳᠤᠪᠡᠷ ᠪᠠᠶᠠᠵᠢᠬᠤ ᠶᠢ ᠨᠡᠩ ᠰᠠᠶᠢᠨ ᠠᠬᠢᠭᠤᠯᠬᠤ ᠶᠢ ᠲᠤᠯᠭᠠᠮ᠎ᠠ | ᠱᠠᠭᠠᠷᠳᠠᠵᠤ ᠪᠠᠶᠢᠨ᠎ᠠ᠃ | ᠪᠠᠭᠴᠠᠯᠠᠭᠠᠳ ᠬᠡᠯᠡᠪᠡᠯ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠪᠤᠯ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ | ᠪᠠᠷᠢᠮᠳᠠᠯᠠᠨ ᠬᠦᠭᠵᠢᠭᠦᠯᠬᠦ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠂ ᠨᠠᠮ ᠤᠨ ᠤᠷᠳᠤ ᠬᠤᠭᠤᠴᠠᠭᠠᠨ ᠤ ᠲᠦᠷᠦ | ᠪᠠᠷᠢᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠂ ᠨᠡᠶᠢᠭᠡᠮ | ᠵᠢᠷᠤᠮᠳᠤ ᠪᠠᠶᠢᠭᠤᠯᠤᠯ ᠤᠨ ᠦᠪᠡᠷ ᠢ ᠪᠠᠨ ᠲᠡᠭᠦᠯᠳᠡᠷᠵᠢᠭᠦᠯᠤᠨ ᠬᠦᠭᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ | ᠪᠤᠯᠤᠨ᠎ᠠ᠂ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠨᠡᠶᠢᠬᠡᠮ ᠵᠢᠷᠤᠮ ᠤᠨ | ᠤᠳᠤᠬᠢᠴᠢᠯᠠᠭᠰᠠᠨ ᠤᠯᠤᠰ ᠢ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃ ᠪᠦᠬᠦ ᠨᠠᠮ ᠢᠶᠠᠷ ᠢᠶᠠᠨ ᠡᠷᠬᠡᠪᠰᠢ ᠦᠵᠡᠯ | ᠰᠠᠨᠠᠭ᠎ᠠ ᠪᠠᠨ ᠨᠢᠬᠡᠳᠬᠡᠵᠦ᠂ ᠢᠳᠡᠬᠡᠯ ᠵᠤᠷᠢᠭ ᠢᠶᠠᠨ ᠪᠠᠳᠤᠳᠬᠠᠵᠤ᠂ ᠠᠵᠠ ᠳᠤᠬᠢᠶᠠᠯ ᠢ ᠠᠮᠵᠢᠵᠤ᠂ | ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠠᠪᠤᠴᠠ ᠳᠤ᠂ ᠨᠠᠮ ᠪᠠ ᠲᠦᠷᠦ ᠶᠢᠨ ᠪᠠᠶᠢᠭᠤᠯᠤᠮᠵᠢ ᠶᠢᠨ | ᠡᠬᠦᠷᠬᠡ ᠴᠢᠳᠠᠪᠬᠢ ᠶᠢᠨ ᠰᠢᠰᠲ᠋ᠧᠮᠵᠢ ᠳᠤ ᠤᠷᠤᠰᠢᠵᠤ ᠪᠠᠶᠢᠬᠤ ᠬᠠᠷᠰᠢ ᠰᠠᠭᠠᠳ ᠪᠠ ᠭᠡᠮ ᠰᠤᠭᠤᠬ ᠢ ᠵᠤᠷᠢᠬ | ᠰᠢᠭᠤᠳᠤᠨ ᠰᠢᠢᠳᠪᠦᠷᠢᠯᠡᠵᠦ᠂ ᠮᠠᠨ ᠤ ᠤᠯᠤᠰ ᠤᠨ ᠨᠡᠶᠢᠬᠡᠮ ᠵᠢᠷᠤᠮᠳᠤ ᠪᠠᠶᠢᠭᠤᠯᠤᠯ ᠤᠨ ᠳᠠᠪᠠᠭᠤᠯᠢᠭ ᠢ ᠨᠡᠩ | ᠰᠠᠶᠢᠨ ᠪᠠᠳᠠᠷᠠᠭᠤᠯᠬᠤ ᠬᠡᠷᠡᠭᠳᠠᠢ᠃ | ᠬᠤᠶᠠᠷ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ | ᠵᠢᠯᠣᠭᠤᠳᠬᠤ ᠦᠵᠡᠯ ᠰᠠᠨᠠᠭ᠎ᠠ᠂ ᠬᠠᠷᠠᠯᠳᠠ᠂ ᠵᠠᠷᠴᠢᠮ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ ᠡᠷᠬᠡᠪᠰᠢ ᠨᠠᠮ | ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠵᠤ᠂ ᠮᠠᠷᠺᠰ ᠯᠧᠨᠢᠨ | ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ | ᠲᠦᠯᠦᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ | ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠬᠦᠭᠵᠢᠯᠳᠡ ᠶᠢᠨ ᠱᠠᠭᠠᠷᠳᠠᠯᠭ᠎ᠠ ᠳᠤ ᠵᠤᠬᠢᠴᠠᠵᠤ᠂ ᠳᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠵᠦᠪ ᠦᠬᠡᠷᠡᠴᠢᠯᠡᠯᠳᠡ ᠶᠢᠨ ᠴᠢᠭᠯᠡᠯ ᠢ ᠪᠠᠷᠢᠮᠳᠠᠯᠠᠵᠤ᠂ ᠠᠷᠠᠳ | ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠪᠦᠬᠦ ᠳᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ | ᠪᠠᠷᠢᠮᠳᠠᠯᠠᠵᠤ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ | ᠵᠢᠯᠤᠭᠤᠳᠤᠭᠤᠯᠵᠤ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠪᠠᠷ ᠤᠳᠤᠷᠢᠳᠤᠮᠵᠢ ᠪᠤᠯᠭᠠᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ | ᠴᠢᠳᠠᠪᠬᠢ ᠶᠢ ᠰᠢᠯᠢᠳᠡᠭᠵᠢᠬᠦᠯᠬᠦ ᠬᠠᠮᠵᠢᠯᠴᠠᠭᠤᠯᠬᠤ ᠦᠨᠳᠦᠷ ᠦᠷ᠎ᠠ ᠪᠦᠳᠦᠮᠵᠢᠳᠠᠢ ᠪᠤᠯᠭᠠᠬᠤ ᠪᠠᠷ ᠬᠦᠴᠦᠯᠡᠬᠦ ᠴᠢᠭ᠋ | ᠪᠤᠯᠭᠠᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠳᠤ ᠦᠬᠡᠷᠡᠴᠢᠯᠡᠯᠳᠡ ᠬᠢᠵᠤ᠂ ᠡᠬᠦᠷᠬᠡ ᠴᠢᠳᠠᠪᠬᠢ ᠶᠢᠨ | ᠳᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠡᠬᠦᠷᠬᠡ ᠴᠢᠳᠠᠪᠬᠢ ᠶᠢ ᠬᠤᠪᠢᠷᠠᠭᠤᠯᠬᠤ᠂ ᠠᠷᠭ᠎ᠠ ᠬᠡᠯᠪᠡᠷᠢ ᠶᠢ | ᠬᠤᠪᠢᠷᠠᠭᠤᠯᠬᠤ᠂ ᠰᠤᠷᠳᠠᠯ ᠢ ᠬᠤᠪᠢᠷᠠᠭᠤᠯᠬᠤ ᠶᠢ ᠬᠦᠨᠵᠡᠬᠡᠶᠢᠷᠡᠬᠦᠯᠵᠦ᠂ ᠦᠷ᠎ᠠ ᠠᠰᠢᠬ ᠦᠢᠯᠡᠳᠤᠯ ᠴᠢᠳᠠᠪᠤᠷᠢ ᠶᠢ | ᠳᠡᠬᠡᠭᠰᠢᠯᠡᠬᠦᠯᠵᠦ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ | ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠵᠠᠮ ᠢ | ᠡᠬᠢᠯᠡᠬᠦᠯᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ | ᠶᠢ ᠲᠡᠷᠭᠡᠯᠰᠢᠭᠦᠯᠬᠦ ᠳᠤ ᠬᠦᠴᠦᠳᠡᠢ ᠲᠦᠷᠢᠮ ᠤᠨ ᠪᠠᠳᠤᠯᠠᠭ᠎ᠠ ᠬᠠᠩᠭᠠᠬᠤ ᠶᠠᠪᠤᠳᠠᠯ ᠪᠤᠯᠤᠨ᠎ᠠ᠃ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠬᠠᠷᠠᠯᠳᠠ ᠪᠤᠯ | ᠰᠢᠰᠲ᠋ᠧᠮ ᠪᠦᠷᠢᠨ ᠲᠦᠭᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠦᠨᠳᠦᠷ ᠪᠦᠳᠦᠮᠵᠢᠳᠠᠢ ᠨᠠᠮ | ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠰᠢᠰᠲ᠋ᠧᠮᠵᠢ ᠶᠢ ᠪᠠᠶᠢᠭᠤᠯᠵᠤ᠂ ᠪᠦᠬᠦ ᠲᠠᠯ᠎ᠠ ᠶᠢ | ᠡᠵᠡᠮᠳᠡᠭᠰᠡᠨ᠂ ᠡᠯ᠎ᠠ ᠳᠠᠯ᠎ᠠ ᠶᠢ ᠵᠤᠬᠢᠴᠠᠭᠤᠯᠤᠭᠰᠠᠨ ᠨᠠᠮ ᠤᠨ ᠤᠳᠤᠷᠢᠳᠬᠤ ᠰᠢᠰᠲ᠋ᠧᠮᠵᠢ᠂ ᠲᠤᠰᠢᠶᠠᠯ | ᠬᠠᠷᠢᠭᠤᠴᠠᠯᠭ᠎ᠠ ᠳᠤᠳᠤᠷᠬᠠᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠵᠠᠰᠠᠭ ᠤᠨ ᠤᠷᠳᠤᠨ ᠤ ᠵᠠᠰᠠᠯᠳᠠ ᠶᠢᠨ | ᠰᠢᠰᠲ᠋ᠧᠮᠵᠢ᠂ ᠳᠤᠮᠳᠠᠳᠤ ᠤᠯᠤᠰ ᠤᠨ ᠤᠨᠴᠠᠯᠢᠭ ᠲᠠᠢ ᠳᠡᠯᠡᠬᠡᠢ ᠶᠢᠨ ᠳᠡᠷᠢᠬᠦᠨ ᠵᠡᠷᠭᠡ ᠶᠢᠨ ᠵᠡᠪᠰᠡᠭᠳᠤ ᠬᠦᠴᠦᠨ ᠤ | ᠰᠢᠰᠲ᠋ᠧᠮᠵᠢ᠂ ᠦᠷᠭᠡᠨ ᠢᠶᠠᠷ ᠬᠠᠷᠢᠯᠴᠠᠬᠰᠠᠨ᠂ ᠤᠯᠠᠨ ᠲᠦᠮᠡᠨ ᠳᠤ ᠦᠢᠯᠡᠴᠢᠯᠡᠭᠰᠡᠨ ᠤᠯᠠᠨ ᠲᠦᠮᠡᠨ ᠤ ᠪᠦᠯᠬᠦᠮᠮ | ᠤᠨ ᠠᠵᠢᠯ ᠤᠨ ᠰᠢᠰᠲ᠋ᠧᠮᠵᠢ ᠶᠢ ᠪᠦᠷᠢᠯᠳᠦᠬᠦᠯᠵᠦ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠭ | ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ᠂ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠰᠢᠭᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠡ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠵᠡᠷᠬᠡ ᠨᠠᠮ ᠤᠨ ᠨᠢᠬᠡᠳᠦᠯᠳᠡᠢ ᠤᠳᠤᠷᠢᠳᠤᠯᠭ᠎ᠠ ᠳᠤᠤᠷ᠎ᠠ | ᠠᠵᠢᠯᠯᠠᠭ᠎ᠠ ᠪᠠᠨ ᠵᠤᠬᠢᠴᠠᠭᠤᠯᠵᠤ᠂ ᠬᠠᠮᠳᠤᠷᠠᠯ ᠤᠨ ᠬᠦᠴᠦ ᠪᠠᠨ ᠴᠢᠩᠭᠠᠳᠬᠠᠬᠤ ᠶᠢ ᠠᠬᠢᠭᠤᠯᠵᠤ᠂ ᠤᠯᠤᠰ ᠤᠨ | ᠵᠠᠰᠠᠯᠳᠠ ᠶᠢᠨ ᠴᠢᠳᠠᠪᠤᠷᠢ ᠪᠠ ᠵᠠᠰᠠᠯᠳᠠ ᠶᠢᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠬᠦ ᠶᠠᠪᠤᠳᠠᠯ ᠪᠤᠯᠤᠨ᠎ᠡ᠃ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ᠂ ᠨᠢᠬᠡᠳᠦᠬᠡᠷ | ᠵᠠᠭᠤᠨ ᠵᠢᠯ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ ᠳᠤ ᠰᠠᠭᠤᠷᠢᠯᠠᠵᠤ᠂ ᠲᠤᠪᠤᠶᠢᠮ᠎ᠠ ᠵᠦᠷᠢᠴᠡᠯ ᠳᠤ ᠴᠢᠭᠯᠡᠬᠦᠯᠦᠨ᠂ | ᠭᠤᠤᠯᠳᠠᠯᠭ᠎ᠠ ᠶᠢ ᠠᠳᠬᠤᠵᠤ᠂ ᠳᠤᠳᠠᠭᠤᠳᠠᠯ ᠢ ᠨᠦᠬᠦᠪᠦᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠤ᠂ | ᠠᠶᠤᠯ ᠲᠦᠭᠰᠢᠬᠦᠷᠢ ᠶᠢ ᠰᠡᠷᠬᠡᠶᠢᠯᠡᠵᠦ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ | ᠳᠠᠯ᠎ᠠ ᠪᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ ᠳᠤ ᠪᠠᠳᠤᠯᠠᠭ᠎ᠠ | ᠬᠠᠩᠭᠠᠨ᠎ᠠ︔ ᠲᠡᠷᠡᠴᠢᠯᠡᠨ ᠪᠠᠰᠠ ᠬᠤᠶᠠᠳᠤᠭᠠᠷ ᠵᠠᠭᠤᠨ ᠵᠢᠯ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ ᠳᠤ | ᠠᠩᠬᠠᠷᠤᠯ ᠢᠶᠠᠨ ᠲᠦᠪᠯᠡᠷᠡᠭᠦᠯᠵᠤ᠂ ᠠᠯᠤᠰ ᠢᠷᠡᠭᠡᠳᠦᠢ ᠲᠠᠢ ᠬᠤᠯᠪᠤᠬᠳᠠᠬᠤ ᠪᠠᠶᠢᠭᠤᠯᠤᠮᠵᠢ ᠳᠤᠭᠳᠠᠴᠠ ᠶᠢᠨ | ᠠᠰᠠᠭᠤᠳᠠᠯ ᠢ ᠰᠢᠢᠳᠪᠤᠷᠢᠯᠡᠬᠦ ᠶᠢ ᠠᠩᠬᠠᠷᠴᠤ᠂ ᠰᠠᠭᠤᠷᠢ ᠲᠠᠯᠪᠢᠵᠤ᠂ ᠳᠤᠯᠭᠠᠭᠤᠷᠢ ᠪᠤᠰᠬᠠᠵᠤ᠂ ᠪᠦᠳᠦᠴᠡ ᠶᠢ ᠨᠢ | ᠳᠤᠭᠳᠠᠭᠠᠵᠤ᠂ ᠨᠡᠩ ᠳᠡᠬᠦᠯᠳᠡᠷᠵᠢᠭᠰᠡᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ | ᠢ ᠪᠦᠷᠢᠯᠳᠦᠬᠦᠯᠬᠦ ᠳᠤ ᠠᠰᠢᠭᠳᠠᠢ ᠨᠦᠬᠦᠴᠡᠯ ᠢ ᠪᠦᠷᠢᠯᠳᠦᠭᠦᠯᠵᠦ ᠥᠭᠭᠦᠨ᠎ᠡ᠃ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ ᠳᠤᠤᠷᠠᠬᠢ | ᠵᠠᠷᠴᠢᠮ ᠢ ᠵᠢᠷᠤᠮᠯᠠᠬᠤ ᠬᠡᠷᠡᠭᠳᠡᠢ᠃ | — ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠨᠠᠮ ᠤᠨ ᠪᠦᠬᠦ ᠳᠠᠯ᠎ᠠ ᠶᠢᠨ | ᠤᠳᠤᠷᠢᠳᠤᠯᠭ᠎ᠠ ᠪᠤᠯ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ | ᠦᠨᠳᠦᠰᠦᠨ ᠪᠠᠳᠤᠯᠠᠭ᠎ᠠ ᠪᠤᠯᠤᠨ᠎ᠠ᠃ ᠡᠷᠬᠡᠪᠰᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠴᠢᠭᠯᠡᠯ ᠢ ᠪᠠᠷᠢᠮᠳᠠᠯᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠡᠷ᠂ ᠭᠤᠤᠯᠯᠠᠬᠤ ᠤᠬᠠᠮᠰᠡᠷ᠂ | ᠨᠢᠭᠡᠳᠤᠯᠳᠠᠢ ᠪᠠᠶᠢᠬᠤ ᠤᠬᠠᠮᠰᠡᠷ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ | ᠤᠨ ᠵᠠᠮ ᠤᠨ ᠢᠳᠡᠬᠡᠯ᠂ ᠤᠨᠤᠯ ᠤᠨ ᠢᠳᠡᠬᠡᠯ᠂ ᠪᠠᠶᠢᠭᠤᠯᠤᠯ ᠤᠨ ᠢᠳᠡᠬᠡᠯ᠂ ᠰᠤᠶᠤᠯ ᠤᠨ ᠢᠳᠡᠬᠡᠯ ᠢ ᠪᠠᠳᠤ ᠪᠤᠢ | ᠪᠤᠯᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ | ᠲᠦᠪᠯᠡᠷᠡᠩᠭᠦᠢ ᠨᠢᠬᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂ | ᠤᠯᠤᠰ ᠲᠦᠷᠦ᠂ ᠠᠵᠢᠯᠯᠠᠭ᠎ᠠ ᠶᠢᠨ ᠳᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠬᠡᠳᠤ ᠬᠡᠮᠵᠢᠶ᠎ᠠ ᠪᠠᠷ ᠨᠢᠬᠡᠳᠦᠯᠳᠡᠢ | ᠪᠠᠶᠢᠵᠤ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢ ᠦᠬᠡᠷᠡᠴᠢᠯᠡᠯᠳᠡ ᠶᠢᠨ ᠡᠯ᠎ᠠ | ᠳᠠᠯ᠎ᠠ ᠪᠠ ᠪᠦᠬᠦ ᠶᠠᠪᠤᠴᠠ ᠳᠤ ᠳᠤᠤᠱᠯᠠᠭᠤᠯᠵᠤ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠳᠤᠯᠠᠬᠤ | ᠲᠦᠷᠢᠮ ᠤᠨ ᠳᠤᠬᠢᠷᠠᠭᠤᠯᠤᠯᠳᠠ ᠶᠢ ᠳᠡᠬᠦᠯᠳᠡᠷᠵᠢᠬᠦᠯᠵᠦ᠂ ᠨᠠᠮ ᠤᠨ ᠤᠳᠤᠷᠢᠳᠬᠤ ᠠᠷᠭ᠎ᠠ ᠬᠡᠯᠪᠡᠷᠢ ᠪᠠ ᠲᠦᠷᠦ | ᠪᠠᠷᠢᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠳᠠᠯ᠎ᠠ ᠶᠢ ᠪᠤᠳᠤᠯᠬᠢᠯᠠᠬᠤ᠂ | ᠲᠦᠷᠦ ᠶᠢᠨ ᠪᠤᠳᠤᠯᠭ᠎ᠠ ᠳᠤᠭᠳᠠᠭᠠᠬᠤ᠂ ᠦᠬᠡᠷᠡᠴᠢᠯᠡᠯᠳᠡ ᠶᠢ ᠠᠬᠢᠭᠤᠯᠬᠤ ᠴᠢᠳᠠᠪᠤᠷᠢ ᠪᠠ ᠳᠤᠭᠳᠠᠯ ᠬᠦᠴᠦᠨ ᠢ | ᠳᠡᠬᠡᠭᠰᠢᠯᠡᠬᠦᠯᠦᠨ᠎ᠡ᠃ | — ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠎ᠠ᠃ ᠪᠦᠬᠦ ᠰᠡᠳᠬᠢᠯ ᠪᠦᠬᠦ ᠵᠤᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠪᠤᠯ ᠨᠠᠮ ᠤᠨ ᠦᠨᠳᠦᠰᠦᠨ ᠵᠤᠷᠢᠯᠳᠠ ᠮᠦᠨ᠂ ᠬᠠᠮᠤᠬ ᠤᠨ ᠦᠷᠬᠡᠨ ᠤᠯᠠᠨ | ᠠᠷᠠᠳ ᠲᠦᠮᠡᠨ ᠤ ᠦᠨᠳᠦᠰᠦᠨ ᠠᠰᠢᠭ ᠳᠤᠰᠠ ᠶᠢ ᠰᠠᠶᠢᠳᠤᠷ ᠪᠡᠶᠡᠯᠡᠬᠦᠯᠬᠦ᠂ ᠰᠠᠶᠢᠳᠤᠷ ᠬᠠᠮᠠᠭᠠᠯᠠᠬᠤ᠂ ᠰᠠᠶᠢᠳᠤᠷ | ᠬᠦᠭᠵᠢᠬᠦᠯᠬᠦ ᠪᠤᠯ ᠨᠠᠮ ᠤᠨ ᠠᠯᠢᠪᠠ ᠠᠵᠢᠯ ᠤᠨ ᠵᠤᠷᠢᠯᠳᠠ ᠪᠠ ᠳᠤᠰᠤᠯᠳᠠ ᠮᠦᠨ᠃ ᠠᠷᠠᠳ ᠲᠦᠮᠡᠨ ᠤ ᠭᠤᠤᠯ | ᠴᠤᠭᠴᠠ ᠶᠢᠨ ᠪᠠᠶᠢᠷᠢ ᠰᠠᠭᠤᠷᠢ ᠶᠢ ᠡᠷᠬᠡᠪᠰᠢ ᠪᠠᠷᠢᠮᠳᠠᠯᠠᠵᠤ᠂ ᠨᠡᠶᠢᠳᠡ ᠶᠢᠨ ᠲᠦᠯᠦᠬᠡ ᠨᠠᠮ ᠪᠠᠶᠢᠭᠤᠯᠬᠤ᠂ ᠠᠷᠠᠳ | ᠤᠨ ᠲᠦᠯᠦᠬᠡ ᠲᠦᠷᠦ ᠪᠠᠷᠢᠬᠤ ᠶᠢ ᠪᠠᠷᠢᠮᠳᠠᠯᠠᠵᠤ᠂ ᠨᠠᠮ ᠤᠨ ᠤᠯᠠᠨ ᠲᠦᠮᠡᠨᠴᠢ ᠱᠤᠭᠤᠮ ᠢ ᠳᠤᠤᠱᠯᠠᠭᠤᠯᠵᠤ᠂ | ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠲᠦᠷᠢᠮ ᠤᠨ ᠰᠢᠰᠲ᠋ᠧᠮᠵᠢ ᠶᠢ ᠪᠦᠷᠢᠨᠰᠢᠬᠦᠯᠵᠦ᠂ ᠠᠷᠠᠳ | ᠲᠦᠮᠡᠨ ᠳᠤ ᠠᠰᠢᠭ ᠤᠯᠭᠤᠬᠤ ᠶᠢ ᠪᠤᠳᠤᠯᠬᠢᠯᠠᠬᠤ᠂ ᠠᠷᠠᠳ ᠲᠦᠮᠡᠨ ᠳᠤ ᠠᠵᠢᠯ ᠶᠠᠪᠤᠳᠠᠯ ᠰᠢᠢᠳᠪᠤᠷᠢᠯᠡᠵᠤ ᠦᠭᠬᠦ᠂ | ᠠᠷᠠᠳ ᠲᠦᠮᠡᠨ ᠤ ᠬᠦᠴᠢᠷ ᠵᠤᠪᠠᠭᠤᠷᠢ ᠶᠢ ᠰᠢᠢᠳᠪᠦᠷᠢᠯᠡᠵᠦ ᠦᠭᠬᠦ᠂ ᠠᠷᠠᠳ ᠲᠦᠮᠡᠨ ᠤ ᠡᠷᠬᠡ ᠠᠰᠢᠭ ᠢ | ᠪᠠᠳᠤᠯᠠᠬᠤ᠂ ᠠᠷᠠᠳ ᠲᠦᠮᠡᠨ ᠤ ᠬᠦᠰᠡᠯ ᠪᠤᠳᠤᠯ ᠢ ᠬᠢᠴᠢᠶᠡᠩᠭᠦᠶᠢᠯᠡᠨ ᠰᠤᠨᠤᠰᠬᠤ᠂ ᠠᠷᠠᠳ ᠲᠦᠮᠡᠨ ᠤ | ᠬᠢᠨᠠᠯᠳᠠ ᠶᠢ ᠬᠦᠯᠢᠶᠡᠬᠦ ᠪᠠᠶᠢᠭᠤᠯᠤᠮᠵᠢ ᠳᠤᠭᠳᠠᠴᠠ ᠶᠢ ᠳᠡᠬᠦᠯᠳᠡᠷᠵᠢᠬᠦᠯᠵᠦ᠂ ᠠᠷᠠᠳ ᠲᠦᠮᠡᠨ ᠤ ᠲᠦᠯᠦᠬᠡ ᠬᠠᠤᠯᠢ | ᠶᠤᠰᠤᠭᠠᠷ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠰᠤᠶᠤᠯ ᠤᠨ ᠠᠵᠢᠯ ᠦᠢᠯᠡᠰ ᠢ ᠬᠠᠮᠢᠶᠠᠷᠬᠤ᠂ | ᠨᠡᠶᠢᠬᠡᠮ ᠤᠨ ᠬᠡᠷᠡᠭ ᠶᠠᠪᠤᠳᠠᠯ ᠢ ᠬᠠᠮᠢᠶᠠᠷᠬᠤ ᠳᠤ ᠬᠦᠴᠦᠳᠡᠢ ᠪᠠᠳᠤᠯᠠᠭ᠎ᠠ ᠬᠠᠨᠭ᠍ᠭᠠᠨ᠎ᠠ᠃ | — ᠰᠢᠯᠢᠳᠡᠭᠵᠢᠬᠦᠯᠬᠦ ᠬᠠᠮᠵᠢᠯᠴᠠᠭᠤᠯᠬᠤ ᠦᠨᠲᠤᠷ ᠪᠦᠳᠦᠮᠵᠢᠳᠠᠢ ᠪᠠᠶᠢᠬᠤ ᠶᠢ ᠪᠠᠷᠢᠮᠲᠠᠯᠠᠨ᠎ᠠ᠃ | ᠰᠢᠯᠢᠳᠡᠭᠵᠢᠬᠦᠯᠬᠦ ᠭᠡᠳᠡᠭ ᠨᠢ ᠰᠢᠨᠵᠢᠯᠡᠬᠦ ᠤᠬᠠᠭᠠᠨᠴᠢ ᠵᠤᠬᠢᠰᠲᠠᠢ᠂ ᠡᠷᠬᠡ ᠬᠠᠷᠢᠭᠤᠴᠠᠯᠭ᠎ᠠ ᠨᠢᠬᠡᠲᠤᠯᠲᠠᠢ ᠪᠠᠶᠢᠬᠤ ᠶᠢ | ᠬᠡᠯᠡᠵᠤ ᠪᠠᠶᠢᠨ᠎ᠠ᠂ ᠬᠠᠮᠵᠢᠯᠴᠠᠭᠤᠯᠬᠤ ᠭᠡᠳᠡᠭ ᠨᠢ ᠨᠢᠬᠡᠲᠤᠯᠲᠠᠢ ᠪᠦᠬᠡᠳ ᠲᠠᠷᠠᠬᠠᠢ᠂ ᠭᠤᠤᠯ ᠲᠠᠳ᠋ ᠲᠠᠢ ᠪᠠᠶᠢᠬᠤ ᠶᠢ | ᠬᠡᠯᠡᠵᠤ ᠪᠠᠶᠢᠨ᠎ᠠ᠂ ᠦᠨᠲᠤᠷ ᠪᠦᠳᠦᠮᠵᠢᠳᠠᠢ ᠪᠠᠶᠢᠬᠤ ᠭᠡᠳᠡᠭ ᠨᠢ ᠡᠬᠦᠷᠬᠡ ᠬᠠᠷᠢᠭᠤᠴᠠᠯᠭ᠎ᠠ ᠪᠠᠨ ᠪᠤᠳᠠᠳᠠᠢ | ᠬᠦᠢᠴᠡᠳᠬᠡᠵᠤ᠂ ᠶᠠᠪᠤᠴᠠ ᠶᠢ ᠢᠯᠭᠤᠮ ᠤᠷᠤᠬᠰᠢᠳᠠᠢ ᠪᠠᠶᠢᠯᠭᠠᠬᠤ ᠶᠢ ᠬᠡᠯᠡᠵᠤ ᠪᠠᠶᠢᠨ᠎ᠠ᠃ ᠡᠷᠬᠡᠪᠰᠢ ᠠᠰᠠᠭᠤᠲᠠᠯ | ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠦᠭᠵᠢᠯᠲᠠ ᠶᠢᠨ ᠱᠠᠭᠠᠷᠲᠠᠯᠭ᠎ᠠ᠂ ᠦᠨᠲᠤᠰᠤᠨ ᠱᠠᠲᠤᠨ ᠤ | ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠳᠤ ᠠᠩᠬᠠᠷᠤᠯ ᠢᠶᠠᠨ ᠲᠦᠪᠯᠡᠷᠠᠬᠦᠯᠵᠤ᠂ ᠨᠠᠮ ᠪᠤᠯᠤᠨ ᠲᠦᠷᠦ | ᠶᠢᠨ ᠪᠠᠶᠢᠭᠤᠯᠤᠮᠵᠢ ᠶᠢ ᠪᠠᠶᠢᠷᠢᠯᠠᠭᠤᠯᠬᠤ ᠪᠠ ᠡᠬᠦᠷᠬᠡ ᠴᠢᠲᠠᠪᠬᠢ ᠶᠢ ᠲᠤᠬᠢᠷᠠᠭᠤᠯᠬᠤ ᠶᠢ ᠰᠢᠯᠢᠳᠡᠭᠵᠢᠬᠦᠯᠵᠤ᠂ ᠨᠢᠭᠡ | ᠲᠦᠷᠦᠯ ᠤᠨ ᠤᠴᠢᠷ ᠶᠠᠪᠤᠳᠠᠯ ᠢ ᠵᠠᠷᠴᠢᠮ ᠲᠠᠬᠡᠷ᠎ᠠ ᠪᠠᠨ ᠨᠢᠬᠡ ᠰᠠᠯᠠᠭ᠎ᠠ ᠮᠦᠴᠢᠷ ᠨᠢᠬᠡᠲᠤᠯᠲᠠᠢ ᠲᠦᠯᠤᠪᠵᠢᠬᠦᠯᠤᠨ᠂ | ᠨᠢᠬᠡ ᠵᠤᠶᠢᠯ ᠤᠨ ᠶᠠᠪᠤᠲᠠᠯ ᠢ ᠵᠠᠷᠴᠢᠮ ᠲᠠᠬᠡᠷ᠎ᠠ ᠪᠠᠨ ᠨᠢᠬᠡ ᠰᠠᠯᠠᠭ᠎ᠠ ᠮᠦᠴᠢᠷ ᠬᠠᠷᠢᠭᠤᠴᠠᠬᠤ ᠶᠢ ᠪᠠᠷᠢᠮᠲᠠᠯᠠᠵᠤ᠂ | ᠬᠤᠯᠪᠤᠭᠲᠠᠯ ᠪᠦᠬᠦᠢ ᠪᠠᠶᠢᠭᠤᠯᠤᠮᠵᠢ ᠬᠠᠮᠵᠢᠯᠴᠠᠨ ᠬᠤᠯᠪᠤᠭᠠᠯᠠᠬᠤ ᠶᠢ ᠴᠢᠩᠭᠠᠳᠬᠠᠵᠤ᠂ ᠲᠠᠯ᠎ᠠ ᠲᠠᠯ᠎ᠠ ᠠᠴᠠ ᠲᠦᠷᠦ | ᠶᠢᠨ ᠪᠤᠲᠤᠯᠭ᠎ᠠ ᠲᠤᠭᠲᠠᠭᠠᠬᠤ᠂ ᠬᠠᠷᠢᠭᠤᠴᠠᠯᠭ᠎ᠠ ᠲᠤᠲᠤᠷᠬᠠᠢ ᠦᠬᠡᠢ᠂ ᠲᠦᠯᠬᠢᠵᠤ ᠲᠠᠲᠠᠯᠴᠠᠬᠤ ᠠᠴᠠ ᠰᠡᠷᠬᠡᠶᠢᠯᠠᠵᠤ | ᠂ ᠵᠤᠷᠢᠭ ᠰᠢᠭᠤᠳᠴᠤ ᠪᠠᠶᠢᠭᠠᠳ ᠦᠬᠡᠷᠠᠴᠢᠯᠠᠯᠲᠠ ᠬᠦᠭᠵᠢᠯᠲᠠ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠤᠭᠲᠠᠴᠠ | ᠶᠢᠨ ᠭᠡᠮ ᠰᠤᠭᠤᠬ ᠢ ᠠᠷᠢᠯᠭᠠᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠨᠠᠩ | ᠰᠢᠨᠵᠢᠯᠡᠬᠦ ᠤᠬᠠᠭᠠᠨᠴᠢ᠂ ᠡᠬᠦᠷᠬᠡ ᠴᠢᠲᠠᠪᠬᠢ ᠶᠢ ᠨᠠᠩ ᠰᠢᠯᠢᠳᠡᠭᠵᠢᠭᠦᠯᠵᠤ᠂ ᠡᠷᠬᠡ ᠬᠠᠷᠢᠭᠤᠴᠠᠯᠭ᠎ᠠ ᠶᠢ ᠨᠠᠩ | ᠬᠠᠮᠵᠢᠯᠴᠠᠭᠤᠯᠵᠤ᠂ ᠬᠢᠨᠠᠨ ᠪᠠᠶᠢᠴᠠᠭᠠᠯᠳᠠ ᠬᠢᠨᠠᠨ ᠬᠠᠮᠢᠶᠠᠷᠤᠯᠳᠠ ᠶᠢ ᠨᠠᠩ ᠬᠦᠴᠤᠨ ᠲᠠᠢ᠂ ᠠᠵᠢᠯᠯᠠᠭᠠᠨ ᠢ ᠨᠢ | ᠦᠨᠳᠦᠷ ᠪᠦᠳᠦᠮᠵᠢᠳᠠᠢ ᠪᠤᠯᠭᠠᠨ᠎ᠠ᠃ | — ᠪᠦᠬᠦ ᠲᠠᠯ᠎ᠠ ᠪᠠᠷ ᠬᠠᠤᠯᠢ ᠪᠠᠷ ᠤᠯᠤᠰ ᠢ ᠵᠠᠰᠠᠬᠤ ᠶᠢ ᠪᠠᠷᠢᠮᠲᠠᠯᠠᠨ᠎ᠠ᠃ ᠬᠠᠤᠯᠢ ᠪᠠᠷ ᠤᠯᠤᠰ ᠢ ᠵᠠᠰᠠᠬᠤ | ᠪᠤᠯ ᠨᠠᠮ ᠠᠴᠠ ᠠᠷᠠᠳ ᠲᠦᠮᠠᠨ ᠢ ᠤᠲᠤᠷᠢᠲᠤᠨ ᠤᠯᠤᠰ ᠢ ᠵᠠᠰᠠᠬᠤ ᠦᠨᠲᠤᠰᠤᠨ ᠠᠷᠭ᠎ᠠ ᠬᠡᠯᠪᠠᠷᠢ ᠮᠦᠨ᠃ | ᠡᠷᠬᠡᠪᠰᠢ ᠦᠬᠡᠷᠠᠴᠢᠯᠠᠯᠲᠠ ᠪᠠ ᠬᠠᠤᠯᠢᠵᠢᠯ ᠢ ᠬᠠᠷᠢᠯᠴᠠᠨ ᠨᠢᠬᠡᠳᠭᠡᠬᠦ᠂ ᠬᠠᠷᠢᠯᠴᠠᠨ ᠠᠬᠢᠭᠤᠯᠬᠤ ᠶᠢ | ᠪᠠᠷᠢᠮᠳᠠᠯᠠᠵᠤ᠂ ᠬᠠᠤᠯᠢ ᠪᠠᠷ ᠤᠯᠤᠰ ᠢ ᠵᠠᠰᠠᠬᠤ᠂ ᠬᠠᠤᠯᠢ ᠪᠠᠷ ᠵᠠᠰᠠᠭ ᠪᠠᠷᠢᠬᠤ᠂ ᠬᠠᠤᠯᠢ ᠪᠠᠷ ᠵᠠᠰᠠᠭ ᠶᠠᠪᠤᠭᠤᠯᠬᠤ ᠶᠢ | ᠬᠠᠮᠲᠤᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠤᠷᠲᠤᠨ᠂ | ᠬᠠᠤᠯᠢᠵᠢᠯ ᠤᠨ ᠨᠡᠶᠢᠬᠡᠮ ᠢ ᠨᠢᠬᠡ ᠴᠤᠭᠴᠠᠵᠢᠭᠤᠯᠤᠨ ᠪᠦᠲᠦᠬᠡᠨ ᠪᠠᠶᠢᠭᠤᠯᠬᠤ ᠶᠢ ᠪᠠᠷᠢᠮᠲᠠᠯᠠᠵᠤ᠂ ᠬᠠᠤᠯᠢ ᠲᠦᠷᠢᠮ | ᠶᠤᠰᠤᠭᠠᠷ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠲᠠᠪᠬᠢ ᠶᠢ ᠲᠠᠬᠦᠯᠲᠠᠷᠵᠢᠬᠦᠯᠵᠤ᠂ ᠬᠠᠤᠯᠢ | ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠬᠠᠤᠯᠢ ᠶᠤᠰᠤᠭᠠᠷ ᠪᠠᠶᠢᠭᠤᠯᠤᠮᠵᠢ ᠪᠠ ᠤᠷᠤᠨ ᠲᠤᠭ᠎ᠠ | ᠶᠢ ᠬᠠᠮᠢᠶᠠᠷᠴᠤ᠂ ᠬᠠᠤᠯᠢᠵᠢᠯ ᠢ ᠵᠢᠷᠤᠮᠵᠢᠭᠤᠯᠬᠤ ᠪᠠ ᠦᠬᠡᠷᠠᠴᠢᠯᠠᠯᠲᠠ ᠢᠶ ᠪᠠᠲᠤᠯᠠᠬᠤ ᠦᠢᠯᠡᠲᠤᠯ ᠢ ᠪᠠᠲᠠᠷᠠᠭᠤᠯᠤᠨ | ᠂ ᠬᠠᠤᠯᠢᠵᠢᠯ ᠤᠨ ᠲᠤᠤᠷ᠎ᠠ ᠦᠭᠡᠷᠡᠴᠢᠯᠡᠯᠳᠡ ᠶᠢ ᠠᠬᠢᠭᠤᠯᠵᠤ᠂ ᠴᠢᠬᠤᠯᠠ ᠶᠡᠭᠡ ᠦᠬᠡᠷᠠᠴᠢᠯᠠᠯᠲᠠ ᠳᠤ ᠬᠠᠤᠯᠢ ᠶᠢᠨ | ᠦᠨᠳᠦᠰᠦ ᠪᠠᠷᠢᠮᠲᠠ ᠲᠠᠢ ᠪᠠᠶᠢᠯᠭᠠᠬᠤ ᠪᠦᠬᠡᠳ ᠦᠬᠡᠷᠠᠴᠢᠯᠠᠯᠲᠠ ᠪᠠᠷ ᠲᠠᠮᠵᠢᠭᠤᠯᠤᠨ ᠬᠠᠤᠯᠢᠵᠢᠯ ᠤᠨ ᠠᠵᠢᠯ ᠢ | ᠴᠢᠩᠭᠠᠳᠬᠠᠵᠤ᠂ ᠦᠬᠡᠷᠠᠴᠢᠯᠠᠯᠲᠠ ᠶᠢᠨ ᠲᠤᠮᠲᠠ ᠬᠠᠤᠯᠢᠵᠢᠯ ᠢ ᠲᠠᠬᠦᠯᠲᠠᠷᠵᠢᠬᠦᠯᠤᠨ ᠴᠢᠩᠭᠠᠳᠬᠠᠨ᠎ᠠ᠃ | ᠭᠤᠷᠪᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠲᠦᠷᠢᠮ ᠢ ᠲᠠᠬᠦᠯᠲᠠᠷᠵᠢᠬᠦᠯᠤᠨᠡ | ᠨᠠᠮ ᠵᠠᠰᠠᠭ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢᠮᠠᠨ ᠵᠤᠪᠬᠢᠰ ᠲᠤ ᠨᠠᠮ ᠪᠤᠯ ᠠᠯᠢᠪᠠ ᠶᠢ | ᠤᠲᠤᠷᠢᠲᠤᠨ᠎ᠠ᠃ ᠨᠠᠮ ᠤᠨ ᠡᠯ᠎ᠠ ᠬᠦᠷᠢᠶ᠎ᠠ ᠡᠯ᠎ᠠ ᠲᠠᠯ᠎ᠠ ᠶᠢᠨ ᠠᠵᠢᠯ ᠳᠠᠬᠢ ᠤᠲᠤᠷᠢᠲᠤᠯᠭ᠎ᠠ ᠶᠢ ᠴᠢᠩᠭᠠᠳᠬᠠᠬᠤ ᠪᠤᠯ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠠᠴᠢᠯᠠᠯᠲᠠ ᠶᠢ ᠬᠦᠨᠵᠡᠬᠡᠶᠢᠷᠠᠬᠦᠯᠬᠦ ᠲᠠᠷᠢᠬᠦᠨ ᠴᠢᠬᠤᠯᠠ ᠡᠬᠦᠷᠬᠡ | ᠪᠤᠯᠤᠨ᠎ᠠ᠃ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠰᠢᠯᠢᠳᠡᠭᠵᠢᠬᠦᠯᠵᠤ᠂ ᠨᠠᠮ ᠤᠨ | ᠤᠲᠤᠷᠢᠲᠤᠯᠭ᠎ᠠ ᠶᠢ ᠪᠦᠬᠦᠨ ᠢ ᠪᠦᠷᠬᠦᠬᠦᠯᠬᠦ ᠶᠢ ᠪᠠᠲᠤᠯᠠᠵᠤ᠂ ᠨᠠᠮ ᠤᠨ ᠤᠲᠤᠷᠢᠲᠤᠯᠭ᠎ᠠ ᠨᠠᠩ ᠴᠢᠩᠭ᠎ᠠ ᠬᠦᠴᠤᠲᠠᠢ | ᠪᠠᠶᠢᠬᠤ ᠶᠢ ᠪᠠᠲᠤᠯᠠᠨ᠎ᠠ᠃ | ︵ᠨᠢᠬᠡ︶ ᠨᠠᠮ ᠤᠨ ᠴᠢᠬᠤᠯᠠ ᠶᠡᠭᠡ ᠠᠵᠢᠯ ᠳᠠᠬᠢ ᠤᠲᠤᠷᠢᠳᠬᠤ ᠪᠠᠶᠢᠭᠤᠯᠤᠮᠵᠢ ᠲᠤᠭᠲᠠᠴᠠ ᠶᠢ | ᠪᠠᠶᠢᠭᠤᠯᠤᠨ ᠪᠦᠷᠢᠨᠰᠢᠬᠦᠯᠤᠨ᠎ᠠ᠃ ᠨᠠᠮ ᠤᠨ ᠪᠦᠬᠦ ᠲᠠᠯ᠎ᠠ ᠶᠢᠨ ᠤᠲᠤᠷᠢᠲᠤᠯᠭ᠎ᠠ ᠶᠢ ᠴᠢᠩᠭᠠᠳᠬᠠᠬᠤ ᠳᠤ᠂ ᠡᠩ | ᠲᠠᠷᠢᠬᠦᠨ ᠳᠤ ᠨᠠᠮ ᠠᠴᠠ ᠨᠠᠮ ᠪᠠ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠳᠤ ᠬᠤᠯᠪᠤᠭᠲᠠᠭᠰᠠᠨ ᠴᠢᠬᠤᠯᠠ | ᠶᠡᠭᠡ ᠠᠵᠢᠯ ᠢ ᠲᠦᠪᠯᠡᠷᠠᠬᠦᠯᠤᠨ ᠨᠢᠬᠡᠲᠤᠯᠲᠠᠢ ᠤᠲᠤᠷᠢᠳᠬᠤ ᠶᠢ ᠴᠢᠩᠭᠠᠳᠬᠠᠨ᠎ᠠ᠃ ᠨᠠᠮ ᠤᠨ ᠲᠦᠪ ᠬᠤᠷᠢᠶ᠎ᠠ ᠶᠢᠨ | ᠰᠢᠢᠳᠪᠤᠷᠢᠲᠤ ᠪᠤᠲᠤᠯᠭ᠎ᠠ ᠲᠤᠭᠲᠠᠭᠠᠬᠤ ᠤᠴᠢᠷ ᠶᠠᠪᠤᠳᠠᠯ ᠵᠦᠪᠲᠠᠯᠴᠡᠬᠦ ᠶᠢ ᠵᠤᠬᠢᠴᠠᠭᠤᠯᠬᠤ ᠪᠠᠶᠢᠭᠤᠯᠤᠮᠵᠢ ᠨᠢ | ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ | ᠤᠲᠤᠷᠢᠲᠤᠯᠭ᠎ᠠ ᠲᠤᠤᠷ᠎ᠠ ᠠᠵᠢᠯ ᠢᠶᠠᠨ ᠦᠷᠨᠢᠬᠦᠯᠤᠨ᠎ᠠ᠃ ᠨᠠᠮ ᠤᠨ ᠲᠦᠪ ᠬᠤᠷᠢᠶ᠎ᠠ ᠶᠢᠨ ᠰᠢᠢᠳᠪᠤᠷᠢᠲᠤ ᠪᠤᠲᠤᠯᠭ᠎ᠠ | ᠲᠤᠭᠲᠠᠭᠠᠬᠤ ᠤᠴᠢᠷ ᠶᠠᠪᠤᠳᠠᠯ ᠵᠦᠪᠲᠠᠯᠴᠡᠬᠦ ᠪᠠᠶᠢᠭᠤᠯᠤᠮᠵᠢ ᠶᠢ ᠰᠢᠯᠢᠳᠡᠭᠵᠢᠬᠦᠯᠵᠤ᠂ ᠴᠢᠬᠤᠯᠠ ᠶᠡᠭᠡ ᠠᠵᠢᠯ ᠤᠨ | ᠲᠡᠭᠡᠪᠦᠷ ᠲᠦᠯᠦᠪᠯᠡᠭᠡ᠂ ᠶᠠᠷᠦᠩᠬᠡᠢ ᠪᠠᠶᠢᠷᠢᠰᠢᠯᠠᠭᠤᠯᠤᠯᠲᠠ᠂ ᠨᠢᠬᠡᠲᠤᠯᠲᠠᠢ ᠲᠦᠯᠦᠪᠵᠢᠬᠦᠯᠤᠨ ᠵᠤᠬᠢᠴᠠᠭᠤᠯᠬᠤ᠂ | ᠪᠦᠬᠦᠯᠢ ᠴᠤᠭᠴᠠ ᠪᠠᠷ ᠨᠢ ᠠᠬᠢᠭᠤᠯᠬᠤ ᠶᠢ ᠬᠠᠷᠢᠭᠤᠴᠠᠨ᠎ᠠ᠃ ᠨᠠᠮ ᠤᠨ ᠦᠬᠡᠷᠠᠴᠢᠯᠠᠯᠲᠠ ᠶᠢ ᠬᠦᠨᠵᠡᠬᠡᠶᠢᠷᠠᠬᠦᠯᠬᠦ᠂ | ᠬᠠᠤᠯᠢ ᠪᠠᠷ ᠤᠯᠤᠰ ᠢ ᠵᠠᠰᠠᠬᠤ᠂ ᠠᠵᠤ ᠠᠬᠤᠢ᠂ ᠬᠦᠳᠡᠭᠡ ᠠᠵᠤ ᠠᠬᠤᠢ ᠬᠦᠲᠡᠭᠡ ᠲᠤᠰᠬᠤᠨ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠵᠤᠬᠢᠶᠠᠨ ᠪᠠᠶᠢᠭᠤᠯᠬᠤ᠂ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ᠂ | ᠤᠯᠤᠰ ᠤᠨ ᠠᠮᠤᠷ ᠲᠦᠪᠰᠢᠨ᠂ ᠤᠯᠤᠰ ᠲᠦᠷᠦ ᠬᠠᠤᠯᠢ ᠴᠠᠭᠠᠵᠠ᠂ ᠨᠢᠬᠡᠲᠤᠮᠠᠯ ᠹᠷᠤᠨᠲ᠂ ᠦᠨᠲᠤᠰᠤᠲᠠᠨ ᠱᠠᠰᠢᠨ | ᠰᠤᠷᠲᠠᠬᠤᠨ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ ᠮᠡᠷᠬᠡᠵᠢᠯ᠂ ᠰᠦᠯᠵᠢᠶᠡᠨ ᠤ ᠮᠠᠲᠡᠭᠡ ᠵᠠᠩᠬᠢ᠂ | ᠭᠠᠲᠠᠭᠠᠲᠤ ᠬᠠᠷᠢᠯᠴᠠᠭ᠎ᠠ᠂ ᠬᠢᠨᠠᠨ ᠪᠤᠲᠤᠯᠲᠠ ᠵᠡᠷᠬᠡ ᠠᠵᠢᠯ ᠳᠠᠬᠢ ᠤᠲᠤᠷᠢᠲᠤᠯᠭ᠎ᠠ ᠶᠢ ᠰᠢᠯᠢᠳᠡᠭᠵᠢᠬᠦᠯᠤᠨ | ᠴᠢᠩᠭᠠᠳᠬᠠᠨ᠎ᠠ᠃ ᠪᠤᠰᠤᠳ ᠲᠠᠯ᠎ᠠ ᠶᠢᠨ ᠤᠴᠢᠷ ᠶᠠᠪᠤᠳᠠᠯ ᠵᠦᠪᠲᠠᠯᠴᠡᠬᠦ ᠪᠠᠶᠢᠭᠤᠯᠤᠮᠵᠢ ᠶᠢ ᠨᠠᠮ ᠤᠨ ᠲᠦᠪ | ᠬᠤᠷᠢᠶᠠᠨ ᠤ ᠰᠢᠢᠳᠪᠤᠷᠢᠲᠤ ᠪᠤᠲᠤᠯᠭ᠎ᠠ ᠲᠤᠭᠲᠠᠭᠠᠬᠤ ᠤᠴᠢᠷ ᠶᠠᠪᠤᠳᠠᠯ ᠵᠦᠪᠲᠠᠯᠴᠡᠬᠦ ᠪᠠᠶᠢᠭᠤᠯᠤᠮᠵᠢ ᠪᠠᠶᠢᠭᠤᠯᠤᠨ | ᠲᠤᠬᠢᠷᠠᠭᠤᠯᠬᠤ ᠲᠠᠢ ᠵᠤᠯᠭᠠᠭᠤᠯᠵᠤ᠂ ᠨᠠᠮ ᠤᠨ ᠲᠦᠪ ᠬᠤᠷᠢᠶᠠᠨ ᠤ ᠵᠠᠷᠯᠢᠭ ᠴᠠᠭᠠᠵᠠ ᠶᠢ ᠲᠠᠭᠠᠬᠤ ᠪᠠ ᠠᠵᠢᠯ ᠤᠨ | ᠦᠨᠲᠤᠷ ᠦᠷ᠎ᠠ ᠠᠰᠢᠭ ᠢ ᠪᠠᠲᠤᠯᠠᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠲᠤᠭᠤᠶᠢᠯᠠᠩ︶ ᠲᠦᠷᠢᠮ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠵᠤᠬᠢᠰᠲᠠᠢ | ᠪᠠᠶᠢᠭᠤᠯᠤᠮᠵᠢ ᠲᠤᠭᠲᠠᠴᠠ ᠶᠢ ᠲᠠᠬᠦᠯᠲᠠᠷᠵᠢᠬᠦᠯᠤᠨ᠂ ᠵᠤᠬᠢᠴᠠᠭᠤᠯᠬᠤ ᠴᠢᠲᠠᠪᠤᠷᠢ ᠪᠠᠨ ᠲᠠᠬᠡᠭᠰᠢᠯᠠᠬᠦᠯᠵᠤ᠂ ᠨᠠᠮ ᠤᠨ | ᠲᠦᠪ ᠬᠤᠷᠢᠶ᠎ᠠ ᠶᠢᠨ ᠡᠯ᠎ᠠ ᠵᠤᠶᠢᠯ ᠤᠨ ᠰᠢᠢᠳᠪᠤᠷᠢᠲᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠤᠲᠠᠲᠠᠢ ᠳᠤ | ᠨᠠᠶᠢᠲᠠᠪᠤᠷᠢᠵᠢᠭᠤᠯᠤᠨ᠎ᠠ᠃ | ︵ᠬᠤᠶᠠᠷ︶ ᠨᠠᠮ ᠤᠨ ᠵᠤᠬᠢᠶᠠᠨ ᠪᠠᠶᠢᠭᠤᠯᠤᠯᠲᠠ ᠶᠢᠨ ᠠᠲᠠᠯᠢ ᠱᠠᠲᠤᠨ ᠤ ᠵᠤᠬᠢᠶᠠᠨ ᠪᠠᠶᠢᠭᠤᠯᠤᠯᠲᠠ ᠳᠠᠬᠢ | ᠤᠲᠤᠷᠢᠳᠬᠤ ᠦᠢᠯᠡᠲᠤᠯ ᠢ ᠴᠢᠩᠭᠠᠳᠬᠠᠨ᠎ᠠ᠃ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠪᠤᠰᠤᠳ ᠵᠤᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠠ | ᠲᠠᠯ᠎ᠠ ᠶᠢ ᠵᠤᠬᠢᠴᠠᠭᠤᠯᠬᠤ ᠦᠢᠯᠡᠲᠤᠯ ᠢ ᠨᠠᠩ ᠰᠠᠶᠢᠲᠤᠷ ᠪᠠᠲᠠᠷᠠᠭᠤᠯᠤᠨ᠎ᠠ᠃ ᠲᠦᠷᠦ ᠶᠢᠨ ᠪᠠᠶᠢᠭᠤᠯᠭ᠎ᠠ᠂ ᠠᠵᠢᠯ | ᠦᠢᠯᠡᠰ ᠤᠨ ᠨᠢᠬᠡᠴᠠ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ᠂ ᠨᠠᠶᠢᠬᠡᠮ ᠤᠨ ᠵᠤᠬᠢᠶᠠᠨ | ᠪᠠᠶᠢᠭᠤᠯᠤᠯᠲᠠ᠂ ᠠᠵᠤ ᠠᠬᠤᠶᠢᠯᠠᠯ ᠪᠠ ᠪᠤᠰᠤᠳ ᠵᠤᠬᠢᠶᠠᠨ ᠪᠠᠶᠢᠭᠤᠯᠤᠯᠲᠠ ᠳᠤ ᠪᠠᠶᠢᠭᠤᠯᠤᠭᠰᠠᠨ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠲᠤᠭᠤᠶᠢᠯᠠᠩ︶ ᠨᠢ ᠲᠡᠭᠦᠨ ᠢ ᠵᠦᠪᠰᠢᠶᠡᠷᠡᠨ ᠪᠠᠶᠢᠭᠤᠯᠤᠭᠰᠠᠨ ᠨᠠᠮ ᠤᠨ ᠬᠤᠷᠢᠶᠠᠨ ᠤ | ᠨᠢᠬᠡᠲᠤᠯᠲᠠᠢ ᠤᠲᠤᠷᠢᠲᠤᠯᠭ᠎ᠠ ᠶᠢ ᠬᠦᠯᠢᠶᠠᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠠᠵᠢᠯ ᠢᠶᠠᠨ ᠬᠠᠷᠢᠭᠤ | ᠮᠠᠲᠠᠬᠦᠯᠵᠤ᠂ ᠨᠠᠮ ᠤᠨ ᠴᠢᠭᠯᠡᠯᠲᠠ ᠲᠦᠷᠦ ᠶᠢᠨ ᠪᠤᠲᠤᠯᠭ᠎ᠠ ᠵᠢᠴᠢ ᠰᠢᠢᠳᠪᠤᠷᠢᠲᠤ ᠪᠤᠲᠤᠯᠭ᠎ᠠ ᠶᠢᠨ | ᠪᠠᠶᠢᠷᠢᠯᠠᠭᠤᠯᠤᠯᠲᠠ ᠶᠢ ᠠᠲᠠᠯᠢ ᠱᠠᠲᠤᠨ ᠤ ᠵᠤᠬᠢᠶᠠᠨ ᠪᠠᠶᠢᠭᠤᠯᠤᠯᠲᠠ ᠳᠤ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ | ᠪᠠᠲᠤᠯᠠᠨ᠎ᠠ᠃ ᠰᠢᠨ᠎ᠠ ᠬᠡᠯᠪᠠᠷᠢ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠ ᠨᠠᠶᠢᠬᠡᠮ ᠤᠨ ᠵᠤᠬᠢᠶᠠᠨ | ᠪᠠᠶᠢᠭᠤᠯᠤᠯᠲᠠ ᠳᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠬᠦᠯᠬᠦ ᠶᠢ | ᠲᠦᠷᠬᠡᠳᠬᠡᠵᠤ᠂ ᠨᠠᠮ ᠤᠨ ᠠᠵᠢᠯ ᠤᠨ ᠠᠬᠢᠴᠠ ᠬᠠᠮᠢᠭ᠎ᠠ ᠬᠦᠷᠪᠠᠯ᠂ ᠨᠠᠮ ᠤᠨ ᠵᠤᠬᠢᠶᠠᠨ ᠪᠠᠶᠢᠭᠤᠯᠤᠯᠲᠠ ᠶᠢ ᠲᠡᠨᠳᠡ | ᠪᠦᠷᠬᠦᠭᠦᠯᠬᠦ ᠶᠢ ᠪᠠᠶᠠᠯᠠᠬᠦᠯᠤᠨ᠎ᠠ᠃ | ︵ᠭᠤᠷᠪᠠ︶ ᠨᠠᠮ ᠤᠨ ᠡᠬᠦᠷᠬᠡ ᠴᠢᠲᠠᠪᠬᠢᠲᠤ ᠰᠠᠯᠠᠭ᠎ᠠ ᠮᠦᠴᠢᠷ ᠤᠨ ᠦᠢᠯᠡᠲᠤᠯ ᠢ ᠨᠠᠩ ᠰᠠᠶᠢᠲᠤᠷ | ᠪᠠᠲᠠᠷᠠᠭᠤᠯᠤᠨ᠎ᠠ᠃ ᠨᠠᠮ ᠤᠨ ᠵᠤᠬᠢᠶᠠᠨ ᠪᠠᠶᠢᠭᠤᠯᠬᠤ᠂ ᠰᠤᠷᠲᠠᠯ ᠤᠬᠠᠭᠤᠯᠭ᠎ᠠ᠂ ᠨᠢᠬᠡᠲᠤᠮᠠᠯ ᠹᠷᠤᠨᠲ᠂ ᠤᠯᠤᠰ | ᠲᠦᠷᠦ ᠬᠠᠤᠯᠢ ᠴᠠᠭᠠᠵᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠰᠤᠷᠭᠠᠨ ᠬᠦᠮᠤᠵᠢᠯ ᠪᠤᠯᠪᠠᠰᠤᠷᠠᠯ ᠵᠡᠷᠬᠡ | ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠶᠢ ᠪᠠᠶᠢᠷᠢᠯᠠᠭᠤᠯᠬᠤ ᠶᠢ ᠰᠢᠯᠢᠳᠡᠭᠵᠢᠬᠦᠯᠵᠤ᠂ ᠰᠢᠰᠲ᠋ᠧᠮᠴᠢᠯᠡᠠ | ᠵᠤᠬᠢᠴᠠᠭᠤᠯᠬᠤ ᠡᠬᠦᠷᠬᠡ ᠴᠢᠲᠠᠪᠬᠢ ᠶᠢ ᠴᠢᠩᠭᠠᠳᠬᠠᠵᠤ᠂ ᠲᠤᠰ ᠰᠢᠰᠲ᠋ᠧᠮᠵᠢ ᠲᠤᠰ ᠬᠦᠷᠢᠶᠡᠨ ᠳᠠᠬᠢ ᠠᠵᠢᠯ ᠢ | ᠨᠢᠬᠡᠲᠤᠯᠲᠠᠢ ᠲᠦᠯᠦᠪᠵᠢᠬᠦᠯᠤᠨᠠ᠃ ᠨᠠᠮ ᠤᠨ ᠬᠤᠷᠢᠶ᠎ᠠ ᠶᠢᠨ ᠡᠯ᠎ᠠ ᠲᠦᠷᠦᠯ ᠤᠨ ᠠᠵᠢᠯ ᠬᠦᠢᠴᠡᠳᠬᠡᠬᠦ | ᠪᠠᠶᠢᠭᠤᠯᠤᠮᠵᠢ ᠶᠢ ᠰᠢᠯᠢᠳᠡᠭᠵᠢᠬᠦᠯᠤᠨ ᠲᠤᠬᠢᠷᠠᠭᠤᠯᠵᠤ᠂ ᠡᠬᠦᠷᠬᠡ ᠴᠢᠲᠠᠪᠬᠢᠲᠤ ᠰᠠᠯᠠᠭ᠎ᠠ ᠮᠦᠴᠢᠷ ᠤᠨ | ᠲᠠᠭᠠᠭᠠᠴᠢᠯᠠᠵᠤ ᠪᠠᠶᠢᠭ᠎ᠠ ᠤᠴᠢᠷ ᠶᠠᠪᠤᠲᠠᠯ ᠢ ᠡᠬᠦᠷᠬᠡ ᠴᠢᠲᠠᠪᠬᠢᠲᠤ ᠰᠠᠯᠠᠭ᠎ᠠ ᠮᠦᠴᠢᠷ ᠲᠠᠭᠠᠭᠠᠴᠢᠯᠠᠵᠤ ᠪᠤᠯᠤᠨ᠎ᠠ᠃ | ᠨᠠᠮ ᠠᠴᠠ ᠲᠤᠮᠢᠯᠠᠭᠰᠠᠨ ᠪᠠᠶᠢᠭᠤᠯᠭ᠎ᠠ ᠶᠢ ᠵᠢᠷᠤᠮᠵᠢᠭᠤᠯᠤᠨ ᠪᠠᠶᠢᠷᠢᠯᠠᠭᠤᠯᠵᠤ᠂ ᠬᠤᠯᠪᠤᠭᠲᠠᠯ ᠪᠦᠬᠦᠢ ᠬᠦᠷᠢᠶ᠎ᠠ᠂ | ᠠᠵᠢᠯ ᠲᠦᠷᠦᠯ᠂ ᠰᠢᠰᠲ᠋ᠧᠮ ᠤᠨ ᠠᠵᠢᠯ ᠤᠨ ᠤᠲᠤᠷᠢᠲᠤᠯᠭ᠎ᠠ ᠶᠢ ᠴᠢᠩᠭᠠᠳᠬᠠᠨ᠎ᠠ᠃ ᠬᠤᠷᠴᠠ ᠴᠢᠲᠠᠮᠠᠭᠠᠢ | ᠪᠦᠳᠦᠮᠵᠢ ᠰᠠᠶᠢᠳᠠᠢ ᠪᠠᠶᠢᠬᠤ ᠵᠠᠷᠴᠢᠮ ᠢ ᠦᠨᠲᠤᠰᠤᠯᠠᠨ ᠡᠯ᠎ᠠ ᠱᠠᠲᠤᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ | ᠠᠵᠢᠯ ᠦᠢᠯᠡᠰ ᠤᠨ ᠨᠢᠬᠡᠴᠠ ᠶᠢ ᠪᠠᠶᠢᠷᠢᠯᠠᠭᠤᠯᠤᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠲᠤᠭᠤᠶᠢᠯᠠᠩ︶ ᠨᠠᠶᠢᠲᠠᠪᠤᠷᠢᠵᠢᠭᠤᠯᠬᠤ ᠶᠢ ᠠᠳᠬᠤᠬᠤ ᠴᠢᠲᠠᠪᠤᠷᠢ ᠪᠠᠨ ᠴᠢᠩᠭᠠᠳᠬᠠᠵᠤ᠂ | ᠵᠤᠬᠢᠴᠠᠭᠤᠯᠬᠤ᠂ ᠱᠠᠯᠠᠪᠳᠠᠭᠤᠯᠬᠤ ᠡᠬᠦᠷᠬᠡ ᠴᠢᠲᠠᠪᠬᠢ ᠪᠠᠨ ᠴᠢᠩᠭᠠᠳᠬᠠᠨ᠎ᠠ᠃ | ︵ᠲᠦᠷᠪᠠ︶ ᠨᠠᠮ ᠵᠠᠰᠠᠭ ᠤᠨ ᠪᠠᠶᠢᠭᠤᠯᠤᠮᠵᠢ ᠶᠢ ᠨᠢᠬᠡᠲᠤᠯᠲᠠᠢ ᠲᠦᠯᠦᠪᠵᠢᠬᠦᠯᠤᠨ ᠪᠠᠶᠢᠷᠢᠯᠠᠭᠤᠯᠤᠨ᠎ᠠ᠃ | ᠨᠠᠮ ᠤᠨ ᠲᠦᠪ ᠬᠤᠷᠢᠶ᠎ᠠ ᠶᠢᠨ ᠲᠦᠪᠯᠡᠷᠠᠩᠬᠦᠢ ᠨᠢᠬᠡᠲᠤᠯᠲᠠᠢ ᠤᠲᠤᠷᠢᠲᠤᠯᠭ᠎ᠠ ᠶᠢ ᠪᠠᠷᠢᠮᠳᠠᠯᠠᠬᠤ ᠱᠠᠭᠠᠷᠲᠠᠯᠭ᠎ᠠ ᠶᠢ | ᠦᠨᠲᠤᠰᠤᠯᠠᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠵᠦᠪ | ᠤᠨᠤᠪᠴᠢᠲᠠᠢ ᠪᠠᠷ ᠪᠠᠶᠢᠷᠢ ᠲᠤᠭᠲᠠᠭᠠᠯᠲᠠ ᠬᠢᠵᠤ᠂ ᠵᠤᠬᠢᠰᠲᠠᠢ ᠪᠠᠷ ᠠᠵᠢᠯ ᠬᠤᠪᠢᠶᠠᠷᠢᠯᠠᠵᠤ᠂ ᠬᠠᠮᠳᠤᠷᠠᠯ ᠤᠨ | ᠬᠦᠴᠤᠨ ᠢ ᠴᠢᠩᠭᠠᠳᠬᠠᠨ᠂ ᠪᠠᠶᠢᠭᠤᠯᠤᠮᠵᠢ ᠲᠠᠪᠬᠤᠷᠲᠠᠬᠤ᠂ ᠡᠬᠦᠷᠬᠡ ᠴᠢᠲᠠᠪᠬᠢ ᠲᠠᠪᠬᠤᠷᠲᠠᠬᠤ᠂ ᠠᠵᠢᠯ | ᠲᠠᠪᠬᠤᠷᠲᠠᠬᠤ ᠶᠢ ᠰᠡᠷᠬᠡᠶᠢᠯᠠᠨ᠎ᠠ᠃ ᠨᠠᠮ ᠤᠨ ᠬᠤᠯᠪᠤᠭᠲᠠᠯ ᠪᠦᠬᠦᠢ ᠪᠠᠶᠢᠭᠤᠯᠤᠮᠵᠢ ᠠᠲᠠᠯᠢᠪᠲᠤᠷ ᠡᠬᠦᠷᠬᠡ ᠴᠢᠲᠠᠪᠬᠢ᠂ | ᠨᠢᠭᠲᠠ ᠬᠠᠷᠢᠯᠴᠠᠭ᠎ᠠ ᠲᠠᠢ ᠪᠤᠰᠤᠳ ᠰᠠᠯᠠᠭ᠎ᠠ ᠮᠦᠴᠢᠷ ᠢ ᠨᠢᠬᠡᠲᠤᠯᠲᠠᠢ ᠲᠦᠯᠤᠪᠵᠢᠬᠦᠯᠤᠨ ᠪᠠᠶᠢᠷᠢᠯᠠᠭᠤᠯᠵᠤ᠂ | ᠨᠠᠶᠢᠯᠠᠬᠦᠯᠤᠨ ᠪᠠᠶᠢᠭᠤᠯᠬᠤ ᠪᠤᠶᠤ ᠵᠠᠬᠢᠷᠭ᠎ᠠ ᠨᠠᠶᠢᠯᠡᠬᠦᠯᠤᠨ ᠠᠯᠪᠠᠯᠠᠬᠤ ᠶᠢ ᠬᠡᠷᠡᠭᠵᠢᠬᠦᠯᠵᠤ᠂ ᠬᠦᠴᠤᠨ ᠴᠢᠲᠠᠯ ᠪᠠ | ᠡᠬᠢ ᠪᠠᠶᠠᠯᠢᠭ ᠢᠶᠠᠨ ᠨᠡᠶᠢᠳᠬᠡᠨ ᠰᠢᠯᠢᠳᠡᠭᠵᠢᠬᠦᠯᠵᠤ᠂ ᠶᠠᠷᠦᠩᠬᠡᠶᠢᠯᠡᠭᠰᠡᠨ ᠦᠷ᠎ᠠ ᠠᠰᠢᠭ ᠢ ᠪᠠᠲᠠᠷᠠᠭᠤᠯᠤᠨ᠎ᠠ᠃ | ︵ᠲᠠᠪᠤ︶ ᠨᠠᠮ ᠤᠨ ᠰᠠᠬᠢᠯᠬᠠ ᠪᠠᠲᠦ ᠪᠠᠶᠢᠴᠠᠭᠠᠬᠤ ᠪᠠᠶᠢᠭᠤᠯᠤᠮᠵᠢ ᠪᠠ ᠤᠯᠤᠰ ᠤᠨ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠦ ᠪᠠᠶᠢᠴᠠᠭᠠᠬᠤ ᠪᠠᠶᠢᠭᠤᠯᠤᠮᠵᠢ | ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠰᠠᠬᠢᠯᠭ᠎ᠠ ᠪᠠᠲᠦ ᠪᠠᠶᠢᠴᠠᠭᠠᠬᠤ ᠠᠵᠢᠯ ᠤᠨ ᠲᠠᠪᠬᠤᠷ ᠤᠲᠤᠷᠢᠳᠬᠤ | ᠪᠠᠶᠢᠭᠤᠯᠤᠮᠵᠢ ᠶᠢᠨ ᠪᠤᠲᠠᠲᠠᠶᠢᠵᠢᠭᠤᠯᠤᠯᠲᠠ᠂ ᠵᠢᠷᠤᠮᠵᠢᠭᠤᠯᠤᠯᠲᠠ᠂ ᠲᠦᠷᠢᠮᠵᠢᠬᠦᠯᠦᠯᠲᠡ ᠶᠢ ᠠᠭᠢᠭᠤᠯᠵᠤ᠂ ᠲᠡᠭᠡᠳᠦ | ᠱᠠᠲᠦᠨ ᠤ ᠰᠠᠬᠢᠯᠭ᠎ᠠ ᠪᠠᠲᠦ ᠪᠠᠶᠢᠴᠠᠭᠠᠬᠤ ᠵᠦᠪᠯᠡᠯ ᠤᠨ ᠲᠤᠤᠷᠠᠲᠤ ᠱᠠᠲᠦᠨ ᠤ ᠰᠠᠬᠢᠯᠭ᠎ᠠ ᠪᠠᠲᠦ ᠪᠠᠶᠢᠴᠠᠭᠠᠬᠤ | ᠵᠦᠪᠯᠡᠯ ᠲᠠᠬᠢ ᠤᠲᠤᠷᠢᠲᠤᠯᠭ᠎ᠠ ᠶᠢ ᠴᠢᠩᠭᠠᠳᠬᠠᠨ᠎ᠠ᠃ ᠨᠠᠮ ᠪᠠ ᠤᠯᠤᠰ ᠤᠨ ᠬᠢᠨᠠᠨ ᠪᠠᠶᠢᠴᠠᠭᠠᠬᠤ ᠰᠢᠰᠲ᠋ᠧᠮᠵᠢ ᠶᠢ | ᠪᠦᠷᠢᠨᠰᠢᠬᠦᠯᠵᠦ᠂ ᠡᠷᠭᠡ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠨ ᠪᠠᠶᠢᠴᠠᠭᠠᠬᠤ ᠲᠤᠭᠲᠠᠴᠠ ᠶᠢ | ᠲᠡᠬᠦᠯᠳᠡᠷᠵᠢᠬᠦᠯᠵᠦ᠂ ᠤᠯᠤᠰ᠂ ᠮᠤᠵᠢ᠂ ᠬᠤᠲᠠ᠂ ᠰᠢᠶᠠᠨ ᠤ ᠬᠢᠨᠠᠨ ᠪᠠᠶᠢᠴᠠᠭᠠᠬᠤ ᠵᠦᠪᠯᠡᠯ ᠢ ᠪᠠᠶᠢᠭᠤᠯᠵᠦ᠂ ᠨᠠᠮ | ᠤᠨ ᠰᠠᠬᠢᠯᠭ᠎ᠠ ᠪᠠᠲᠦ ᠪᠠᠶᠢᠴᠠᠭᠠᠬᠤ ᠪᠠᠶᠢᠭᠤᠯᠭ᠎ᠠ ᠲᠠᠢ ᠠᠵᠢᠯ ᠤᠨ ᠪᠠᠶᠢᠷᠢ ᠪᠠᠨ ᠨᠢᠭᠡᠳᠭᠡᠵᠦ ᠠᠵᠢᠯᠯᠠᠨ᠂ ᠨᠠᠮ ᠤᠨ | ᠲᠤᠲᠤᠭᠠᠲᠦᠬᠢ ᠬᠢᠨᠠᠯᠳᠠ ᠲᠠᠯᠪᠢᠯᠳᠠ ᠪᠠ ᠲᠦᠷᠦ ᠶᠢᠨ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ᠂ ᠨᠠᠮ ᠤᠨ | ᠰᠠᠬᠢᠯᠭ᠎ᠠ ᠪᠠᠲᠦ ᠶᠢᠨ ᠪᠠᠶᠢᠴᠠᠭᠠᠯᠲᠠ ᠪᠠ ᠤᠯᠤᠰ ᠤᠨ ᠪᠠᠶᠢᠴᠠᠭᠠᠯᠲᠠ ᠶᠢ ᠤᠷᠭᠠᠨᠢᠭ ᠢᠶᠠᠷ ᠨᠢᠭᠡᠳᠭᠡᠵᠦ᠂ ᠨᠡᠶᠢᠳᠡ | ᠶᠢᠨ ᠡᠷᠭᠡ ᠶᠢ ᠭᠡᠷᠡᠭᠵᠢᠬᠦᠯᠵᠦ ᠪᠠᠶᠢᠭ᠎ᠠ ᠪᠤᠢ ᠪᠦᠬᠦᠢ ᠠᠯᠪᠠᠨ ᠲᠤᠰᠢᠶᠠᠯᠲᠠᠨ ᠢ ᠪᠦᠷᠬᠦᠬᠦᠯᠬᠦ ᠶᠢ ᠪᠡᠶᠡᠯᠡᠭᠦᠯᠦᠨ᠎ᠡ᠃ | ᠲᠤᠭᠤᠷᠢᠨ ᠦᠵᠡᠵᠦ ᠲᠤᠭᠤᠷᠢᠨ ᠪᠠᠶᠢᠴᠠᠭᠠᠬᠤ ᠠᠵᠢᠯ ᠢ ᠲᠡᠬᠦᠯᠳᠡᠷᠵᠢᠬᠦᠯᠵᠦ᠂ ᠨᠠᠮ ᠤᠨ ᠲᠤᠲᠤᠭᠠᠲᠦᠬᠢ ᠬᠢᠨᠠᠯᠳᠠ | ᠲᠠᠯᠪᠢᠯᠳᠠ ᠪᠠᠷ ᠭᠤᠤᠯᠯᠠᠭᠤᠯᠵᠦ᠂ ᠪᠤᠰᠤᠳ ᠬᠢᠨᠠᠯᠳᠠ ᠲᠠᠯᠪᠢᠯᠳᠠ ᠶᠢ ᠬᠠᠷᠢᠯᠴᠠᠨ ᠤᠶᠠᠯᠲᠤᠭᠤᠯᠤᠬᠰᠠᠨ ᠬᠢᠨᠠᠨ | ᠪᠠᠶᠢᠴᠠᠭᠠᠬᠤ ᠬᠠᠮᠳᠤᠷᠠᠯ ᠬᠦᠴᠦᠨ ᠢ ᠳᠡᠭᠦᠯᠳᠡᠷᠵᠢᠬᠦᠯᠦᠨ᠎ᠡ᠃ | ᠲᠦᠷᠪᠡ᠂ ᠵᠠᠰᠠᠭ ᠤᠨ ᠤᠷᠲᠤᠨ ᠤ ᠪᠠᠶᠢᠭᠤᠯᠤᠮᠵᠢ ᠶᠢᠨ ᠲᠤᠬᠢᠷᠠᠭᠤᠯᠤᠯᠲᠠ ᠪᠠ ᠡᠬᠦᠷᠭᠡ ᠴᠢᠲᠠᠪᠬᠢ ᠶᠢᠨ | ᠲᠤᠬᠢᠷᠠᠭᠤᠯᠤᠯᠲᠠ ᠶᠢ ᠰᠢᠯᠢᠳᠡᠭᠵᠢᠬᠦᠯᠦᠨ᠎ᠡ | ᠵᠠᠰᠠᠭ ᠤᠨ ᠤᠷᠲᠤᠨ ᠤ ᠡᠬᠦᠷᠭᠡ ᠴᠢᠲᠠᠪᠬᠢ ᠶᠢ ᠬᠤᠪᠢᠷᠠᠭᠤᠯᠬᠤ ᠪᠤᠯ ᠨᠠᠮ ᠪᠤᠯᠤᠨ ᠲᠦᠷᠦ ᠶᠢᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠠ ᠡᠬᠦᠷᠭᠡ ᠪᠤᠯᠤᠨ᠎ᠠ᠃ ᠡᠬᠢ ᠪᠠᠶᠠᠯᠢᠭ ᠤᠨ | ᠲᠤᠬᠢᠷᠠᠭᠤᠯᠤᠯᠲᠠ ᠲᠤᠮᠲᠠ ᠰᠢᠢᠳᠪᠦᠷᠢᠯᠡᠬᠦ ᠴᠢᠨᠠᠷᠲᠠᠢ ᠦᠢᠯᠡᠲᠦᠯ ᠭᠠᠷᠭᠠᠵᠦ᠂ ᠵᠠᠰᠠᠭ ᠤᠨ ᠤᠷᠲᠤᠨ ᠤ ᠦᠢᠯᠡᠲᠦᠯ | ᠢᠶᠠᠨ ᠨᠡᠩ ᠰᠠᠶᠢᠲᠦᠷ ᠪᠠᠲᠠᠷᠠᠭᠤᠯᠬᠤ ᠶᠢ ᠬᠢᠵᠠᠭᠠᠷᠯᠠᠵᠦ ᠪᠠᠶᠢᠭ᠎ᠠ ᠪᠠᠶᠢᠭᠤᠯᠤᠮᠵᠢ ᠲᠤᠭᠲᠠᠴᠠ ᠶᠢᠨ ᠬᠡᠮ ᠠᠷᠬᠠᠭ ᠢ | ᠠᠷᠢᠯᠭᠠᠨ᠂ ᠦᠨᠲᠦᠷ ᠶᠠᠰᠦ ᠴᠢᠨᠠᠷ ᠲᠠᠢ ᠬᠦᠭᠵᠢᠯᠳᠡ ᠶᠢ ᠠᠭᠢᠭᠤᠯᠬᠤ ᠲᠤᠭᠤᠷᠢᠨ ᠳᠤ᠂ ᠤᠲᠤᠬᠢᠴᠢᠯᠠᠬᠰᠠᠨ ᠠᠵᠦ | ᠠᠬᠤᠢ ᠶᠢᠨ ᠰᠢᠰᠲ᠋ᠧᠮᠵᠢ ᠶᠢ ᠪᠠᠶᠢᠭᠤᠯᠵᠦ᠂ ᠵᠠᠰᠠᠭ ᠤᠨ ᠤᠷᠲᠤᠨ ᠤ ᠠᠵᠦ ᠠᠬᠤᠢ ᠶᠢᠨ ᠲᠤᠬᠢᠷᠠᠭᠤᠯᠤᠯᠲᠠ᠂ ᠵᠠᠬ᠎ᠠ | ᠲᠡᠯᠭᠡᠬᠦᠷ ᠤᠨ ᠬᠢᠨᠠᠨ ᠬᠠᠮᠢᠶᠠᠷᠤᠯᠲᠠ᠂ ᠨᠡᠶᠢᠬᠡᠮ ᠤᠨ ᠬᠠᠮᠢᠶᠠᠷᠤᠯᠲᠠ᠂ ᠤᠯᠠᠨ ᠨᠡᠶᠢᠳᠡ ᠶᠢᠨ ᠦᠢᠯᠡᠴᠢᠯᠡᠭᠡ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠡᠬᠦᠷᠭᠡ ᠴᠢᠲᠠᠪᠬᠢ ᠶᠢ ᠴᠢᠩᠭᠠᠳᠬᠠᠨ ᠲᠡᠬᠦᠯᠳᠡᠷᠵᠢᠬᠦᠯᠵᠦ᠂ | ᠵᠠᠰᠠᠭ ᠤᠨ ᠤᠷᠲᠤᠨ ᠤ ᠪᠠᠶᠢᠭᠤᠯᠤᠮᠵᠢ ᠶᠢᠨ ᠡᠬᠦᠷᠭᠡ ᠴᠢᠲᠠᠪᠬᠢ ᠶᠢ ᠵᠤᠬᠢᠴᠠᠭᠤᠯᠤᠨ ᠰᠢᠯᠢᠳᠡᠭᠵᠢᠬᠦᠯᠵᠦ᠂ ᠵᠠᠰᠠᠭ | ᠤᠨ ᠤᠷᠲᠤᠨ ᠤ ᠴᠢᠲᠠᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠠᠷᠠᠳ ᠲᠦᠮᠡᠨ ᠳᠤ ᠲᠠᠭᠠᠯᠠᠭᠳᠠᠭᠰᠠᠨ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠲᠤᠨ ᠢ ᠪᠠᠶᠢᠭᠤᠯᠤᠨ᠎ᠠ᠃ | ︵ᠨᠢᠬᠡ︶ ᠬᠤᠷᠸ᠎ᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠡᠬᠦᠷᠭᠡ ᠴᠢᠲᠠᠪᠬᠢ ᠶᠢ ᠵᠤᠬᠢᠰᠲᠠᠢ | ᠲᠤᠬᠢᠷᠠᠭᠤᠯᠤᠨ᠎ᠠ᠃ ᠬᠤᠷᠸ᠎ᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠪᠠ ᠡᠷᠭᠡ ᠶᠢᠨ | ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠦ᠂ ᠤᠯᠤᠰ ᠤᠨ ᠬᠦᠭᠵᠢᠯᠳᠡ ᠶᠢᠨ ᠪᠠᠶᠢᠯᠲᠤᠬᠤ ᠪᠤᠲᠤᠯᠭ᠎ᠠ | ᠲᠤᠭᠲᠠᠭᠠᠬᠤ ᠪᠠ ᠨᠢᠬᠡᠲᠦᠯᠳᠡᠢ ᠲᠦᠯᠦᠪᠵᠢᠬᠦᠯᠬᠦ ᠰᠢᠰᠲ᠋ᠧᠮᠵᠢ ᠶᠢᠨ ᠡᠬᠦᠷᠭᠡ ᠴᠢᠲᠠᠪᠬᠢ ᠶᠢ ᠴᠢᠩᠭᠠᠳᠬᠠᠵᠦ᠂ | ᠤᠯᠤᠰ ᠤᠨ ᠪᠠᠶᠢᠯᠲᠤᠬᠤ ᠪᠤᠲᠤᠯᠭ᠎ᠠ ᠪᠠ ᠲᠦᠯᠦᠪᠵᠢᠬᠦᠯᠬᠡ ᠶᠢᠨ ᠤᠲᠤᠷᠢᠲᠤᠮᠵᠢ ᠶᠢᠨ ᠦᠢᠯᠡᠲᠦᠯ ᠢ ᠨᠡᠩ ᠰᠠᠶᠢᠲᠦᠷ | ᠪᠠᠲᠠᠷᠠᠭᠤᠯᠤᠨ᠎ᠠ᠃ ᠬᠤᠷᠸ᠎ᠠ ᠲᠤᠬᠢᠷᠠᠭᠤᠯᠭ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠲᠤᠬᠢᠷᠠᠭᠤᠯᠭ᠎ᠠ ᠶᠢᠨ | ᠠᠷᠭ᠎ᠠ ᠪᠠᠷᠢᠯ ᠳᠤ ᠰᠢᠨ᠎ᠡ ᠶᠢ ᠡᠬᠦᠳᠴᠦ᠂ ᠬᠦᠭᠵᠢᠯᠳᠡ ᠶᠢᠨ ᠲᠦᠯᠦᠪᠵᠢᠬᠦᠯᠬᠡ ᠲᠤᠭᠲᠠᠭᠠᠨ᠂ ᠡᠳ᠋ ᠤᠨ ᠵᠠᠰᠠᠭ᠂ | ᠮᠦᠡᠭᠬᠦᠨ ᠬᠦᠢᠯᠬᠡᠬᠡᠨ ᠵᠡᠷᠭᠡ ᠲᠦᠷᠦ ᠶᠢᠨ ᠪᠤᠲᠤᠯᠭ᠎ᠠ ᠶᠢᠨ ᠵᠤᠬᠢᠴᠠᠭᠤᠯᠭ᠎ᠠ ᠪᠠ ᠠᠵᠢᠯ ᠤᠨ ᠬᠠᠮᠵᠢᠯᠴᠠᠬᠤ | ᠲᠤᠬᠲᠠᠴᠠ ᠶᠢ ᠲᠡᠬᠦᠯᠳᠡᠷᠵᠢᠬᠦᠯᠦᠨ᠎ᠡ᠃ ᠠᠵᠦ ᠠᠬᠤᠢ ᠶᠢᠨ ᠬᠢᠨᠠᠨ ᠬᠡᠮᠵᠢᠯᠳᠡ ᠤᠷᠢᠳᠴᠢᠯᠡᠨ ᠲᠦᠰᠦᠪᠯᠡᠬᠦ | ᠤᠷᠢᠳᠴᠢᠯᠡᠨ ᠮᠡᠳᠡᠭᠡᠯᠡᠬᠦ ᠴᠢᠲᠠᠪᠦᠷᠢ ᠶᠢ ᠴᠢᠩᠭᠠᠳᠬᠠᠵᠦ᠂ ᠲᠤᠮᠤ ᠳ᠋ᠠᠶᠢᠲ᠋ᠠ᠂ ᠡᠬᠦᠯᠡᠨ ᠪᠤᠲᠤᠯᠲᠠ ᠵᠡᠷᠭᠡ ᠮᠡᠷᠭᠡᠵᠢᠯ | ᠤᠨ ᠠᠷᠭ᠎ᠠ ᠠᠪᠴᠠᠯ ᠢ ᠶᠡᠷᠦᠩᠭᠡᠶᠢᠯᠡᠨ ᠠᠰᠢᠬᠯᠠᠵᠦ᠂ ᠬᠤᠷᠸ᠎ᠠ ᠲᠤᠬᠢᠷᠠᠭᠤᠯᠭ᠎ᠠ ᠶᠢᠨ ᠠᠯᠤᠰ ᠬᠡᠲᠦ ᠶᠢᠨ ᠰᠢᠨᠵᠢ᠂ | ᠬᠠᠨᠲᠤᠯᠭᠠᠲᠦ ᠰᠢᠨᠵᠢ᠂ ᠬᠠᠮᠵᠢᠯᠴᠠᠬᠤ ᠰᠢᠨᠵᠢ ᠶᠢ ᠨᠡᠮᠡᠭᠳᠡᠬᠦᠯᠦᠨ᠎ᠡ᠃ ᠵᠠᠰᠠᠭ ᠤᠨ ᠤᠷᠲᠤᠨ ᠤ ᠭᠠᠭᠴᠠᠭᠠᠷ ᠡᠵᠡᠮᠰᠢᠯ | ᠢ ᠡᠰᠡᠷᠬᠦᠴᠡᠬᠦ᠂ ᠭᠤᠤᠯᠴᠢ ᠪᠤᠰᠤ ᠦᠷᠢᠰᠦᠯᠲᠦᠭᠡᠨ ᠢ ᠡᠰᠡᠷᠬᠦᠴᠡᠬᠦ ᠡᠬᠦᠷᠭᠡ ᠴᠢᠲᠠᠪᠬᠢ ᠶᠢ ᠴᠢᠩᠭᠠᠳᠬᠠᠨ | ᠰᠢᠯᠢᠳᠡᠭᠵᠢᠬᠦᠯᠵᠦ᠂ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ ᠵᠠᠬ᠎ᠠ ᠲᠡᠯᠭᠡᠬᠦᠷ ᠤᠨ | ᠭᠠᠭᠴᠠᠭᠠᠷ ᠡᠵᠡᠮᠰᠢᠯ ᠢ ᠰᠡᠷᠭᠡᠶᠢᠯᠡᠵᠦ᠂ ᠵᠠᠬ᠎ᠠ ᠲᠡᠯᠭᠡᠬᠦᠷ ᠢ ᠨᠢᠭᠡᠳᠭᠡᠬᠦ ᠪᠠ ᠭᠤᠤᠯᠴᠢ ᠦᠷᠢᠰᠦᠯᠲᠦᠭᠡᠨ ᠢ | ᠬᠠᠷᠰᠢᠯᠠᠵᠦ ᠪᠠᠶᠢᠭ᠎ᠠ ᠡᠯ᠎ᠡ ᠲᠦᠷᠦᠯ ᠤᠨ ᠲᠦᠷᠢᠮ ᠲᠤᠭᠲᠠᠭᠠᠯ ᠪᠠ ᠠᠷᠭ᠎ᠠ ᠬᠢᠳᠡᠯ ᠢ ᠴᠡᠪᠡᠷᠯᠡᠵᠦ ᠬᠦᠴᠦᠨ ᠦᠬᠡᠢ | ᠪᠤᠯᠭᠠᠨ᠎ᠠ᠃ ᠵᠠᠰᠠᠭ ᠤᠨ ᠤᠷᠲᠤᠨ ᠤ ᠬᠠᠦᠯᠢ ᠴᠠᠭᠠᠵᠠ ᠶᠢᠨ ᠡᠬᠦᠷᠭᠡ ᠴᠢᠲᠠᠪᠬᠢ ᠶᠢ ᠴᠢᠩᠭᠠᠳᠬᠠᠨ | ᠰᠢᠯᠢᠳᠡᠭᠵᠢᠬᠦᠯᠵᠦ᠂ ᠬᠠᠦᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ | ᠤᠷᠲᠤᠨ ᠤ ᠡᠳ᠋ ᠤᠨ ᠵᠠᠰᠠᠭ ᠭᠠᠶᠢᠯᠢ ᠶᠢᠨ ᠡᠬᠦᠷᠭᠡ ᠴᠢᠲᠠᠪᠬᠢ ᠶᠢ ᠴᠢᠩᠭᠠᠳᠬᠠᠨ ᠰᠢᠯᠢᠳᠡᠭᠵᠢᠬᠦᠯᠵᠦ᠂ ᠨᠢᠬᠡᠲᠦᠯᠳᠡᠢ | ᠭᠠᠶᠢᠯᠢ ᠶᠢᠨ ᠲᠦᠷᠢᠮ ᠪᠠ ᠲᠡᠰ ᠬᠤᠪᠢᠶᠠᠬᠰᠠᠨ ᠡᠳ᠋ ᠤᠨ ᠵᠠᠰᠠᠭ ᠤᠨ ᠬᠠᠷᠢᠴᠠᠭ᠎ᠠ ᠶᠢ ᠤᠯᠠᠮ ᠨᠢᠬᠡ ᠠᠯᠬᠤᠮ | ᠰᠢᠯᠤᠭᠤᠳᠬᠠᠵᠦ᠂ ᠤᠯᠤᠰ ᠤᠨ ᠵᠠᠰᠠᠯᠲᠠ ᠶᠢᠨ ᠴᠢᠬᠤᠯᠠ ᠰᠠᠭᠤᠷᠢ ᠶᠢ ᠪᠠᠲᠤᠳᠬᠠᠨ᠎ᠠ᠃ ᠮᠦᠡᠭᠬᠦᠨ ᠬᠦᠢᠯᠭᠡᠭᠡᠨ ᠤ | ᠬᠠᠮᠢᠶᠠᠷᠤᠯᠲᠠ ᠶᠢᠨ ᠡᠬᠦᠷᠭᠡ ᠴᠢᠲᠠᠪᠬᠢ ᠶᠢ ᠴᠢᠩᠭᠠᠳᠬᠠᠨ ᠰᠢᠯᠢᠳᠡᠭᠵᠢᠬᠦᠯᠵᠦ᠂ ᠵᠤᠭᠤᠰ ᠤᠨ ᠲᠦᠷᠦ ᠶᠢᠨ | ᠪᠤᠲᠤᠯᠭ᠎ᠠ᠂ ᠬᠤᠷᠸ᠎ᠠ ᠬᠢᠨᠠᠯᠲᠠ ᠶᠢᠨ ᠲᠦᠷᠦ ᠶᠢᠨ ᠪᠤᠲᠤᠯᠭ᠎ᠠ᠂ ᠮᠦᠡᠭᠬᠦᠨ ᠬᠦᠢᠯᠭᠡᠭᠡᠨ ᠤ ᠬᠢᠨᠠᠨ ᠬᠠᠮᠢᠶᠠᠷᠤᠯᠲᠠ | ᠶᠢᠨ ᠵᠤᠬᠢᠴᠠᠩᠭᠤᠢ ᠰᠢᠨᠵᠢ ᠶᠢ ᠲᠡᠭᠡᠭᠰᠢᠯᠡᠬᠦᠯᠵᠦ᠂ ᠮᠦᠡᠭᠬᠦᠨ ᠬᠦᠢᠯᠬᠡᠬᠡᠨ ᠤ ᠬᠢᠨᠠᠨ ᠬᠠᠮᠢᠶᠠᠷᠤᠯᠲᠠ ᠶᠢᠨ | ᠬᠦᠴᠦᠯᠡᠴᠡ ᠶᠢ ᠰᠢᠯᠢᠳᠡᠭᠵᠢᠬᠦᠯᠵᠦ᠂ ᠮᠦᠡᠭᠬᠦᠨ ᠬᠦᠢᠯᠬᠡᠬᠡᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠦᠷᠢᠨᠰᠢᠬᠦᠯᠵᠦ᠂ ᠰᠢᠰᠲ᠋ᠧᠮᠲᠦ ᠴᠢᠨᠠᠷᠲᠠᠢ ᠮᠦᠡᠭᠬᠦᠨ ᠬᠦᠢᠯᠬᠡᠬᠡᠨ ᠤ ᠲᠦᠭᠰᠢᠬᠦᠷᠢ ᠦᠯᠦ ᠡᠬᠦᠰᠬᠦ ᠬᠤᠷᠢᠭ᠎ᠠ | ᠱᠤᠭᠤᠮ ᠢ ᠰᠠᠬᠢᠵᠦ᠂ ᠤᠯᠤᠰ ᠤᠨ ᠮᠦᠡᠭᠬᠦᠨ ᠬᠦᠢᠯᠬᠡᠬᠡᠨ ᠤ ᠠᠮᠤᠷ ᠲᠦᠪᠰᠢᠨ ᠢ ᠪᠠᠲᠤᠯᠠᠨ᠎ᠠ᠃ ᠵᠠᠰᠠᠭ ᠤᠨ | ᠤᠷᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠬᠦᠷᠭᠡ ᠴᠢᠲᠠᠪᠬᠢ ᠶᠢ | ᠴᠢᠩᠭᠠᠳᠬᠠᠵᠦ᠂ ᠰᠢᠯᠢᠳᠡᠭᠵᠢᠬᠦᠯᠵᠦ᠂ ᠬᠤᠪᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ | ᠲᠦᠷᠢᠮ ᠪᠠ ᠵᠤᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠦᠨ᠂ ᠮᠡᠳᠡᠯᠭᠡ ᠶᠢᠨ ᠦᠮᠴᠢᠯᠠᠯ ᠤᠨ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨ᠎ᠡ ᠶᠢ ᠡᠬᠦᠳᠬᠦ ᠪᠠᠷ ᠬᠦᠳᠡᠯᠭᠡᠭᠦᠷ ᠪᠤᠯᠭᠠᠭᠰᠠᠨ ᠬᠦᠭᠵᠢᠯᠳᠡ ᠶᠢᠨ | ᠪᠠᠶᠢᠯᠲᠤᠬᠤ ᠪᠤᠲᠤᠯᠭ᠎ᠠ ᠶᠢ ᠨᠠᠶᠢᠲᠠᠪᠦᠷᠢᠵᠢᠭᠤᠯᠤᠨ᠎ᠠ᠃ ᠵᠠᠰᠠᠭ ᠤᠨ ᠤᠷᠲᠤᠨ ᠤ ︽ᠬᠦᠳᠡᠭᠡ ᠲᠤᠰᠬᠤᠨ ᠬᠦᠳᠡᠭᠡ | ᠠᠵᠦ ᠠᠬᠤᠢ ᠲᠠᠷᠢᠶᠠᠴᠢᠨ︾ ᠤ ᠠᠵᠢᠯ ᠤᠨ ᠡᠬᠦᠷᠭᠡ ᠴᠢᠲᠠᠪᠬᠢ ᠶᠢ ᠴᠢᠩᠭᠠᠳᠬᠠᠨ ᠰᠢᠯᠢᠳᠡᠭᠵᠢᠬᠦᠯᠵᠦ᠂ ᠬᠦᠳᠡᠭᠡ | ᠲᠤᠰᠬᠤᠨ ᠢ ᠬᠦᠭᠵᠢᠬᠦᠯᠦᠨ ᠮᠠᠨᠲᠤᠭᠤᠯᠬᠤ ᠪᠠᠶᠢᠯᠲᠤᠬᠤ ᠪᠤᠲᠤᠯᠭ᠎ᠠ ᠶᠢ ᠯᠠᠪᠲᠠᠭᠤᠨ ᠪᠠᠲᠤᠲᠠᠢ ᠭᠡᠷᠡᠭᠵᠢᠬᠦᠯᠦᠨ᠎ᠡ᠃ | ᠨᠢᠬᠡᠲᠦᠯᠳᠡᠢ ᠦᠨᠲᠦᠷ ᠪᠦᠲᠦᠮᠵᠢᠳᠡᠢ ᠬᠢᠨᠠᠨ ᠪᠤᠲᠤᠯᠲᠠ ᠬᠢᠨᠠᠨ ᠪᠠᠶᠢᠴᠠᠭᠠᠯᠲᠠ ᠶᠢᠨ ᠰᠢᠰᠲ᠋ᠧᠮᠵᠢ ᠶᠢ ᠪᠠᠶᠢᠭᠤᠯᠵᠦ᠂ | ᠪᠦᠬᠦᠨ ᠢ ᠪᠦᠷᠬᠦᠬᠦᠯᠦᠨ᠎ᠡ᠃ ᠵᠠᠰᠠᠭ ᠤᠨ ᠤᠷᠲᠤᠨ ᠤ ᠭᠠᠲᠠᠭᠠᠲᠦ ᠳᠤ ᠬᠠᠨᠲᠤᠭᠤᠯᠤᠬᠰᠠᠨ ᠠᠵᠦ ᠠᠬᠤᠢ᠂ | ᠬᠢᠯᠢ ᠪᠠᠷ ᠭᠠᠷᠴᠤ ᠤᠷᠤᠬᠤ ᠬᠦᠮᠦᠰ ᠲᠤ ᠦᠢᠯᠡᠴᠢᠯᠡᠵᠦ ᠬᠠᠮᠢᠶᠠᠷᠬᠤ ᠠᠵᠢᠯ ᠤᠨ ᠴᠢᠲᠠᠪᠬᠢ ᠶᠢ ᠴᠢᠩᠭᠠᠳᠬᠠᠨ | ᠰᠢᠯᠢᠳᠡᠭᠵᠢᠬᠦᠯᠵᠦ᠂ ᠬᠠᠷᠢᠯᠴᠠᠨ ᠠᠰᠢᠬᠲᠠᠢ ᠬᠠᠮᠲᠦᠪᠡᠷ ᠠᠰᠢᠭ ᠬᠦᠷᠳᠡᠬᠦ ᠨᠡᠭᠡᠭᠡᠯᠳᠡᠳᠡᠢ ᠪᠠᠶᠢᠯᠲᠤᠬᠤ ᠪᠤᠲᠤᠯᠭ᠎ᠠ ᠶᠢ | ᠨᠠᠶᠢᠲᠠᠪᠦᠷᠢᠵᠢᠭᠤᠯᠤᠨ᠎ᠠ᠃ | ︵ᠬᠤᠶᠠᠷ︶ ᠵᠠᠰᠠᠭ ᠢ ᠴᠤᠮᠬᠠᠳᠬᠠᠵᠦ ᠡᠷᠭᠡ ᠶᠢ ᠲᠤᠷᠤᠬᠰᠢ ᠪᠠᠭᠤᠯᠭᠠᠬᠤ ᠶᠢ ᠬᠦᠨᠵᠡᠬᠡᠶᠢᠷᠡᠬᠦᠯᠦᠨ | ᠠᠬᠢᠭᠤᠯᠤᠨ᠎ᠠ᠃ ᠬᠤᠮᠠᠬᠢ ᠬᠠᠮᠢᠶᠠᠷᠤᠯᠲᠠ ᠶᠢᠨ ᠠᠵᠢᠯ ᠶᠠᠪᠤᠲᠠᠯ ᠪᠠ ᠬᠢᠨᠠᠨ ᠵᠦᠪᠰᠢᠶᠡᠷᠡᠬᠦ ᠪᠤᠲᠠᠲᠠᠢ ᠵᠦᠢᠯ ᠤᠳ ᠢ | ᠪᠠᠭᠠᠰᠬᠠᠵᠦ᠂ ᠵᠠᠰᠠᠭ ᠤᠨ ᠤᠷᠲᠤᠨ ᠤ ᠵᠠᠬ᠎ᠠ ᠲᠡᠯᠭᠡᠬᠦᠷ ᠤᠨ ᠡᠬᠢ ᠪᠠᠶᠠᠯᠢᠭ ᠢ ᠰᠢᠭᠤᠳ ᠲᠤᠬᠢᠷᠠᠭᠤᠯᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠵᠠᠰᠠᠭ ᠤᠨ ᠤᠷᠲᠤᠨ ᠤ ᠵᠠᠬ᠎ᠠ ᠲᠡᠯᠬᠡᠬᠦᠷ ᠤᠨ ᠠᠵᠢᠯᠯᠠᠭ᠎ᠠ ᠳᠤ | ᠰᠢᠭᠤᠳ ᠭᠠᠷ ᠲᠦᠷᠦᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠡᠬᠢ ᠪᠠᠶᠠᠯᠢᠭ ᠤᠨ ᠲᠤᠬᠢᠷᠠᠭᠤᠯᠤᠯᠲᠠ | ᠶᠢᠨ ᠦᠷ᠎ᠡ ᠪᠦᠲᠦᠮᠵᠢ ᠪᠠ ᠲᠦᠪ ᠭᠤᠤᠯᠴᠢ ᠴᠢᠨᠠᠷ ᠢ ᠲᠡᠭᠡᠭᠰᠢᠯᠡᠬᠦᠯᠵᠦ᠂ ᠡᠯ᠎ᠡ ᠲᠦᠷᠦᠯ ᠤᠨ ᠵᠠᠬ᠎ᠠ ᠲᠡᠯᠭᠡᠬᠦᠷ ᠤᠨ | ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠡᠯ᠎ᠡ ᠲᠦᠷᠦᠯ ᠤᠨ ᠵᠠᠰᠠᠭ ᠵᠠᠬᠢᠷᠭᠠᠨ ᠤ | ᠵᠦᠪᠰᠢᠶᠡᠷᠡᠯ᠂ ᠬᠢᠷᠢ ᠬᠡᠮ᠂ ᠵᠠᠭᠤᠴᠢ ᠶᠢᠨ ᠦᠢᠯᠡᠴᠢᠯᠡᠭᠡ ᠵᠡᠷᠭᠡ ᠬᠠᠮᠢᠶᠠᠷᠤᠯᠲᠠ ᠶᠢᠨ ᠭᠡᠷᠡᠭ ᠶᠠᠪᠤᠲᠠᠯ ᠢ ᠴᠡᠪᠡᠷᠯᠡᠵᠦ | ᠲᠦᠷᠢᠮᠵᠢᠬᠦᠯᠦᠨ᠂ ᠭᠤᠤᠯ ᠡᠯᠧᠮᠧᠨ᠋ᠲ ᠤᠨ ᠦᠨ᠎ᠡ ᠬᠠᠨᠭ᠍ᠰᠢ ᠶᠢᠨ ᠵᠠᠬ᠎ᠠ ᠲᠡᠯᠭᠡᠬᠦᠷᠴᠢᠯᠡᠭᠰᠡᠨ ᠦᠬᠡᠷᠡᠴᠢᠯᠡᠯᠳᠡ ᠶᠢ | ᠲᠦᠷᠭᠡᠳᠭᠡᠵᠦ᠂ ᠦᠢᠯᠡᠴᠢᠯᠡᠭᠡᠨ ᠤ ᠦᠢᠯᠡᠰ ᠤᠨ ᠵᠦᠪᠰᠢᠶᠡᠷᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠵᠠᠰᠠᠭ | ᠤᠨ ᠤᠷᠲᠤᠨ ᠤ ᠦᠢᠯᠡᠴᠢᠯᠡᠭᠡ ᠶᠢ ᠰᠢᠯᠢᠳᠡᠭᠵᠢᠬᠦᠯᠵᠦ᠂ ᠠᠵᠢᠯ ᠭᠡᠷᠡᠭ ᠬᠦᠢᠴᠡᠳᠭᠡᠬᠦ ᠠᠯᠬᠤᠮ ᠲᠠᠷᠠᠭ᠎ᠠ ᠶᠢ | ᠲᠡᠬᠦᠯᠳᠡᠷᠵᠢᠬᠦᠯᠦᠨ᠂ ᠵᠠᠰᠠᠭ ᠵᠠᠬᠢᠷᠭᠠᠨ ᠤ ᠲᠤᠭᠲᠠᠭᠠᠬᠤ ᠡᠷᠭᠡ ᠶᠢ ᠲᠦᠷᠢᠮᠵᠢᠬᠦᠯᠵᠦ᠂ ᠲᠦᠷᠢᠮ ᠤᠨ ᠰᠢᠨᠵᠢᠳᠡᠢ | ᠰᠤᠯᠢᠯᠴᠠᠭᠠᠨ ᠤ ᠦᠷᠳᠡᠭ ᠢ ᠶᠡᠬᠡᠪᠡᠷ ᠪᠠᠭᠤᠷᠠᠭᠤᠯᠵᠦ᠂ ᠨᠡᠩ ᠤᠯᠠᠨ ᠨᠡᠶᠢᠬᠡᠮ ᠤᠨ ᠭᠤᠤᠯ ᠴᠤᠭᠴᠠ ᠶᠢᠨ ᠰᠢᠨ᠎ᠡ | ᠶᠢ ᠡᠬᠦᠳᠴᠦ ᠦᠢᠯᠡᠰ ᠪᠤᠰᠬᠠᠬᠤ ᠶᠢ ᠵᠤᠷᠢᠬᠵᠢᠭᠤᠯᠦᠨᠡ᠃ ᠵᠠᠬ᠎ᠠ ᠲᠡᠯᠭᠡᠬᠦᠷ ᠤᠨ ᠵᠦᠪᠰᠢᠶᠡᠷᠡᠯ ᠤᠨ ᠦᠷᠢᠲᠦᠯ ᠤᠨ | ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ ᠡᠯ᠎ᠡ ᠲᠦᠷᠦᠯ ᠤᠨ ᠵᠠᠬ᠎ᠠ ᠲᠡᠯᠭᠡᠬᠦᠷ ᠤᠨ | ᠭᠤᠤᠯ ᠴᠤᠭᠴᠠ ᠶᠢᠨ ᠡᠷᠭᠡ ᠲᠡᠭᠰᠢ ᠠᠵᠠ ᠵᠠᠪᠰᠢᠶᠠᠨ ᠲᠠᠢ᠂ ᠡᠷᠭᠡ ᠲᠡᠭᠰᠢ ᠡᠷᠭᠡ ᠲᠠᠢ᠂ ᠡᠷᠭᠡ ᠲᠡᠭᠰᠢ | ᠲᠦᠷᠢᠮ ᠲᠠᠢ ᠪᠠᠶᠢᠬᠤ ᠶᠢ ᠪᠠᠲᠤᠯᠠᠵᠦ᠂ ᠰᠠᠶᠢᠨ ᠰᠠᠶᠢᠬᠠᠨ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠪᠤᠢ | ᠪᠤᠯᠭᠠᠨ᠎ᠠ᠃ | ︵ᠭᠤᠷᠪᠠ︶ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠪᠠ ᠬᠠᠦᠯᠢ ᠭᠡᠷᠡᠭᠵᠢᠬᠦᠯᠬᠦ ᠪᠠᠶᠢᠭᠤᠯᠤᠮᠵᠢ ᠶᠢ | ᠲᠡᠬᠦᠯᠳᠡᠷᠵᠢᠬᠦᠯᠦᠨ᠎ᠡ᠃ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠬᠡᠷᠡᠴᠢᠯᠡᠨ | ᠰᠢᠯᠤᠭᠤᠳᠬᠠᠵᠦ᠂ ᠬᠢᠨᠠᠨ ᠬᠠᠮᠢᠶᠠᠷᠬᠤ ᠴᠢᠲᠠᠪᠬᠢ ᠪᠠᠨ ᠨᠡᠶᠢᠳᠭᠡᠵᠦ᠂ ᠬᠢᠨᠠᠨ ᠬᠠᠮᠢᠶᠠᠷᠴᠦ ᠬᠠᠮᠵᠢᠯᠴᠠᠬᠤ ᠶᠢ | ᠴᠢᠩᠭᠠᠳᠬᠠᠵᠦ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠶᠢᠨ ᠬᠠᠮᠳᠤᠷᠠᠯ ᠬᠦᠴᠦᠨ ᠢ ᠪᠦᠷᠢᠯᠲᠦᠬᠦᠯᠦᠨ᠎ᠡ᠃ | ᠵᠠᠰᠠᠬ ᠵᠠᠬᠢᠷᠭᠠᠨ ᠤ ᠬᠠᠦᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠵᠠᠰᠠᠭ | ᠵᠠᠬᠢᠷᠭᠠᠨ ᠤ ᠰᠢᠳᠭᠡᠯ ᠤᠨ ᠡᠬᠦᠷᠭᠡ ᠴᠢᠲᠠᠪᠬᠢ ᠪᠠ ᠬᠠᠦᠯᠢ ᠭᠡᠷᠡᠭᠵᠢᠬᠦᠯᠬᠦ ᠡᠬᠢ ᠪᠠᠶᠠᠯᠢᠭ ᠢ ᠨᠢᠬᠡᠲᠦᠯᠳᠡᠢ | ᠲᠤᠬᠢᠷᠠᠭᠤᠯᠵᠦ᠂ ᠵᠠᠰᠠᠬ ᠵᠠᠬᠢᠷᠭᠠᠨ ᠤ ᠰᠢᠳᠭᠡᠬᠦ ᠡᠷᠭᠡ ᠶᠢ ᠬᠠᠷᠢᠴᠠᠩᠭᠤᠢ ᠪᠠᠷ ᠲᠦᠪᠯᠡᠷᠡᠬᠦᠯᠵᠦ᠂ ᠬᠠᠦᠯᠢ | ᠭᠡᠷᠡᠭᠵᠢᠬᠦᠯᠬᠦ ᠡᠩᠨᠡᠭᠡ ᠶᠢ ᠨᠡᠶᠢᠳᠭᠡᠨ ᠴᠤᠮᠬᠠᠳᠬᠠᠵᠦ᠂ ᠤᠯᠠᠨ ᠲᠠᠯᠠᠴᠢᠯᠠᠭᠰᠠᠨ ᠤᠯᠠᠨ ᠲᠠᠪᠬᠤᠷᠭ᠎ᠠ ᠪᠦᠬᠦᠢ | ᠲᠠᠪᠬᠤᠷᠲᠠᠭᠰᠠᠨ ᠬᠠᠦᠯᠢ ᠭᠡᠷᠡᠭᠵᠢᠬᠦᠯᠬᠦ ᠠᠰᠠᠭᠤᠲᠠᠯ ᠢ ᠰᠢᠢᠳᠪᠦᠷᠢᠯᠡᠨ᠎ᠡ᠃ ᠨᠢᠬᠡ ᠰᠠᠯᠠᠭ᠎ᠠ ᠮᠦᠴᠢᠷ ᠬᠡᠷᠪᠡ ᠬᠠᠦᠯᠢ | ᠭᠡᠷᠡᠭᠵᠢᠬᠦᠯᠬᠦ ᠤᠯᠠᠨ ᠡᠩᠨᠡᠭᠡ ᠲᠠᠢ ᠪᠤᠯ ᠵᠠᠷᠴᠢᠮ ᠲᠡᠭᠡᠷ᠎ᠡ ᠪᠠᠨ ᠨᠢᠬᠡ ᠡᠩᠨᠡᠭᠡ ᠪᠤᠯᠭᠠᠨ ᠨᠡᠶᠢᠳᠭᠡᠨᠡ᠃ ᠠᠳᠠᠯᠢ | ᠨᠢᠬᠡ ᠬᠦᠷᠢᠶ᠎ᠡ ᠴᠠᠷᠠᠭ᠎ᠠ ᠪᠤᠶᠤ ᠠᠳᠠᠯᠢᠬᠠᠨ ᠬᠦᠷᠢᠶ᠎ᠡ ᠴᠠᠷᠠᠭᠠᠨ ᠤ ᠬᠠᠦᠯᠢ ᠭᠡᠷᠡᠭᠵᠢᠬᠦᠯᠬᠦ ᠡᠩᠨᠡᠭᠡ ᠶᠢ ᠨᠡᠶᠢᠳᠭᠡᠬᠦ ᠶᠢ | ᠠᠬᠢᠭᠤᠯᠵᠦ᠂ ᠶᠡᠷᠦᠩᠭᠡᠶᠢᠯᠡᠨ ᠲᠤᠬᠢᠷᠠᠭᠤᠯᠬᠤ ᠶᠢ ᠭᠡᠷᠡᠭᠵᠢᠬᠦᠯᠦᠨ᠎ᠡ᠃ ᠬᠠᠦᠯᠢ ᠭᠡᠷᠡᠭᠵᠢᠬᠦᠯᠬᠦ ᠲᠡᠰ ᠲᠠᠪᠬᠤᠷᠭ᠎ᠠ ᠶᠢ | ᠪᠠᠭᠠᠰᠬᠠᠵᠦ᠂ ᠬᠠᠦᠯᠢ ᠭᠡᠷᠡᠭᠵᠢᠬᠦᠯᠬᠦ ᠬᠦᠴᠦᠨ ᠶᠢᠡᠨ ᠲᠤᠷᠤᠭᠰᠢᠯᠠᠭᠤᠯᠬᠤᠮ ᠶᠢ ᠠᠬᠢᠭᠤᠯᠤᠨ᠎ᠠ᠃ ᠬᠠᠦᠯᠢ | ᠭᠡᠷᠡᠭᠵᠢᠬᠦᠯᠬᠦ ᠠᠯᠬᠤᠮ ᠲᠠᠷᠠᠭ᠎ᠠ ᠪᠠᠨ ᠲᠡᠬᠦᠯᠳᠡᠷᠵᠢᠬᠦᠯᠵᠦ᠂ ᠬᠠᠦᠯᠢ ᠭᠡᠷᠡᠭᠵᠢᠬᠦᠯᠬᠦ ᠬᠠᠷᠢᠭᠤᠴᠠᠯᠭ᠎ᠠ ᠪᠠᠨ | ᠴᠢᠩᠭᠠᠳᠬᠠᠵᠦ᠂ ᠬᠠᠦᠯᠢ ᠭᠡᠷᠡᠭᠵᠢᠬᠦᠯᠬᠦ ᠬᠢᠨᠠᠨ ᠬᠠᠮᠢᠶᠠᠷᠤᠯᠲᠠ ᠪᠠᠨ ᠴᠢᠩᠭᠠᠳᠬᠠᠵᠦ᠂ ᠲᠦᠪ ᠭᠤᠤᠯᠴᠢ | ᠪᠤᠯᠪᠠᠰᠤᠨ ᠢᠶᠠᠷ ᠬᠠᠦᠯᠢ ᠭᠡᠷᠡᠭᠵᠢᠬᠦᠯᠬᠦ ᠶᠢ ᠴᠢᠩᠭ᠎ᠠ ᠵᠢᠷᠦᠮᠵᠢᠭᠤᠯᠦᠨᠠ᠃ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠤᠷᠴᠢᠨ ᠲᠤᠭᠤᠷᠢᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠦᠭᠡᠷᠡᠴᠢᠯᠡᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠠᠮᠤᠭ ᠤᠨ ᠬᠠᠳᠠᠭᠤ ᠴᠢᠩᠭ᠎ᠠ ᠲᠦᠷᠢᠮ ᠢ ᠬᠡᠷᠡᠭᠵᠢᠭᠦᠯᠵᠦ᠂ ᠵᠠᠰᠠᠭ ᠤᠨ ᠤᠷᠳᠤᠨ ᠢᠶᠠᠷ ᠭᠤᠤᠯ | ᠤᠳᠤᠷᠢᠳᠤᠮᠵᠢ ᠪᠤᠯᠭᠠᠭᠰᠠᠨ᠂ ᠠᠵᠦ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠨᠡᠶᠢᠭᠡᠮ ᠤᠨ ᠵᠤᠬᠢᠶᠠᠨ | ᠪᠠᠶᠢᠭᠤᠯᠤᠯᠲᠠ ᠪᠠ ᠤᠯᠠᠨ ᠲᠦᠮᠡᠨ ᠬᠠᠮᠲᠦᠪᠡᠷ ᠤᠷᠤᠯᠴᠠᠭᠰᠠᠨ ᠤᠷᠴᠢᠨ ᠲᠤᠭᠤᠷᠢᠨ ᠤ ᠵᠠᠰᠠᠯᠲᠠ ᠶᠢᠨ | ᠰᠢᠰᠲ᠋ᠧᠮᠵᠢ ᠶᠢ ᠪᠠᠶᠢᠭᠤᠯᠵᠦ᠂ ᠠᠮᠢ ᠠᠬᠤᠢ ᠶᠢᠨ ᠤᠶᠤᠨ ᠤ ᠪᠤᠯᠪᠠᠰᠤᠨ ᠤ ᠪᠠᠶᠢᠭᠤᠯᠤᠯᠲᠠ ᠳᠤ ᠲᠦᠷᠢᠮ ᠤᠨ | ᠪᠠᠲᠤᠯᠠᠭ᠎ᠠ ᠬᠠᠨᠭ᠍ᠭᠠᠨ᠎ᠠ᠃ ᠤᠯᠤᠰ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ | ᠬᠠᠮᠢᠶᠠᠷᠤᠯᠲᠠ ᠪᠠ ᠪᠠᠶᠢᠭᠠᠯᠢ ᠶᠢᠨ ᠠᠮᠢ ᠠᠬᠤᠢ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠤᠬᠢᠷᠠᠭᠤᠯᠵᠦ᠂ | ᠠᠮᠢ ᠠᠬᠤᠢ ᠶᠢᠨ ᠤᠷᠴᠢᠨ ᠲᠤᠭᠤᠷᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠤᠨ | ᠠᠯᠢᠪᠠ ᠪᠠᠶᠢᠭᠠᠯᠢ ᠶᠢᠨ ᠡᠭᠢ ᠪᠠᠶᠠᠯᠢᠭ ᠤᠨ ᠬᠦᠷᠦᠩᠭᠡ ᠶᠢᠨ ᠦᠮᠴᠢᠯᠡᠭᠴᠢ ᠶᠢᠨ ᠡᠭᠦᠷᠭᠡ ᠲᠤᠰᠢᠶᠠᠯ ᠢ ᠨᠢᠭᠡᠲᠦᠯᠲᠡᠢ | ᠬᠡᠷᠡᠭᠵᠢᠭᠦᠯᠵᠦ᠂ ᠤᠯᠤᠰ ᠤᠨ ᠠᠯᠢᠪᠠ ᠭᠠᠵᠠᠷ ᠰᠢᠷᠤᠢ ᠶᠢᠨ ᠤᠷᠤᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ | ᠲᠦᠷᠢᠮ ᠪᠠ ᠠᠮᠢ ᠠᠬᠤᠢ ᠶᠢ ᠬᠠᠮᠠᠭᠠᠯᠠᠨ ᠵᠠᠰᠠᠬᠤ ᠡᠭᠦᠷᠭᠡ ᠬᠠᠷᠢᠭᠤᠴᠠᠯᠭ᠎ᠠ ᠶᠢ ᠨᠢᠭᠡᠲᠦᠯᠲᠡᠢ ᠬᠡᠷᠡᠭᠵᠢᠭᠦᠯᠵᠦ᠂ | ᠬᠤᠲᠠ ᠬᠦᠳᠡᠭᠡ ᠶᠢᠨ ᠡᠯ᠎ᠡ ᠲᠦᠷᠦᠯ ᠤᠨ ᠪᠤᠬᠢᠷᠳᠤᠯ ᠢ ᠭᠠᠳᠠᠭᠰᠢᠯᠠᠭᠤᠯᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠢᠨᠠᠨ ᠬᠠᠮᠢᠶᠠᠷᠬᠤ ᠶᠢ ᠨᠢᠭᠡᠲᠦᠯᠲᠡᠢ ᠬᠡᠷᠡᠭᠵᠢᠭᠦᠯᠦᠨ᠎ᠠ᠃ ᠤᠯᠤᠰ ᠤᠨ | ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢᠨ ᠡᠯ᠎ᠡ ᠲᠤᠰᠬᠠᠢ ᠲᠦᠷᠦᠯ ᠤᠨ ᠲᠦᠯᠦᠪᠵᠢᠭᠦᠯᠭᠡ ᠳᠠᠬᠢ | ᠵᠢᠯᠤᠭᠤᠳᠤᠨ ᠬᠢᠵᠠᠭᠠᠷᠯᠠᠬᠤ ᠦᠢᠯᠡᠳᠦᠯ ᠢ ᠴᠢᠩᠭᠠᠳᠬᠠᠵᠦ᠂ ︽ᠤᠯᠠᠨ ᠲᠦᠯᠦᠪᠵᠢᠭᠦᠯᠭᠡ ᠶᠢ ᠬᠠᠮᠳᠤᠳᠬᠠᠬᠤ︾ ᠶᠢ | ᠠᠭᠢᠭᠤᠯᠵᠦ᠂ ᠭᠠᠵᠠᠷ ᠰᠢᠷᠤᠢ ᠶᠢ ᠠᠰᠢᠬᠯᠠᠬᠤ ᠲᠦᠯᠦᠪᠵᠢᠭᠦᠯᠭᠡ᠂ ᠬᠤᠲᠠ ᠬᠦᠳᠡᠭᠡ ᠶᠢᠨ ᠲᠦᠯᠦᠪᠵᠢᠭᠦᠯᠭᠡ | ᠵᠡᠷᠭᠡ ᠶᠢ ᠤᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ᠃ | ︵ᠲᠠᠪᠤ︶ ᠤᠯᠠᠨ ᠨᠡᠶᠢᠲᠡ ᠶᠢᠨ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠲᠡᠩᠴᠡᠭᠦᠷᠢᠰᠢᠬᠦᠯᠬᠦ᠂ ᠨᠡᠶᠢᠲᠡᠮ ᠬᠠᠷᠠᠭᠠᠯᠵᠠᠭᠤᠯᠬᠤ᠂ ᠲᠦᠭᠦᠮ ᠪᠤᠯᠭᠠᠬᠤ ᠶᠢ ᠠᠭᠢᠭᠤᠯᠵᠦ᠂ | ᠬᠤᠳᠠ ᠪᠠᠯᠭᠠᠰᠦ ᠤᠷᠤᠨ ᠪᠦᠰᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠷᠢᠮ ᠢ | ᠨᠢᠭᠡᠲᠦᠯᠲᠡᠢ ᠪᠠᠶᠢᠯᠭᠠᠬᠤ ᠶᠢ ᠠᠭᠢᠭᠤᠯᠤᠨ᠎ᠠ᠃ ᠵᠠᠰᠠᠭ ᠤᠨ ᠤᠷᠳᠤᠨ ᠤ ᠡᠭᠦᠷᠭᠡ ᠴᠢᠳᠠᠪᠬᠢᠲᠦ ᠰᠠᠯᠠᠭ᠎ᠠ | ᠮᠦᠴᠢᠷ ᠠᠴᠠ ᠠᠵᠢᠯ ᠤᠨ ᠭᠤᠤᠯᠳᠠᠯᠭ᠎ᠠ ᠪᠠᠨ ᠲᠤᠰ ᠠᠵᠢᠯ ᠲᠦᠷᠦᠯ ᠤᠨ ᠲᠤᠰ ᠰᠢᠰᠲ᠋ᠧᠮᠵᠢ ᠶᠢᠨ ᠣᠯᠠᠨ | ᠨᠡᠶᠢᠲᠡ ᠶᠢᠨ ᠠᠵᠢᠯ ᠦᠢᠯᠡᠰ ᠤᠨ ᠬᠥᠭᠵᠢᠯᠲᠡ ᠶᠢ ᠳᠠᠩ ᠴᠣᠯᠭᠤᠢ ᠪᠠᠷ ᠴᠢᠬᠤᠯᠠᠴᠢᠯᠠᠬᠤ ᠠᠴᠠ ᠨᠡᠩ ᠤᠯᠠᠨ ᠡᠷᠭᠡ | ᠲᠡᠭᠰᠢ ᠠᠵᠠ ᠵᠠᠪᠰᠢᠶᠠᠨ ᠪᠠ ᠲᠦᠪ ᠭᠤᠤᠯᠴᠢ ᠤᠷᠴᠢᠨ ᠲᠤᠭᠤᠷᠢᠨ ᠢ ᠡᠭᠦᠳᠬᠦ ᠲᠡᠰᠢ ᠰᠢᠯᠵᠢᠭᠦᠯᠵᠦ᠂ ᠤᠯᠠᠨ | ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠦ ᠲᠠᠰᠢ ᠤᠷᠳᠤᠳᠬᠠᠵᠦ᠂ ᠬᠦᠳᠡᠭᠡ ᠲᠤᠰᠬᠤᠨ ᠲᠡᠰᠢ | ᠪᠦᠷᠬᠦᠭᠦᠯᠵᠦ᠂ ᠬᠢᠯᠢ ᠬᠢᠵᠠᠭᠠᠷ ᠤᠷᠤᠨ ᠪᠠ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠲᠡᠰᠢ ᠬᠡᠯᠪᠡᠶᠢᠯᠭᠡᠬᠦ ᠶᠢ | ᠠᠭᠢᠭᠤᠯᠵᠦ᠂ ᠪᠦᠬᠦ ᠨᠡᠶᠢᠭᠡᠮ ᠤᠨ ᠠᠰᠢᠭ ᠬᠦᠷᠳᠡᠬᠦ ᠠᠵᠠ ᠵᠠᠪᠰᠢᠶᠠᠨ ᠪᠠ ᠡᠷᠭᠡ ᠠᠰᠢᠭ ᠲᠡᠭᠰᠢ ᠪᠠᠶᠢᠬᠤ ᠶᠢ | ᠠᠭᠢᠭᠤᠯᠤᠨ᠎ᠠ᠃ ᠵᠠᠰᠠᠭ ᠤᠨ ᠤᠷᠳᠤᠨ ᠤ ᠨᠡᠶᠢᠭᠡᠮ ᠤᠨ ᠪᠠᠲᠤᠯᠠᠪᠦᠷᠢ᠂ ᠰᠤᠷᠭᠠᠨ ᠬᠦᠮᠦᠵᠢᠯ ᠰᠤᠶᠤᠯ᠂ ᠬᠠᠤᠯᠢ | ᠴᠠᠭᠠᠵᠠ ᠶᠢᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠡᠩᠭᠡ᠂ ᠡᠮ ᠡᠮᠨᠡᠯᠭᠡ ᠶᠢᠨ ᠪᠠᠲᠤᠯᠠᠭ᠎ᠠ ᠵᠡᠷᠭᠡ | ᠲᠠᠯ᠎ᠠ ᠶᠢᠨ ᠡᠭᠦᠷᠭᠡ ᠴᠢᠳᠠᠪᠬᠢ ᠶᠢ ᠴᠢᠩᠭᠠᠳᠬᠠᠬᠤ ᠪᠠ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠨᠡᠩ | ᠰᠠᠶᠢᠨ ᠢᠶᠠᠷ ᠪᠠᠲᠤᠯᠠᠨ ᠰᠠᠶᠢᠵᠢᠷᠠᠭᠤᠯᠤᠨ᠎ᠠ᠃ ᠰᠤᠷᠭᠠᠨ ᠬᠦᠮᠦᠵᠢᠯ᠂ ᠰᠤᠶᠤᠯ᠂ ᠬᠠᠤᠯᠢ᠂ ᠡᠷᠡᠭᠦᠯ ᠬᠠᠮᠠᠭᠠᠯᠠᠯ᠂ | ᠪᠡᠶ᠎ᠡ ᠲᠠᠮᠢᠷ᠂ ᠡᠷᠡᠭᠦᠯ ᠡᠩᠭᠡ᠂ ᠨᠠᠰᠤᠵᠢᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ ᠬᠠᠨᠭ᠍ᠭᠠᠬᠤ ᠭᠤᠤᠯ | ᠴᠤᠭᠴᠠ ᠶᠢᠨ ᠤᠯᠠᠨ ᠡᠰᠢᠵᠢᠬᠦ ᠵᠢᠴᠢ ᠬᠠᠩᠭᠠᠬᠤ ᠠᠷᠭ᠎ᠠ ᠬᠡᠯᠪᠡᠷᠢ ᠶᠢᠨ ᠣᠯᠠᠨ ᠶᠠᠩᠵᠤ ᠶᠢᠨ ᠪᠠᠶᠢᠬᠤ ᠶᠢ | ᠠᠬᠢᠭᠤᠯᠤᠨ᠎ᠠ᠃ ᠦᠨᠳᠦᠰᠦᠨ ᠪᠤᠰᠤ ᠤᠯᠠᠨ ᠨᠡᠶᠢᠲᠡ ᠶᠢᠨ ᠦᠢᠯᠡᠴᠢᠯᠡᠭᠡ ᠶᠢᠨ ᠵᠠᠬ᠎ᠠ ᠲᠡᠯᠭᠡᠭᠦᠷᠴᠢᠯᠡᠬᠦ | ᠦᠭᠡᠷᠡᠴᠢᠯᠡᠯᠲᠡ ᠶᠢ ᠠᠭᠢᠭᠤᠯᠵᠦ᠂ ᠦᠷᠢᠰᠦᠯᠳᠦᠬᠦ ᠲᠤᠭᠳᠠᠴᠠ ᠶᠢ ᠤᠷᠤᠭᠤᠯᠵᠦ᠂ ᠬᠤᠳᠠᠯᠳᠤᠨ ᠠᠪᠬᠤ | ᠦᠢᠯᠡᠴᠢᠯᠡᠭᠡ ᠶᠢ ᠦᠷᠭᠡᠳᠭᠡᠨ᠎ᠡ᠃ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠦ᠂ ᠰᠢᠯᠢᠳᠡᠭᠵᠢᠭᠦᠯᠵᠦ᠂ ᠨᠢᠭᠡᠲᠦᠯᠲᠡᠢ ᠲᠦᠯᠦᠪᠵᠢᠭᠦᠯᠦᠨ᠂ ᠨᠢᠭᠡᠲᠦᠯᠲᠡᠢ ᠤᠳᠤᠷᠢᠳᠤᠯᠭ᠎ᠠ᠂ ᠡᠭᠦᠷᠭᠡ | ᠬᠠᠷᠢᠭᠤᠴᠠᠯᠭ᠎ᠠ ᠨᠢᠭᠡᠲᠦᠭᠰᠡᠨ᠂ ᠡᠷᠭᠡ ᠰᠦᠷᠲᠦ ᠦᠨᠳᠦᠷ ᠪᠦᠲᠦᠮᠵᠢᠲᠦ ᠤᠯᠤᠰ ᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠵᠦ᠂ ᠠᠶᠤᠯ ᠦᠭᠡᠢ ᠦᠢᠯᠡᠳᠪᠦᠷᠢᠯᠡᠯ ᠢ ᠪᠠᠲᠤᠯᠠᠬᠤ᠂ ᠤᠯᠠᠨ | ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ᠂ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠡᠷᠭᠡ ᠲᠠᠯ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠥᠪᠰᠢᠨ ᠪᠠ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃ | ︵ᠵᠢᠷᠭᠤᠭ᠎ᠠ︶ ᠬᠡᠷᠡᠭ ᠶᠠᠪᠤᠳᠠᠯ ᠤᠨ ᠲᠤᠮᠳᠠᠬᠢ ᠬᠡᠷᠡᠭ ᠶᠠᠪᠤᠲᠠᠯ ᠤᠨ ᠲᠠᠷᠠᠭᠠᠬᠢ ᠬᠢᠨᠠᠨ ᠬᠠᠮᠢᠶᠠᠷᠤᠯᠲᠠ ᠪᠠᠨ | ᠴᠢᠩᠭᠠᠳᠬᠠᠨ᠎ᠠ᠃ ᠬᠢᠨᠠᠨ ᠵᠦᠪᠰᠢᠶᠡᠷᠡᠬᠦ ᠶᠢ ᠴᠢᠬᠤᠯᠠᠴᠢᠯᠠᠵᠦ᠂ ᠬᠢᠨᠠᠨ ᠬᠠᠮᠢᠶᠠᠷᠤᠯᠲᠠ ᠶᠢ ᠬᠦᠡᠭᠭᠡᠪᠴᠢᠯᠡᠬᠦ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠦᠭᠡᠷᠡᠴᠢᠯᠡᠵᠦ᠂ ᠨᠡᠩ ᠤᠯᠠᠨ ᠵᠠᠰᠠᠭ ᠵᠠᠬᠢᠷᠭᠠᠨ ᠤ ᠡᠬᠢ | ᠪᠠᠶᠠᠯᠢᠭ ᠢ ᠬᠡᠷᠡᠭ ᠶᠠᠪᠤᠲᠠᠯ ᠠᠴᠠ ᠡᠮᠦᠨᠡᠬᠢ ᠬᠢᠨᠠᠨ ᠵᠦᠪᠰᠢᠶᠡᠷᠡᠬᠦ ᠠᠴᠠ ᠬᠡᠷᠡᠭ ᠶᠠᠪᠤᠲᠠᠯ ᠤᠨ ᠲᠤᠮᠳᠠᠬᠢ ᠪᠠ ᠬᠡᠷᠡᠭ | ᠶᠠᠪᠤᠲᠠᠯ ᠤᠨ ᠲᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠲᠡᠭᠡᠷ᠎ᠡ ᠰᠢᠯᠵᠢᠭᠦᠯᠦᠨ᠎ᠡ᠃ ᠬᠢᠨᠠᠨ ᠬᠠᠮᠢᠶᠠᠷᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠬᠤᠤᠰ ᠲᠤᠬᠢᠶᠠᠯᠳᠤᠮᠵᠢ᠂ ᠨᠢᠭᠡ ᠶᠢ ᠢᠯᠡ ᠪᠤᠯᠭᠠᠬᠤ︾ ᠪᠠ ︽ | ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠪᠦᠬᠦ ᠲᠠᠯ᠎ᠠ ᠪᠠᠷ ᠠᠭᠢᠭᠤᠯᠵᠦ᠂ ᠵᠠᠰᠠᠭ ᠤᠨ ᠤᠷᠳᠤᠨ ᠤ | ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠦᠪᠡᠷ ᠡᠳ᠋ᠯᠡᠬᠦ ᠶᠢ ᠲᠦᠷᠭᠡᠳᠭᠡᠨ ᠠᠭᠢᠭᠤᠯᠵᠦ᠂ ᠢᠯᠡ | ᠲᠤᠳᠤᠷᠬᠠᠢ ᠴᠢᠨᠠᠷ ᠢ ᠦᠨᠡᠨᠬᠦ ᠲᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠦ ᠡᠳ᠋ ᠬᠦᠷᠦᠩᠭᠡ ᠶᠢᠨ ᠠᠮᠤᠷ | ᠲᠦᠪᠰᠢᠨ ᠤ ᠬᠦᠷᠢᠶ᠎ᠡ ᠴᠠᠷᠠᠭ᠎ᠠ ᠳᠤ ᠬᠤᠯᠪᠤᠭᠳᠠᠭᠰᠠᠨ ᠬᠢᠨᠠᠨ ᠬᠠᠮᠢᠶᠠᠷᠤᠯᠲᠠ ᠶᠢ ᠴᠢᠩᠭᠠᠳᠬᠠᠵᠦ᠂ ᠰᠢᠨ᠎ᠡ ᠮᠡᠷᠭᠡᠵᠢᠯ | ᠰᠢᠨ᠎ᠡ ᠠᠵᠦ ᠦᠢᠯᠡᠰ ᠰᠢᠨ᠎ᠡ ᠡᠵᠡᠩᠨᠡᠯᠲᠡ ᠢᠶᠠᠨ ᠬᠡᠯᠪᠡᠷᠢ ᠰᠢᠨ᠎ᠡ ᠵᠠᠭᠪᠤᠷ ᠤᠨ ᠬᠦᠭᠵᠢᠯᠲᠡ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠬᠢ ᠶᠢ | ᠲᠡᠭᠡᠭᠰᠢᠯᠡᠭᠦᠯᠦᠨ᠎ᠡ᠃ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠢᠳᠡᠭᠡᠮᠵᠢ ᠶᠢᠨ | ᠬᠢᠨᠠᠨ ᠬᠠᠮᠢᠶᠠᠷᠤᠯᠲᠠ ᠶᠢ ᠪᠦᠷᠢᠨᠰᠢᠭᠦᠯᠵᠦ᠂ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ ᠡᠷᠴᠢᠮ ᠢᠶᠠᠨ ᠴᠢᠩᠭᠠᠯᠠᠵᠦ᠂ | ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠠᠪᠴᠡᠩ ᠤᠨ ᠪᠠᠶᠢᠭᠤᠯᠤᠯᠲᠠ ᠶᠢ | ᠲᠦᠷᠭᠡᠳᠭᠡᠵᠦ᠂ ᠠᠳᠠᠯᠢ ᠠᠵᠢᠯ ᠲᠦᠷᠦᠯ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠎ᠠ᠃ | ︵ᠲᠤᠯᠤᠭ᠎ᠠ︶ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ᠡᠯ᠎ᠡ ᠲᠡᠰ ᠤᠨ ᠵᠠᠰᠠᠭ | ᠤᠨ ᠤᠷᠳᠤᠨ ᠤ ᠰᠠᠯᠠᠭ᠎ᠠ ᠮᠦᠴᠢᠷ ᠵᠢᠴᠢ ᠲᠡᠭᠦᠨ ᠤ ᠲᠤᠳᠤᠭᠠᠳᠦ ᠳᠤ ᠲᠤᠬᠢᠷᠠᠭᠤᠯᠤᠭᠰᠠᠨ ᠪᠠᠶᠢᠭᠤᠯᠤᠮᠵᠢ ᠶᠢ | ᠨᠠᠷᠢᠯᠢᠭ ᠠᠪᠰᠠᠷ ᠲᠤᠬᠢᠷᠠᠭᠤᠯᠵᠦ᠂ ᠡᠷᠭᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠪᠠᠶᠢᠭᠤᠯᠤᠮᠵᠢ ᠶᠢᠨ | ᠲᠤᠭ᠎ᠠ ᠶᠢ ᠪᠠᠭᠠᠰᠬᠠᠵᠦ᠂ ᠲᠤᠮᠳᠠ ᠶᠢᠨ ᠲᠠᠪᠬᠤᠷᠭ᠎ᠠ ᠶᠢ ᠲᠦᠭᠦᠮᠴᠢᠯᠡᠵᠦ᠂ ᠬᠠᠪᠲᠠᠭᠠᠶᠢᠵᠢᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠲᠡᠭᠡᠷ᠎ᠡ ᠠᠴᠠ ᠲᠤᠷᠤᠭᠰᠢ ᠶᠢᠨ ᠦᠨᠳᠦᠷ ᠦᠷ᠎ᠡ ᠪᠦᠲᠦᠮᠵᠢᠲᠦ ᠵᠤᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠶᠢ ᠪᠦᠷᠢᠯᠳᠦᠭᠦᠯᠦᠨ᠎ᠡ᠃ ᠬᠠᠷᠢᠭᠤᠴᠠᠯᠭ᠎ᠠ ᠪᠠᠨ ᠲᠤᠳᠤ ᠪᠤᠯᠭᠠᠵᠦ᠂ ᠦᠷ᠎ᠡ ᠪᠦᠲᠦᠮᠵᠢ ᠶᠢᠨ | ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠳᠠᠯᠠᠵᠦ᠂ ᠡᠳᠦᠷ ᠲᠤᠳᠤᠮ ᠤᠨ ᠠᠵᠢᠯ | ᠤᠨ ᠬᠢᠨᠠᠨ ᠰᠢᠯᠭᠠᠯᠲᠠ ᠶᠢ ᠴᠢᠩᠭᠠᠳᠬᠠᠵᠦ᠂ ᠰᠢᠯᠢᠳᠡᠭ ᠢ ᠨᠢ ᠱᠠᠩᠨᠠᠵᠦ ᠮᠠᠭᠤ ᠶᠢ ᠨᠢ ᠲᠤᠷᠭᠠᠬᠤ ᠲᠦᠷᠢᠮ ᠢ | ᠪᠠᠶᠢᠭᠤᠯᠤᠨ ᠪᠦᠷᠢᠨᠰᠢᠭᠦᠯᠤᠨ᠎ᠡ᠃ ︽ᠮᠡᠳᠡᠭᠡ ᠵᠠᠩᠭᠢ ᠶᠢᠨ ᠦᠨᠦᠴᠢᠨ ᠠᠷᠠᠯ︾ ᠢ ᠡᠪᠳᠡᠵᠦ᠂ ᠡᠯ᠎ᠡ ᠰᠠᠯᠠᠭ᠎ᠠ | ᠮᠦᠴᠢᠷ ᠤᠨ ᠮᠡᠳᠡᠭᠡ ᠵᠠᠩᠭᠢ ᠶᠢᠨ ᠬᠠᠮᠲᠦᠪᠡᠷ ᠡᠳ᠋ᠯᠡᠬᠦ ᠲᠦᠷᠦᠯ ᠵᠦᠢᠯ᠂ ᠪᠠᠷᠢᠮᠵᠢᠶ᠎ᠠ᠂ ᠬᠦᠷᠢᠶ᠎ᠡ ᠬᠡᠪᠴᠢᠶ᠎ᠡ᠂ | ᠠᠯᠬᠤᠮ ᠲᠠᠷᠠᠭ᠎ᠠ ᠶᠢ ᠨᠢᠭᠡᠳᠭᠡᠨ ᠲᠤᠳᠤᠷᠬᠠᠶᠢᠯᠠᠵᠦ᠂ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠦᠪᠡᠷ ᠭᠡᠷᠡᠭᠯᠡᠬᠦ ᠶᠢ ᠲᠦᠷᠭᠡᠳᠭᠡᠨ ᠠᠭᠢᠭᠤᠯᠤᠨ᠎ᠠ᠃ ᠠᠵᠢᠯ ᠤᠨ ᠠᠷᠭ᠎ᠠ | ᠬᠡᠯᠪᠡᠷᠢ ᠪᠠᠨ ᠬᠠᠯᠠᠨ ᠰᠠᠶᠢᠵᠢᠷᠠᠭᠤᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ ᠰᠤᠷᠳᠠᠯ | ᠤᠨ ᠪᠠᠶᠢᠭᠤᠯᠤᠯᠲᠠ ᠶᠢ ᠴᠢᠩᠭᠠᠳᠬᠠᠵᠦ᠂ ᠬᠡᠯᠪᠡᠷᠢᠴᠢ ᠦᠵᠡᠯ᠂ ᠨᠤᠶᠠᠨᠴᠢ ᠦᠵᠡᠯ᠂ ᠵᠢᠷᠭᠠᠨ ᠴᠡᠩᠭᠡᠯ ᠤᠨ ᠦᠵᠡᠯ | ᠪᠠ ᠱᠠᠯᠢᠨ ᠪᠦᠷᠢᠯᠭᠡᠬᠦ ᠰᠤᠷᠳᠠᠯ ᠢ ᠡᠷᠡᠰ ᠲᠡᠪᠴᠢᠨ᠎ᠡ᠃ | ᠲᠠᠪᠤ᠂ ᠨᠠᠮ ᠵᠠᠰᠠᠭ ᠴᠡᠷᠢᠭ ᠤᠯᠠᠨ ᠲᠦᠮᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡᠲᠦᠯᠲᠡᠢ | ᠲᠦᠯᠦᠪᠵᠢᠭᠦᠯᠦᠨ᠎ᠡ | ᠨᠠᠮ ᠵᠠᠰᠠᠭ ᠴᠡᠷᠢᠭ ᠤᠯᠠᠨ ᠲᠦᠮᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡᠲᠦᠯᠲᠡᠢ | ᠲᠦᠯᠦᠪᠵᠢᠭᠦᠯᠬᠦ ᠪᠤᠯ ᠨᠠᠮ ᠤᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠴᠢᠩᠭᠠᠳᠬᠠᠵᠦ᠂ | ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠯᠢᠳᠡᠭᠵᠢᠭᠦᠯᠦᠨ ᠬᠠᠮᠵᠢᠯᠴᠠᠭᠰᠠᠨ ᠦᠷ᠎ᠡ ᠪᠦᠲᠦᠮᠵᠢ ᠦᠨᠲᠦᠷ | ᠪᠠᠶᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠃ ᠬᠠᠮᠢᠶ᠎ᠠ ᠪᠦᠬᠦᠢ ᠪᠠᠶᠢᠭᠤᠯᠤᠮᠵᠢ ᠶᠢ | ᠨᠢᠭᠡᠲᠦᠯᠲᠡᠢ ᠲᠦᠯᠦᠪᠵᠢᠭᠦᠯᠦᠨ ᠲᠤᠬᠢᠷᠠᠭᠤᠯᠬᠤ ᠪᠠ ᠠᠳᠠᠯᠢᠪᠲᠤᠷ ᠡᠭᠦᠷᠭᠡ ᠴᠢᠳᠠᠪᠬᠢ ᠶᠢ ᠲᠤᠬᠢᠷᠠᠭᠤᠯᠵᠦ᠂ ᠨᠠᠮ | ᠤᠨ ᠰᠠᠯᠠᠭ᠎ᠠ ᠮᠦᠴᠢᠷ᠂ ᠤᠯᠤᠰ ᠤᠨ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ᠂ | ᠠᠵᠢᠯ ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠬᠤ ᠪᠠ ᠰᠢᠯᠢᠳᠡᠭᠵᠢᠭᠦᠯᠵᠦ᠂ ᠴᠡᠷᠢᠭ | ᠠᠩᠬᠢ ᠤᠷᠤᠨ ᠨᠤᠲᠤᠭ ᠠᠯᠤᠰᠯᠠᠭᠰᠠᠨ ᠦᠭᠡᠷᠡᠴᠢᠯᠡᠯᠲᠡ ᠶᠢ ᠠᠭᠢᠭᠤᠯᠵᠦ᠂ ᠨᠠᠮ ᠤᠨ ᠤᠳᠤᠷᠢᠳᠬᠤ ᠬᠦᠴᠦᠨ ᠢ | ᠴᠢᠩᠭᠠᠳᠬᠠᠵᠦ᠂ ᠵᠠᠰᠠᠭ ᠤᠨ ᠤᠷᠳᠤᠨ ᠤ ᠭᠦᠢᠴᠡᠳᠬᠡᠬᠦ ᠬᠦᠴᠦᠨ ᠢ ᠲᠡᠭᠡᠭᠰᠢᠯᠡᠭᠦᠯᠵᠦ᠂ ᠤᠯᠠᠨ ᠲᠦᠮᠡᠨ ᠤ | ᠪᠦᠯᠬᠦᠮ ᠤᠨ ᠵᠤᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ | ᠬᠦᠭᠵᠢᠭᠡᠵᠦ᠂ ᠠᠷᠠᠳ ᠤᠨ ᠴᠡᠷᠢᠭ ᠠᠩᠭᠢ ᠶᠢᠨ ᠲᠠᠶᠢᠴᠢᠨ ᠬᠦᠴᠦᠨ ᠢ ᠨᠡᠮᠡᠭᠳᠡᠭᠦᠯᠵᠦ᠂ ᠡᠯ᠎ᠡ ᠲᠦᠷᠦᠯ ᠤᠨ | ᠪᠠᠶᠢᠭᠤᠯᠤᠮᠵᠢ ᠶᠢ ᠤᠷᠭᠠᠨᠢᠭ ᠢᠶᠠᠷ ᠵᠤᠯᠭᠠᠯᠴᠠᠭᠤᠯᠵᠦ᠂ ᠬᠠᠷᠢᠯᠴᠠᠨ ᠵᠤᠬᠢᠴᠠᠭᠤᠯᠤᠨ᠎ᠠ᠃ | ︵ᠨᠢᠭᠡ︶ ᠨᠠᠮ ᠵᠠᠰᠠᠭ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃ ᠨᠠᠮ | ᠵᠠᠰᠠᠭ ᠤᠨ ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠢ ᠵᠦᠪ ᠤᠨᠤᠪᠴᠢᠲᠠᠢ ᠤᠶᠢᠯᠠᠭᠠᠬᠤ ᠪᠠ | ᠨᠠᠶᠢᠳᠠᠪᠤᠷᠢᠵᠢᠭᠤᠯᠵᠦ᠂ ᠨᠠᠮ ᠵᠠᠰᠠᠭ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠵᠦ᠂ ᠨᠢᠭᠡᠲᠦᠯᠲᠡᠢ ᠦᠨᠳᠦᠷ ᠪᠦᠲᠦᠮᠵᠢᠲᠦ ᠤᠳᠤᠷᠢᠳᠬᠤ ᠪᠠᠶᠢᠭᠤᠯᠤᠮᠵᠢ ᠶᠢ ᠪᠦᠷᠢᠯᠳᠦᠭᠦᠯᠦᠨ᠂ ᠨᠠᠮ | ᠤᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠬᠡᠷᠡᠭᠵᠢᠭᠦᠯᠬᠦ ᠶᠢ ᠪᠠᠲᠤᠯᠠᠵᠦ᠂ ᠪᠤᠰᠤᠳ ᠪᠠᠶᠢᠭᠤᠯᠤᠮᠵᠢ ᠶᠢᠨ | ᠬᠠᠮᠵᠢᠯᠴᠠᠨ ᠬᠦᠳᠡᠯᠦᠯᠴᠡᠵᠦ᠂ ᠦᠨᠳᠦᠷ ᠪᠦᠲᠦᠮᠵᠢᠲᠡᠢ ᠡᠵᠡᠩᠨᠡᠯᠲᠡ ᠶᠢ ᠪᠠᠲᠤᠯᠠᠨ᠎ᠠ᠃ ᠨᠠᠮ ᠵᠠᠰᠠᠭ ᠤᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠶᠠᠪᠤᠳᠠᠯ ᠤᠳ ᠢ ᠰᠢᠰᠲ᠋ᠧᠮ ᠲᠠᠢ ᠰᠦᠪᠡᠭᠴᠢᠯᠡᠬᠦ ᠪᠠ ᠪᠠᠲᠤᠯᠠᠵᠦ᠂ ᠡᠬᠢ | ᠪᠠᠶᠠᠯᠢᠭ ᠢ ᠨᠢᠭᠡᠲᠦᠯᠲᠡᠢ ᠲᠦᠯᠦᠪᠵᠢᠭᠦᠯᠦᠨ ᠲᠤᠬᠢᠷᠠᠭᠤᠯᠵᠦ᠂ ᠤᠯᠠᠨ ᠲᠠᠯ᠎ᠠ ᠠᠴᠠ ᠬᠠᠮᠢᠶᠠᠷᠬᠤ ᠶᠢ ᠴᠦᠭᠡᠳᠭᠡᠵᠦ᠂ | ᠡᠭᠦᠷᠭᠡ ᠬᠠᠷᠢᠭᠤᠴᠠᠯᠭ᠎ᠠ ᠶᠢᠨ ᠰᠠᠯᠤᠩᠬᠢᠷᠠᠯ ᠰᠤᠯᠪᠢᠴᠠᠯ ᠢ ᠴᠦᠭᠡᠳᠭᠡᠵᠦ᠂ ᠨᠠᠮ ᠵᠠᠰᠠᠭ ᠤᠨ ᠪᠠᠶᠢᠭᠤᠯᠤᠮᠵᠢ ᠶᠢᠨ | ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠢ ᠵᠤᠬᠢᠰᠲᠠᠢ ᠪᠤᠯᠭᠠᠨ᠂ ᠬᠠᠷᠢᠭᠤᠴᠠᠯᠭ᠎ᠠ ᠶᠢ ᠲᠤᠳᠤᠷᠬᠠᠶᠢᠯᠠᠵᠦ᠂ | ᠠᠵᠢᠯᠯᠠᠭᠠᠨ ᠢ ᠵᠤᠬᠢᠴᠠᠩᠭᠤᠢ ᠪᠤᠯᠭᠠᠨ᠎ᠠ᠃ | ︵ᠬᠤᠶᠠᠷ︶ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠤᠯᠤᠨ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮ ᠪᠤᠯ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ | ᠲᠦᠮᠡᠨ ᠡᠷᠬᠡ ᠮᠡᠳᠡᠨ ᠡᠵᠡᠨ ᠰᠠᠭᠤᠵᠤ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ | ᠨᠢᠭᠡᠳᠦᠭᠦᠯᠬᠦ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠲᠤᠬᠢᠷᠠᠭᠤᠯᠤᠯᠳᠠ ᠪᠤᠯᠤᠨ᠎ᠠ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠠᠤᠯᠢ ᠳᠤᠬᠳᠠᠭᠠᠬᠤ ᠠᠵᠢᠯ | ᠤᠨ ᠳᠤᠮᠳᠠᠬᠢ ᠭᠤᠤᠯ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠰᠦᠪ᠂ ᠲᠦᠰᠦᠪ ᠤᠨ ᠭᠦᠢᠴᠡᠳᠭᠡᠯ᠂ ᠤᠯᠤᠰ ᠤᠨ ᠦᠮᠴᠢᠯᠡᠯ ᠤᠨ ᠬᠦᠷᠦᠩᠭᠡ ᠶᠢᠨ | ᠬᠠᠮᠢᠶᠠᠷᠤᠯᠳᠠ ᠵᠡᠷᠭᠡ ᠬᠢᠨᠠᠨ ᠪᠠᠶᠢᠴᠠᠭᠠᠯᠳᠠ ᠶᠢᠨ ᠡᠭᠦᠷᠭᠡ ᠴᠢᠳᠠᠪᠬᠢ ᠶᠢ ᠴᠢᠩᠭᠠᠳᠬᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠬᠠᠢ ᠺᠤᠮᠢᠰ ᠤᠨ ᠲᠤᠬᠢᠷᠠᠭᠤᠯᠤᠯᠳᠠ ᠶᠢ ᠳᠡᠭᠦᠯᠳᠡᠷᠵᠢᠭᠦᠯᠵᠤ᠂ ᠲᠡᠭᠦᠨ | ᠤ ᠡᠭᠦᠷᠭᠡ ᠴᠢᠳᠠᠪᠬᠢ ᠦᠢᠯᠡᠳᠦᠯ ᠢ ᠨᠡᠩ ᠰᠠᠶᠢᠨ ᠢᠶᠠᠷ ᠪᠠᠳᠠᠷᠠᠭᠤᠯᠬᠤ ᠬᠡᠷᠡᠭᠳᠡᠢ᠃ ᠠᠷᠠᠳ ᠤᠨ ᠤᠯᠤᠰ | ᠲᠦᠷᠦ ᠶᠢᠨ ᠵᠦᠪᠯᠡᠯᠭᠡᠨ ᠤ ᠡᠭᠦᠷᠭᠡ ᠪᠠᠨ ᠭᠦᠢᠴᠡᠳᠭᠡᠬᠦ ᠴᠢᠳᠠᠪᠬᠢ ᠶᠢᠨ ᠪᠠᠶᠢᠭᠤᠯᠤᠯᠳᠠ ᠶᠢ ᠠᠭᠢᠭᠤᠯᠵᠤ᠂ ᠠᠷᠠᠳ | ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠬᠰᠠᠨ ᠬᠢᠨᠠᠯᠳᠠ ᠳᠠᠯᠪᠢᠯᠲᠠ ᠶᠢ ᠴᠢᠩᠭᠠᠳᠬᠠᠵᠤ᠂ ᠤᠯᠤᠰ | ᠲᠦᠷᠦ ᠶᠢᠨ ᠵᠦᠪᠯᠡᠯᠭᠡᠨ ᠤ ᠲᠤᠰᠬᠠᠢ ᠺᠤᠮᠢᠰ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠤ᠂ ᠲᠡᠭᠦᠨ ᠤ ᠲᠤᠰᠬᠠᠢ | ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠳᠡᠢ᠃ ᠬᠠᠤᠯᠢ ᠴᠠᠭᠠᠵᠠ ᠶᠢᠨ | ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠬᠠᠤᠯᠢ ᠴᠠᠭᠠᠵᠠ ᠶᠢᠨ ᠡᠷᠬᠡ ᠲᠤᠰᠢᠶᠠᠯ ᠤᠨ | ᠲᠦᠭᠦᠷᠵᠢᠭᠦᠯᠦᠯᠳᠡ ᠶᠢ ᠰᠢᠯᠢᠳᠡᠭᠵᠢᠭᠦᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠡ ᠪᠠᠷ ᠨᠠᠶᠢᠳᠠᠪᠤᠷᠢᠵᠢᠭᠤᠯᠵᠤ᠂ ᠰᠢᠭᠦᠭᠴᠢ᠂ ᠪᠠᠶᠢᠴᠠᠭᠠᠬᠴᠢ ᠶᠢᠨ ᠤᠷᠤᠨ ᠲᠤᠭ᠎ᠠ ᠶᠢᠨ ᠲᠦᠷᠢᠮ ᠢ | ᠳᠡᠭᠦᠯᠳᠡᠷᠵᠢᠭᠦᠯᠵᠤ᠂ ᠰᠢᠭᠦᠨ ᠳᠠᠰᠤᠯᠤᠯᠳᠠ ᠪᠠᠷ ᠲᠦᠪ ᠪᠤᠯᠭᠠᠬᠰᠠᠨ ᠵᠠᠷᠭᠤ ᠵᠠᠭᠠᠯᠳᠤᠯᠭ᠎ᠠ ᠶᠢᠨ ᠲᠦᠷᠢᠮ ᠤᠨ | ᠦᠭᠡᠷᠡᠴᠢᠯᠡᠯᠳᠡ ᠶᠢ ᠲᠦᠯᠬᠢᠨ ᠠᠭᠢᠭᠤᠯᠵᠤ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠤᠳᠤᠭᠠᠳᠤ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠭᠢᠭᠤᠯᠵᠤ᠂ ᠬᠠᠤᠯᠢ ᠴᠠᠭᠠᠵᠠ ᠶᠢᠨ ᠢᠳᠡᠭᠡᠬᠦᠯᠬᠦ ᠬᠦᠴᠦᠨ ᠢ | ᠳᠡᠭᠡᠭᠰᠢᠯᠡᠭᠦᠯᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠨᠡᠩ ᠰᠠᠶᠢᠳᠤᠷ ᠬᠠᠮᠠᠭᠠᠯᠠᠵᠤ᠂ ᠠᠷᠠᠳ | ᠲᠦᠮᠡᠨ ᠳᠤ ᠬᠠᠤᠯᠢ ᠴᠠᠭᠠᠵᠠ ᠶᠢᠨ ᠬᠡᠷᠡᠭ ᠪᠤᠯᠭᠠᠨ ᠠᠴᠠ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠭᠦᠯᠬᠦ ᠪᠠᠷ | ᠴᠢᠷᠮᠠᠶᠢᠨ᠎ᠠ᠃ | ︵ᠭᠤᠷᠪᠠ︶ ᠪᠦᠯᠬᠦᠮ ᠨᠡᠶᠢᠳᠡ ᠶᠢᠨ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ᠎ᠡ᠃ ᠨᠠᠮ ᠤᠨ ᠬᠤᠷᠢᠶ᠎ᠠ ᠠᠴᠠ ᠨᠢᠭᠡᠳᠦᠯᠳᠡᠢ ᠤᠳᠤᠷᠢᠳᠤᠬᠰᠠᠨ ᠪᠦᠯᠬᠦᠮ ᠨᠡᠶᠢᠳᠡ ᠶᠢᠨ ᠠᠵᠢᠯ | ᠤᠨ ᠲᠦᠷᠢᠮ ᠢ ᠲᠡᠭᠦᠯᠳᠡᠷᠵᠢᠭᠦᠯᠵᠤ᠂ ᠪᠦᠯᠬᠦᠮ ᠨᠡᠶᠢᠳᠡ ᠶᠢᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦᠴᠢ | ᠰᠢᠨᠵᠢ᠂ ᠳᠠᠪᠰᠢᠩᠭᠤᠢ ᠰᠢᠨᠵᠢ᠂ ᠤᠯᠠᠨ ᠲᠦᠮᠡᠨᠴᠢ ᠰᠢᠨᠵᠢ ᠶᠢ ᠳᠡᠭᠡᠭᠰᠢᠯᠡᠭᠦᠯᠬᠦ ᠶᠢ ᠠᠭᠢᠭᠤᠯᠵᠤ᠂ | ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠵᠤ᠂ ᠬᠠᠮᠢᠶᠠᠷᠤᠯᠳᠠ ᠶᠢᠨ ᠵᠠᠬᠪᠤᠷ ᠢ ᠳᠡᠭᠦᠯᠳᠡᠷᠵᠢᠭᠦᠯᠵᠤ᠂ | ᠠᠵᠢᠯᠯᠠᠭᠠᠨ ᠤ ᠲᠦᠷᠢᠮ ᠤᠨ ᠰᠢᠨ᠎ᠡ ᠶᠢ ᠡᠭᠦᠳᠴᠦ᠂ ᠬᠠᠷᠠᠴᠠ ᠪᠠᠨ ᠦᠨᠳᠦᠰᠦᠨ ᠱᠠᠳᠤᠨ ᠳᠤ ᠬᠠᠨᠳᠤᠭᠤᠯᠬᠤ ᠶᠢ | ᠪᠠᠷᠢᠮᠳᠠᠯᠠᠵᠤ᠂ ᠬᠦᠴᠦᠨ ᠴᠢᠳᠠᠯ ᠤᠨ ᠲᠤᠬᠢᠷᠠᠭᠤᠯᠤᠯᠲᠠ ᠪᠠ ᠦᠢᠯᠡᠴᠢᠯᠡᠭᠡᠨ ᠤ ᠡᠬᠢ ᠪᠠᠶᠠᠯᠢᠭ ᠢᠶᠠᠨ ᠦᠨᠳᠦᠰᠦᠨ | ᠱᠠᠳᠤ ᠤᠷᠤᠭᠤ ᠬᠡᠯᠪᠡᠶᠢᠯᠭᠡᠵᠤ᠂ ᠦᠨᠳᠦᠰᠦᠨ ᠱᠠᠳᠤᠨ ᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠡᠩ | ᠰᠠᠶᠢᠨ ᠢᠶᠠᠷ ᠵᠤᠬᠢᠴᠠᠬᠤ ᠬᠡᠷᠡᠭᠳᠡᠢ᠃ ᠨᠠᠮ ᠵᠠᠰᠠᠭ ᠤᠨ ᠪᠠᠶᠢᠭᠤᠯᠤᠮᠵᠢ ᠪᠤᠯᠤᠨ ᠪᠦᠯᠬᠦᠮ ᠨᠡᠶᠢᠳᠡ ᠶᠢᠨ ᠵᠤᠬᠢᠶᠠᠨ | ᠪᠠᠶᠢᠭᠤᠯᠤᠯᠳᠠ ᠶᠢᠨ ᠦᠢᠯᠡᠳᠦᠯ ᠴᠢᠳᠠᠪᠬᠢ ᠤᠷᠭᠠᠨᠢᠭ ᠢᠶᠠᠷ ᠵᠤᠯᠭᠠᠯᠴᠠᠬᠤ ᠶᠢ ᠠᠭᠢᠭᠤᠯᠵᠤ᠂ ᠪᠦᠯᠬᠦᠮ ᠨᠡᠶᠢᠳᠡ ᠶᠢᠨ | ᠵᠤᠬᠢᠶᠠᠨ ᠪᠠᠶᠢᠭᠤᠯᠤᠯᠳᠠ ᠶᠢᠨ ᠲᠡᠭᠦᠨ ᠲᠠᠢ ᠲᠤᠬᠢᠷᠠᠯᠴᠠᠬᠰᠠᠨ ᠤᠯᠠᠨ ᠨᠡᠶᠢᠳᠡ ᠶᠢᠨ ᠡᠭᠦᠷᠭᠡ ᠴᠢᠳᠠᠪᠬᠢ ᠶᠢ | ᠡᠭᠦᠷᠭᠡᠯᠡᠬᠦ ᠶᠢ ᠳᠡᠮᠵᠢᠬᠦ ᠪᠠ ᠵᠤᠷᠢᠬᠵᠢᠭᠤᠯᠵᠤ᠂ ᠪᠦᠯᠬᠦᠮ ᠨᠡᠶᠢᠳᠡ ᠶᠢᠨ ᠵᠤᠬᠢᠶᠠᠨ ᠪᠠᠶᠢᠭᠤᠯᠤᠯᠳᠠ ᠶᠢᠨ ᠪᠦᠯᠬᠦᠮᠳᠡᠯ | ᠤᠨ ᠬᠦᠮᠦᠵᠢᠯ᠂ ᠡᠷᠬᠡ ᠠᠰᠢᠭ ᠢᠶᠠᠨ ᠬᠠᠮᠠᠭᠠᠯᠠᠬᠤ᠂ ᠤᠯᠠᠨ ᠨᠡᠶᠢᠳᠡ ᠳᠤ ᠦᠢᠯᠡᠴᠢᠯᠡᠬᠦ ᠴᠢᠳᠠᠪᠬᠢ ᠶᠢ ᠨᠡᠮᠡᠭᠳᠡᠭᠦᠯᠵᠤ | ᠂ ᠪᠦᠯᠬᠦᠮ ᠨᠡᠶᠢᠳᠡ ᠶᠢᠨ ᠵᠤᠬᠢᠶᠠᠨ ᠪᠠᠶᠢᠭᠤᠯᠤᠯᠳᠠ ᠶᠢᠨ ᠨᠠᠮ ᠪᠤᠯᠤᠨ ᠵᠠᠰᠠᠭ ᠤᠨ ᠤᠷᠳᠤᠨ ᠤ ᠠᠷᠠᠳ | ᠤᠯᠠᠨ ᠯᠤᠭ᠎ᠠ ᠬᠠᠷᠢᠯᠴᠠᠬᠤ ᠬᠦᠬᠦᠷᠭᠡ ᠪᠤᠯᠤᠨ ᠬᠤᠯᠪᠤᠭᠠᠰᠤ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠎ᠠ᠃ | ︵ᠲᠦᠷᠪᠡ︶ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠠᠭᠢᠭᠤᠯᠤᠨ᠎ᠠ᠃ ᠬᠠᠮᠳᠤᠪᠡᠷ | ᠴᠤᠬᠴᠠᠯᠠᠨ ᠬᠠᠮᠳᠤᠪᠡᠷ ᠵᠠᠰᠠᠨ ᠬᠠᠮᠳᠤᠪᠡᠷ ᠡᠳ᠋ᠯᠡᠬᠦ ᠱᠠᠭᠠᠷᠳᠠᠯᠭ᠎ᠠ ᠶᠤᠰᠤᠭᠠᠷ ᠨᠠᠮ ᠤᠨ ᠬᠤᠷᠢᠶ᠎ᠠ ᠠᠴᠠ ᠤᠳᠤᠷᠢᠳᠴᠤ | ᠂ ᠵᠠᠰᠠᠭ ᠤᠨ ᠤᠷᠳᠤᠨ ᠬᠠᠷᠢᠭᠤᠴᠠᠵᠤ᠂ ᠨᠡᠶᠢᠭᠡᠮ ᠠᠴᠠ ᠬᠠᠮᠵᠢᠯᠴᠠᠵᠤ᠂ ᠤᠯᠠᠨ ᠨᠡᠶᠢᠳᠡ ᠤᠷᠤᠯᠴᠠᠵᠤ᠂ | ᠬᠠᠤᠯᠢ ᠪᠠᠷ ᠵᠠᠰᠠᠬᠤ ᠪᠠᠷ ᠪᠠᠳᠤᠯᠠᠭ᠎ᠠ ᠪᠤᠯᠭᠠᠬᠰᠠᠨ ᠨᠡᠶᠢᠭᠡᠮ ᠤᠨ ᠵᠠᠰᠠᠯᠳᠠ ᠶᠢᠨ ᠪᠠᠶᠢᠭᠤᠯᠤᠮᠵᠢ ᠶᠢ | ᠳᠡᠭᠦᠯᠳᠡᠷᠵᠢᠭᠦᠯᠦᠨ᠎ᠡ᠃ ᠵᠠᠰᠠᠭ ᠤᠨ ᠤᠷᠳᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠰᠠᠯᠭᠠᠬᠤ ᠶᠢ | ᠬᠡᠷᠡᠭᠵᠢᠭᠦᠯᠬᠦ ᠶᠢ ᠲᠦᠷᠭᠡᠳᠭᠡᠵᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠠᠮᠢᠵᠢᠷᠠᠯ ᠤᠨ ᠬᠦᠴᠦᠨ ᠢ | ᠬᠦᠭᠵᠢᠭᠡᠵᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠵᠠᠰᠠᠭ ᠵᠠᠬᠢᠷᠭᠠᠨᠴᠢᠯᠠᠬᠤ ᠬᠠᠨᠳᠤᠰᠢ ᠶᠢ ᠬᠤᠷᠢᠬᠯᠠᠬᠤ | ᠬᠡᠷᠡᠭᠳᠡᠢ᠃ ᠨᠡᠶᠢᠭᠡᠮ ᠤᠨ ᠵᠤᠬᠢᠶᠠᠨ ᠪᠠᠶᠢᠭᠤᠯᠤᠯᠳᠠ ᠠᠴᠠ ᠬᠠᠩᠭᠠᠬᠤ ᠳᠤ ᠲᠤᠬᠢᠷᠠᠮᠵᠢᠳᠠᠢ ᠤᠯᠠᠨ ᠨᠡᠶᠢᠳᠡ ᠶᠢᠨ | ᠦᠢᠯᠡᠴᠢᠯᠡᠭᠡ ᠪᠤᠯᠤᠨ ᠬᠠᠮᠢᠶᠠᠷᠤᠯᠳᠠ ᠶᠢᠨ ᠬᠡᠷᠡᠭ ᠶᠠᠪᠤᠳᠠᠯ ᠢ ᠨᠡᠶᠢᠭᠡᠮ ᠤᠨ ᠵᠤᠬᠢᠶᠠᠨ ᠪᠠᠶᠢᠭᠤᠯᠤᠯᠳᠠ ᠠᠴᠠ ᠬᠠᠤᠯᠢ | ᠶᠤᠰᠤᠭᠠᠷ ᠬᠠᠩᠭᠠᠬᠤ ᠪᠤᠶᠤ ᠬᠠᠮᠢᠶᠠᠷᠤᠨ᠎ᠠ᠃ ᠬᠠᠤᠯᠢ ᠶᠤᠰᠤᠭᠠᠷ ᠡᠯ᠎ᠡ ᠲᠦᠷᠦᠯ ᠤᠨ ᠨᠡᠶᠢᠭᠡᠮ ᠤᠨ ᠵᠤᠬᠢᠶᠠᠨ | ᠪᠠᠶᠢᠭᠤᠯᠤᠯᠳᠠ ᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ | ᠵᠢᠷᠤᠮᠵᠢᠯ ᠲᠦᠷᠢᠮᠵᠢᠯ ᠢ ᠠᠭᠢᠭᠤᠯᠵᠤ᠂ ᠵᠠᠰᠠᠭ ᠤᠨ ᠤᠷᠳᠤᠨ ᠤ ᠵᠠᠰᠠᠯᠳᠠ ᠪᠤᠯᠤᠨ ᠨᠡᠶᠢᠭᠡᠮ ᠤᠨ ᠵᠤᠬᠢᠴᠠᠭᠤᠯᠭ᠎ᠠ᠂ | ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠪᠡᠶᠡᠯᠡᠭᠦᠯᠦᠨ᠎ᠡ᠃ | ︵ᠳᠠᠪᠤ︶ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠲᠦᠷᠭᠡᠳᠭᠡᠨ᠎ᠡ᠃ ᠨᠠᠮ ᠵᠠᠰᠠᠭ | ᠪᠦᠯᠬᠦᠮ ᠳᠤ ᠬᠠᠷᠢᠶᠠᠯᠠᠬᠳᠠᠬᠤ ᠠᠵᠢᠯ ᠦᠢᠯᠡᠰ ᠤᠨ ᠨᠢᠭᠡᠴᠡ ᠪᠤᠯ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠬᠤ | ᠴᠢᠬᠤᠯᠠ ᠬᠦᠴᠦᠨ ᠶᠤᠮ᠃ ᠵᠠᠰᠠᠭ ᠵᠠᠬᠢᠷᠭᠠᠨ ᠤ ᠡᠭᠦᠷᠭᠡ ᠴᠢᠳᠠᠪᠬᠢ ᠡᠭᠦᠷᠭᠡᠯᠡᠵᠤ ᠪᠠᠶᠢᠬᠤ ᠠᠵᠢᠯ ᠦᠢᠯᠡᠰ ᠤᠨ | ᠨᠢᠭᠡᠴᠡ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠭᠢᠭᠤᠯᠵᠤ᠂ ᠵᠠᠰᠠᠭ ᠤᠨ ᠤᠷᠲᠤᠨ ᠪᠠ ᠠᠵᠢᠯ | ᠦᠢᠯᠡᠰ ᠤᠨ ᠨᠢᠭᠡᠴᠡ ᠶᠢᠨ ᠬᠠᠷᠢᠴᠠᠭ᠎ᠠ ᠶᠢ ᠵᠤᠬᠢᠴᠠᠭᠤᠯᠵᠤ᠂ ᠵᠠᠰᠠᠭ ᠤᠨ ᠤᠷᠲᠤᠨ ᠪᠠ ᠠᠵᠢᠯ ᠦᠢᠯᠡᠰ ᠤᠨ | ᠨᠢᠭᠡᠴᠡ ᠶᠢ ᠰᠠᠯᠭᠠᠬᠤ ᠶᠢ ᠪᠡᠶᠡᠯᠡᠬᠦᠯᠵᠤ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠡᠭᠦᠷᠭᠡᠯᠡᠬᠦ ᠠᠵᠢᠯ ᠦᠢᠯᠡᠰ ᠤᠨ | ᠨᠢᠭᠡᠴᠡ ᠶᠢ ᠳᠠᠬᠢᠨ ᠲᠤᠬᠢᠷᠠᠭᠤᠯᠬᠤ ᠦᠭᠡᠢ᠃ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠬᠤ ᠠᠵᠢᠯ ᠦᠢᠯᠡᠰ | ᠤᠨ ᠨᠢᠭᠡᠴᠡ ᠶᠢᠨ ᠦᠭᠡᠷᠡᠴᠢᠯᠡᠯᠳᠡ ᠶᠢᠨ ᠬᠦᠴᠦᠯᠡᠴᠡ ᠪᠠᠨ ᠨᠡᠮᠡᠭᠳᠡᠭᠦᠯᠵᠤ᠂ ᠠᠵᠢᠯ ᠦᠢᠯᠡᠰ ᠤᠨ ᠨᠢᠭᠡᠴᠡ ᠪᠠ | ᠠᠵᠤ ᠠᠬᠤᠶᠢᠯᠠᠯ ᠢ ᠰᠠᠯᠭᠠᠬᠤ ᠶᠢ ᠠᠭᠢᠭᠤᠯᠤᠨ᠎ᠠ᠃ ᠪᠠᠶᠢᠳᠠᠯ ᠢ ᠦᠨᠲᠦᠰᠦᠯᠡᠵᠦ ᠤᠯᠠᠨ ᠨᠡᠶᠢᠳᠡ ᠶᠢᠨ | ᠠᠰᠠᠷᠠᠮᠵᠢ ᠶᠢᠨ ᠲᠦᠷᠦᠯ ᠤᠨ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠬᠢᠵᠦ᠂ ᠨᠡᠶᠢᠭᠡᠮ ᠳᠤ | ᠬᠠᠨᠳᠤᠨ ᠤᠯᠠᠨ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠵᠤ ᠪᠠᠶᠢᠭ᠎ᠠ ᠠᠵᠢᠯ ᠦᠢᠯᠡᠰ ᠤᠨ ᠨᠢᠭᠡᠴᠡ ᠪᠠ | ᠲᠡᠭᠦᠨ ᠤ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠷᠢᠴᠠᠭ᠎ᠠ ᠶᠢ ᠵᠤᠬᠢᠴᠠᠭᠤᠯᠵᠤ᠂ ᠬᠠᠮᠢᠶᠠᠷᠴᠦ | ᠡᠵᠡᠩᠨᠡᠬᠦ ᠶᠢ ᠰᠠᠯᠭᠠᠬᠤ ᠶᠢ ᠠᠯᠭᠤᠷ ᠲᠦᠯᠬᠢᠨ ᠠᠭᠢᠭᠤᠯᠵᠤ᠂ ᠤᠯᠠᠨ ᠨᠡᠶᠢᠳᠡ ᠶᠢᠨ ᠠᠰᠠᠷᠠᠮᠵᠢ ᠶᠢᠨ ᠰᠢᠨᠵᠢ ᠴᠢᠨᠠᠷ ᠢ | ᠴᠢᠩᠭᠠᠳᠬᠠᠵᠤ᠂ ᠠᠰᠢᠭ ᠬᠦᠭᠡᠭᠡᠴᠡᠯᠳᠦᠬᠦ ᠳᠤᠬᠳᠠᠴᠠ ᠶᠢ ᠠᠷᠢᠯᠭᠠᠨ᠎ᠠ᠃ ᠭᠤᠤᠯᠳᠠᠭᠤ ᠪᠠᠶᠢᠭᠤᠯᠭ᠎ᠠ ᠳᠤ | ᠳᠡᠮᠵᠢᠯᠭᠡ ᠶᠢᠨ ᠪᠠᠲᠤᠯᠠᠪᠤᠷᠢ ᠬᠠᠩᠭᠠᠵᠤ ᠪᠠᠶᠢᠬᠤ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠬᠢ ᠪᠤᠯᠤᠨ | ᠠᠵᠢᠯᠳᠠᠨ ᠤ ᠪᠦᠲᠦᠴᠡ ᠶᠢ ᠰᠢᠯᠢᠳᠡᠭᠵᠢᠭᠦᠯᠵᠤ᠂ ᠪᠠᠶᠢᠭᠤᠯᠭ᠎ᠠ ᠲᠠᠢ ᠨᠢᠭᠡᠳᠦᠯᠳᠡᠢ ᠲᠦᠯᠦᠪᠵᠢᠭᠦᠯᠦᠨ ᠬᠠᠮᠢᠶᠠᠷᠤᠯᠳᠠ | ᠬᠢᠨ᠎ᠠ᠃ ᠠᠵᠢᠯ ᠦᠢᠯᠡᠰ ᠤᠨ ᠨᠢᠭᠡᠴᠡ ᠶᠢᠨ ᠨᠠᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠠᠵᠢᠯ ᠦᠢᠯᠡᠰ ᠤᠨ ᠨᠢᠭᠡᠴᠡ ᠶᠢᠨ ᠨᠠᠮ ᠤᠨ ᠤᠳᠤᠷᠢᠳᠬᠤ ᠪᠠᠶᠢᠭᠤᠯᠤᠮᠵᠢ ᠪᠤᠯᠤᠨ ᠠᠵᠢᠯ ᠤᠨ ᠳᠤᠬᠳᠠᠴᠠ ᠶᠢ | ᠳᠡᠭᠦᠯᠳᠡᠷᠵᠢᠭᠦᠯᠦᠨ᠎ᠡ᠃ | ︵ᠵᠢᠷᠭᠤᠭ᠎ᠠ︶ ᠴᠡᠷᠢᠭ ᠠᠩᠬᠢ ᠪᠠ ᠤᠷᠤᠨ ᠨᠤᠲᠤᠭ ᠠᠯᠤᠰᠯᠠᠬᠰᠠᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠴᠡᠷᠢᠭ ᠪᠤᠯ ᠴᠡᠷᠢᠭ᠂ ᠴᠠᠬᠳᠠᠭ᠎ᠠ ᠪᠤᠯ ᠴᠠᠬᠳᠠᠭ᠎ᠠ᠂ ᠠᠷᠠᠳ ᠪᠤᠯ ᠠᠷᠠᠳ ᠭᠡᠬᠦ ᠵᠠᠷᠴᠢᠮ | ᠤᠨ ᠶᠤᠰᠤᠭᠠᠷ ᠵᠠᠪᠰᠡᠭᠳᠦ ᠴᠠᠬᠳᠠᠭ᠎ᠠ ᠶᠢᠨ ᠴᠡᠷᠢᠭ ᠠᠩᠬᠢ᠂ ᠡᠷᠦᠭᠡ ᠶᠢᠨ ᠴᠡᠷᠢᠭ ᠪᠤᠯᠤᠨ ᠪᠡᠯᠡᠳᠭᠡᠯ ᠴᠡᠷᠢᠭ ᠠᠩᠬᠢ | ᠶᠢᠨ ᠴᠡᠷᠢᠭ ᠪᠠ ᠤᠷᠤᠨ ᠨᠤᠲᠤᠭ ᠠᠯᠤᠰᠯᠠᠬᠰᠠᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠳᠤᠳᠤᠭᠠᠳᠤ ᠶᠢ | ᠬᠠᠮᠠᠭᠠᠯᠠᠬᠤ ᠴᠡᠷᠢᠭ ᠠᠩᠬᠢ ᠶᠢᠨ ᠦᠭᠡᠷᠡᠴᠢᠯᠡᠯᠳᠡ ᠶᠢ ᠲᠦᠯᠬᠢᠨ ᠠᠭᠢᠭᠤᠯᠤᠨ᠎ᠠ᠃ ᠴᠡᠷᠢᠭ ᠠᠩᠬᠢ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ᠂ ᠠᠵᠤ ᠠᠬᠤᠶᠢᠯᠠᠯ᠂ ᠲᠠᠷᠢᠶᠠᠯᠠᠩ ᠤᠨ ᠳᠠᠯᠠᠪᠠᠢ ᠵᠡᠷᠭᠡ ᠶᠢ ᠤᠷᠤᠨ | ᠨᠤᠳᠤᠭ ᠲᠤ ᠨᠢ ᠲᠤᠰᠢᠶᠠᠨ ᠦᠭᠴᠦ ᠡᠷᠬᠢᠯᠡᠭᠦᠯᠵᠤ ᠪᠤᠯᠤᠨ᠎ᠠ᠃ ᠵᠠᠷᠴᠢᠮ ᠳᠡᠭᠡᠷ᠎ᠡ ᠪᠠᠨ ᠤᠷᠤᠨ ᠨᠤᠳᠤᠭ ᠲᠤ | ᠲᠤᠰᠢᠶᠠᠨ ᠦᠭᠴᠦ ᠡᠷᠬᠢᠯᠡᠬᠦᠯᠬᠦ ᠶᠤᠰᠤᠳᠠᠢ᠃ ᠨᠠᠮ ᠤᠨ ᠤᠳᠤᠷᠢᠳᠤᠯᠭ᠎ᠠ ᠳᠤᠤᠷ᠎ᠠ ᠠᠵᠤ ᠠᠬᠤᠢ ᠨᠡᠶᠢᠭᠡᠮ ᠤᠨ | ᠬᠦᠭᠵᠢᠯᠳᠡ ᠶᠢ ᠨᠢᠭᠡᠳᠦᠯᠳᠡᠢ ᠲᠦᠯᠦᠪᠯᠡᠨ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ ᠪᠦᠲᠦᠭᠡᠨ | ᠪᠠᠶᠢᠭᠤᠯᠤᠯᠳᠠ ᠶᠢᠨ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮᠵᠢ᠂ ᠠᠵᠢᠯᠯᠠᠭᠠᠨ ᠤ ᠡᠷᠭᠢᠯᠲᠡ | ᠶᠢᠨ ᠰᠢᠰᠲ᠋ᠧᠮᠵᠢ ᠪᠤᠯᠤᠨ ᠲᠦᠷᠦ ᠶᠢᠨ ᠪᠤᠳᠤᠯᠭ᠎ᠠ ᠳᠦᠷᠢᠮ ᠲᠤᠭᠲᠠᠭᠠᠯ ᠤᠨ ᠰᠢᠰᠲ᠋ᠧᠮᠵᠢ ᠶᠢ ᠳᠡᠭᠦᠯᠳᠡᠷᠵᠢᠭᠦᠯᠵᠤ᠂ | ᠤᠯᠤᠰ ᠤᠨ ᠪᠠᠲᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠪᠠᠶᠢᠭᠤᠯᠤᠮᠵᠢ ᠶᠢᠨ ᠰᠢᠰᠲ᠋ᠧᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠴᠡᠷᠢᠭ ᠤᠷᠤᠨ ᠨᠤᠲᠤᠭ ᠤᠨ | ᠵᠤᠬᠢᠴᠠᠩᠭᠤᠢ ᠲᠤᠭᠲᠠᠴᠠ ᠶᠢ ᠪᠦᠷᠢᠨᠰᠢᠬᠦᠯᠵᠦ᠂ ᠴᠡᠷᠢᠭ ᠠᠷᠠᠳ ᠠᠭᠤᠰᠤᠯᠴᠠᠨ ᠭᠦᠨᠵᠡᠭᠡᠢ ᠬᠦᠭᠵᠢᠬᠦ ᠶᠢ ᠲᠦᠯᠬᠢᠨ | ᠠᠭᠢᠭᠤᠯᠵᠤ᠂ ᠨᠢᠭᠡ ᠴᠤᠬᠴᠠᠵᠢᠬᠰᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠰᠲ᠋ᠧᠮᠵᠢ ᠪᠤᠯᠤᠨ ᠴᠢᠲᠠᠪᠦᠷᠢ ᠶᠢ | ᠪᠤᠢ ᠪᠤᠯᠭᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠳᠠ ᠶᠢᠨ ᠪᠠᠳᠤᠯᠠᠪᠦᠷᠢ ᠶᠢᠨ | ᠪᠠᠶᠢᠭᠤᠯᠤᠮᠵᠢ ᠶᠢ ᠵᠤᠬᠢᠶᠠᠨ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠴᠢᠳᠠᠯ ᠢ ᠵᠤᠬᠢᠴᠠᠭᠤᠯᠵᠤ ᠴᠡᠷᠢᠭ ᠤᠨ | ᠠᠯᠪᠠᠨ ᠠᠴᠠ ᠪᠠᠭᠤᠭᠰᠠᠳ ᠲᠤ ᠨᠡᠩ ᠰᠠᠶᠢᠲᠤᠷ ᠦᠢᠯᠡᠴᠢᠯᠡᠨ᠎ᠡ᠃ | ᠵᠢᠷᠭᠤᠭ᠎ᠠ᠂ ᠤᠷᠤᠨ ᠨᠤᠳᠤᠭ ᠤᠨ ᠪᠠᠶᠢᠭᠤᠯᠤᠮᠵᠢ ᠶᠢ ᠵᠤᠬᠢᠰᠳᠠᠢ ᠲᠤᠬᠢᠷᠠᠭᠤᠯᠤᠨ᠎ᠠ | ᠤᠷᠤᠨ ᠨᠤᠳᠤᠭ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠡᠭᠦᠷᠭᠡ ᠴᠢᠳᠠᠪᠬᠢ ᠶᠢᠨ | ᠪᠠᠶᠢᠷᠢᠯᠠᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ ᠰᠢᠯᠢᠳᠡᠭᠵᠢᠬᠦᠯᠵᠦ᠂ ᠲᠦᠪ ᠠᠴᠠ ᠤᠷᠤᠨ ᠨᠤᠳᠤᠭ | ᠬᠦᠷᠳᠡᠯᠡᠬᠢ ᠡᠷᠬᠢᠯᠳᠠ ᠤᠷᠤᠬᠰᠢᠳᠠᠢ᠂ ᠠᠮᠢᠵᠢᠷᠠᠯ ᠤᠨ ᠬᠦᠴᠦᠨ ᠢᠶᠠᠷ ᠪᠢᠯᠬᠠᠬᠰᠠᠨ᠂ ᠵᠠᠷᠯᠢᠭ ᠵᠢᠭᠠᠪᠤᠷᠢ ᠶᠢ ᠴᠢᠩᠭ᠎ᠠ | ᠭᠡᠷᠡᠭᠵᠢᠬᠦᠯᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠲᠦᠪ ᠤᠨ ᠪᠠ ᠤᠷᠤᠨ ᠨᠤᠳᠤᠭ ᠤᠨ ᠡᠷᠭᠡ ᠶᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠲᠦᠪ ᠤᠨ ᠪᠠ ᠤᠷᠤᠨ ᠨᠤᠳᠤᠭ ᠤᠨ ᠲᠤᠰᠢᠶᠠᠯ ᠬᠠᠷᠢᠭᠤᠴᠠᠯᠭ᠎ᠠ ᠶᠢᠨ | ᠬᠠᠷᠢᠴᠠᠭ᠎ᠠ ᠶᠢ ᠰᠢᠯᠤᠭᠤᠳᠬᠠᠵᠤ᠂ ᠲᠦᠪ ᠤᠨ ᠪᠠ ᠤᠷᠤᠨ ᠨᠤᠳᠤᠭ ᠤᠨ ᠢᠳᠡᠪᠭᠢ ᠴᠢᠨᠠᠷ ᠢ ᠨᠠᠩ ᠰᠠᠶᠢᠳᠤᠷ | ᠪᠠᠳᠠᠷᠠᠭᠤᠯᠵᠤ᠂ ᠲᠦᠪ ᠠᠴᠠ ᠬᠤᠷᠸ᠎ᠠ ᠬᠡᠷᠡᠭ ᠶᠠᠪᠤᠳᠠᠯ ᠳᠠᠬᠢ ᠬᠠᠮᠢᠶᠠᠷᠤᠯᠳᠠ ᠪᠠᠨ ᠴᠢᠩᠭᠠᠳᠬᠠᠵᠤ᠂ ᠤᠷᠤᠨ | ᠨᠤᠳᠤᠭ ᠠᠴᠠ ᠨᠠᠮ ᠤᠨ ᠲᠦᠪ ᠬᠤᠷᠢᠶ᠎ᠠ ᠶᠢᠨ ᠵᠠᠷᠯᠢᠭ ᠵᠢᠭᠠᠪᠤᠷᠢ ᠶᠢ ᠴᠢᠩᠭ᠎ᠠ ᠬᠡᠷᠡᠭᠵᠢᠬᠦᠯᠬᠦ ᠶᠢ ᠪᠠᠳᠤᠯᠠᠬᠤ ᠤᠷᠢᠳᠠᠯ | ᠲᠤᠤᠷ᠎ᠠ ᠲᠤᠰ ᠭᠠᠵᠠᠷ ᠤᠷᠤᠨ ᠤ ᠬᠡᠷᠡᠭ ᠶᠠᠪᠤᠳᠠᠯ ᠢᠶᠠᠨ ᠰᠠᠶᠢᠳᠤᠷ ᠬᠠᠮᠢᠶᠠᠷᠴᠦ᠂ ᠡᠯ᠎ᠠ ᠱᠠᠳᠤᠨ ᠤ ᠪᠠᠶᠢᠭᠤᠯᠤᠮᠵᠢ | ᠵᠢᠴᠢ ᠡᠭᠦᠷᠭᠡ ᠬᠠᠷᠢᠭᠤᠴᠠᠯᠭ᠎ᠠ ᠶᠢ ᠵᠤᠬᠢᠰᠳᠠᠢ ᠲᠤᠬᠢᠷᠠᠭᠤᠯᠵᠤ ᠪᠠᠶᠢᠷᠢᠯᠠᠭᠤᠯᠤᠨ᠎ᠠ᠃ | ︵ᠨᠢᠭᠡ︶ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠳᠤᠯᠠᠨ᠎ᠠ᠃ ᠤᠷᠤᠨ ᠨᠤᠳᠤᠭ ᠤᠨ | ᠪᠠᠶᠢᠭᠤᠯᠤᠮᠵᠢ ᠶᠢᠨ ᠲᠤᠬᠢᠷᠠᠭᠤᠯᠤᠯᠳᠠ ᠨᠢ ᠨᠠᠮ ᠤᠨ ᠲᠦᠪ ᠬᠤᠷᠢᠶ᠎ᠠ ᠶᠢᠨ ᠴᠢᠭᠯᠡᠯᠳᠠ ᠲᠦᠷᠦ ᠶᠢᠨ ᠪᠤᠳᠤᠯᠭ᠎ᠠ ᠪᠠ | ᠤᠯᠤᠰ ᠤᠨ ᠬᠠᠤᠯᠢ ᠴᠠᠭᠠᠵᠠ ᠬᠠᠦᠯᠢ ᠲᠤᠬᠳᠠᠭᠠᠯ ᠢ ᠪᠦᠳᠦᠮᠵᠢᠳᠡᠢ ᠬᠡᠷᠡᠭᠵᠢᠬᠦᠯᠬᠦ ᠶᠢ ᠪᠠᠳᠤᠯᠠᠨ᠎ᠠ᠃ ᠮᠤᠵᠢ᠂ | ᠬᠤᠳᠠ᠂ ᠰᠢᠶᠠᠨ ᠤ ᠡᠯ᠎ᠠ ᠱᠠᠳᠤᠨ ᠤ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ | ᠪᠠ ᠤᠯᠤᠰ ᠤᠨ ᠬᠠᠤᠯᠢ ᠲᠦᠷᠢᠮ ᠨᠢᠭᠡᠳᠦᠯᠳᠡᠢ ᠪᠠᠶᠢᠬᠤ᠂ ᠵᠠᠰᠠᠭ ᠤᠨ ᠵᠠᠷᠯᠢᠭ ᠨᠢᠭᠡᠳᠦᠯᠳᠡᠢ ᠪᠠᠶᠢᠬᠤ᠂ ᠵᠠᠬ᠎ᠠ | ᠲᠡᠯᠭᠡᠭᠦᠷ ᠨᠢᠭᠡᠳᠦᠯᠳᠡᠢ ᠪᠠᠶᠢᠬᠤ ᠲᠠᠢ ᠬᠤᠯᠪᠤᠬᠳᠠᠬᠰᠠᠨ ᠪᠠᠶᠢᠭᠤᠯᠤᠮᠵᠢ ᠶᠢᠨ ᠡᠬᠦᠷᠭᠡ ᠴᠢᠲᠠᠪᠬᠢ ᠨᠢ | ᠦᠨᠳᠦᠰᠦᠨ ᠳᠡᠭᠡᠨ ᠬᠠᠷᠢᠯᠴᠠᠨ ᠲᠤᠬᠢᠷᠠᠯᠴᠠᠵᠤ᠂ ᠨᠠᠮ ᠤᠨ ᠲᠦᠪ ᠬᠤᠷᠢᠶ᠎ᠠ ᠲᠠᠢ ᠬᠠᠷᠢᠯᠴᠠᠨ ᠵᠤᠯᠭᠠᠯᠴᠠᠬᠰᠠᠨ | ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢ ᠲᠤᠳᠤᠷᠬᠠᠶᠢᠯᠠᠵᠤ᠂ ᠲᠡᠭᠡᠲᠦ ᠲᠤᠤᠷᠠᠲᠤ ᠱᠠᠲᠤ ᠨᠡᠪᠳᠡᠷᠡᠭᠰᠡᠨ᠂ | ᠬᠦᠴᠦᠨ ᠪᠦᠬᠦᠢ ᠬᠡᠷᠡᠭᠵᠢᠬᠦᠯᠤᠯᠳᠠ ᠶᠢ ᠪᠠᠳᠤᠯᠠᠨ᠎ᠠ᠃ | ︵ᠬᠤᠶᠠᠷ︶ ᠮᠤᠵᠢ ᠶᠢᠨ ᠲᠡᠰ ᠵᠢᠴᠢ ᠮᠤᠵᠢ ᠶᠢᠨ ᠲᠡᠰ ᠠᠴᠠ ᠲᠤᠷᠤᠬᠰᠢᠬᠢ ᠪᠠᠶᠢᠭᠤᠯᠤᠮᠵᠢ ᠳᠤ ᠨᠠᠩ ᠤᠯᠠᠨ | ᠡᠵᠡᠨ ᠮᠡᠳᠡᠬᠦ ᠡᠷᠭᠡ ᠤᠯᠭᠤᠨ᠎ᠠ᠃ ᠤᠷᠤᠨ ᠨᠤᠳᠤᠭ ᠤᠨ ᠵᠠᠰᠠᠯᠳᠠ ᠶᠢᠨ ᠴᠢᠳᠠᠪᠤᠷᠢ ᠶᠢ ᠴᠢᠩᠭᠠᠷᠠᠭᠤᠯᠵᠤ᠂ | ᠦᠨᠳᠦᠰᠦᠨ ᠱᠠᠳᠤᠨ ᠳᠤ ᠬᠠᠨᠳᠤᠭᠤᠯᠤᠭᠰᠠᠨ᠂ ᠬᠡᠮᠵᠢᠶ᠎ᠠ ᠪᠠᠷ ᠶᠡᠭᠡ᠂ ᠬᠡᠪᠴᠢᠶ᠎ᠠ ᠪᠠᠷ ᠦᠷᠭᠡᠨ᠂ ᠤᠷᠤᠨ | ᠨᠤᠳᠤᠭ ᠠᠴᠠ ᠬᠡᠷᠡᠭᠵᠢᠬᠦᠯᠪᠡᠯ ᠨᠠᠩ ᠲᠦᠭᠦᠮ ᠲᠦᠳᠡ ᠪᠦᠳᠦᠮᠵᠢᠳᠡᠢ ᠠᠵᠤ ᠠᠬᠤᠢ ᠨᠡᠶᠢᠭᠡᠮ ᠤᠨ | ᠬᠠᠮᠢᠶᠠᠷᠤᠯᠳᠠ ᠶᠢᠨ ᠬᠡᠷᠡᠭ ᠶᠠᠪᠤᠳᠠᠯ ᠢ ᠤᠷᠤᠨ ᠨᠤᠳᠤᠭ ᠲᠤ ᠲᠠᠯᠪᠢᠵᠤ ᠦᠭᠭᠦᠨ᠎ᠠ᠃ ᠲᠦᠪ ᠤᠨ ᠲᠤᠳᠤᠷᠬᠠᠢ | ᠲᠤᠬᠳᠠᠭᠠᠯ ᠠᠴᠠ ᠭᠠᠳᠠᠨ᠎ᠠ᠂ ᠤᠷᠤᠨ ᠨᠤᠳᠤᠭ ᠤᠨ ᠭᠠᠵᠠᠷ ᠤᠷᠤᠨ ᠤ ᠤᠨᠴᠠᠯᠢᠭ ᠢᠶᠠᠨ ᠦᠨᠳᠦᠰᠦᠯᠡᠨ | ᠪᠠᠶᠢᠭᠤᠯᠤᠮᠵᠢ ᠲᠤᠬᠢᠷᠠᠭᠤᠯᠬᠤ ᠪᠠ ᠡᠭᠦᠷᠭᠡ ᠴᠢᠳᠠᠪᠬᠢ ᠪᠠᠶᠢᠷᠢᠯᠠᠭᠤᠯᠬᠤ ᠶᠢ ᠵᠦᠪᠰᠢᠶᠠᠷᠡᠵᠦ᠂ ᠭᠠᠵᠠᠷ ᠤᠷᠤᠨ ᠤ | ᠤᠨᠴᠠᠯᠢᠭ ᠢᠶᠠᠨ ᠦᠨᠳᠦᠰᠦᠯᠡᠨ ᠲᠤᠬᠢᠷᠠᠭᠤᠯᠤᠬᠰᠠᠨ ᠪᠠᠶᠢᠭᠤᠯᠤᠮᠵᠢ ᠶᠢ ᠲᠡᠭᠡᠲᠦ ᠱᠠᠳᠤᠨ ᠤ ᠪᠠᠶᠢᠭᠤᠯᠭ᠎ᠠ ᠶᠢᠨ | ᠬᠠᠷᠢᠯᠴᠠᠨ ᠵᠤᠯᠭᠠᠯᠴᠠᠬᠰᠠᠨ ᠪᠠᠶᠢᠭᠤᠯᠤᠮᠵᠢ ᠳᠤ ᠨᠢᠭᠡᠳᠬᠡᠨ ᠤᠷᠤᠭᠤᠯᠬᠤ ᠶᠢ ᠵᠦᠪᠰᠢᠶᠠᠷᠡᠵᠦ᠂ ᠲᠤᠬᠳᠠᠭᠰᠠᠨ | ᠬᠡᠮᠵᠢᠶ᠎ᠠ ᠶᠢᠨ ᠲᠤᠳᠤᠷ᠎ᠠ ᠪᠠᠶᠢᠭᠤᠯᠤᠮᠵᠢ ᠶᠢᠨ ᠲᠤᠭ᠎ᠠ᠂ ᠨᠡᠷᠡᠶᠢᠳᠦᠯ᠂ ᠳᠤᠭᠠᠷᠯᠠᠯ ᠵᠡᠷᠭᠡ ᠶᠢ ᠲᠤᠬᠳᠠᠭᠠᠨ᠎ᠠ᠃ | ︵ᠭᠤᠷᠪᠠ︶ ᠲᠦᠭᠦᠮ ᠲᠦᠳᠡ ᠦᠨᠳᠦᠷ ᠪᠦᠳᠦᠮᠵᠢᠳᠡᠢ ᠦᠨᠳᠦᠰᠦᠨ ᠱᠠᠳᠤᠨ ᠤ ᠬᠠᠮᠢᠶᠠᠷᠤᠯᠳᠠ ᠶᠢᠨ | ᠪᠠᠶᠢᠭᠤᠯᠤᠮᠵᠢ ᠶᠢ ᠪᠠᠶᠢᠭᠤᠯᠤᠨ᠎ᠠ᠃ ᠦᠨᠳᠦᠰᠦᠨ ᠱᠠᠳᠤᠨ ᠤ ᠵᠠᠰᠠᠭ ᠤᠨ ᠡᠷᠭᠡ ᠶᠢᠨ ᠪᠠᠶᠢᠭᠤᠯᠤᠯᠳᠠ ᠶᠢ | ᠴᠢᠩᠭᠠᠳᠬᠠᠵᠤ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠰᠠᠭᠤᠷᠢ ᠶᠢ | ᠪᠠᠳᠤᠳᠬᠠᠨ᠎ᠠ᠃ ᠦᠨᠳᠦᠰᠦᠨ ᠱᠠᠳᠤᠨ ᠤ ᠵᠠᠰᠠᠭ ᠤᠨ ᠡᠷᠭᠡ ᠶᠢᠨ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ | ᠬᠦᠮᠦᠨ ᠤ ᠬᠦᠴᠦᠨ ᠤ ᠡᠬᠢ ᠪᠠᠶᠠᠯᠢᠭ ᠤᠨ ᠲᠤᠬᠢᠷᠠᠭᠤᠯᠤᠯᠳᠠ ᠨᠢ ᠡᠷᠭᠡᠪᠰᠢ ᠤᠯᠠᠨ ᠲᠦᠮᠡᠨ ᠳᠤ ᠬᠠᠨᠳᠤᠭᠤᠯᠤᠨ᠂ | ᠦᠨᠳᠦᠰᠦᠨ ᠱᠠᠳᠤᠨ ᠤ ᠠᠵᠢᠯ ᠶᠠᠪᠤᠳᠠᠯ ᠤᠨ ᠤᠨᠴᠠᠯᠢᠭ ᠲᠠᠢ ᠨᠡᠶᠢᠴᠡᠵᠦ᠂ ᠲᠦᠭᠦᠮᠬᠡᠨ ᠢᠶᠠᠷ ᠲᠡᠭᠡᠲᠦ ᠱᠠᠳᠤᠨ ᠤ | ᠪᠠᠶᠢᠭᠤᠯᠤᠮᠵᠢ ᠶᠢᠨ ᠲᠤᠬᠢᠷᠠᠭᠤᠯᠤᠯᠳᠠ ᠶᠢᠨ ᠬᠡᠯᠪᠡᠷᠢ ᠶᠢ ᠰᠢᠯᠵᠢᠬᠦᠯᠵᠦ ᠪᠤᠯᠬᠤ ᠦᠭᠡᠢ᠃ ᠠᠵᠢᠯ ᠤᠨ ᠪᠤᠳᠠᠳᠠᠢ | ᠬᠡᠷᠡᠭᠴᠡᠭᠡ ᠪᠠᠨ ᠦᠨᠳᠦᠰᠦᠯᠡᠵᠦ᠂ ᠦᠨᠳᠦᠰᠦᠨ ᠱᠠᠳᠤᠨ ᠤ ᠬᠢᠨᠠᠨ ᠵᠦᠪᠰᠢᠶᠡᠷᠡᠬᠦ᠂ ᠦᠢᠯᠡᠴᠢᠯᠡᠬᠦ᠂ ᠬᠠᠤᠯᠢ | ᠬᠡᠷᠡᠭᠵᠢᠬᠦᠯᠬᠦ ᠵᠡᠷᠭᠡ ᠲᠠᠯ᠎ᠠ ᠶᠢᠨ ᠬᠦᠴᠦᠨ ᠴᠢᠳᠠᠯ ᠢ ᠨᠡᠶᠢᠳᠭᠡᠵᠦ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠡᠬᠢ | ᠪᠠᠶᠠᠯᠢᠭ ᠢ ᠨᠢᠭᠡᠳᠦᠯᠳᠡᠢ ᠲᠦᠯᠦᠪᠵᠢᠬᠦᠯᠵᠤ᠂ ᠬᠠᠮᠢᠶ᠎ᠠ ᠪᠦᠬᠦᠢ ᠡᠭᠦᠷᠭᠡ ᠴᠢᠳᠠᠪᠬᠢ ᠶᠢ ᠨᠡᠶᠢᠳᠭᠡᠨ ᠶᠡᠷᠦᠩᠭᠡᠶᠢᠯᠡᠭᠰᠡᠨ | ᠴᠢᠨᠠᠷᠳᠠᠢ ᠪᠠᠶᠢᠭᠤᠯᠤᠮᠵᠢ ᠪᠠᠶᠢᠭᠤᠯᠵᠤ᠂ ᠬᠠᠪᠳᠠᠭᠠᠶᠢᠵᠢᠬᠰᠠᠨ ᠲᠤᠤᠷᠴᠢᠯᠠᠬᠰᠠᠨ ᠬᠠᠮᠢᠶᠠᠷᠤᠯᠳᠠ ᠶᠢ ᠬᠡᠷᠡᠭᠵᠢᠬᠦᠯᠦᠨ᠎ᠠ᠃ | ᠵᠠᠰᠠᠯᠳᠠ ᠶᠢᠨ ᠭᠤᠤᠯᠳᠠᠯᠭ᠎ᠠ ᠶᠢ ᠲᠤᠷᠤᠬᠰᠢ ᠰᠢᠯᠵᠢᠬᠦᠯᠬᠦ ᠶᠢ ᠠᠬᠢᠭᠤᠯᠵᠤ᠂ ᠡᠬᠢ ᠪᠠᠶᠠᠯᠢᠭ᠂ ᠦᠢᠯᠡᠴᠢᠯᠡᠭᠡ᠂ | ᠬᠠᠮᠢᠶᠠᠷᠤᠯᠳᠠ ᠶᠢ ᠴᠢᠳᠠᠬᠤ ᠶᠢᠨ ᠲᠤᠳᠤᠷ᠎ᠠ ᠦᠨᠳᠦᠰᠦᠨ ᠱᠠᠳᠤᠨ ᠳᠤ ᠲᠠᠯᠪᠢᠵᠤ᠂ ᠦᠨᠳᠦᠰᠦᠨ ᠱᠠᠳᠤᠨ ᠳᠤ | ᠬᠦᠮᠦᠨ ᠲᠠᠢ ᠡᠷᠭᠡ ᠲᠠᠢ ᠪᠤᠳᠠᠰ ᠲᠠᠢ ᠪᠤᠯᠭᠠᠵᠦ᠂ ᠦᠨᠳᠦᠰᠦᠨ ᠱᠠᠳᠤᠨ ᠤ ᠬᠡᠷᠡᠭ ᠶᠠᠪᠤᠳᠠᠯ ᠢ ᠦᠨᠳᠦᠰᠦᠨ | ᠱᠠᠳᠤᠨ ᠳᠤ ᠬᠦᠢᠴᠡᠳᠭᠡᠵᠦ᠂ ᠦᠨᠳᠦᠰᠦᠨ ᠱᠠᠳᠤᠨ ᠤ ᠡᠷᠭᠡ ᠶᠢ ᠦᠨᠳᠦᠰᠦᠨ ᠱᠠᠳᠤᠨ ᠳᠤ ᠦᠭᠴᠦ᠂ ᠦᠨᠳᠦᠰᠦᠨ | ᠱᠠᠳᠤᠨ ᠤ ᠬᠡᠷᠡᠭ ᠶᠠᠪᠤᠳᠠᠯ ᠢ ᠬᠦᠢᠴᠡᠳᠭᠡᠭᠦ ᠬᠦᠮᠦᠨ ᠲᠠᠢ ᠪᠠᠶᠢᠬᠤ ᠶᠢ ᠪᠠᠳᠤᠯᠠᠨ᠎ᠠ᠃ ᠲᠡᠭᠡᠳᠦ ᠱᠠᠳᠤᠨ ᠤ | ᠪᠠᠶᠢᠭᠤᠯᠭ᠎ᠠ ᠦᠨᠳᠦᠰᠦᠨ ᠱᠠᠳᠤᠨ ᠳᠠᠬᠢ ᠤᠳᠤᠷᠢᠳᠤᠯᠭ᠎ᠠ ᠶᠢᠨ ᠬᠡᠯᠪᠡᠷᠢ ᠪᠠᠨ ᠰᠢᠯᠢᠳᠡᠭᠵᠢᠬᠦᠯᠵᠦ᠂ ︽ᠨᠢᠭᠡ ᠨᠢ | ᠤᠯᠠᠨ ᠳᠤ ᠬᠠᠨᠳᠤᠬᠤ︾᠂ ᠨᠢᠭᠡ ᠦᠨᠳᠦᠰᠦᠨ ᠱᠠᠳᠤᠨ ᠤ ᠪᠠᠶᠢᠭᠤᠯᠤᠮᠵᠢ ᠤᠯᠠᠨ ᠲᠡᠭᠡᠳᠦ ᠱᠠᠳᠤᠨ ᠤ ᠡᠭᠦᠷᠭᠡ ᠶᠢ | ᠲᠠᠭᠠᠭᠠᠴᠢᠯᠠᠬᠤ ᠶᠢ ᠵᠦᠪᠰᠢᠶᠡᠷᠡᠬᠦ ᠶᠢᠨ ᠬᠠᠮᠳᠤ ︽ᠤᠯᠠᠨ ᠨᠢ ᠨᠢᠭᠡ ᠳᠤ ᠬᠠᠨᠳᠤᠬᠤ︾᠂ ᠦᠨᠳᠦᠰᠦᠨ ᠱᠠᠳᠤᠨ ᠤ | ᠠᠳᠠᠯᠢ ᠪᠤᠰᠤ ᠪᠠᠶᠢᠭᠤᠯᠤᠮᠵᠢ ᠠᠳᠠᠯᠢ ᠨᠢᠭᠡ ᠲᠡᠭᠡᠳᠦ ᠱᠠᠳᠤᠨ ᠤ ᠪᠠᠶᠢᠭᠤᠯᠤᠮᠵᠢ ᠳᠤ ᠵᠦᠪᠰᠢᠶᠠᠷᠡᠯ ᠠᠪᠴᠦ ᠬᠠᠷᠢᠭᠤ | ᠮᠡᠳᠡᠬᠦᠯᠬᠦ ᠶᠢ ᠵᠦᠪᠰᠢᠶᠠᠷᠡᠨ᠎ᠠ᠃ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠪᠠ ᠠᠵᠢᠯ ᠤᠨ ᠶᠠᠪᠤᠴᠠ ᠶᠢ | ᠲᠤᠳᠤᠷᠬᠠᠶᠢᠯᠠᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠢᠨᠠᠯᠳᠠ ᠲᠠᠯᠪᠢᠬᠤ ᠰᠢᠰᠲ᠋ᠧᠮᠵᠢ ᠶᠢ | ᠪᠦᠷᠢᠨᠰᠢᠬᠦᠯᠵᠦ᠂ ᠦᠨᠳᠦᠰᠦᠨ ᠱᠠᠳᠤᠨ ᠤ ᠬᠠᠮᠢᠶᠠᠷᠤᠯᠳᠠ ᠶᠢᠨ ᠠᠵᠢᠯᠯᠠᠭ᠎ᠠ ᠶᠢ ᠵᠢᠷᠤᠮᠵᠢᠭᠤᠯᠵᠦ᠂ ᠡᠷᠭᠡ ᠶᠢ | ᠲᠤᠷ᠎ᠠ ᠪᠠᠷ ᠬᠡᠷᠡᠭᠯᠡᠬᠦ ᠦᠭᠡᠢ ᠪᠠᠶᠢᠬᠤ ᠶᠢ ᠪᠠᠳᠤᠯᠠᠨ᠎ᠠ᠃ ᠠᠷᠠᠳ ᠤᠨ ᠠᠮᠢᠳᠤᠷᠠᠯ ᠳᠤ ᠰᠢᠭᠤᠳ ᠦᠢᠯᠡᠴᠢᠯᠡᠬᠦ ᠤᠯᠠᠨ | ᠨᠠᠶᠢᠳᠠ ᠶᠢᠨ ᠬᠡᠷᠡᠭ ᠶᠠᠪᠤᠳᠠᠯ ᠤᠨ ᠰᠠᠯᠠᠭ᠎ᠠ ᠮᠦᠴᠢᠷ ᠤᠨ ᠦᠭᠡᠷᠡᠴᠢᠯᠡᠯᠳᠠ ᠶᠢ ᠠᠬᠢᠭᠤᠯᠵᠤ᠂ ᠦᠢᠯᠡᠴᠢᠯᠡᠭᠡᠨ ᠤ | ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠤᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠠ ᠪᠠᠷ ᠳᠦᠭᠦᠮ | ᠦᠵᠡᠭᠦᠯᠦᠨ᠎ᠡ᠃ | ︵ᠲᠦᠷᠪᠡ︶ ᠰᠢᠭᠤᠳ ᠬᠠᠮᠢᠶᠠᠷᠤᠯᠳᠠ ᠶᠢᠨ ᠪᠠᠶᠢᠭᠤᠯᠤᠮᠵᠢ ᠪᠠ ᠤᠷᠤᠨ ᠨᠤᠳᠤᠭ ᠤᠨ ᠱᠠᠳᠤ ᠬᠤᠪᠢᠶᠠᠬᠰᠠᠨ | ᠬᠠᠮᠢᠶᠠᠷᠤᠯᠳᠠ ᠶᠢᠨ ᠪᠠᠶᠢᠭᠤᠯᠤᠮᠵᠢ ᠶᠢ ᠵᠢᠷᠤᠮᠵᠢᠭᠤᠯᠦᠨᠠ᠃ ᠡᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠨ ᠲᠤᠳᠤᠷᠬᠠᠶᠢᠯᠠᠵᠤ᠂ ᠲᠦᠪ ᠲᠤ ᠬᠠᠷᠢᠶᠠᠯᠠᠭᠳᠠᠬᠤ ᠬᠡᠷᠡᠭ ᠶᠠᠪᠤᠳᠠᠯ᠂ ᠲᠦᠪ ᠠᠴᠠ ᠬᠠᠷᠢᠭᠤᠴᠠᠬᠤ | ᠬᠡᠷᠡᠭ ᠶᠠᠪᠤᠳᠠᠯ ᠳᠤ ᠲᠦᠪ ᠠᠴᠠ ᠰᠢᠭᠤᠳ ᠬᠠᠮᠢᠶᠠᠷᠬᠤ ᠪᠠᠶᠢᠭᠤᠯᠤᠮᠵᠢ ᠲᠤᠬᠢᠷᠠᠭᠤᠯᠵᠤ ᠵᠢᠷᠤᠮᠵᠢᠬᠰᠡᠨ | ᠬᠠᠮᠢᠶᠠᠷᠤᠯᠳᠠ ᠶᠢ ᠬᠡᠷᠡᠭᠵᠢᠬᠦᠯᠵᠦ᠂ ᠰᠢᠭᠤᠳ ᠬᠠᠮᠢᠶᠠᠷᠬᠤ ᠬᠠᠮᠢᠶᠠᠷᠤᠯᠳᠠ ᠶᠢᠨ ᠪᠠᠶᠢᠭᠤᠯᠤᠮᠵᠢ ᠪᠠ ᠤᠷᠤᠨ ᠨᠤᠳᠤᠭ | ᠤᠨ ᠬᠠᠮᠵᠢᠯᠴᠠᠨ ᠵᠤᠬᠢᠴᠠᠭᠤᠯᠬᠤ ᠪᠠᠶᠢᠭᠤᠯᠤᠮᠵᠢ ᠶᠢ ᠪᠦᠷᠢᠨᠰᠢᠬᠦᠯᠦᠨ᠎ᠠ᠃ ᠲᠦᠪ ᠪᠠ ᠤᠷᠤᠨ ᠨᠤᠳᠤᠭ ᠠᠴᠠ | ᠬᠠᠮᠵᠢᠯᠴᠠᠨ ᠬᠠᠮᠢᠶᠠᠷᠴᠦ᠂ ᠤᠷᠤᠨ ᠨᠤᠳᠤᠭ ᠠᠴᠠ ᠬᠠᠷᠢᠭᠤᠴᠠᠬᠤ ᠬᠡᠷᠡᠭ ᠶᠠᠪᠤᠳᠠᠯ ᠳᠤ᠂ ᠱᠠᠳᠤ ᠬᠤᠪᠢᠶᠠᠬᠤ | ᠬᠠᠮᠢᠶᠠᠷᠤᠯᠳᠠ ᠶᠢ ᠬᠡᠷᠡᠭᠵᠢᠬᠦᠯᠵᠦ᠂ ᠲᠦᠪ ᠠᠴᠠ ᠵᠢᠯᠤᠭᠤᠳᠬᠤ᠂ ᠵᠤᠬᠢᠴᠠᠭᠤᠯᠬᠤ᠂ ᠬᠢᠨᠠᠯᠳᠠ ᠲᠠᠯᠪᠢᠬᠤ ᠪᠠᠨ | ᠴᠢᠩᠭᠠᠳᠬᠠᠨ᠎ᠠ᠃ | ᠲᠤᠯᠤᠭ᠎ᠠ᠂ ᠪᠠᠶᠢᠭᠤᠯᠤᠮᠵᠢ ᠶᠢᠨ ᠤᠷᠤᠨ ᠲᠤᠭ᠎ᠠ ᠬᠠᠤᠯᠢ ᠳᠤ ᠲᠤᠬᠳᠠᠬᠰᠠᠨ ᠪᠠᠶᠢᠬᠤ ᠶᠢ ᠠᠬᠢᠭᠤᠯᠤᠨ᠎ᠠ | ᠪᠠᠶᠢᠭᠤᠯᠤᠮᠵᠢ ᠶᠢᠨ ᠤᠷᠤᠨ ᠲᠤᠭ᠎ᠠ ᠬᠠᠤᠯᠢ ᠳᠤ ᠲᠤᠬᠳᠠᠬᠰᠠᠨ ᠪᠠᠶᠢᠬᠤ ᠪᠤᠯ ᠨᠠᠮ ᠪᠠ ᠲᠦᠷᠦ ᠶᠢᠨ | ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠴᠢᠬᠤᠯᠠ ᠪᠠᠳᠤᠯᠠᠪᠤᠷᠢ ᠪᠤᠯᠤᠨ᠎ᠠ᠃ ᠡᠯ᠎ᠠ ᠲᠦᠷᠦᠯ ᠤᠨ ᠵᠤᠬᠢᠶᠠᠨ | ᠪᠠᠶᠢᠭᠤᠯᠤᠯᠳᠠ ᠶᠢᠨ ᠪᠠᠶᠢᠭᠤᠯᠤᠮᠵᠢ ᠶᠢ ᠬᠠᠤᠯᠢ ᠶᠤᠰᠤᠭᠠᠷ ᠬᠠᠮᠢᠶᠠᠷᠴᠦ᠂ ᠪᠠᠶᠢᠭᠤᠯᠤᠮᠵᠢ᠂ ᠡᠭᠦᠷᠭᠡ ᠴᠢᠳᠠᠪᠬᠢ᠂ | ᠡᠷᠭᠡ ᠶᠢᠨ ᠬᠢᠵᠠᠭᠠᠷᠯᠠᠯ᠂ ᠲᠡᠰ ᠲᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢ ᠳᠤ ᠲᠤᠭᠲᠠᠭᠰᠠᠨ ᠪᠠᠶᠢᠬᠤ ᠶᠢ | ᠲᠦᠷᠭᠡᠳᠭᠡᠨ ᠠᠬᠢᠭᠤᠯᠤᠨ᠎ᠠ᠃ | ︵ᠨᠢᠭᠡ︶ ᠨᠠᠮ ᠪᠠ ᠤᠯᠤᠰ ᠤᠨ ᠪᠠᠶᠢᠭᠤᠯᠤᠮᠵᠢ ᠶᠢᠨ ᠬᠠᠤᠯᠢ ᠴᠠᠭᠠᠵᠠ ᠲᠦᠷᠢᠮ ᠲᠤᠬᠳᠠᠭᠠᠯ ᠢ | ᠲᠡᠭᠦᠯᠳᠡᠷᠵᠢᠬᠦᠯᠦᠨ᠎ᠠ᠃ ᠨᠠᠮ ᠤᠨ ᠲᠤᠳᠤᠭᠠᠳᠤᠬᠢ ᠬᠠᠤᠯᠢ ᠴᠠᠭᠠᠵᠠ ᠲᠦᠷᠢᠮ ᠲᠤᠬᠳᠠᠭᠠᠯ ᠤᠨ ᠪᠠᠶᠢᠭᠤᠯᠤᠯᠳᠠ ᠶᠢ | ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ | ᠤᠨ ᠲᠦᠷᠢᠮ ᠢ ᠲᠤᠬᠳᠠᠭᠠᠨ᠎ᠠ᠃ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠤᠯᠢ ᠶᠢ ᠰᠤᠳᠤᠯᠤᠨ ᠲᠤᠬᠳᠠᠭᠠᠨ᠎ᠠ᠃ | ︽ᠭᠤᠷᠪᠠ ᠶᠢ ᠲᠤᠬᠳᠠᠭᠠᠬᠤ︾ ᠲᠦᠷᠢᠮ ᠲᠤᠬᠳᠠᠭᠠᠯ ᠤᠨ ᠲᠦᠪ ᠴᠢᠩᠭ᠎ᠠ ᠴᠢᠨᠠᠷ ᠪᠠ ᠡᠷᠭᠡ ᠰᠦᠷᠲᠦ ᠴᠢᠨᠠᠷ ᠢ | ᠴᠢᠩᠭᠠᠷᠠᠭᠤᠯᠵᠤ᠂ ᠨᠠᠮ ᠵᠠᠰᠠᠭ ᠤᠨ ᠰᠠᠯᠠᠭ᠎ᠠ ᠮᠦᠴᠢᠷ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ᠂ ᠡᠭᠦᠷᠭᠡ | ᠴᠢᠳᠠᠪᠬᠢ ᠶᠢᠨ ᠪᠠᠶᠢᠷᠢᠯᠠᠭᠤᠯᠤᠯᠳᠠ᠂ ᠬᠦᠮᠦᠰ ᠤᠨ ᠤᠷᠤᠨ ᠲᠤᠭ᠎ᠠ ᠶᠢᠨ ᠲᠤᠬᠳᠠᠭᠠᠯ ᠢ ᠲᠡᠭᠦᠯᠳᠡᠷᠵᠢᠬᠦᠯᠦᠨ᠎ᠠ᠃ | ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ | ᠲᠠᠯ᠎ᠠ ᠪᠠᠷ ᠠᠬᠢᠭᠤᠯᠵᠤ᠂ ᠡᠷᠭᠡ ᠬᠠᠷᠢᠭᠤᠴᠠᠯᠭ᠎ᠠ ᠶᠢᠨ ᠨᠠᠷᠢᠨ ᠲᠡᠩᠰᠠ ᠶᠢᠨ ︽ᠭᠤᠷᠪᠠ ᠶᠢ ᠲᠤᠬᠳᠠᠭᠠᠬᠤ︾ | ᠲᠦᠷᠢᠮ ᠲᠤᠬᠳᠠᠭᠠᠯ ᠲᠠᠢ ᠤᠷᠭᠠᠨᠢᠭ ᠢᠶᠠᠷ ᠵᠤᠯᠭᠠᠯᠴᠠᠬᠤ ᠶᠢ ᠪᠡᠶᠡᠯᠡᠬᠦᠯᠵᠦ᠂ ᠲᠤᠰᠢᠶᠠᠯ ᠢᠶᠠᠨ ᠬᠦᠢᠴᠡᠳᠬᠡᠬᠦ | ᠠᠵᠢᠯᠯᠠᠭ᠎ᠠ ᠶᠢ ᠵᠢᠷᠤᠮᠵᠢᠭᠤᠯᠤᠨ ᠬᠢᠵᠠᠭᠠᠷᠯᠠᠵᠤ᠂ ᠡᠷᠬᠡ ᠶᠢ ᠨᠠᠷᠠᠨ ᠭᠡᠷᠡᠯ ᠤᠨ ᠳᠣᠣᠷ᠎ᠠ ᠬᠡᠷᠡᠭᠯᠡᠨ᠎ᠡ᠃ | ︵ᠬᠤᠶᠠᠷ︶ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠲᠠ ᠶᠢᠨ ᠬᠠᠳᠠᠭᠤ ᠬᠢᠵᠠᠭᠠᠷᠯᠠᠯ ᠢ | ᠴᠢᠩᠭᠠᠳᠬᠠᠨ᠎ᠠ᠃ ᠨᠠᠮ ᠤᠨ ᠪᠠᠶᠢᠭᠤᠯᠤᠮᠵᠢ ᠶᠢᠨ ᠤᠷᠤᠨ ᠲᠤᠭ᠎ᠠ ᠶᠢᠨ ᠠᠵᠢᠯ ᠳᠠᠬᠢ ᠲᠦᠪᠯᠡᠷᠡᠩᠭᠦᠢ ᠨᠢᠭᠡᠳᠦᠯᠳᠡᠢ | ᠤᠳᠤᠷᠢᠳᠤᠯᠭ᠎ᠠ ᠶᠢ ᠴᠢᠩᠭᠠᠳᠬᠠᠵᠤ᠂ ᠡᠯ᠎ᠠ ᠲᠦᠷᠦᠯ ᠤᠨ ᠤᠷᠤᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠳᠡᠢ | ᠲᠦᠯᠦᠪᠵᠢᠬᠦᠯᠦᠨ ᠬᠡᠷᠡᠭᠯᠡᠵᠦ᠂ ᠰᠠᠯᠠᠭ᠎ᠠ ᠮᠦᠴᠢᠷ ᠤᠨ ᠬᠤᠭᠤᠷᠤᠨᠳᠤ᠂ ᠭᠠᠵᠠᠷ ᠤᠷᠤᠨ ᠤ ᠬᠤᠭᠤᠷᠤᠨᠳᠦᠬᠢ | ᠤᠷᠤᠨ ᠲᠤᠭ᠎ᠠ ᠶᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠬᠤ ᠬᠦᠴᠦᠯᠡᠴᠡ ᠪᠠᠨ ᠴᠢᠩᠭᠠᠷᠠᠭᠤᠯᠵᠤ᠂ ᠨᠠᠮ ᠪᠠ | ᠤᠯᠤᠰ ᠤᠨ ᠠᠵᠢᠯ ᠦᠢᠯᠡᠰ ᠤᠨ ᠭᠦᠭᠵᠢᠯᠳᠠ ᠶᠢᠨ ᠱᠠᠭᠠᠷᠳᠠᠯᠭ᠎ᠠ ᠶᠢ ᠬᠠᠨᠭ᠍ᠭᠠᠨ᠎ᠠ᠃ ᠠᠵᠤ ᠠᠬᠤᠢ ᠨᠡᠶᠢᠭᠡᠮ ᠤᠨ | ᠭᠦᠭᠵᠢᠯᠳᠠ ᠪᠠ ᠤᠯᠤᠰ ᠤᠨ ᠵᠠᠰᠠᠯᠳᠠ ᠶᠢᠨ ᠰᠢᠰᠲ᠋ᠧᠮᠵᠢ ᠶᠢᠨ ᠤᠳᠤᠬᠢᠴᠢᠯᠠᠯᠳᠠ ᠶᠢᠨ ᠱᠠᠭᠠᠷᠳᠠᠯᠭ᠎ᠠ ᠶᠢ | ᠦᠨᠳᠦᠰᠦᠯᠡᠵᠦ᠂ ᠤᠷᠤᠨ ᠲᠤᠭ᠎ᠠ ᠶᠢᠨ ᠬᠠᠮᠢᠶᠠᠷᠤᠯᠳᠠ ᠶᠢᠨ ᠬᠦᠳᠡᠯᠦᠩᠭᠦᠢ ᠲᠤᠬᠢᠷᠠᠭᠤᠯᠬᠤ ᠪᠠᠶᠢᠭᠤᠯᠤᠮᠵᠢ ᠶᠢ | ᠪᠠᠶᠢᠭᠤᠯᠤᠨ᠎ᠠ᠃ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠦᠨᠡᠯᠡᠯᠳᠠ ᠶᠢ ᠴᠢᠩᠭᠠᠳᠬᠠᠵᠤ᠂ | ᠤᠷᠤᠨ ᠲᠤᠭ᠎ᠠ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ᠎ᠠ᠃ ᠪᠠᠶᠢᠭᠤᠯᠤᠮᠵᠢ ᠶᠢᠨ ᠤᠷᠤᠨ | ᠲᠤᠭ᠎ᠠ ᠶᠢᠨ ᠬᠠᠮᠢᠶᠠᠷᠤᠯᠳᠠ ᠶᠢᠨ ᠵᠤᠬᠢᠶᠠᠨ ᠪᠠᠶᠢᠭᠤᠯᠤᠯᠳᠠ ᠶᠢᠨ ᠠᠵᠢᠯᠳᠠᠨ ᠤ ᠶᠠᠪᠤᠳᠠᠯ᠂ ᠡᠳ᠋ ᠤᠨ ᠵᠠᠰᠠᠭ ᠤᠨ | ᠲᠦᠰᠦᠪ ᠤᠨ ᠬᠠᠮᠢᠶᠠᠷᠤᠯᠳᠠ ᠯᠤᠭ᠎ᠠ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢᠨ ᠲᠠᠪᠴᠠᠩ ᠢ ᠲᠦᠷᠭᠡᠳᠭᠡᠨ | ᠪᠠᠶᠢᠭᠤᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠦᠨᠡᠨ ᠨᠡᠷ᠎ᠠ ᠶᠢᠨ ᠲᠦᠷᠢᠮ ᠤᠨ ᠬᠠᠮᠢᠶᠠᠷᠤᠯᠳᠠ ᠶᠢ ᠪᠦᠬᠦ | ᠲᠠᠯ᠎ᠠ ᠪᠠᠷ ᠠᠬᠢᠭᠤᠯᠵᠤ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠪᠦᠬᠦ ᠶᠠᠪᠤᠴᠠ ᠲᠠᠬᠢ | ᠰᠠᠭᠤᠷᠢ ᠴᠢᠨᠠᠷᠲᠠᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠬᠡᠷᠡᠭ ᠶᠠᠪᠤᠳᠠᠯ ᠬᠦᠢᠴᠡᠳᠭᠡᠭᠦ ᠳᠤ ᠢᠯᠡ ᠪᠠᠶᠢᠬᠤ | ᠱᠠᠭᠠᠷᠳᠠᠯᠭ᠎ᠠ ᠶᠤᠰᠤᠭᠠᠷ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ | ᠲᠠᠷᠤᠢ ᠲᠤᠨᠢ ᠢᠯᠠ ᠪᠤᠯᠭᠠᠵᠤ᠂ ᠡᠯ᠎ᠠ ᠲᠠᠯ᠎ᠠ ᠶᠢᠨ ᠬᠢᠨᠠᠯᠳᠠ ᠲᠠᠯᠪᠢᠬᠤ ᠶᠢ ᠬᠦᠯᠢᠶᠠᠨ᠎ᠠ᠃ ᠪᠠᠶᠢᠭᠤᠯᠤᠮᠵᠢ ᠶᠢᠨ | ᠤᠷᠤᠨ ᠲᠤᠭ᠎ᠠ ᠶᠢᠨ ᠬᠠᠮᠢᠶᠠᠷᠤᠯᠳᠠ ᠶᠢᠨ ᠡᠷᠭᠡ ᠶᠢᠨ ᠬᠢᠵᠠᠭᠠᠷᠯᠠᠯ ᠪᠠ ᠲᠡᠰ ᠲᠠᠷᠠᠭᠠᠯᠠᠯ ᠢ ᠴᠢᠩᠭᠠᠳᠬᠠᠵᠤ᠂ | ᠡᠷᠭᠡ ᠶᠢ ᠳᠠᠪᠠᠵᠤ ᠬᠢᠨᠠᠨ ᠵᠦᠪᠰᠢᠶᠡᠷᠬᠦ ᠶᠢ ᠬᠤᠷᠢᠬᠯᠠᠨ᠎ᠠ᠃ ᠪᠠᠶᠢᠭᠤᠯᠤᠮᠵᠢ ᠶᠢᠨ ᠬᠢᠵᠠᠭᠠᠷᠯᠠᠬᠰᠠᠨ ᠲᠤᠭ᠎ᠠ᠂ | ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ᠂ ᠤᠷᠤᠨ ᠲᠤᠭ᠎ᠠ ᠶᠢᠨ ᠲᠦᠷᠦᠯ ᠵᠦᠢᠯ ᠪᠠ ᠶᠡᠷᠦᠩᠭᠡᠢ ᠬᠡᠮᠵᠢᠶ᠎ᠠ ᠵᠡᠷᠭᠡ | ᠲᠤᠬᠳᠠᠭᠠᠯ ᠢ ᠴᠢᠩᠭ᠎ᠠ ᠬᠡᠷᠡᠭᠵᠢᠬᠦᠯᠵᠦ᠂ ᠬᠢᠵᠠᠭᠠᠷᠯᠠᠬᠰᠠᠨ ᠲᠤᠭ᠎ᠠ ᠠᠴᠠ ᠭᠠᠳᠠᠨ᠎ᠠ ᠪᠠᠶᠢᠭᠤᠯᠤᠮᠵᠢ ᠲᠤᠬᠢᠷᠠᠭᠤᠯᠵᠤ | ᠪᠣᠯᠬᠤ ᠦᠭᠡᠢ᠂ ᠲᠤᠰᠢᠶᠠᠯ ᠤᠨ ᠲᠤᠭ᠎ᠠ ᠠᠴᠠ ᠲᠠᠪᠠᠵᠤ ᠤᠳᠤᠷᠢᠳᠤᠯᠭ᠎ᠠ ᠺᠠᠳ᠋ᠷ ᠲᠤᠬᠢᠷᠠᠭᠤᠯᠵᠤ ᠪᠤᠯᠬᠤ ᠦᠭᠡᠢ᠂ | ᠲᠤᠷ᠎ᠠ ᠪᠠᠷ ᠤᠷᠤᠨ ᠲᠤᠭ᠎ᠠ ᠶᠢᠨ ᠲᠦᠷᠦᠯ ᠵᠦᠢᠯ ᠨᠡᠮᠡᠵᠦ ᠪᠤᠯᠬᠤ ᠦᠭᠡᠢ᠂ ᠶᠡᠷᠦᠩᠭᠡᠢ ᠬᠡᠮᠵᠢᠶ᠎ᠠ ᠶᠢ ᠲᠡᠪᠠᠵᠤ ᠤᠷᠤᠨ | ᠲᠤᠭ᠎ᠠ ᠨᠠᠮᠠᠵᠤ ᠪᠤᠯᠬᠤ ᠦᠭᠡᠢ᠃ ᠤᠷᠤᠨ ᠲᠤᠭ᠎ᠠ ᠠᠴᠠ ᠭᠠᠳᠠᠨ᠎ᠠ ᠡᠯᠰᠡᠭᠰᠡᠨ ᠬᠦᠮᠦᠰ ᠢ ᠴᠢᠩᠭ᠎ᠠ ᠬᠢᠵᠠᠭᠠᠷᠯᠠᠵᠤ᠂ | ᠲᠤᠬᠢᠷᠠᠭᠤᠯᠤᠨ ᠬᠡᠷᠡᠭᠯᠡᠬᠦ ᠠᠵᠢᠯ ᠤᠨ ᠪᠠᠶᠢᠷᠢ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷᠯᠠᠯ ᠪᠠ ᠡᠯ᠎ᠠ | ᠲᠦᠷᠦᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠵᠢᠭᠤᠯᠤᠨ᠎ᠠ᠃ | ︵ᠭᠤᠷᠪᠠ︶ ᠪᠠᠶᠢᠭᠤᠯᠤᠮᠵᠢ ᠶᠢᠨ ᠤᠷᠤᠨ ᠳᠤᠭ᠎ᠠ ᠶᠢᠨ ᠰᠠᠬᠢᠯᠭ᠎ᠠ ᠪᠠᠳᠤ ᠶᠢ ᠵᠦᠷᠢᠴᠡᠵᠤ ᠬᠠᠤᠯᠢ ᠴᠠᠭᠠᠵᠠ | ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠠᠶᠢᠭᠤᠯᠤᠮᠵᠢ ᠶᠢᠨ | ᠤᠷᠤᠨ ᠳᠤᠭ᠎ᠠ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠬᠠᠤᠯᠢ ᠳᠤᠭᠳᠠᠭᠠᠯ ᠪᠠ ᠨᠠᠮ ᠤᠨ ᠳᠤᠳᠤᠭᠠᠳᠤ ᠶᠢᠨ | ᠬᠠᠤᠯᠢ ᠲᠤᠭᠲᠠᠭᠠᠯ ᠢ ᠴᠢᠩᠭ᠎ᠠ ᠬᠡᠷᠡᠭᠵᠢᠬᠦᠯᠵᠤ᠂ ᠡᠯ᠎ᠡ ᠵᠦᠢᠯ ᠤᠨ ᠰᠠᠬᠢᠯᠭ᠎ᠠ ᠪᠠᠳᠤ ᠶᠢ ᠵᠦᠷᠢᠴᠡᠵᠤ ᠬᠠᠤᠯᠢ | ᠴᠠᠭᠠᠵᠠ ᠶᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠳᠬᠡᠵᠤ᠂ ᠲᠦᠪ ᠴᠢᠩᠭ᠎ᠠ ᠪᠠᠷ | ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠳᠤᠯᠭᠠᠨ᠎ᠠ᠃ ᠳᠡᠭᠡᠳᠤ ᠱᠠᠳᠤᠨ ᠤ ᠰᠠᠯᠠᠭ᠎ᠠ ᠮᠦᠴᠢᠷ ᠤᠨ ᠬᠢᠨ ᠤ | ᠲᠦᠷᠦᠯ ᠵᠦᠢᠯ ᠤᠨ ᠪᠡᠯᠡ ᠮᠦᠡᠭᠬᠦ ᠬᠤᠪᠢᠶᠠᠷᠢᠯᠠᠬᠤ᠂ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ᠂ | ᠰᠢᠯᠭᠠᠷᠠᠭᠤᠯᠬᠤ ᠬᠦᠬᠢᠭᠦᠯᠤᠨ ᠰᠠᠶᠢᠰᠢᠶᠠᠬᠤ ᠵᠡᠷᠭᠡ ᠠᠷᠭ᠎ᠠ ᠬᠡᠯᠪᠡᠷᠢ ᠪᠠᠷ ᠳᠤᠤᠷᠠᠳᠤ ᠱᠠᠳᠤᠨ ᠤ ᠪᠠᠶᠢᠭᠤᠯᠤᠮᠵᠢ ᠶᠢ | ᠪᠠᠶᠢᠷᠢᠯᠠᠭᠤᠯᠬᠤ᠂ ᠡᠬᠦᠷᠭᠡ ᠴᠢᠳᠠᠪᠭᠢ ᠶᠢ ᠳᠤᠬᠢᠷᠠᠭᠤᠯᠬᠤ᠂ ᠤᠷᠤᠨ ᠳᠤᠭ᠎ᠠ ᠶᠢᠨ ᠪᠠᠶᠢᠷᠢᠯᠠᠭᠤᠯᠤᠯᠳᠠ ᠳᠤ ᠭᠠᠷ | ᠲᠦᠷᠦᠬᠦ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃ ᠰᠠᠯᠠᠭ᠎ᠠ ᠮᠦᠴᠢᠷ ᠤᠨ ᠲᠦᠷᠢᠮ ᠳᠤᠭᠳᠠᠭᠠᠯ ᠪᠠ ᠵᠢᠷᠤᠮᠵᠢᠯ | ᠤᠨ ᠴᠢᠨᠠᠷᠳᠠᠢ ᠪᠢᠴᠢᠭ ᠮᠠᠲ᠋ᠧᠷᠢᠶᠠᠯ ᠢ ᠪᠦᠬᠦ ᠳᠠᠯ᠎ᠠ ᠪᠠᠷ ᠴᠡᠪᠡᠷᠯᠡᠵᠤ᠂ ᠭᠠᠷ ᠲᠦᠷᠦᠬᠦ ᠲᠠᠢ ᠬᠤᠯᠪᠤᠭᠳᠠᠭᠰᠠᠨ ᠵᠦᠢᠯ | ᠵᠤᠷᠪᠤᠰ ᠢ ᠬᠦᠴᠦᠨ ᠦᠭᠡᠢ ᠪᠤᠯᠭᠠᠨ᠎ᠠ᠃ ᠪᠠᠶᠢᠭᠤᠯᠤᠮᠵᠢ ᠶᠢᠨ ᠤᠷᠤᠨ ᠳᠤᠭ᠎ᠠ ᠪᠤᠯᠤᠨ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠠᠵᠢᠯᠳᠠᠨ ᠤ ᠶᠠᠪᠤᠳᠠᠯ᠂ ᠬᠢᠨᠠᠨ ᠪᠤᠳᠤᠬᠤ ᠵᠡᠷᠭᠡ ᠰᠠᠯᠠᠭ᠎ᠠ | ᠮᠦᠴᠢᠷ ᠲᠠᠢ ᠬᠠᠮᠵᠢᠯᠴᠠᠨ ᠬᠤᠯᠪᠤᠭᠠᠯᠠᠬᠤ ᠳᠤᠭᠳᠠᠴᠠ ᠶᠢ ᠳᠡᠬᠦᠯᠳᠡᠷᠵᠢᠬᠦᠯᠵᠤ᠂ ᠬᠢᠨᠠᠯᠳᠠ ᠳᠠᠯᠪᠢᠨ ᠪᠠᠶᠢᠴᠠᠭᠠᠯᠲᠠ | ᠬᠢᠬᠦ ᠬᠠᠮᠲᠤᠷᠠᠯ ᠬᠦᠴᠦ ᠶᠢ ᠪᠦᠷᠢᠯᠳᠦᠭᠦᠯᠦᠨ᠎ᠡ᠃ | ᠨᠠᠢᠮᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ | ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠢᠭᠡᠨ ᠰᠢᠰᠲ᠋ᠧᠮᠲᠦ | ᠢᠨᠵᠧᠨᠧᠷᠢᠩ ᠮᠦᠨ᠃ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ | ᠳᠤᠬᠠᠢ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠡᠳᠭᠡᠵᠤ᠂ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠬᠡᠯ︾ ᠢᠶᠠᠨ ᠪᠠᠳᠤᠳᠬᠠᠵᠤ᠂ ᠰᠢ ᠶᠢᠨ ᠫᠢᠡᠭ | ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠭᠡᠷᠡᠴᠢᠯᠡᠯᠳᠡ ᠭᠦᠭᠵᠢᠯᠳᠡ ᠳᠤᠭᠳᠠᠭᠤᠨ ᠤ ᠬᠠᠷᠢᠴᠠᠭ᠎ᠠ ᠶᠢ ᠰᠠᠶᠢᠳᠤᠷ | ᠡᠵᠡᠮᠳᠡᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠡᠷᠡ | ᠶᠤᠰᠤᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠨᠠᠮ ᠤᠨ ᠲᠦᠪ ᠬᠤᠷᠢᠶ᠎ᠠ ᠠᠴᠠ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠬᠦᠨᠵᠡᠬᠡᠶᠢᠷᠡᠬᠦᠯᠬᠦ ᠠᠵᠢᠯ ᠢ ᠨᠢᠭᠡᠳᠤᠯᠳᠠᠢ ᠤᠳᠤᠷᠢᠳᠴᠤ᠂ ᠨᠢᠭᠡᠳᠤᠯᠳᠠᠢ ᠲᠦᠯᠦᠪᠵᠢᠬᠦᠯᠤᠨ ᠵᠤᠬᠢᠴᠠᠭᠤᠯᠬᠤ᠂ | ᠪᠦᠬᠦᠯᠢ ᠴᠤᠭᠴᠠ ᠪᠠᠷ ᠠᠬᠢᠭᠤᠯᠬᠤ᠂ ᠨᠠᠶᠢᠳᠠᠪᠤᠷᠢᠵᠢᠭᠤᠯᠤᠯᠳᠠ ᠶᠢ ᠰᠢᠮᠳᠠᠭᠤᠯᠬᠤ ᠦᠢᠯᠡᠳᠤᠯ ᠢ ᠪᠠᠳᠠᠷᠠᠭᠤᠯᠤᠨ᠎ᠠ᠃ | ᠦᠭᠡᠷᠡᠴᠢᠯᠡᠯᠳᠡ ᠶᠢᠨ ᠰᠢᠰᠲ᠋ᠧᠮᠳᠤ ᠴᠢᠨᠠᠷ᠂ ᠪᠦᠬᠦᠯᠢ ᠴᠤᠭᠴᠠᠳᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ | ᠨᠠᠮ ᠵᠠᠰᠠᠭ ᠴᠡᠷᠢᠭ ᠤᠯᠠᠨ ᠲᠦᠮᠡᠨ ᠤ ᠡᠯ᠎ᠡ ᠳᠠᠯ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ | ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠦᠭᠡᠷᠡᠴᠢᠯᠡᠯᠳᠡ ᠶᠢ ᠬᠠᠷᠢᠯᠴᠠᠨ ᠠᠬᠢᠭᠤᠯᠵᠤ᠂ ᠬᠠᠷᠢᠯᠴᠠᠨ | ᠬᠠᠮᠵᠢᠯᠴᠠᠵᠤ᠂ ᠬᠠᠷᠢᠯᠴᠠᠨ ᠳᠤᠪᠤᠶᠢᠯᠭᠠᠬᠤ ᠪᠤᠯᠭᠠᠵᠤ᠂ ᠶᠡᠷᠦᠩᠬᠡᠢ ᠴᠤᠬᠴᠠ ᠶᠢᠨ ᠦᠢᠯᠡᠳᠤᠯ ᠴᠢᠳᠠᠪᠤᠷᠢ ᠶᠢ | ᠪᠦᠷᠢᠯᠳᠦᠬᠦᠯᠬᠦ ᠬᠡᠷᠡᠭᠳᠠᠢ᠃ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠪ ᠢ ᠬᠡᠷᠡᠭᠵᠢᠬᠦᠯᠬᠦ ᠳᠤ ᠬᠠᠤᠯᠢ | ᠴᠠᠭᠠᠵᠠ ᠬᠠᠤᠯᠢ ᠳᠤᠭᠳᠠᠭᠠᠯ ᠳᠤᠭᠳᠠᠭᠠᠬᠤ ᠪᠤᠶᠤ ᠵᠠᠰᠠᠪᠤᠷᠢ ᠤᠷᠤᠭᠤᠯᠬᠤ ᠴᠢᠬᠤᠯᠠ ᠲᠠᠢ ᠪᠠᠶᠢᠪᠠᠯ᠂ ᠴᠠᠭ | ᠳᠤᠬᠠᠢ ᠳᠤᠨᠢ ᠬᠠᠮᠢᠶ᠎ᠠ ᠪᠦ᠋ᠬᠦᠢ ᠲᠡᠰ ᠲᠠᠷᠠᠭᠠᠯᠠᠯ ᠢ ᠡᠬᠢᠯᠡᠬᠦᠯᠬᠦ ᠬᠡᠷᠡᠭᠳᠠᠢ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ ᠠᠴᠠ ᠳᠤᠭᠳᠠᠭᠠᠭᠰᠠᠨ | ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠡᠬᠦᠷᠭᠡ ᠶᠢ ᠡᠷᠡᠰ | ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ | ᠬᠦᠢᠴᠡᠳᠬᠡᠬᠦ ᠬᠡᠷᠡᠭᠳᠠᠢ᠃ ᠪᠠᠶᠢᠭᠤᠯᠤᠮᠵᠢ ᠶᠢᠨ ᠡᠬᠦᠷᠭᠡ ᠴᠢᠳᠠᠪᠬᠢ ᠶᠢᠨ ᠳᠤᠬᠢᠷᠠᠭᠤᠯᠤᠯᠳᠠ ᠲᠠᠢ ᠬᠤᠯᠪᠤᠭᠳᠠᠭᠰᠠᠨ | ᠰᠠᠯᠠᠭ᠎ᠠ ᠮᠦᠴᠢᠷ ᠶᠡᠭᠡ ᠳᠠᠯ᠎ᠠ ᠶᠢ ᠳᠠᠭᠠᠵᠤ᠂ ᠪᠠᠶᠢᠭᠤᠯᠤᠮᠵᠢ ᠶᠢᠨ ᠡᠬᠦᠷᠭᠡ ᠴᠢᠳᠠᠪᠬᠢ ᠵᠡᠷᠭᠡ ᠶᠢ ᠱᠠᠭᠠᠷᠳᠠᠯᠭ᠎ᠠ | ᠶᠤᠰᠤᠭᠠᠷ ᠴᠠᠭ ᠳᠤᠬᠠᠢ ᠳᠤᠨᠢ ᠪᠤᠳᠠᠳᠠᠢ ᠳᠤᠬᠢᠷᠠᠭᠤᠯᠬᠤ ᠶᠢ ᠪᠠᠳᠤᠯᠠᠬᠤ ᠬᠡᠷᠡᠭᠳᠠᠢ᠂ ᠬᠡᠯᠪᠡᠷᠢ ᠶᠢ ᠨᠢ ᠦᠭᠡᠷᠡᠳᠦᠭᠦᠯᠬᠦ | ᠂ ᠦᠭᠡᠷᠡᠴᠢᠯᠡᠯᠳᠡ ᠶᠢ ᠬᠤᠶᠢᠰᠢᠯᠠᠭᠤᠯᠬᠤ ᠶᠢ ᠵᠦᠪᠰᠢᠶᠡᠷᠡᠬᠦ ᠦᠭᠡᠢ᠃ ᠰᠢᠯᠵᠢᠬᠦᠯᠬᠦ ᠲᠤᠰᠢᠶᠠᠨ ᠦᠭᠬᠦ ᠬᠦᠯᠢᠶᠡᠨ | ᠠᠪᠬᠤ ᠪᠠ ︽ᠭᠤᠷᠪᠠ ᠶᠢ ᠳᠤᠭᠳᠠᠭᠠᠬᠤ︾ ᠠᠵᠢᠯ ᠢ ᠰᠢᠮᠳᠠᠭᠤᠯᠤᠨ ᠪᠡᠶᠡᠯᠡᠬᠦᠯᠵᠤ᠂ ᠪᠤᠳᠠᠳᠠᠢ ᠠᠵᠢᠯ ᠢᠶᠠᠨ | ᠲᠦᠷᠭᠡᠨ ᠡᠭᠦᠷᠭᠡᠯᠡᠵᠤ᠂ ᠬᠠᠷᠢᠭᠤᠴᠠᠯᠭ᠎ᠠ ᠪᠠᠨ ᠬᠦᠢᠴᠡᠳᠬᠡᠨ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠠᠢ᠃ ᠨᠠᠮ | ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠵᠠᠰᠠᠭ ᠢ ᠴᠤᠮᠬᠠᠳᠬᠠᠨ ᠡᠷᠭᠡ | ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ ᠲᠠᠢ | ᠤᠶᠠᠯᠳᠤᠭᠤᠯᠵᠤ᠂ ᠡᠬᠦᠷᠭᠡ ᠴᠢᠳᠠᠪᠬᠢ ᠪᠠᠨ ᠲᠦᠷᠭᠡᠳᠭᠡᠨ ᠬᠤᠪᠢᠷᠠᠭᠤᠯᠵᠤ᠂ ᠡᠬᠦᠷᠭᠡ ᠬᠠᠷᠢᠭᠤᠴᠠᠯᠭ᠎ᠠ ᠶᠢᠨ | ᠬᠠᠷᠢᠴᠠᠭ᠎ᠠ ᠶᠢ ᠰᠢᠯᠤᠭᠤᠳᠬᠠᠬᠤ ᠬᠡᠷᠡᠭᠳᠠᠢ᠃ | ᠲᠦᠪ ᠤᠨ ᠪᠠ ᠤᠷᠤᠨ ᠨᠤᠳᠤᠬ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠵᠢᠯ ᠢ ᠪᠠᠶᠢᠷᠢᠯᠠᠭᠤᠯᠬᠤ᠂ | ᠵᠤᠬᠢᠶᠠᠨ ᠪᠠᠶᠢᠭᠤᠯᠤᠨ ᠬᠡᠷᠡᠭᠵᠢᠬᠦᠯᠬᠦ ᠲᠠᠯ᠎ᠠ ᠪᠠᠷ ᠤᠷᠭᠠᠨᠢᠭ ᠢᠶᠠᠷ ᠵᠤᠯᠭᠠᠭᠤᠯᠵᠤ᠂ ᠡᠮᠬᠢ ᠵᠢᠷᠤᠮ ᠲᠠᠢ ᠠᠬᠢᠭᠤᠯᠬᠤ | ᠭᠡᠷᠡᠭᠳᠠᠢ᠃ ᠨᠠᠮ ᠤᠨ ᠲᠦᠪ ᠬᠤᠷᠢᠶ᠎ᠠ ᠶᠢᠨ ᠨᠢᠭᠡᠳᠤᠯᠳᠠᠢ ᠪᠠᠶᠢᠷᠢᠯᠠᠭᠤᠯᠤᠯᠳᠠ ᠳᠤᠤᠷ᠎ᠠ᠂ ᠲᠦᠪ ᠤᠨ ᠪᠠ ᠮᠤᠵᠢ ᠶᠢᠨ | ᠱᠠᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠡᠬᠢᠯᠡᠬᠦᠯᠵᠤ᠂ ᠮᠤᠵᠢ ᠶᠢᠨ ᠱᠠᠳᠤᠨ ᠠᠴᠠ ᠳᠤᠷᠤᠭᠰᠢᠬᠢ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠮᠤᠵᠢ ᠶᠢᠨ ᠱᠠᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠦᠨᠳᠦᠰᠦᠨ ᠳᠡᠭᠡᠨ ᠪᠡᠶᠡᠯᠡᠭᠦᠯᠦᠭᠰᠡᠨ ᠤ ᠳᠠᠷᠠᠭ᠎ᠠ ᠬᠢᠨ᠎ᠠ᠃ ᠤᠷᠤᠨ ᠨᠤᠳᠤᠬ ᠪᠠ ᠦᠨᠳᠦᠰᠦᠨ ᠱᠠᠳᠤᠨ ᠤ | ᠢᠳᠡᠪᠬᠢᠳᠠᠢ ᠬᠠᠶᠢᠨ ᠰᠦᠪᠡᠭᠴᠢᠯᠡᠯᠳᠡ ᠬᠢᠵᠤ᠂ ᠳᠤᠷᠰᠢᠯᠭ᠎ᠠ ᠪᠠᠨ ᠴᠠᠬ ᠲᠤᠬᠠᠢ ᠳᠤᠨᠢ ᠳ᠋ᠦᠡᠭᠨᠡᠬᠦ ᠶᠢ | ᠵᠤᠷᠢᠭᠵᠢᠭᠤᠯᠤᠨ᠎ᠠ᠃ ᠲᠦᠷᠭᠡᠨ ᠪᠦᠭᠡᠳ ᠳᠤᠭᠳᠠᠭᠤᠨ ᠢᠶᠠᠷ ᠦᠭᠡᠷᠡᠴᠢᠯᠡᠯᠳᠡ ᠶᠢ ᠠᠬᠢᠭᠤᠯᠬᠤ ᠶᠢ ᠪᠠᠷᠢᠮᠳᠠᠯᠠᠵᠤ᠂ | ᠨᠦᠬᠦᠴᠡᠯ ᠪᠦᠷᠢᠳᠦᠭᠰᠡᠨ ᠨᠢ ᠡᠷᠴᠢᠮ ᠢᠶᠠᠨ ᠴᠢᠩᠭᠠᠷᠠᠭᠤᠯᠤᠨ ᠰᠢᠪᠳᠤᠯᠤᠯᠳᠠ ᠭᠠᠷᠭᠠᠵᠤ᠂ ᠨᠦᠬᠦᠴᠡᠯ ᠬᠠᠷᠠᠬᠠᠨ | ᠪᠦᠷᠢᠳᠦᠭᠡᠳᠤᠢ ᠨᠢ ᠤᠷᠢᠳᠠᠪᠡᠷ ᠲᠤᠷᠰᠢᠯᠳᠠ ᠬᠢᠵᠤ᠂ ᠠᠯᠬᠤᠮ ᠠᠯᠬᠤᠮ ᠢᠶᠠᠷ ᠠᠬᠢᠭᠤᠯᠤᠨ᠎ᠠ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠠᠬᠢᠯᠭ᠎ᠠ ᠪᠠᠳᠤ ᠪᠠᠨ ᠴᠢᠩᠭᠠᠳᠬᠠᠵᠤ᠂ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠢᠶᠠᠨ ᠨᠠᠮ ᠤᠨ ᠲᠦᠪ ᠬᠤᠷᠢᠶ᠎ᠠ ᠳᠤ ᠮᠡᠳᠡᠬᠦᠯᠵᠤ | ᠵᠦᠪᠰᠢᠶᠡᠷᠡᠭᠦᠯᠦᠭᠡᠳ ᠰᠠᠶ᠋ᠢ ᠬᠡᠷᠡᠭᠵᠢᠬᠦᠯᠬᠦ ᠬᠡᠷᠡᠭᠳᠠᠢ᠂ ᠳᠤᠷ᠎ᠠ ᠪᠠᠷ ᠢᠶᠠᠨ ᠬᠢᠵᠤ ᠪᠤᠯᠬᠤ ᠦᠭᠡᠢ᠂ ᠲᠦᠷᠭᠢᠯᠳᠤᠨ | ᠬᠢᠵᠤ ᠪᠤᠯᠬᠤ ᠦᠭᠡᠢ᠃ ᠬᠠᠮᠢᠶ᠎ᠠ ᠪᠦᠬᠦᠢ ᠳᠤᠭᠳᠠᠭᠠᠯ ᠢ ᠴᠢᠩᠭ᠎ᠠ ᠬᠡᠷᠡᠭᠵᠢᠬᠦᠯᠵᠤ᠂ ᠺᠠᠳ᠋ᠷ ᠢ ᠱᠠᠯᠠᠪᠳᠠᠨ ᠰᠢᠯᠢᠨ | ᠳᠡᠪᠰᠢᠬᠦᠯᠬᠦ ᠶᠢ ᠴᠢᠩᠭ᠎ᠠ ᠴᠠᠭᠠᠵᠠᠯᠠᠬᠤ ᠬᠡᠷᠡᠭᠳᠠᠢ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠳᠤ ᠶᠢ | ᠴᠢᠩᠭᠠᠳᠬᠠᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠯ ᠢ ᠡᠷᠡᠰ ᠰᠡᠷᠭᠡᠶᠢᠯᠡᠬᠦ ᠬᠡᠷᠡᠭᠳᠠᠢ᠃ | ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠬᠠᠷᠢᠭᠤᠴᠠᠯᠭ᠎ᠠ ᠡᠬᠦᠷᠬᠡᠯᠡᠬᠦ ᠪᠠᠨ | ᠴᠢᠩᠭᠠᠳᠬᠠᠵᠤ᠂ ᠨᠢᠮᠪᠠᠢ ᠵᠤᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠨᠠᠮ ᠪᠤᠯᠤᠨ | ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ | ᠬᠦᠢᠴᠡᠳᠬᠡᠬᠦ ᠬᠡᠷᠡᠭᠳᠠᠢ᠃ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠶᠠᠪᠤᠴᠠ ᠳᠤ | ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠢᠮᠳᠠᠭᠤᠯᠤᠨ ᠰᠤᠳᠤᠯᠤᠨ ᠰᠢᠢᠳᠪᠦᠷᠢᠯᠡᠵᠤ᠂ ᠦᠵᠡᠯ ᠰᠠᠨᠠᠭ᠎ᠠ | ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠵᠦᠪ ᠢᠶᠠᠷ ᠵᠢᠯᠤᠭᠤᠳᠴᠤ᠂ | ᠰᠠᠶᠢᠨ ᠰᠠᠶᠢᠬᠠᠨ ᠨᠡᠶᠢᠭᠡᠮ ᠤᠨ ᠤᠷᠴᠢᠨ ᠳᠤᠭᠤᠷᠢᠨ ᠢ ᠪᠦᠷᠢᠯᠳᠦᠬᠦᠯᠵᠤ᠂ ᠡᠯ᠎ᠡ ᠵᠦᠢᠯ ᠤᠨ ᠠᠵᠢᠯ ᠤᠨ | ᠳᠤᠭᠳᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠬᠤ ᠬᠡᠷᠡᠭᠳᠠᠢ᠃ ᠦᠨᠡᠯᠡᠬᠦ ᠪᠠ ᠱᠠᠯᠠᠪᠳᠠᠭᠤᠯᠤᠨ | ᠪᠠᠶᠢᠴᠠᠭᠠᠬᠤ ᠳᠤᠭᠳᠠᠴᠠ ᠶᠢ ᠪᠠᠶᠢᠭᠤᠯᠤᠨ ᠪᠦᠷᠢᠨᠰᠢᠬᠦᠯᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ | ᠪᠠᠶᠢᠴᠠᠭᠠᠬᠤ ᠪᠠᠨ ᠴᠢᠩᠭᠠᠳᠬᠠᠬᠤ ᠬᠡᠷᠡᠭᠳᠠᠢ᠃ ᠬᠠᠮᠢᠶ᠎ᠠ ᠪᠦᠬᠦᠢ ᠳᠤᠭᠳᠠᠴᠠ ᠶᠢ ᠳᠡᠬᠦᠯᠳᠡᠷᠵᠢᠬᠦᠯᠵᠤ᠂ ᠨᠢᠭᠡᠳᠤᠯᠳᠠᠢ | ᠲᠦᠯᠦᠪᠵᠢᠬᠦᠯᠬᠦ᠂ ᠵᠤᠬᠢᠴᠠᠭᠤᠯᠬᠤ᠂ ᠱᠠᠯᠠᠪᠳᠠᠭᠤᠯᠬᠤ᠂ ᠠᠬᠢᠭᠤᠯᠬᠤ ᠦᠢᠯᠡᠳᠤᠯ ᠢ ᠰᠠᠶᠢᠳᠤᠷ ᠪᠠᠳᠠᠷᠠᠭᠤᠯᠬᠤ | ᠬᠡᠷᠡᠭᠳᠠᠢ᠃ ᠰᠢᠨ᠎ᠡ ᠪᠠᠷ ᠳᠤᠬᠢᠷᠠᠭᠤᠯᠵᠤ ᠪᠠᠶᠢᠭᠤᠯᠤᠭᠰᠠᠨ ᠰᠠᠯᠠᠭ᠎ᠠ ᠮᠦᠴᠢᠷ ᠴᠠᠭ ᠳᠤᠬᠠᠢ ᠳᠤᠨᠢ ᠨᠠᠮ ᠤᠨ ᠵᠤᠬᠢᠶᠠᠨ | ᠪᠠᠶᠢᠭᠤᠯᠤᠯᠳᠠ ᠶᠢ ᠪᠠᠶᠢᠭᠤᠯᠤᠨ ᠪᠦᠷᠢᠨᠰᠢᠬᠦᠯᠵᠤ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠡᠷᠡᠭᠵᠢᠬᠦᠯᠬᠦ ᠶᠢ | ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ | ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠢ ᠶᠢᠨ ᠫᠢᠡᠭ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠨᠢᠭᠳᠠᠷᠠᠨ ᠪᠦᠯᠬᠦᠮᠳᠡᠵᠤ᠂ ᠦᠵᠡᠯ | ᠰᠠᠨᠠᠭ᠎ᠠ ᠪᠠᠨ ᠨᠢᠭᠡᠳᠬᠡᠵᠤ᠂ ᠦᠢᠯᠡ ᠠᠵᠢᠯᠯᠠᠭ᠎ᠠ ᠪᠠᠨ ᠨᠢᠭᠡᠳᠬᠡᠵᠤ᠂ ᠵᠤᠷᠢᠬᠳᠠᠢ ᠪᠠᠷ ᠦᠭᠡᠷᠡᠴᠢᠯᠡᠯᠳᠡ ᠭᠢᠵᠤ᠂ ᠨᠠᠮ | ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠡᠯ᠎ᠡ ᠵᠦᠢᠯ ᠤᠨ ᠡᠬᠦᠷᠭᠡ ᠶᠢ | ᠪᠡᠶᠡᠯᠡᠬᠦᠯᠬᠦ ᠶᠢ ᠦᠨᠡᠨᠬᠦ ᠪᠠᠳᠤᠯᠠᠵᠤ᠂ ᠰᠢᠰᠲ᠋ᠧᠮ ᠪᠦᠷᠢᠨ ᠲᠦᠬᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ | ᠠᠵᠢᠯᠯᠠᠭᠠᠨ ᠦᠨᠳᠦᠷ ᠪᠦᠳᠦᠮᠵᠢᠳᠠᠢ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠭᠡ ᠴᠢᠳᠠᠪᠬᠢ ᠶᠢᠨ | ᠰᠢᠰᠲ᠋ᠧᠮᠵᠢ ᠶᠢ ᠳᠠᠰᠤᠷᠠᠯᠳᠠ ᠦᠭᠡᠢ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ | ᠰᠢᠢᠳᠪᠤᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮᠳᠤ ᠤᠳᠤᠬᠢᠴᠢᠯᠠᠯᠳᠠ ᠶᠢ ᠲᠦᠷᠬᠡᠳᠬᠡᠨ ᠠᠬᠢᠭᠤᠯᠬᠤ᠂ | ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ | ᠲᠡᠷᠭᠡᠯᠰᠢᠭᠦᠯᠬᠦ ᠪᠠᠷ ᠴᠢᠷᠮᠠᠶᠢᠨ ᠳᠡᠮᠡᠴᠡᠵᠡᠭᠡᠶᠡ︕ |