ᠥᠪᠥᠷ ᠵᠠᠰᠠᠭ ᠠᠯᠪᠠᠨ ᠲᠠᠷᠬᠠᠭᠠᠭᠰᠠᠨ ﹇2017﹈ 149 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ︽ᠦᠪᠡᠷᠳᠡᠬᠡᠨ ᠵᠠᠰᠠᠬᠤ ᠤᠷᠤᠨ ᠤ ︿13 · 5﹀ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ | ᠲᠦᠯᠦᠪᠵᠢᠬᠦᠯᠬᠡ︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠳᠦᠭᠦᠢ᠃ | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽13 · 5︾ ᠶᠢᠨ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠲᠦᠯᠦᠪᠵᠢᠬᠦᠯᠬᠡ | | | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠵᠦ᠂ ᠰᠦᠷᠢᠶ᠎ᠡ | ᠡᠪᠡᠳᠴᠢᠨ ᠤ ᠬᠤᠤᠷ ᠭᠦᠨᠦᠬᠡᠯ ᠢ ᠪᠠᠭᠠᠰᠬᠠᠨ᠂ ᠡᠷᠡᠭᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ ᠶᠢ | ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ | ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠪᠠ ︽︿13 · 5﹀ ᠶᠢᠨ ᠪᠦᠭᠦ ᠤᠯᠤᠰ ᠤᠨ ᠰᠦᠷᠢᠶ᠎ᠡ | ᠡᠪᠡᠳᠴᠢᠨ ᠢ ᠰᠡᠷᠬᠡᠶᠢᠯᠡᠨ ᠵᠠᠰᠠᠬᠤ ᠲᠦᠯᠦᠪᠵᠢᠬᠦᠯᠬᠡ ᠶᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2017﹈ | 16 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ | ᠪᠤᠳᠠᠳᠠᠢ ᠲᠠᠢ ᠪᠠᠨ ᠤᠶᠠᠯᠳᠤᠭᠤᠯᠤᠨ᠂ ᠲᠤᠰ ᠲᠦᠯᠦᠪᠵᠢᠬᠦᠯᠬᠡ ᠶᠢ ᠲᠤᠨᠨᠳᠠᠭᠠᠪᠠ᠃ | ᠨᠢᠬᠡ᠂ ᠰᠡᠷᠬᠡᠶᠢᠯᠡᠨ ᠵᠠᠰᠠᠯᠳᠠ ᠶᠢᠨ ᠤᠳᠤᠬᠢ ᠪᠠᠶᠢᠳᠠᠯ ᠵᠢᠴᠢ ᠲᠤᠯᠭᠠᠷᠠᠵᠦ ᠪᠠᠶᠢᠭ᠎ᠠ ᠪᠠᠶᠢᠳᠠᠯ | ᠰᠦᠷᠢᠶ᠎ᠡ ᠡᠪᠡᠳᠴᠢᠨ ᠤ ᠭᠤᠤᠯ ᠨᠢ ᠠᠭᠤᠰᠬᠢᠨ ᠤ ᠰᠦᠷᠢᠶ᠎ᠡ ᠪᠠᠶᠢᠵᠦ᠂ ᠲᠡᠷᠡ ᠨᠢ ᠠᠷᠠᠳ ᠤᠯᠠᠨ ᠤ ᠪᠡᠶ᠎ᠡ | ᠶᠢᠨ ᠡᠷᠡᠭᠦᠯ ᠮᠡᠨᠳᠦ ᠶᠢ ᠭᠦᠨᠳᠦ ᠨᠤᠴᠢᠳᠠᠢ ᠭᠦᠨᠦᠬᠡᠳᠡᠭ ᠭᠦᠨᠳᠦ ᠬᠡᠴᠡᠬᠦᠦ ᠬᠠᠯᠳᠠᠪᠤᠷᠢᠳᠤ ᠡᠪᠡᠳᠴᠢᠨ ᠤ ᠨᠢᠬᠡ | ᠪᠤᠯᠤᠨ᠎ᠠ᠃ ︽12 · 5︾ ᠶᠢᠨ ᠬᠤᠭᠤᠴᠠᠭᠠᠨ ᠳᠤ᠂ ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ | ᠮᠦᠴᠢᠷ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ | ᠲᠤᠤᠱᠯᠠᠭᠤᠯᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠭᠦᠷᠬᠡ ᠬᠠᠷᠢᠭᠤᠴᠠᠯᠭ᠎ᠠ ᠶᠢ ᠬᠠᠤᠯᠢ ᠶᠤᠰᠤᠭᠠᠷ | ᠭᠦᠢᠴᠡᠳᠬᠡᠨ᠂ ᠡᠯ᠎ᠡ ᠵᠦᠢᠯ ᠤᠨ ᠰᠡᠷᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠰᠦᠷᠢᠶ᠎ᠡ | ᠡᠪᠡᠳᠴᠢᠨ ᠢ ᠰᠡᠷᠬᠡᠶᠢᠯᠡᠨ ᠵᠠᠰᠠᠬᠤ ᠦᠢᠯᠡᠴᠢᠯᠡᠬᠡᠨ ᠤ ᠰᠢᠰᠲ᠋ᠧᠮᠵᠢ ᠶᠢ ᠤᠯᠠᠮ ᠨᠢᠬᠡ ᠠᠯᠬᠤᠮ ᠪᠦᠷᠢᠨᠰᠢᠬᠦᠯᠦᠨ᠂ | ᠢᠯᠡᠳᠳᠡ ᠦᠷ᠎ᠡ ᠪᠦᠳᠦᠮᠵᠢ ᠤᠯᠪᠠ᠃ ᠪᠦᠭᠦ ᠤᠷᠤᠨ ᠡᠪᠡᠳᠴᠢᠨ ᠤ ᠴᠢᠨᠠᠷ ᠨᠢ ᠭᠦᠳᠡᠯᠵᠦ ᠪᠠᠶᠢᠭ᠎ᠠ ᠠᠭᠤᠰᠬᠢᠨ ᠤ | ᠰᠦᠷᠢᠶ᠎ᠡ ᠶᠢᠨ ᠡᠪᠡᠳᠴᠢᠳᠠᠨ ᠢ ᠨᠡᠶᠢᠳᠡ 72614 ᠶᠢ ᠢᠯᠡᠷᠡᠭᠦᠯᠦᠭᠰᠡᠨ ᠪᠠ ᠬᠠᠮᠢᠶᠠᠷᠤᠨ ᠵᠠᠰᠠᠯᠳᠠ ᠬᠢᠵᠦ | ᠠᠮᠵᠢᠯᠳᠠ ᠲᠠᠢ ᠵᠠᠰᠬᠠᠰᠠᠨ ᠨᠤᠷᠮ᠎ᠠ ᠶᠢ 85% ᠠᠴᠠ ᠲᠡᠬᠡᠭᠰᠢ ᠪᠠᠳᠤᠯᠠᠨ᠂ ᠠᠭᠤᠰᠬᠢᠨ ᠤ ᠰᠦᠷᠢᠶ᠎ᠡ ᠶᠢᠨ | ᠮᠡᠳᠡᠭᠦᠯᠦᠯᠳᠡ ᠳᠤ ᠠᠳᠡᠭᠰᠡᠨ ᠨᠤᠷᠮ᠎ᠠ ᠢᠯᠡᠷᠬᠡᠢ ᠪᠠᠭᠤᠷᠠᠵᠦ᠂ ︽12 · 5︾ ᠶᠢᠨ ᠲᠦᠯᠦᠪᠵᠢᠬᠦᠯᠬᠡ ᠶᠢᠨ | ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ | ᠤᠳᠤᠬᠠᠨ ᠳᠤ᠂ ᠮᠠᠨ ᠤ ᠤᠷᠤᠨ ᠤ ᠠᠭᠤᠰᠬᠢᠨ ᠤ ᠰᠦᠷᠢᠶ᠎ᠡ ᠶᠢ ᠰᠡᠷᠬᠡᠶᠢᠯᠡᠨ ᠵᠠᠰᠠᠬᠤ ᠠᠵᠢᠯ ᠮᠦᠨ ᠬᠦ | ᠤᠯᠠᠨ ᠠᠰᠠᠭᠤᠳᠠᠯ ᠬᠢᠬᠡᠳ ᠦᠷᠢᠰᠦᠯᠳᠦᠬᠡᠨ ᠳᠤ ᠲᠤᠯᠭᠠᠷᠠᠵᠦ ᠪᠤᠢ᠃ ᠪᠦᠭᠦ ᠤᠯᠤᠰ ᠤᠨ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠰᠦᠯᠵᠢᠶᠡᠨ ᠳᠤ ᠰᠢᠭᠤᠳ ᠮᠡᠳᠡᠬᠦᠯᠦᠭᠰᠡᠨ ᠲᠤᠭ᠎ᠠ ᠪᠠᠷᠢᠮᠳᠠ ᠳᠤ | ᠢᠯᠡᠷᠡᠭᠰᠡᠨ ᠢᠶᠠᠷ᠂ ᠤᠷᠴᠢᠮ ᠤᠨ ᠵᠢᠯ ᠮᠠᠨ ᠤ ᠤᠷᠤᠨ ᠤ ᠵᠢᠯ ᠪᠦᠷᠢ ᠮᠡᠳᠡᠭᠦᠯᠦᠭᠰᠡᠨ ᠠᠭᠤᠰᠬᠢᠨ ᠤ ᠰᠦᠷᠢᠶ᠎ᠡ ᠶᠢᠨ | ᠡᠪᠡᠳᠴᠢᠳᠠᠨ 1.3 ᠲᠦᠮᠡᠨ ᠭᠦᠮᠦᠨ ᠤᠷᠴᠢᠮ ᠳᠤ ᠭᠦᠷᠴᠤ᠂ ᠦᠷᠭᠦᠯᠵᠢᠯᠡᠨ ᠪᠦᠭᠦ ᠤᠷᠤᠨ ᠤ ᠬᠠᠤᠯᠢ ᠳᠤ | ᠲᠤᠨᠨᠳ᠋ᠬᠠᠰᠠᠨ ᠬᠠᠯᠳᠠᠪᠤᠷᠢᠳᠤ ᠡᠪᠡᠳᠴᠢᠨ ᠤ ᠮᠡᠳᠡᠭᠦᠯᠦᠯᠳᠡ ᠶᠢᠨ ᠭᠤᠷᠪᠠᠳᠤᠭᠠᠷ ᠲᠤ ᠪᠠᠶᠢᠷᠢᠯᠠᠨ᠂ ᠰᠦᠷᠢᠶ᠎ᠡ | ᠡᠪᠡᠳᠴᠢᠳᠡᠨ ᠤ ᠲᠤᠭ᠎ᠠ ᠮᠦᠨ ᠭᠦ ᠨᠡᠯᠢᠶᠡᠳ ᠠᠷᠪᠢᠨ ᠪᠠᠶᠢᠵᠦ᠂ ᠭᠦᠳᠡᠭᠡ ᠲᠤᠰᠬᠤᠨ ᠮᠠᠯᠵᠢᠬᠤ ᠤᠷᠤᠨ ᠪᠠ | ᠶᠠᠳᠠᠭᠤ ᠭᠦᠴᠢᠷᠳᠡᠯᠳᠡᠢ ᠭᠠᠵᠠᠷ ᠤᠷᠤᠨ ᠤ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠪᠠᠶᠢᠳᠠᠯ ᠲᠤᠯᠭᠠᠮ᠎ᠠ | ᠪᠤᠯᠪᠠ︔ ᠤᠯᠤᠰ ᠤᠨ ︽ᠭᠤᠷᠮᠤᠰᠤᠨ ᠴᠤᠨᠨᠴᠨ︾ ᠶᠢᠨ ᠶᠡᠷᠦᠩᠬᠡᠶᠢᠯᠡᠨ ᠰᠡᠷᠬᠡᠶᠢᠯᠡᠨ ᠵᠠᠰᠠᠬᠤ ᠰᠢᠨ᠎ᠠ ᠬᠡᠯᠪᠡᠷᠢ ᠶᠢᠨ | ᠦᠢᠯᠡᠴᠢᠯᠡᠬᠡᠨ ᠤ ᠵᠬᠠᠪᠤᠷ ᠢ ᠰᠤᠷᠳᠠᠯᠴᠢᠯᠠᠨ ᠬᠡᠷᠡᠭᠵᠢᠬᠦᠯᠦᠭᠰᠡᠨ ᠠᠴᠠ ᠨᠠᠰᠢ᠂ ᠬᠡᠰᠡᠭ ᠭᠠᠵᠠᠷ ᠤᠷᠤᠨ ᠤ ᠤᠳᠤ ᠶᠢᠨ | ᠬᠡᠷᠡᠭᠵᠢᠬᠦᠯᠵᠦ ᠪᠠᠶᠢᠭ᠎ᠠ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠦᠢᠯᠡᠴᠢᠯᠡᠬᠡᠨ ᠤ ᠰᠢᠰᠲ᠋ᠧᠮᠵᠢ ᠪᠠ | ᠰᠡᠷᠬᠡᠶᠢᠯᠡᠨ ᠵᠠᠰᠠᠬᠤ ᠴᠢᠳᠠᠪᠤᠷᠢ ᠨᠢ ᠰᠢᠨ᠎ᠠ ᠪᠠᠶᠢᠳᠠᠯ ᠲᠤᠤᠷᠠᠬᠢ ᠰᠡᠷᠬᠡᠶᠢᠯᠡᠨ ᠵᠠᠰᠠᠬᠤ ᠠᠵᠢᠯ ᠤᠨ ᠬᠡᠷᠡᠭᠴᠡᠭᠡ ᠶᠢ | ᠮᠦᠨ ᠭᠦ ᠬᠠᠩᠭᠠᠵᠦ ᠲᠠᠶᠢᠯᠬᠦ ᠦᠬᠡᠢ ᠪᠠᠶᠢᠵᠦ᠂ ᠰᠦᠷᠢᠶ᠎ᠡ ᠡᠪᠡᠳᠴᠢᠨ ᠤ ᠲᠤᠨᠨᠳᠠᠮᠠᠯ ᠡᠮᠴᠢᠯᠡᠬᠡᠨ ᠤ ᠪᠠᠶᠢᠭᠤᠯᠤᠮᠵᠢ | ᠶᠢᠨ ᠤᠨᠤᠰᠢᠯᠠᠨ ᠡᠮᠨᠡᠬᠦ ᠨᠦᠭᠦᠴᠡᠯ ᠢᠶᠠᠷ ᠭᠦᠷᠦᠯᠴᠡᠬᠦ ᠦᠬᠡᠢ ᠪᠠᠶᠢᠵᠦ᠂ ᠰᠡᠷᠬᠡᠶᠢᠯᠡᠨ ᠵᠠᠰᠠᠬᠤ ᠳᠤ ᠬᠡᠷᠡᠭᠰᠡᠬᠦ | ᠪᠡᠯᠡᠳᠬᠡᠮᠵᠢ ᠲᠦᠭᠦᠬᠡᠷᠦᠮᠵᠢ ᠵᠢᠴᠢ ᠲᠤᠰᠬᠠᠢ ᠮᠡᠷᠬᠡᠵᠢᠯ ᠤᠨ ᠠᠵᠢᠯᠳᠠᠨ ᠢᠶᠠᠷ ᠲᠤᠳᠠᠮᠠᠭ᠂ ᠢᠯᠠᠩᠭᠤᠶ᠎ᠠ ᠦᠨᠳᠦᠰᠦᠨ | ᠱᠠᠳᠤᠨ ᠤ ᠰᠡᠷᠬᠡᠶᠢᠯᠡᠨ ᠵᠠᠰᠠᠬᠤ ᠭᠦᠴᠦᠨ ᠪᠠᠭᠤᠷᠠᠢ᠂ ᠨᠡᠬᠦᠳᠡᠯ ᠭᠦᠮᠦᠰ ᠤᠨ ᠰᠦᠷᠢᠶ᠎ᠡ ᠡᠪᠡᠳᠴᠢᠨ ᠢ ᠢᠯᠡᠷᠡᠭᠦᠯᠬᠦ | ᠪᠠ ᠡᠮᠨᠡᠨ ᠵᠠᠰᠠᠵᠦ ᠬᠠᠮᠢᠶᠠᠷᠬᠤ ᠳᠤ ᠭᠦᠴᠢᠷ ᠶᠡᠭᠡ ᠪᠠᠶᠢᠪᠠ︔ ᠨᠡᠶᠢᠳᠡ ᠤᠯᠠᠨ ᠤ ᠰᠦᠷᠢᠶ᠎ᠡ ᠡᠪᠡᠳᠴᠢᠨ ᠢ | ᠰᠡᠷᠬᠡᠶᠢᠯᠡᠨ ᠵᠠᠰᠠᠬᠤ ᠮᠡᠳᠡᠯᠬᠡ ᠲᠠᠨᠢᠯᠳᠠ ᠶᠢᠨ ᠬᠡᠮᠵᠢᠶ᠎ᠡ ᠲᠤᠤᠷ᠎ᠠ ᠪᠠᠶᠢᠵᠦ᠂ ᠴᠢᠬᠤᠯᠠᠴᠢᠯᠠᠵᠦ ᠦᠵᠡᠬᠦ ᠪᠠ | ᠰᠡᠷᠬᠡᠶᠢᠯᠡᠬᠦ ᠤᠬᠠᠮᠰᠠᠷ ᠢᠶᠠᠷ ᠨᠡᠶᠢᠳᠡᠮ ᠳᠡᠭᠡᠨ ᠭᠦᠷᠦᠯᠴᠡᠬᠦ ᠦᠬᠡᠢ ᠪᠠᠶᠢᠪᠠ᠃ ︽13 · 5︾ ᠶᠢᠨ ᠬᠤᠭᠤᠴᠠᠭ᠎ᠠ | ᠪᠤᠯ ᠮᠠᠨ ᠤ ᠤᠷᠤᠨ ᠤ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠵᠠᠩᠬᠢᠯᠠᠭ᠎ᠠ ᠶᠢᠨ ᠬᠤᠭᠤᠴᠠᠭ᠎ᠠ ᠪᠠᠶᠢᠵᠦ᠂ | ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠭᠦᠴᠦᠨ ᠲᠡᠭᠦᠯᠳᠡᠷ ᠪᠤᠯᠤᠮᠵᠢᠳᠠᠢ | ᠰᠠᠶᠢᠨ ᠠᠷᠭ᠎ᠠ ᠬᠡᠮᠵᠢᠶ᠎ᠡ ᠠᠪᠴᠤ᠂ ᠪᠡᠷᠬᠡ ᠶᠢ ᠲᠤᠭᠤᠯᠵᠦ ᠪᠤᠭᠤᠮᠳᠠ ᠶᠢ ᠰᠢᠪᠳᠤᠯᠤᠨ᠂ ᠰᠦᠷᠢᠶ᠎ᠡ ᠡᠪᠡᠳᠴᠢᠨ ᠢ | ᠰᠡᠷᠬᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠦ᠂ ᠶᠡᠷᠥᠩᠬᠡᠢ ᠱᠥᠵᠢ ᠰᠢ ᠶᠢᠨ | ᠫᠢᠩ ᠤᠨ ᠠᠯᠢ ᠤᠯᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ | ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠬᠡᠢ ᠲᠤᠤᠱᠯᠠᠭᠤᠯᠤᠨ᠂ ᠨᠠᠮ ᠤᠨ | ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ︽ | ᠲᠠᠪᠤ ᠶᠢ ᠨᠢᠬᠡ ᠴᠤᠨᠨᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠪᠦᠭᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠤᠰᠤᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠤᠬᠢᠷᠳᠤᠯ | ᠥᠭᠡᠢ᠂ ᠨᠡᠭᠡᠭᠡᠯᠲᠡ ᠲᠠᠢ᠂ ᠬᠠᠮᠲᠤᠪᠡᠷ ᠭᠦᠷᠳᠡᠬᠦ ᠬᠥᠭᠵᠢᠯᠲᠡ ᠶᠢᠨ ᠣᠨᠣᠯᠵᠢᠬᠤᠨ ᠢ ᠪᠠᠳᠤ ᠪᠠᠬᠢ ᠪᠤᠢ ᠪᠤᠯᠭᠠᠬᠤ | ᠪᠠ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠴᠠᠭ ᠦᠶ᠎ᠡ ᠶᠢᠨ ᠡᠷᠡᠬᠦᠯ ᠬᠠᠮᠠᠭᠠᠯᠠᠯ ᠬᠢᠬᠡᠳ ᠡᠷᠡᠭᠦᠯ ᠡᠩᠬᠡ | ᠶᠢᠨ ᠠᠵᠢᠯ ᠤᠨ ᠴᠢᠭᠯᠡᠯᠲᠡ ᠶᠢ ᠪᠠᠷᠢᠮᠳᠠᠯᠠᠨ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠬᠡᠷᠡᠴᠢᠯᠡᠯᠳᠡ ᠶᠢ ᠭᠦᠨᠵᠡᠬᠡᠶᠢᠷᠡᠭᠦᠯᠬᠦ ᠪᠠᠷ ᠭᠦᠳᠡᠯᠬᠡᠬᠦ ᠭᠦᠴᠦᠨ ᠪᠤᠯᠭᠠᠵᠦ᠂ ᠰᠦᠷᠢᠶ᠎ᠡ ᠡᠪᠡᠳᠴᠢᠨ ᠲᠠᠢ | ᠡᠪᠡᠳᠴᠢᠳᠠᠨ ᠢ ᠢᠯᠡᠷᠡᠭᠦᠯᠦᠭᠰᠡᠨ ᠮᠡᠳᠡᠬᠦᠯᠦᠯᠳᠡ᠂ ᠤᠨᠤᠰᠢᠯᠠᠨ ᠡᠮᠨᠡᠬᠦ ᠪᠠ ᠲᠠᠭᠠᠨ ᠤᠶᠢᠯᠠᠭᠠᠬᠤ ᠦᠢᠯᠡᠴᠢᠯᠡᠭᠡ | ᠵᠡᠷᠬᠡ ᠪᠦᠭᠦ ᠲᠠᠯ᠎ᠠ ᠶᠢᠨ ᠬᠠᠮᠢᠶᠠᠷᠤᠯᠳᠠ ᠶᠢ ᠴᠢᠩᠭᠠᠷᠠᠭᠤᠯᠤᠨ᠂ ᠤᠯᠤᠰ ᠤᠨ ᠦᠨᠳᠦᠰᠦᠨ ᠪᠠ ᠴᠢᠬᠤᠯᠠ ᠶᠡᠭᠡ | ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠷᠦᠯ ᠵᠦᠢᠯ ᠢ ᠬᠡᠷᠡᠭᠵᠢᠬᠦᠯᠬᠦ ᠪᠠᠷ ᠭᠠᠷᠳᠠᠴᠠ | ᠪᠤᠯᠭᠠᠵᠦ᠂ ᠰᠦᠷᠢᠶ᠎ᠡ ᠡᠪᠡᠳᠴᠢᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠦᠨ᠂ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠪᠦᠭᠦ ᠲᠠᠯ᠎ᠠ ᠪᠠᠷ ᠠᠬᠢᠭᠤᠯᠵᠦ᠂ ᠪᠦᠭᠦ ᠠᠷᠠᠳ ᠤᠨ ᠡᠷᠡᠭᠦᠯ | ᠡᠩᠬᠡ ᠶᠢᠨ ᠬᠡᠪ ᠪᠤᠯᠪᠠᠰᠤᠷᠠᠯ ᠢ ᠲᠡᠬᠡᠭᠰᠢᠯᠡᠬᠦᠯᠦᠨ᠂ ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ᠂ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ | ︵ᠬᠤᠶᠠᠷ︶ ᠠᠵᠢᠯ ᠤᠨ ᠵᠠᠷᠴᠢᠮ᠃ ᠠᠷᠠᠳ ᠤᠨ ᠡᠷᠡᠭᠦᠯ ᠡᠩᠬᠡ ᠪᠠᠷ ᠭᠤᠤᠯ ᠪᠤᠯᠭᠠᠬᠤ ᠶᠢ ᠪᠠᠷᠢᠮᠳᠠᠯᠠᠨ᠎ᠠ︔ | ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠤᠳᠤᠷᠢᠳᠬᠤ᠂ ᠰᠠᠯᠠᠭ᠎ᠠ ᠮᠦᠴᠢᠷ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠬᠦ᠂ ᠪᠦᠭᠦ ᠨᠡᠶᠢᠬᠡᠮ ᠢᠶᠠᠷ ᠢᠶᠠᠨ ᠬᠠᠮᠵᠢᠯᠴᠠᠬᠤ ᠶᠢ ᠪᠠᠷᠢᠮᠳᠠᠯᠠᠨ᠎ᠠ︔ ᠤᠷᠢᠳᠴᠢᠯᠠᠨ | ᠰᠡᠷᠬᠡᠶᠢᠯᠡᠬᠦ ᠪᠠᠷ ᠭᠤᠤᠯ ᠪᠤᠯᠭᠠᠬᠤ᠂ ᠰᠡᠷᠬᠡᠶᠢᠯᠡᠨ ᠵᠠᠰᠠᠬᠤ ᠶᠢ ᠤᠶᠠᠯᠳᠤᠭᠤᠯᠬᠤ᠂ ᠬᠠᠤᠯᠢ ᠶᠤᠰᠤᠭᠠᠷ ᠰᠡᠷᠬᠡᠶᠢᠯᠡᠨ | ᠵᠠᠰᠠᠬᠤ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ ᠶᠢ ᠪᠠᠷᠢᠮᠳᠠᠯᠠᠨ᠎ᠠ︔ ᠶᠡᠷᠦᠩᠬᠡᠶᠢᠯᠡᠨ ᠵᠠᠰᠠᠬᠤ᠂ | ᠭᠤᠤᠯᠳᠠᠯᠭ᠎ᠠ ᠶᠢ ᠲᠤᠪᠤᠶᠢᠯᠭᠠᠬᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ᠂ ᠲᠦᠷᠦᠯ ᠬᠤᠪᠢᠶᠠᠵᠦ | ᠵᠢᠭᠠᠨ ᠵᠢᠯᠤᠭᠤᠳᠬᠤ ᠶᠢ ᠪᠠᠷᠢᠮᠳᠠᠯᠠᠨ᠂ ᠰᠦᠷᠢᠶ᠎ᠡ ᠡᠪᠡᠳᠴᠢᠨ ᠢ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ | ᠯᠠᠪᠳᠠᠭᠤᠨ ᠠᠬᠢᠭᠤᠯᠤᠨ᠎ᠠ︔ ᠵᠠᠩᠬᠢᠯᠠᠭ᠎ᠠ ᠶᠢ ᠴᠢᠬᠤᠯᠠ ᠪᠠᠶᠢᠷᠢᠨ ᠳᠤ ᠲᠠᠯᠪᠢᠬᠤ᠂ ᠭᠤᠤᠯᠳᠠᠯᠭ᠎ᠠ ᠶᠢ ᠦᠨᠳᠦᠰᠦᠨ | ᠱᠠᠳᠤᠨ ᠳᠤ ᠴᠢᠭᠯᠡᠬᠦᠯᠬᠦ᠂ ᠦᠨᠳᠦᠰᠦᠨ ᠱᠠᠳᠤ ᠶᠢ ᠴᠢᠩᠭᠠᠷᠠᠭᠤᠯᠬᠤ᠂ ᠶᠡᠷᠦᠩᠬᠡᠶᠢᠯᠡᠨ ᠠᠬᠢᠭᠤᠯᠬᠤ ᠶᠢ ᠪᠠᠷᠢᠮᠳᠠᠯᠠᠨ᠎ᠠ︔ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠱᠠᠳᠤ ᠬᠤᠪᠢᠶᠠᠨ ᠤᠷᠤᠯᠴᠠᠬᠤ᠂ ᠰᠢᠮᠳᠠᠭᠤᠯᠤᠨ ᠪᠠᠶᠢᠴᠠᠭᠠᠬᠤ ᠶᠢ | ᠴᠢᠩᠭᠠᠳᠬᠠᠬᠤ᠂ ᠶᠡᠷᠦᠩᠬᠡᠶᠢᠯᠡᠨ ᠦᠨᠡᠯᠡᠨ ᠵᠢᠱᠢᠬᠦ ᠶᠢ ᠪᠠᠷᠢᠮᠳᠠᠯᠠᠨ᠎ᠠ᠃ | ︵ᠭᠤᠷᠪᠠ︶ ᠲᠦᠯᠦᠪᠵᠢᠬᠦᠯᠬᠡ ᠶᠢᠨ ᠬᠠᠷᠠᠯᠳᠠ᠃ 2020 ᠤᠨ ᠪᠤᠯᠳᠠᠯ᠎ᠠ᠂ ᠵᠠᠰᠠᠭ ᠤᠨ ᠤᠷᠳᠤᠨ | ᠤᠳᠤᠷᠢᠳᠬᠤ᠂ ᠰᠠᠯᠠᠭ᠎ᠠ ᠮᠦᠴᠢᠷ ᠬᠠᠮᠳᠤᠷᠠᠯᠴᠠᠬᠤ᠂ ᠪᠦᠭᠦ ᠨᠡᠶᠢᠬᠡᠮ ᠢᠶᠠᠷ ᠬᠠᠮᠵᠢᠯᠴᠠᠬᠤ᠂ ᠪᠦᠭᠦᠳᠡ ᠤᠯᠠᠨ ᠢᠶᠠᠷ | ᠤᠷᠤᠯᠴᠬᠠᠰᠠᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠲᠤᠨᠨᠳᠠᠴᠠ ᠶᠢ ᠤᠯᠠᠮ ᠨᠢᠬᠡ ᠠᠯᠬᠤᠮ | ᠲᠡᠭᠦᠯᠳᠡᠷᠵᠢᠬᠦᠯᠦᠨ᠎ᠠ᠃ ︽ᠭᠤᠷᠮᠤᠰᠤᠨ ᠴᠤᠨᠨᠴᠠ︾ ᠶᠢᠨ ᠶᠡᠷᠦᠩᠬᠡᠶᠢᠯᠡᠨ ᠰᠡᠷᠬᠡᠶᠢᠯᠡᠨ ᠵᠠᠰᠠᠬᠤ ᠰᠢᠰᠲ᠋ᠧᠮᠵᠢ ᠶᠢ | ᠤᠯᠠᠮ ᠨᠢᠬᠡ ᠠᠯᠬᠤᠮ ᠪᠦᠷᠢᠨᠰᠢᠬᠦᠯᠵᠦ᠂ ᠰᠦᠷᠢᠶ᠎ᠡ ᠡᠪᠡᠳᠴᠢᠳᠡᠨ ᠳᠠᠬᠢ ᠪᠦᠭᠦ ᠲᠠᠯ᠎ᠠ ᠶᠢᠨ᠂ ᠪᠦᠭᠦ ᠦᠶᠡᠯᠡᠯ ᠤᠨ | ᠬᠤᠭᠤᠴᠠᠭᠠᠨ ᠤ ᠰᠡᠷᠬᠡᠶᠢᠯᠡᠨ ᠵᠠᠰᠠᠬᠤ ᠦᠢᠯᠡᠴᠢᠯᠡᠭᠡ ᠶᠢᠨ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠦᠨ᠂ | ᠡᠷᠳᠡᠬᠡᠨ ᠢᠯᠡᠷᠡᠭᠦᠯᠬᠦ ᠶᠢᠨ ᠬᠠᠮᠳᠤ ᠪᠦᠭᠦ ᠶᠠᠪᠤᠴᠠ ᠳᠤ ᠵᠢᠷᠤᠮᠵᠢᠭᠤᠯᠤᠨ ᠡᠮᠨᠡᠬᠦ ᠶᠢ ᠪᠡᠶᠡᠯᠡᠬᠦᠯᠵᠦ᠂ ᠠᠷᠠᠳ | ᠤᠯᠠᠨ ᠳᠤ ᠲᠦᠪ ᠭᠤᠤᠯᠴᠢ ᠨᠢ ᠭᠠᠷ ᠲᠤ ᠦᠷᠳᠦᠮᠡ᠂ ᠰᠢᠰᠲ᠋ᠧᠮ ᠨᠢ ᠦᠷᠬᠦᠯᠵᠢᠯᠡᠭᠰᠡᠨ ᠤᠷᠢᠳᠴᠢᠯᠠᠨ | ᠰᠡᠷᠬᠡᠶᠢᠯᠡᠬᠦ᠂ ᠡᠮᠨᠡᠬᠦ᠂ ᠡᠷᠡᠭᠦᠯᠵᠢᠬᠦᠯᠬᠦ ᠵᠡᠷᠬᠡ ᠦᠢᠯᠡᠴᠢᠯᠡᠭᠡ ᠶᠢ ᠭᠦᠷᠳᠡᠬᠡᠨ᠎ᠠ᠃ ᠡᠮᠴᠢᠯᠡᠬᠡᠨ ᠤ ᠪᠠᠳᠤᠯᠠᠭ᠎ᠠ ᠶᠢᠨ | ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠵᠦ᠂ ᠡᠪᠡᠳᠴᠢᠳᠡᠨ ᠤ ᠡᠪᠡᠳᠴᠢᠨ ᠤ | ᠲᠠᠷᠤᠭᠠᠰᠤ ᠶᠢ ᠤᠯᠠᠮ ᠨᠢᠬᠡ ᠠᠯᠬᠤᠮ ᠭᠦᠩᠬᠡᠯᠡᠨᠠ᠃ ᠠᠭᠤᠰᠬᠢᠨ ᠤ ᠰᠦᠷᠢᠶ᠎ᠡ ᠪᠠᠷ ᠡᠪᠡᠳᠴᠢᠨ ᠡᠭᠦᠰᠬᠦ ᠪᠠ ᠨᠠᠰᠤ | ᠪᠠᠷᠠᠬᠤ ᠭᠦᠮᠦᠨ ᠤ ᠲᠤᠭ᠎ᠠ ᠶᠢ ᠤᠯᠠᠮ ᠨᠢᠬᠡ ᠠᠯᠬᠤᠮ ᠴᠦᠬᠡᠷᠡᠬᠦᠯᠵᠦ᠂ ᠪᠦᠭᠦ ᠤᠷᠤᠨ ᠤ ᠠᠭᠤᠰᠬᠢᠨ ᠤ ᠰᠦᠷᠢᠶ᠎ᠡ | ᠶᠢᠨ ᠡᠪᠡᠳᠴᠢᠨ ᠡᠭᠦᠰᠬᠦ ᠨᠤᠷᠮ᠎ᠠ ᠶᠢ 58/10 ᠲᠦᠮᠡ ᠠᠴᠠ ᠲᠤᠷᠤᠨᠨᠰᠢ ᠪᠤᠯᠳᠠᠯ᠎ᠠ ᠪᠠᠭᠤᠷᠠᠭᠤᠯᠤᠨ᠂ ᠬᠢᠵᠢᠭ | ᠡᠭᠦᠰᠬᠦ ᠪᠠᠷ ᠨᠡᠯᠢᠶᠡᠳ ᠦᠨᠳᠦᠷ ᠭᠠᠵᠠᠷ ᠤᠷᠤᠨ ᠤ ᠠᠭᠤᠰᠬᠢᠨ ᠤ ᠰᠦᠷᠢᠶ᠎ᠡ ᠶᠢᠨ ᠡᠪᠡᠳᠴᠢᠨ ᠡᠬᠦᠰᠬᠦ ᠨᠤᠷᠮ᠎ᠠ ᠶᠢ | 2015 ᠤᠨ ᠤ ᠬᠢ ᠠᠴᠠ 20% ᠪᠠᠷ ᠪᠠᠭᠤᠷᠠᠭᠤᠯᠤᠨ᠎ᠠ᠃ | 1. ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠪᠠ ᠠᠭᠤᠰᠬᠢᠨ ᠤ ᠰᠦᠷᠢᠶ᠎ᠡ ᠶᠢᠨ ᠰᠡᠵᠢᠭᠯᠡᠯᠳᠡᠢ | ᠡᠪᠡᠳᠴᠢᠳᠠᠨ ᠢ ᠮᠡᠳᠡᠬᠦᠯᠬᠦ ᠶᠡᠷᠦᠩᠬᠡᠢ ᠪᠤᠳᠠᠳᠠᠶᠢᠵᠢᠭᠤᠯᠬᠤ ᠨᠤᠷᠮ᠎ᠠ ᠶᠢ 95% ᠠᠴᠠ ᠲᠡᠬᠡᠭᠰᠢ ᠳᠤ ᠭᠦᠷᠦᠭᠦᠯᠦᠨ᠎ᠠ᠃ | ᠡᠪᠡᠳᠴᠢᠨ ᠤ ᠡᠭᠦᠰᠬᠡᠭᠴᠢ ᠶᠢᠨ ᠰᠤᠳᠤᠯᠤᠯ ᠤᠨ ᠪᠠᠶᠢᠴᠠᠭᠠᠯᠳᠠ ᠳᠤ ᠠᠷᠭ᠎ᠠ ᠴᠢᠨᠠᠷᠳᠠᠢ ᠠᠭᠤᠰᠬᠢᠨ ᠤ ᠰᠦᠷᠢᠶ᠎ᠡ | ᠶᠢᠨ ᠡᠪᠡᠳᠴᠢᠳᠡᠨ ᠲᠠᠢ ᠤᠶᠢᠷᠠᠳᠤᠨᠨᠰᠠᠳ ᠢ ᠰᠢᠭᠰᠢᠨ ᠪᠠᠶᠢᠴᠠᠭᠠᠬᠤ ᠨᠤᠷᠮ᠎ᠠ ᠶᠢ 95% ᠳᠤ ᠭᠦᠷᠦᠭᠦᠯᠦᠨ᠎ᠠ᠃ | ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠤ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠠᠷᠭ᠎ᠠ ᠴᠢᠨᠠᠷᠳᠠᠢ | ᠨᠤᠷᠮ᠎ᠠ ᠶᠢ 50% ᠠᠴᠠ ᠲᠡᠬᠡᠭᠰᠢ ᠳᠤ ᠭᠦᠷᠦᠭᠦᠯᠦᠨ᠎ᠠ᠃ ᠤᠯᠠᠨ ᠵᠦᠢᠯ ᠤᠨ ᠡᠮ ᠳᠤ ᠲᠠᠭᠠᠭᠠᠮᠠᠭᠠᠢ ᠠᠭᠤᠰᠬᠢᠨ ᠤ | ᠰᠦᠷᠢᠶ᠎ᠡ ᠶᠢᠨ ᠲᠦᠭᠰᠢᠭᠦᠷᠢᠳᠦ ᠭᠦᠮᠦᠰ ᠤᠨ ᠡᠮ ᠲᠠᠭᠠᠭᠠᠬᠤ ᠶᠢ ᠰᠢᠭᠰᠢᠨ ᠪᠠᠶᠢᠴᠠᠭᠠᠬᠤ ᠨᠤᠷᠮ᠎ᠠ ᠶᠢ 95% ᠠᠴᠠ | ᠲᠡᠬᠡᠭᠰᠢ ᠳᠤ ᠭᠦᠷᠦᠭᠦᠯᠦᠨ᠎ᠠ᠃ | 2. ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠠᠮᠵᠢᠯᠳᠠ ᠲᠠᠢ ᠡᠮᠨᠡᠬᠦ ᠨᠤᠷᠮ᠎ᠠ ᠶᠢ 95% ᠠᠴᠠ | ᠲᠡᠬᠡᠭᠰᠢ ᠳᠤ ᠭᠦᠷᠦᠭᠦᠯᠦᠨ᠎ᠠ᠃ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠵᠢᠷᠤᠮᠵᠢᠭᠤᠯᠤᠨ ᠬᠠᠮᠢᠶᠠᠷᠬᠤ ᠨᠤᠷᠮ᠎ᠠ ᠶᠢ 95% ᠠᠴᠠ ᠲᠡᠬᠡᠭᠰᠢ ᠳᠤ | ᠭᠦᠷᠦᠭᠦᠯᠦᠨ᠎ᠠ᠃ | 3. ᠰᠤᠷᠤᠨᠨᠴᠢ ᠶᠢᠨ ᠪᠡᠶ᠎ᠡ ᠶᠢᠨ ᠪᠠᠶᠢᠴᠠᠭᠠᠯᠳᠠ ᠶᠢᠨ ᠠᠭᠤᠰᠬᠢᠨ ᠤ ᠰᠦᠷᠢᠶ᠎ᠡ ᠶᠢ ᠰᠢᠭᠰᠢᠨ ᠪᠠᠶᠢᠴᠠᠭᠠᠬᠤ | ᠬᠠᠷᠢᠴᠠᠯ ᠢ ᠢᠯᠡᠳᠳᠡ ᠲᠡᠬᠡᠭᠰᠢᠯᠡᠬᠦᠯᠵᠦ᠂ ᠰᠤᠷᠭᠠᠭᠤᠯᠢ ᠳᠤ ᠰᠦᠷᠢᠶ᠎ᠡ ᠡᠪᠡᠳᠴᠢᠨ ᠤ ᠬᠢᠵᠢᠭ ᠤᠨ ᠪᠠᠶᠢᠳᠠᠯ | ᠡᠭᠦᠰᠬᠦ ᠶᠢ ᠪᠦᠳᠦᠮᠵᠢᠳᠡᠢ ᠡᠵᠡᠮᠳᠡᠨ᠎ᠠ᠃ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠬᠠᠴᠢᠳ ᠤᠨ ᠰᠦᠷᠢᠶ᠎ᠡ | ᠡᠪᠡᠳᠴᠢᠨ ᠤ ᠪᠠᠶᠢᠴᠠᠭᠠᠯᠳᠠ ᠶᠢᠨ ᠨᠤᠷᠮ᠎ᠠ ᠶᠢ 90% ᠠᠴᠠ ᠲᠡᠬᠡᠭᠰᠢ ᠳᠤ ᠭᠦᠷᠦᠭᠦᠯᠦᠨ᠎ᠠ᠃ ᠨᠡᠶᠢᠳᠡ ᠤᠯᠠᠨ ᠤ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠭᠤᠤᠯ ᠮᠡᠳᠡᠯᠬᠡ ᠶᠢ ᠤᠶᠢᠯᠠᠭᠠᠬᠤ ᠨᠤᠷᠮ᠎ᠠ ᠶᠢ 85% ᠠᠴᠠ | ᠲᠡᠬᠡᠭᠰᠢ ᠳᠤ ᠭᠦᠷᠦᠭᠦᠯᠦᠨ᠎ᠠ᠃ | 4. ᠠᠯᠢᠪᠡ ᠠᠶᠢᠮᠠᠭ ᠬᠤᠳᠠ ᠶᠢᠨ ᠱᠠᠳᠤᠨ ᠤ ᠲᠤᠨᠨᠳᠠᠮᠠᠯ ᠡᠮᠴᠢᠯᠡᠬᠡᠨ ᠤ ᠪᠠᠶᠢᠭᠤᠯᠤᠮᠵᠢ ᠨᠢ ᠡᠮ ᠤᠨ | ᠬᠠᠷᠰᠢᠮᠠᠳᠠᠭᠠᠢ ᠶᠢᠨ ᠲᠤᠷᠰᠢᠯᠳᠠ᠂ ᠮᠦᠬᠦ ᠪᠠᠺᠲ᠋ᠧᠷᠢ ᠶᠢᠨ ᠵᠦᠢᠯ ᠤᠨ ᠲᠤᠳᠤᠯᠠᠯᠳᠠ ᠪᠠ ᠰᠦᠷᠢᠶ᠎ᠡ ᠡᠪᠡᠳᠴᠢᠨ ᠤ | ᠮᠤᠯᠧᠺᠦ᠋ᠯ ᠤᠨ ᠠᠮᠢᠳᠤ ᠪᠤᠳᠠᠰ ᠤᠨ ᠤᠬᠠᠭᠠᠨ ᠤ ᠤᠨᠤᠰᠢᠯᠠᠯᠳᠠ ᠦᠷᠨᠢᠬᠦᠯᠬᠦ ᠴᠢᠳᠠᠪᠤᠷᠢ ᠶᠢ ᠪᠦᠷᠢᠯᠳᠦᠬᠦᠯᠦᠨ᠎ᠠ᠃ | ᠠᠯᠢᠪᠠ ᠬᠤᠰᠢᠭᠤ ᠰᠢᠶᠠᠨ ᠤ ᠱᠠᠳᠤᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ ᠴᠠᠷ ᠨᠤᠯᠮᠤᠰᠤ ᠶᠢᠨ | ᠲᠦᠷᠬᠢᠮᠡᠯ ᠢᠯᠳᠡᠰᠦ ᠪᠠ ᠴᠠᠷ ᠨᠤᠯᠮᠤᠰᠤ ᠪᠤᠶᠢᠵᠢᠭᠤᠯᠵᠦ ᠰᠢᠯᠭᠠᠨ ᠪᠠᠶᠢᠴᠠᠭᠠᠬᠤ ᠴᠢᠳᠠᠪᠤᠷᠢ ᠶᠢ ᠪᠦᠷᠢᠯᠳᠦᠬᠦᠯᠦᠨ᠎ᠠ᠃ | 80% ᠶᠢᠨ ᠬᠤᠰᠢᠭᠤ ᠰᠢᠶᠠᠨ ︵ᠬᠤᠳᠠ᠂ ᠲᠤᠭᠤᠷᠢᠭ︶ ᠨᠢ ᠰᠦᠷᠢᠶ᠎ᠡ ᠡᠪᠡᠳᠴᠢᠨ ᠤ ᠮᠤᠯᠧᠺᠦ᠋ᠯ ᠤᠨ ᠠᠮᠢᠳᠤ | ᠪᠤᠳᠠᠰ ᠤᠨ ᠤᠬᠠᠭᠠᠨ ᠤ ᠤᠨᠤᠰᠢᠯᠠᠯᠳᠠ ᠶᠢᠨ ᠴᠢᠳᠠᠪᠤᠷᠢ ᠶᠢ ᠪᠦᠷᠢᠯᠳᠦᠬᠦᠯᠦᠨ᠎ᠠ᠃ | 5. ᠦᠨᠳᠦᠰᠦᠨ ᠡᠮᠴᠢᠯᠡᠬᠡᠨ ᠤ ᠲᠠᠭᠠᠳᠬᠠᠯ᠂ ᠶᠡᠭᠡ ᠡᠪᠡᠳᠴᠢᠨ ᠤ ᠲᠠᠭᠠᠳᠬᠠᠯ᠂ ᠡᠮᠴᠢᠯᠡᠬᠡᠨ ᠤ ᠠᠪᠤᠷᠠᠨ | ᠲᠤᠰᠠᠯᠠᠯᠳᠠ ᠵᠡᠷᠬᠡ ᠲᠦᠷᠢᠮ ᠬᠢᠬᠡᠳ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ | ᠪᠦᠳᠦᠮᠵᠢᠳᠡᠢ ᠵᠤᠯᠭᠠᠯᠳᠤᠬᠤ ᠶᠢ ᠪᠡᠶᠡᠯᠡᠬᠦᠯᠦᠨ᠎ᠠ᠃ ᠰᠦᠷᠢᠶ᠎ᠡ ᠶᠢ ᠡᠰᠡᠷᠬᠦᠴᠡᠬᠦ ᠡᠮ ᠤᠨ ᠬᠠᠩᠭᠠᠯᠭ᠎ᠠ ᠶᠢ | ᠨᠡᠮᠡᠭᠳᠡᠬᠦᠯᠵᠦ᠂ ᠡᠪᠡᠳᠴᠢᠳᠡᠨ ᠤ ᠡᠭᠦᠳᠡᠨ ᠡᠮᠨᠡᠯᠬᠡ ᠪᠠ ᠡᠮᠨᠡᠯᠬᠡ ᠳᠤ ᠰᠠᠭᠤᠬᠤ ᠡᠮᠴᠢᠯᠡᠬᠡᠨ ᠤ ᠵᠠᠷᠤᠳᠠᠯ ᠢ | ᠪᠠᠳᠤᠯᠠᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ ᠡᠪᠡᠳᠴᠢᠳᠡᠨ ᠤ ᠠᠵᠦ ᠠᠬᠤᠢ ᠶᠢᠨ ᠰᠢᠯᠳᠠᠭᠠᠨ ᠠᠴᠠ ᠪᠤᠯᠵᠦ | ᠡᠮᠨᠡᠬᠦ ᠪᠠᠨ ᠵᠤᠨᠨᠰᠤᠬᠤ ᠶᠢ ᠪᠠᠭᠠᠰᠬᠠᠵᠦ᠂ ᠡᠪᠡᠳᠴᠢᠳᠡᠨ ᠤ ᠲᠠᠷᠤᠭᠠᠰᠤ ᠶᠢ ᠭᠦᠩᠬᠡᠯᠡᠨ᠂ ᠡᠪᠡᠳᠴᠢᠨ ᠠᠴᠠ ᠪᠤᠯᠵᠦ | ᠶᠠᠳᠠᠭᠤᠷᠠᠬᠤ᠂ ᠡᠪᠡᠳᠴᠢᠨ ᠠᠴᠠ ᠪᠤᠯᠵᠦ ᠲᠠᠬᠢᠨ ᠶᠠᠳᠠᠭᠤᠷᠠᠬᠤ ᠶᠢ ᠪᠤᠯᠭᠤᠮᠵᠢᠯᠠᠨ᠎ᠠ᠃ | ᠭᠤᠷᠪᠠ᠂ ᠰᠡᠷᠬᠡᠶᠢᠯᠡᠨ ᠵᠠᠰᠠᠬᠤ ᠠᠷᠭ᠎ᠠ ᠬᠡᠮᠵᠢᠶ᠎ᠡ | ︵ᠨᠢᠬᠡ︶ ᠶᠡᠷᠦᠩᠬᠡᠶᠢᠯᠡᠨ ᠰᠡᠷᠬᠡᠶᠢᠯᠡᠨ ᠵᠠᠰᠠᠬᠤ ᠦᠢᠯᠡᠴᠢᠯᠡᠬᠡᠨ ᠤ ᠰᠢᠰᠲ᠋ᠧᠮᠵᠢ ᠶᠢ ᠪᠦᠷᠢᠨᠰᠢᠬᠦᠯᠦᠨ᠎ᠠ᠃ | 1. ᠬᠠᠮᠢᠶᠠᠷᠤᠯᠳᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠦᠢᠯᠡᠴᠢᠯᠡᠬᠡᠨ ᠤ ᠰᠦᠯᠵᠢᠶ᠎ᠡ ᠶᠢ | ᠲᠡᠭᠦᠯᠳᠡᠷᠵᠢᠬᠦᠯᠦᠨ᠎ᠠ᠃ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠭᠤᠷᠪᠠᠨ ᠱᠠᠳᠤᠨ ᠤ ᠰᠦᠷᠢᠶ᠎ᠡ ᠡᠪᠡᠳᠴᠢᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢ | ᠲᠤᠳᠤᠷᠬᠠᠶᠢᠯᠠᠬᠤ ᠶᠢᠨ ᠬᠠᠮᠳᠤ ᠨᠡᠶᠢᠳᠡᠯᠡᠨ᠎ᠠ᠃ ᠡᠯ᠎ᠡ ᠬᠤᠰᠢᠭᠤ ᠰᠢᠶᠠᠨ ︵ᠬᠤᠳᠠ᠂ ᠲᠤᠭᠤᠷᠢᠭ︶ ᠨᠦᠭᠦᠳ | ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ᠂ ᠭᠠᠵᠠᠷ ᠵᠦᠢ᠂ ᠵᠠᠮ ᠬᠠᠷᠢᠯᠴᠠᠭ᠎ᠠ᠂ ᠭᠦᠮᠦᠨ ᠠᠮᠠ ᠵᠡᠷᠬᠡ | ᠭᠦᠴᠦᠨ ᠵᠦᠢᠯ ᠢ ᠦᠨᠳᠦᠰᠦᠯᠡᠵᠦ ᠲᠤᠨᠨᠳ᠋ᠬᠠᠰᠠᠨ ᠨᠢᠬᠡ ᠡᠮᠴᠢᠯᠡᠬᠡᠨ ᠤ ᠪᠠᠶᠢᠭᠤᠯᠤᠮᠵᠢ ᠶᠢ ᠲᠤᠨᠨᠳᠠᠭᠠᠵᠦ᠂ ᠨᠢᠬᠡ | ᠪᠦᠯᠦᠭ ᠰᠢᠭᠰᠢᠨ ᠪᠠᠶᠢᠴᠠᠭᠠᠬᠤ ᠴᠢᠳᠠᠪᠤᠷᠢ ᠲᠠᠢ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠲᠤᠨᠨᠳᠠᠭᠠᠵᠦ᠂ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠨᠤᠰᠢᠯᠠᠨ ᠵᠠᠰᠠᠬᠤ | ᠨᠦᠭᠦᠴᠡᠯ ᠢ ᠨᠢ ᠰᠠᠶᠢᠵᠢᠷᠠᠭᠤᠯᠤᠨ᠂ ᠬᠤᠰᠢᠭᠤ ᠰᠢᠶᠠᠨ ︵ᠬᠤᠳᠠ᠂ ᠲᠤᠭᠤᠷᠢᠭ︶ ᠲᠤᠳᠤᠷ᠎ᠠ ᠪᠠᠨ ᠶᠡᠷᠦ ᠶᠢᠨ | ᠠᠭᠤᠰᠬᠢᠨ ᠤ ᠰᠦᠷᠢᠶ᠎ᠡ ᠡᠪᠡᠳᠴᠢᠳᠡᠨ ᠢ ᠡᠮᠨᠡᠬᠦ ᠠᠰᠠᠭᠤᠳᠠᠯ ᠢ ᠦᠨᠳᠦᠰᠦᠨ ᠳᠡᠭᠡᠨ ᠪᠡᠶᠡᠯᠡᠬᠦᠯᠦᠨ᠎ᠠ᠃ ᠠᠶᠢᠮᠠᠭ | ᠬᠤᠳᠠ ᠪᠦᠷᠢ ᠨᠢ ᠨᠠᠭᠠᠳᠤ ᠵᠠᠬ᠎ᠠ ᠳᠠᠭᠠᠨ ᠨᠢᠬᠡ ᠡᠮᠨᠡᠯᠬᠡ ᠶᠢᠨ ᠬᠤᠷᠢᠶ᠎ᠠ ᠶᠢ ᠲᠤᠨᠨᠳᠠᠭᠠᠵᠦ ᠲᠤᠨᠨᠳ᠋ᠬᠠᠰᠠᠨ | ᠡᠮᠴᠢᠯᠡᠬᠡᠨ ᠤ ᠪᠠᠶᠢᠭᠤᠯᠤᠮᠵᠢ ᠶᠢᠨ ᠰᠡᠷᠬᠡᠶᠢᠯᠡᠨ ᠵᠠᠰᠠᠬᠤ ᠡᠭᠦᠷᠬᠡ ᠶᠢ ᠡᠭᠦᠷᠬᠡᠯᠡᠬᠦᠯᠵᠦ᠂ ᠤᠯᠠᠨ ᠵᠦᠢᠯ ᠤᠨ ᠡᠮ ᠳᠤ | ᠲᠠᠭᠠᠭᠠᠮᠠᠭᠠᠢ ᠪᠠ ᠭᠦᠴᠢᠷ ᠲᠦᠪᠡᠭᠳᠡᠢ ᠭᠦᠨᠳᠦ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠬᠠᠷᠢᠭᠤᠴᠠᠭᠤᠯᠤᠨ᠂ | ᠦᠨᠳᠦᠰᠦᠨ ᠱᠠᠳᠤᠨ ᠠᠴᠠ ᠰᠢᠯᠵᠢᠵᠦ ᠡᠮᠨᠡᠬᠦ ᠤᠨᠴᠤᠭᠤᠢ ᠡᠪᠡᠳᠴᠢᠳᠡᠨ ᠢ ᠭᠤᠤᠯᠳᠠᠯᠭ᠎ᠠ ᠲᠠᠢ ᠭᠦᠯᠢᠶᠡᠨ ᠠᠪᠴᠤ | ᠡᠮᠨᠡᠨᠠ᠃ ᠠᠯᠢᠪᠠ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢ ᠠᠮᠢᠰᠬᠤᠯ ᠤᠨ ᠰᠢᠰᠲ᠋ᠧᠮ ᠤᠨ ᠬᠠᠯᠳᠠᠪᠤᠷᠢᠳᠤ | ᠡᠪᠡᠳᠴᠢᠨ ᠢ ᠤᠨᠤᠰᠢᠯᠠᠨ ᠵᠠᠰᠠᠬᠤ ᠪᠠ ᠰᠡᠷᠬᠡᠶᠢᠯᠡᠨ ᠬᠠᠮᠠᠭᠠᠯᠠᠬᠤ ᠨᠦᠭᠦᠴᠡᠯ ᠳᠤ ᠭᠦᠷᠦᠭᠦᠯᠦᠨ᠎ᠠ᠃ | 2. ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ | ᠲᠡᠬᠡᠭᠰᠢᠯᠡᠬᠦᠯᠦᠨ᠎ᠠ᠃ ᠡᠯ᠎ᠡ ᠱᠠᠳᠤᠨ ᠤ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠵᠦ ᠡᠵᠡᠮᠳᠡᠬᠦ ᠪᠠᠶᠢᠭᠤᠯᠤᠮᠵᠢ᠂ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠪᠠ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠪᠤᠯᠪᠠᠰᠤᠷᠠᠭᠤᠯᠤᠯ ᠲᠠᠮᠵᠢᠨᠨᠰᠠᠨ ᠲᠤᠰᠬᠠᠢ ᠮᠡᠷᠬᠡᠵᠢᠯ ᠤᠨ ᠠᠵᠢᠯᠳᠠᠨ ᠢᠶᠠᠷ ᠰᠦᠷᠢᠶ᠎ᠡ ᠡᠪᠡᠳᠴᠢᠨ ᠢ | ᠰᠡᠷᠬᠡᠶᠢᠯᠡᠨ ᠵᠠᠰᠠᠬᠤ ᠠᠵᠢᠯ ᠢ ᠬᠠᠷᠢᠭᠤᠴᠠᠭᠤᠯᠵᠦ᠂ ᠬᠠᠮᠳᠤ ᠳᠤᠨᠢ ᠰᠦᠷᠢᠶ᠎ᠡ ᠡᠪᠡᠳᠴᠢᠨ ᠢ ᠤᠨᠤᠰᠢᠯᠠᠨ ᠵᠠᠰᠠᠬᠤ ᠪᠠ | ᠰᠡᠷᠬᠡᠶᠢᠯᠡᠨ ᠵᠠᠰᠠᠬᠤ ᠬᠠᠮᠢᠶᠠᠷᠤᠯᠳᠠ ᠶᠢᠨ ᠠᠵᠢᠯ ᠢ ᠡᠭᠦᠷᠬᠡᠯᠡᠬᠦ ᠠᠵᠢᠯᠳᠠᠨ ᠤ ᠦᠢᠯᠡᠴᠢᠯᠡᠭᠡ ᠶᠢᠨ ᠴᠢᠳᠠᠪᠤᠷᠢ ᠶᠢ | ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠡᠯ᠎ᠡ ᠭᠠᠵᠠᠷ ᠤᠷᠤᠨ ᠨᠢ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ | ᠵᠠᠰᠠᠬᠤ ᠠᠵᠢᠯᠳᠠᠨ ᠤ ᠡᠷᠡᠭᠦᠯ ᠬᠠᠮᠠᠭᠠᠯᠠᠯ ᠤᠨ ᠬᠢᠵᠢᠭ ᠢ ᠰᠡᠷᠬᠡᠶᠢᠯᠡᠬᠦ ᠨᠡᠮᠡᠭᠦᠷᠢ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠰᠢᠯᠭᠠᠨ ᠬᠢᠨᠠᠵᠦ ᠤᠷᠮᠠᠰᠢᠭᠤᠯᠬᠤ | ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠰᠡᠷᠬᠡᠶᠢᠯᠡᠨ ᠵᠠᠰᠠᠬᠤ ᠠᠵᠢᠯᠳᠠᠨ ᠤ ᠢᠳᠡᠪᠬᠢᠵᠢᠯ ᠢ ᠲᠠᠶᠢᠴᠢᠯᠠᠨ᠂ | ᠰᠡᠷᠬᠡᠶᠢᠯᠡᠨ ᠵᠠᠰᠠᠬᠤ ᠡᠩᠨᠡᠭᠡ ᠶᠢ ᠲᠤᠨᠨᠳᠠᠪᠤᠷᠢᠵᠢᠭᠤᠯᠤᠨᠠ᠃ ᠡᠪᠡᠳᠴᠢᠨ ᠡᠮᠬᠡᠭ ᠢ ᠤᠷᠢᠳᠴᠢᠯᠡᠨ ᠰᠡᠷᠬᠡᠶᠢᠯᠡᠵᠦ | ᠡᠵᠡᠮᠳᠡᠬᠦ ᠪᠠᠶᠢᠭᠤᠯᠤᠮᠵᠢ᠂ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠪᠠ ᠦᠨᠳᠦᠰᠦᠨ ᠱᠠᠳᠤᠨ ᠤ ᠡᠮᠴᠢᠯᠡᠬᠡᠨ ᠤ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯᠳᠠᠨ ᠪᠠ ᠬᠠᠮᠢᠶ᠎ᠠ | ᠪᠦᠭᠦᠢ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠬᠤ ᠠᠵᠢᠯᠳᠠᠨ ᠤ ᠰᠡᠷᠬᠡᠶᠢᠯᠡᠨ ᠬᠠᠮᠠᠭᠠᠯᠠᠬᠤ ᠠᠵᠢᠯ ᠢ | ᠰᠠᠶᠢᠳᠤᠷ ᠬᠢᠵᠦ᠂ ᠰᠡᠷᠬᠡᠶᠢᠯᠡᠨ ᠵᠠᠰᠠᠬᠤ ᠠᠵᠢᠯᠳᠠᠨ ᠤ ᠰᠦᠷᠢᠶ᠎ᠡ ᠡᠪᠡᠳᠴᠢᠨ ᠳᠤ ᠬᠠᠯᠳᠠᠪᠤᠷᠢᠯᠬᠠᠳᠠᠬᠤ ᠨᠤᠷᠮ᠎ᠠ ᠶᠢ | ᠪᠠᠭᠤᠷᠠᠭᠤᠯᠤᠨ᠎ᠠ᠃ ᠠᠵᠢᠯ ᠤᠨ ᠬᠤᠭᠤᠴᠠᠭᠠᠨ ᠳᠤ ᠰᠦᠷᠢᠶ᠎ᠡ ᠡᠪᠡᠳᠴᠢᠨ ᠳᠤ ᠨᠡᠷᠪᠡᠭᠳᠡᠭᠰᠡᠨ ᠰᠡᠷᠬᠡᠶᠢᠯᠡᠨ ᠵᠠᠰᠠᠬᠤ | ᠠᠵᠢᠯᠳᠠᠨ ᠢ ᠲᠤᠨᠨᠳᠠᠭᠠᠯ ᠶᠤᠰᠤᠭᠠᠷ ᠡᠮᠨᠡᠨ ᠵᠠᠰᠠᠬᠤ ᠪᠠ ᠲᠡᠳᠡᠨ ᠳᠤ ᠵᠤᠬᠢᠬᠤ ᠠᠵᠢᠯ ᠤᠨ ᠬᠡᠮᠳᠦᠯ ᠪᠤᠶᠤ ᠠᠰᠠᠷᠠᠮᠵᠢ | ᠶᠢᠨ ᠬᠠᠷᠠᠭᠠᠯᠵᠠᠯ ᠤᠯᠭᠤᠨ᠎ᠠ᠃ | 3. ᠶᠡᠷᠦᠩᠬᠡᠶᠢᠯᠡᠨ ᠰᠡᠷᠬᠡᠶᠢᠯᠡᠨ ᠵᠠᠰᠠᠬᠤ ᠶᠢ ᠠᠬᠢᠭᠤᠯᠵᠤ᠂ ᠡᠭᠦᠷᠬᠡ ᠬᠠᠷᠢᠭᠤᠴᠠᠯᠭ᠎ᠠ ᠪᠠ ᠡᠭᠦᠷᠬᠡ | ᠴᠢᠳᠠᠪᠤᠷᠢ ᠶᠢ ᠲᠤᠳᠤᠷᠬᠠᠶᠢᠯᠠᠨ᠎ᠠ᠃ ᠡᠯ᠎ᠡ ᠭᠠᠵᠠᠷ ᠤᠷᠤᠨ ᠨᠤᠭᠤᠳ ᠰᠦᠷᠢᠶ᠎ᠡ ᠡᠪᠡᠳᠴᠢᠨ ᠢ ᠱᠠᠳᠤ ᠬᠤᠪᠢᠶᠠᠵᠦ | ᠤᠨᠤᠰᠢᠯᠠᠨ ᠵᠠᠰᠠᠬᠤ ᠪᠠ ︽ᠭᠤᠷᠮᠤᠰᠤᠨ ᠴᠤᠨᠨᠴᠨ︾ ᠶᠢᠨ ᠶᠡᠷᠦᠩᠬᠡᠶᠢᠯᠡᠨ ᠰᠡᠷᠬᠡᠶᠢᠯᠡᠨ ᠵᠠᠰᠠᠬᠤ ᠦᠢᠯᠡᠴᠢᠯᠡᠬᠡᠨ ᠤ | ᠵᠬᠠᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠬᠦᠯᠵᠦ᠂ ᠡᠪᠡᠳᠴᠢᠨ ᠡᠮᠬᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ | ᠪᠠᠶᠢᠭᠤᠯᠤᠮᠵᠢ᠂ ᠰᠦᠷᠢᠶ᠎ᠡ ᠡᠪᠡᠳᠴᠢᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ᠂ ᠦᠨᠳᠦᠰᠦᠨ ᠱᠠᠳᠤᠨ ᠤ | ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠲᠤ ᠠᠵᠢᠯ ᠤᠨ ᠬᠤᠪᠢᠶᠠᠷᠢᠯᠠᠯ ᠲᠤᠳᠤᠷᠬᠠᠢ᠂ | ᠬᠠᠮᠵᠢᠯᠴᠠᠵᠦ ᠬᠠᠮᠳᠤᠷᠠᠯᠴᠠᠬᠤ ᠦᠢᠯᠡᠴᠢᠯᠡᠬᠡᠨ ᠤ ᠰᠢᠰᠲ᠋ᠧᠮᠵᠢ ᠶᠢ ᠪᠦᠷᠢᠨᠰᠢᠬᠦᠯᠬᠦ ᠬᠡᠷᠡᠭᠳᠡᠢ᠃ ᠰᠦᠷᠢᠶ᠎ᠡ | ᠡᠪᠡᠳᠴᠢᠨ ᠢ ᠮᠡᠳᠡᠬᠦᠯᠬᠦ ᠪᠠ ᠲᠠᠩᠰᠠᠯᠠᠨ ᠲᠡᠮᠳᠡᠭᠯᠡᠬᠦ ᠬᠠᠮᠢᠶᠠᠷᠤᠯᠳᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ | ᠡᠯ᠎ᠡ ᠱᠠᠳᠤᠨ ᠤ ᠡᠯ᠎ᠡ ᠲᠦᠷᠦᠯ ᠤᠨ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠭᠤᠰᠬᠢᠨ ᠤ | ᠰᠦᠷᠢᠶ᠎ᠡ ᠶᠢᠨ ᠡᠪᠡᠳᠴᠢᠳᠡᠨ ᠪᠠ ᠰᠡᠵᠢᠭᠯᠡᠯᠳᠡᠢ ᠡᠪᠡᠳᠴᠢᠳᠡᠨ ᠢ ᠢᠯᠡᠷᠡᠭᠦᠯᠪᠡᠯ ᠬᠠᠯᠳᠠᠪᠤᠷᠢᠳᠤ ᠡᠪᠡᠳᠴᠢᠨ ᠢ | ᠮᠡᠳᠡᠬᠦᠯᠬᠦ ᠱᠠᠭᠠᠷᠳᠠᠯᠭ᠎ᠠ ᠶᠤᠰᠤᠭᠠᠷ ᠲᠤᠤᠷ ᠰᠦᠯᠵᠢᠶ᠎ᠡ ᠪᠠᠷ ᠰᠢᠭᠤᠳ ᠮᠡᠳᠡᠬᠦᠯᠬᠦ ᠶᠢᠨ ᠬᠠᠮᠳᠤ ᠲᠡᠭᠦᠨ ᠢ ᠲᠤᠬᠠᠢ | ᠶᠢᠨ ᠭᠠᠵᠠᠷ ᠤᠨ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠳᠤ ᠰᠢᠯᠵᠢᠬᠦᠯᠦᠨ ᠡᠮᠨᠡᠬᠦᠯᠬᠦ ᠬᠡᠷᠡᠭᠳᠡᠢ᠃ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠤᠨᠤᠰᠢᠯᠠᠬᠤ᠂ | ᠡᠮᠨᠡᠨ ᠵᠠᠰᠠᠬᠤ᠂ ᠲᠠᠩᠰᠠᠯᠠᠨ ᠲᠡᠮᠳᠡᠭᠯᠡᠬᠦ᠂ ᠲᠤᠨᠨᠳᠠᠮᠠᠯ ᠬᠤᠭᠤᠴᠠᠭ᠎ᠠ ᠲᠠᠢ ᠲᠠᠬᠢᠨ ᠡᠮᠨᠡᠬᠦᠯᠵᠦ ᠪᠠᠶᠢᠴᠠᠭᠠᠬᠤ ᠪᠠ | ᠡᠷᠡᠭᠦᠯ ᠡᠩᠬᠡ ᠶᠢᠨ ᠭᠦᠮᠦᠵᠢᠯ ᠵᠡᠷᠬᠡ ᠶᠢ ᠬᠢᠵᠦ᠂ ᠰᠦᠷᠢᠶ᠎ᠡ ᠡᠪᠡᠳᠴᠢᠨ ᠤ ᠴᠠᠷ ᠨᠤᠯᠮᠤᠰᠤ ᠶᠢᠨ ᠲᠦᠷᠬᠢᠮᠡᠯ | ᠢᠯᠳᠡᠰᠦ ᠪᠠ ᠴᠠᠷ ᠨᠤᠯᠮᠤᠰᠤ ᠪᠤᠶᠢᠵᠢᠭᠤᠯᠬᠤ ᠶᠢᠨ ᠰᠢᠯᠭᠠᠨ ᠪᠠᠶᠢᠴᠠᠭᠠᠬᠤ ᠴᠢᠳᠠᠪᠤᠷᠢ ᠵᠢᠴᠢ ᠰᠦᠷᠢᠶ᠎ᠡ ᠡᠪᠡᠳᠴᠢᠨ ᠤ | ᠮᠤᠯᠧᠺᠦ᠋ᠯ ᠤᠨ ᠠᠮᠢᠳᠤ ᠪᠤᠳᠠᠰ ᠤᠨ ᠤᠬᠠᠭᠠᠨ ᠤ ᠤᠨᠤᠰᠢᠯᠠᠯᠳᠠ ᠶᠢᠨ ᠴᠢᠳᠠᠪᠤᠷᠢ ᠶᠢ ᠪᠦᠷᠢᠯᠳᠦᠬᠦᠯᠵᠦ᠂ ᠠᠶᠢᠮᠠᠭ | ᠬᠤᠳᠠ ᠶᠢᠨ ᠱᠠᠳᠤᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ ᠡᠮ ᠤᠨ ᠬᠠᠷᠰᠢᠮᠠᠳᠠᠭᠠᠢ ᠲᠤᠷᠰᠢᠯᠳᠠ᠂ | ᠮᠦᠬᠦ ᠶᠢᠨ ᠪᠠᠺᠲ᠋ᠧᠷᠢ ᠶᠢᠨ ᠲᠦᠷᠦᠯ ᠢᠯᠠᠭᠠᠯ ᠢ ᠲᠤᠳᠤᠯᠠᠬᠤ ᠴᠢᠳᠠᠪᠤᠷᠢ ᠶᠢ ᠪᠦᠷᠢᠯᠳᠦᠬᠦᠯᠦᠨ᠎ᠠ᠃ ᠦᠨᠳᠦᠰᠦᠨ | ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠭᠤᠰᠬᠢᠨ ᠤ ᠰᠦᠷᠢᠶ᠎ᠡ ᠡᠪᠡᠳᠴᠢᠳᠡᠨ ᠪᠤᠶᠤ | ᠰᠡᠵᠢᠭᠯᠡᠯᠳᠡᠢ ᠡᠪᠡᠳᠴᠢᠳᠡᠨ ᠵᠢᠴᠢ ᠪᠠᠷᠤᠭ ᠲᠦᠯᠦᠪ ᠤᠨ ᠢᠯᠡᠷᠡᠯ ᠪᠦᠭᠦᠢ ᠤᠶᠢᠷᠠᠳᠤᠨᠨᠰᠠᠳ ᠢ ᠡᠭᠦᠳᠡᠨ ᠡᠮᠨᠡᠯᠬᠡ ᠳᠤ | ᠰᠢᠯᠵᠢᠬᠦᠯᠦᠨ ᠡᠮᠨᠡᠬᠦ᠂ ᠮᠦᠷᠳᠡᠬᠦ ᠶᠢ ᠬᠠᠷᠢᠭᠤᠴᠠᠬᠤ ᠶᠢᠨ ᠬᠠᠮᠳᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢᠨ | ᠲᠤᠨᠨᠳᠠᠭᠠᠨᠨᠰᠠᠨ ᠡᠮᠨᠡᠨ ᠵᠠᠰᠠᠬᠤ ᠲᠦᠰᠦᠯ ᠢ ᠦᠨᠳᠦᠰᠦᠯᠡᠨ᠂ ᠡᠪᠡᠳᠴᠢᠳᠡᠨ ᠤ ᠬᠡᠷ ᠲᠡᠭᠡᠨ ᠡᠮᠨᠡᠨ ᠵᠠᠰᠠᠬᠤ | ᠬᠤᠭᠤᠴᠠᠭᠠᠨ ᠤ ᠬᠢᠨᠠᠨ ᠵᠢᠯᠤᠭᠤᠳᠬᠤ ᠬᠠᠮᠢᠶᠠᠷᠤᠯᠳᠠ ᠶᠢ ᠶᠠᠪᠤᠭᠤᠯᠵᠦ᠂ ᠡᠪᠡᠳᠴᠢᠳᠡᠨ ᠪᠤᠶᠤ ᠬᠡᠷ | ᠪᠦᠯᠢ ᠶᠢᠨ ᠬᠢ ᠳᠤᠨᠢ ᠡᠷᠡᠭᠦᠯ ᠡᠩᠬᠡ ᠶᠢᠨ ᠭᠦᠮᠦᠵᠢᠯ ᠬᠢᠬᠦ ᠵᠡᠷᠬᠡ ᠶᠢ ᠶᠠᠪᠤᠨᠨᠳᠠᠭᠤᠯᠬᠤ ᠬᠡᠷᠡᠭᠳᠡᠢ᠃ ᠡᠪᠡᠳᠴᠢᠨ | ᠡᠮᠬᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ ᠪᠠᠶᠢᠭᠤᠯᠤᠮᠵᠢ ᠨᠢ ᠰᠦᠷᠢᠶ᠎ᠡ ᠡᠪᠡᠳᠴᠢᠨ ᠤ ᠬᠢᠵᠢᠭ ᠤᠨ ᠪᠠᠶᠢᠳᠠᠯ ᠢ | ᠬᠢᠨᠠᠨ ᠰᠢᠨᠵᠢᠬᠦ ᠬᠢᠬᠡᠳ ᠰᠶᠢᠳᠪᠦᠷᠢᠯᠡᠬᠦ ᠶᠢ ᠬᠠᠷᠢᠭᠤᠴᠠᠵᠦ᠂ ᠡᠭᠤᠰᠬᠢᠨ ᠤ ᠰᠦᠷᠢᠶ᠎ᠡ ᠶᠢᠨ ᠡᠪᠡᠳᠴᠢᠳᠡᠨ ᠲᠠᠢ | ᠤᠶᠢᠷᠠᠳᠤᠨᠨᠰᠠᠳ ᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ ᠰᠢᠭᠰᠢᠨ ᠪᠠᠶᠢᠴᠠᠭᠠᠯᠳᠠ ᠶᠢ | ᠵᠤᠬᠢᠶᠠᠨ ᠪᠠᠶᠢᠭᠤᠯᠤᠨ ᠦᠷᠨᠢᠬᠦᠯᠵᠦ᠂ ᠮᠡᠳᠡᠭᠡ ᠵᠠᠩᠬᠢ ᠶᠢ ᠬᠤᠷᠢᠶᠠᠨ ᠴᠤᠨᠨᠯᠠᠭᠤᠯᠬᠤ ᠪᠠ ᠵᠠᠳᠠᠯᠤᠨ ᠰᠢᠨᠵᠢᠯᠡᠬᠦ ᠶᠢ | ᠦᠷᠨᠢᠬᠦᠯᠦᠨ᠂ ᠡᠮᠨᠡᠯᠬᠡ ᠰᠢᠯᠵᠢᠭᠰᠡᠨ ᠢ ᠮᠦᠷᠳᠡᠬᠦ ᠪᠠ ᠡᠪᠡᠳᠴᠢᠳᠡᠨ ᠡᠮᠨᠡᠬᠦ ᠬᠤᠭᠤᠴᠠᠭᠠᠨ ᠳᠤ ᠵᠢᠷᠤᠮᠵᠢᠭᠤᠯᠤᠨ | ᠬᠠᠮᠢᠶᠠᠷᠬᠤ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠦ᠂ ᠰᠦᠷᠢᠶ᠎ᠡ ᠡᠪᠡᠳᠴᠢᠨ ᠤᠯᠠᠨᠳᠠ ᠡᠭᠦᠰᠬᠦ ᠪᠠ | ᠭᠤᠤᠯᠳᠠᠯᠭ᠎ᠠ ᠲᠠᠢ ᠠᠵᠢᠯ ᠲᠦᠷᠦᠯ ᠤᠨ ᠭᠦᠮᠦᠰ ᠢ ᠰᠡᠷᠬᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠤᠨ | ᠦᠷᠨᠢᠬᠦᠯᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠤᠬᠠᠭᠤᠯᠤᠯ ᠭᠦᠮᠦᠵᠢᠯ᠂ ᠮᠡᠷᠬᠡᠵᠢᠯ ᠤᠨ | ᠵᠢᠯᠤᠭᠤᠳᠤᠯᠭ᠎ᠠ ᠵᠢᠴᠢ ᠲᠤᠷᠰᠢᠯᠳᠠ ᠶᠢᠨ ᠲᠠᠰᠤᠭ ᠤᠨ ᠶᠠᠰᠤ ᠴᠢᠨᠠᠷ ᠢ ᠡᠵᠡᠮᠳᠡᠬᠦ ᠵᠡᠷᠬᠡ ᠠᠵᠢᠯ ᠢ ᠦᠷᠨᠢᠬᠦᠯᠦᠨ᠎ᠠ᠃ | ︵ᠬᠤᠶᠠᠷ︶ ᠬᠢᠵᠢᠭ ᠤᠨ ᠪᠠᠶᠢᠳᠠᠯ ᠢ ᠬᠢᠨᠠᠨ ᠰᠢᠨᠵᠢᠬᠦ ᠪᠠ ᠡᠪᠡᠳᠴᠢᠳᠡᠨ ᠢ ᠰᠢᠭᠰᠢᠨ ᠪᠠᠶᠢᠴᠠᠭᠠᠬᠤ ᠶᠢ | ᠴᠢᠩᠭᠠᠷᠠᠭᠤᠯᠤᠨ᠎ᠠ᠃ | 1. ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠬᠢᠨᠠᠨ ᠰᠢᠨᠵᠢᠬᠦ ᠬᠢᠬᠡᠳ ᠠᠰᠢᠨᠨᠯᠠᠬᠤ ᠶᠢ ᠴᠢᠩᠭᠠᠳᠬᠠᠨ᠎ᠠ᠃ | ᠡᠯ᠎ᠡ ᠱᠠᠳᠤᠨ ᠤ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ︵ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠬᠠᠤ︶ | ᠪᠠᠶᠢᠭᠤᠯᠤᠮᠵᠢ ᠨᠤᠭᠤᠳ ᠲᠤᠰᠬᠠᠢ ᠮᠡᠳᠡᠬᠦᠯᠬᠦ ᠰᠢᠰᠲ᠋ᠧᠮ ᠤᠨ ᠠᠵᠢᠯ ᠢ ᠴᠢᠩᠭᠠᠷᠠᠭᠤᠯᠵᠦ᠂ ᠲᠤᠤᠷ ᠰᠦᠯᠵᠢᠶ᠎ᠡ ᠪᠠᠷ | ᠤᠷᠤᠭᠤᠯᠤᠨᠨᠰᠠᠨ ᠮᠠᠲ᠋ᠧᠷᠢᠶᠠᠯ ᠤᠨ ᠴᠠᠭ ᠲᠤᠬᠠᠶᠢᠳᠤ ᠴᠢᠨᠠᠷ᠂ ᠪᠦᠷᠢᠨ ᠲᠡᠭᠦᠯᠳᠡᠷ ᠴᠢᠨᠠᠷ ᠪᠠ ᠤᠨᠤᠪᠴᠢᠳᠤ ᠴᠢᠨᠠᠷ ᠢ | ᠪᠠᠳᠤᠯᠠᠨ᠂ ᠬᠢᠵᠢᠭ ᠤᠨ ᠪᠠᠶᠢᠳᠠᠯ ᠢ ᠵᠠᠳᠠᠯᠤᠨ ᠰᠢᠨᠵᠢᠬᠦ ᠪᠠ ᠬᠢᠨᠠᠨ ᠰᠢᠨᠵᠢᠬᠦ ᠮᠡᠳᠡᠬᠡᠯᠡᠯ ᠢ ᠲᠤᠨᠨᠳᠠᠮᠠᠯ | ᠬᠤᠭᠤᠴᠠᠭ᠎ᠠ ᠲᠠᠢ ᠪᠠᠷ ᠶᠠᠪᠤᠨᠨᠳᠠᠭᠤᠯᠵᠦ᠂ ᠰᠤᠷᠭᠠᠭᠤᠯᠢ ᠶᠢᠨ ᠰᠦᠷᠢᠶ᠎ᠡ ᠡᠪᠡᠳᠴᠢᠨ ᠤ ᠬᠢᠵᠢᠭ ᠤᠨ ᠭᠦᠳᠡᠯᠦᠯ | ᠪᠠᠶᠢᠳᠠᠯ ᠢ ᠨᠢᠨᠨᠳᠠ ᠠᠩᠬᠠᠷᠤᠨ᠂ ᠲᠦᠪᠯᠡᠷᠡᠭᠰᠡᠨ ᠡᠪᠡᠳᠴᠢᠨ ᠤ ᠵᠢᠱᠢᠶ᠎ᠡ ᠶᠢ ᠴᠠᠭ ᠲᠤᠬᠠᠢ ᠳᠤᠨᠢ ᠢᠯᠡᠷᠡᠭᠦᠯᠵᠦ᠂ | ᠮᠡᠳᠡᠭᠡ ᠵᠠᠩᠬᠢ ᠶᠢᠨ ᠤᠷᠢᠳᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠤᠨᠴᠤᠭᠤᠶᠢᠯᠠᠨ ᠬᠤᠪᠢᠰᠬᠠᠯ ᠤᠨ | ᠬᠠᠭᠤᠴᠢᠨ ᠰᠠᠭᠤᠷᠢᠨ᠂ ᠴᠦᠬᠡᠨ ᠲᠤᠭᠠᠳᠤ᠂ ᠬᠢᠯᠢ ᠬᠢᠵᠠᠭᠠᠷ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ | ᠬᠢᠵᠢᠭ ᠤᠨ ᠪᠠᠶᠢᠳᠠᠯ ᠢ ᠬᠢᠨᠠᠨ ᠰᠢᠨᠵᠢᠬᠦ ᠶᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠳᠡᠢ᠃ | 2. ᠡᠪᠡᠳᠴᠢᠨ ᠤ ᠴᠢᠨᠠᠷ ᠨᠢ ᠭᠦᠳᠡᠯᠵᠦ ᠪᠠᠶᠢᠭ᠎ᠠ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠢᠯᠡᠷᠡᠭᠦᠯᠬᠦ | ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠤᠬᠠᠭᠤᠯᠭ᠎ᠠ ᠶᠢ ᠦᠷᠬᠡᠨ ᠲᠡᠯᠬᠡᠷ ᠢᠶᠠᠷ ᠦᠷᠨᠢᠬᠦᠯᠵᠦ᠂ ᠠᠩᠬ᠎ᠠ ᠡᠮᠨᠡᠭᠰᠡᠨ | ᠡᠪᠡᠳᠴᠢᠳᠡᠨ ᠤ ᠡᠪᠡᠳᠴᠢᠨ ᠡᠮᠨᠡᠬᠦᠯᠬᠦ ᠨᠤᠷᠮ᠎ᠠ ᠶᠢ ᠦᠨᠡᠨᠬᠦ ᠲᠡᠬᠡᠭᠰᠢᠯᠡᠬᠦᠯᠦᠨ᠂ ᠠᠭᠤᠰᠬᠢᠨ ᠤ ᠰᠦᠷᠢᠶ᠎ᠡ ᠶᠢᠨ | ᠰᠡᠵᠢᠭᠯᠡᠯᠳᠡᠢ ᠡᠪᠡᠳᠴᠢᠳᠡᠨ ᠪᠠ ᠠᠭᠤᠰᠬᠢᠨ ᠤ ᠰᠦᠷᠢᠶ᠎ᠡ ᠪᠠᠷ ᠤᠨᠤᠰᠢᠯᠬᠠᠰᠠᠨ ᠡᠪᠡᠳᠴᠢᠳᠡᠨ ᠤ ᠬᠢᠵᠢᠭ ᠤᠨ | ᠪᠠᠶᠢᠳᠠᠯ ᠢ ᠲᠠᠩᠰᠠᠯᠠᠨ ᠲᠡᠮᠳᠡᠭᠯᠡᠬᠦ ᠪᠠ ᠰᠢᠯᠵᠢᠬᠦᠯᠦᠨ ᠡᠮᠨᠡᠬᠦ ᠠᠵᠢᠯ ᠤᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃ | ᠠᠭᠤᠰᠬᠢᠨ ᠤ ᠰᠦᠷᠢᠶ᠎ᠡ ᠶᠢᠨ ᠰᠡᠵᠢᠭᠯᠡᠯᠳᠡᠢ ᠪᠠᠶᠢᠳᠠᠯ ᠤᠨ ᠰᠢᠭᠰᠢᠨ ᠪᠠᠶᠢᠴᠠᠭᠠᠯᠳᠠ ᠶᠢ ᠢᠳᠡᠪᠬᠢᠳᠡᠢ ᠦᠷᠨᠢᠬᠦᠯᠵᠦ᠂ | ᠡᠪᠡᠳᠴᠢᠳᠡᠨ ᠢ ᠢᠯᠡᠷᠡᠭᠦᠯᠬᠦ ᠠᠷᠭ᠎ᠠ ᠵᠠᠮ ᠢ ᠦᠷᠬᠡᠳᠬᠡᠨ᠂ ᠤᠯᠠᠨ ᠵᠦᠢᠯ ᠤᠨ ᠡᠮ ᠳᠤ ᠲᠠᠭᠠᠭᠠᠮᠠᠭᠠᠢ ᠰᠡᠵᠢᠭᠯᠡᠯᠳᠡᠢ | ᠡᠳᠡᠬᠡᠳ ᠢ ᠲᠦᠯᠦᠪᠦᠷᠢ ᠦᠬᠡᠢ ᠰᠢᠭᠰᠢᠨ ᠪᠠᠶᠢᠴᠠᠭᠠᠬᠤ ᠪᠠ ᠰᠦᠷᠢᠶ᠎ᠡ ᠡᠪᠡᠳᠴᠢᠨ᠂ ᠠᠶᠢᠽ ᠡᠪᠡᠳᠴᠢᠨ ᠢ ᠬᠤᠶᠠᠷ | ᠴᠢᠭᠯᠡᠯ ᠢᠶᠠᠷ ᠰᠢᠭᠰᠢᠨ ᠪᠠᠶᠢᠴᠠᠭᠠᠬᠤ ᠠᠵᠢᠯ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠡᠪᠡᠳᠴᠢᠨ ᠡᠭᠦᠰᠬᠡᠭᠴᠢ ᠶᠢᠨ | ᠰᠤᠳᠤᠯᠤᠯ ᠤᠨ ᠪᠠᠶᠢᠴᠠᠭᠠᠯᠳᠠ ᠳᠤ ᠡᠷᠡᠭᠦᠯᠵᠢᠭᠰᠡᠨ ᠢᠯᠡᠷᠡᠯ ᠲᠠᠢ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠲᠠᠢ | ᠤᠶᠢᠷᠠᠳᠤᠨᠨᠰᠠᠳ᠂ 65 ᠨᠠᠰᠤᠨ ᠠᠴᠠ ᠲᠡᠬᠡᠭᠰᠢᠬᠢ ᠨᠠᠰᠤᠳᠠᠶᠢᠴᠤᠳ᠂ ᠰᠢᠬᠢᠷ ᠰᠢᠵᠢᠩ ᠡᠪᠡᠳᠴᠢᠨ ᠲᠠᠢ | ᠡᠪᠡᠳᠴᠢᠳᠡᠨ᠂ ᠬᠢᠯᠢ ᠪᠠᠷ ᠤᠷᠤᠵᠦ ᠭᠠᠷᠬᠤ ᠭᠦᠮᠦᠰ ᠵᠡᠷᠬᠡ ᠭᠤᠤᠯᠳᠠᠯᠭ᠎ᠠ ᠲᠠᠢ ᠭᠦᠮᠦᠰ ᠢ ᠰᠠᠨᠠᠭᠠᠴᠢᠯᠠᠭ᠎ᠠ ᠲᠠᠢ ᠪᠠᠷ | ᠰᠢᠭᠰᠢᠨ ᠪᠠᠶᠢᠴᠠᠭᠠᠬᠤ ᠠᠵᠢᠯ ᠢ ᠰᠠᠶᠢᠳᠤᠷ ᠬᠢᠨ᠎ᠠ᠃ ᠰᠦᠷᠢᠶ᠎ᠡ ᠡᠪᠡᠳᠴᠢᠨ ᠢ ᠰᠠᠨᠠᠭᠠᠴᠢᠯᠠᠭ᠎ᠠ ᠲᠠᠢ ᠪᠠᠷ ᠰᠢᠭᠰᠢᠨ | ᠪᠠᠶᠢᠴᠠᠭᠠᠬᠤ ᠠᠵᠢᠯ ᠢ ᠰᠤᠷᠭᠠᠭᠤᠯᠢ᠂ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠬᠤᠷᠢᠭᠤᠯ ᠳᠤ ᠤᠷᠤᠬᠤ ︵ᠭᠠᠵᠠᠷ︶ | ᠪᠠ ᠨᠡᠬᠦᠳᠡᠯ ᠭᠦᠮᠦᠨ ᠠᠮᠠ ᠵᠡᠷᠬᠡ ᠭᠦᠮᠦᠰ ᠤᠨ ᠡᠷᠡᠭᠦᠯ ᠡᠩᠬᠡ ᠶᠢᠨ ᠪᠡᠶ᠎ᠡ ᠶᠢᠨ ᠪᠠᠶᠢᠴᠠᠭᠠᠯᠳᠠ ᠶᠢᠨ ᠲᠦᠷᠦᠯ | ᠵᠦᠢᠯ ᠳᠤ ᠤᠷᠤᠭᠤᠯᠵᠦ᠂ ᠬᠠᠯᠳᠠᠪᠤᠷᠢᠯᠠᠯᠳᠠ ᠶᠢᠨ ᠡᠬᠢ ᠡᠭᠦᠰᠦᠯ ᠢ ᠡᠷᠳᠡᠬᠡᠨ ᠢᠯᠡᠷᠡᠬᠦᠯᠦᠨ᠎ᠠ᠃ ᠬᠢᠵᠢᠭ ᠤᠨ | ᠪᠠᠶᠢᠳᠠᠯ ᠤᠨ ᠡᠭᠦᠰᠦᠯ ᠶᠡᠬᠡᠳᠡᠢ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠳᠤ ᠠᠭᠤᠰᠬᠢᠨ ᠤ | ᠰᠦᠷᠢᠶ᠎ᠡ ᠶᠢᠨ ᠨᠡᠶᠢᠳᠡᠮ ᠤᠨ ᠪᠠᠶᠢᠴᠠᠭᠠᠯᠳᠠ ᠶᠢ ᠦᠷᠨᠢᠬᠦᠯᠦᠨ᠎ᠠ᠃ | ︵ᠭᠤᠷᠪᠠ︶ ᠤᠨᠤᠰᠢᠯᠠᠨ ᠵᠠᠰᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | 1. ᠰᠦᠷᠢᠶ᠎ᠡ ᠡᠪᠡᠳᠴᠢᠨ ᠢ ᠤᠨᠤᠰᠢᠯᠠᠨ ᠵᠠᠰᠠᠬᠤ ᠵᠢᠷᠤᠮᠵᠢᠯ ᠢ ᠨᠠᠶᠢᠳᠠᠪᠤᠷᠢᠵᠢᠭᠤᠯᠤᠨ᠎ᠠ᠃ ᠡᠯ᠎ᠡ ᠱᠠᠳᠤᠨ ᠤ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ ᠠᠭᠤᠰᠬᠢᠨ ᠤ ᠰᠦᠷᠢᠶ᠎ᠡ ᠶᠢᠨ ᠡᠭᠦᠳᠡᠨ ᠡᠮᠨᠡᠯᠬᠡ ᠶᠢᠨ ᠤᠨᠤᠰᠢᠯᠠᠨ | ᠵᠠᠰᠠᠬᠤ ᠵᠢᠷᠤᠮᠵᠢᠯ᠂ ᠡᠮᠴᠢᠯᠡᠬᠡᠨ ᠤ ᠠᠷᠭ᠎ᠠ ᠵᠠᠮ ᠪᠠ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠤᠨ | ᠵᠢᠷᠤᠮᠵᠢᠯ ᠵᠡᠷᠬᠡ ᠬᠤᠯᠪᠤᠨᠨᠳᠠᠯ ᠪᠦᠭᠦᠢ ᠮᠡᠷᠬᠡᠵᠢᠯ ᠤᠨ ᠤᠳᠤᠷᠢᠳᠤᠮᠵᠢ ᠶᠢᠨ ᠱᠠᠭᠠᠷᠳᠠᠯᠭ᠎ᠠ ᠶᠢ ᠦᠨᠳᠦᠰᠦᠯᠡᠵᠦ᠂ | ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠤᠨᠤᠰᠢᠯᠠᠨ ᠵᠠᠰᠠᠵᠦ᠂ ᠲᠤᠨᠨᠳᠠᠮᠠᠯ ᠡᠮ ᠤᠨ ᠬᠡᠮᠵᠢᠶ᠎ᠡ ᠲᠠᠢ ᠨᠡᠶᠢᠯᠡᠮᠡᠯ | ᠨᠠᠶᠢᠷᠠᠯᠳᠠ ᠶᠢ ᠲᠦᠬᠡᠮᠡᠯᠵᠢᠬᠦᠯᠦᠨ ᠬᠡᠷᠡᠭᠯᠡᠨ᠎ᠡ᠃ ᠮᠤᠩᠭᠤᠯ ᠡᠮ ᠡᠮᠨᠡᠯᠬᠡ᠂ ᠬᠢᠳᠡᠳ ᠡᠮ ᠡᠮᠨᠡᠯᠬᠡ ᠶᠢᠨ ᠰᠦᠷᠢᠶ᠎ᠡ | ᠡᠪᠡᠳᠴᠢᠨ ᠢ ᠡᠮᠨᠡᠨ ᠵᠠᠰᠠᠬᠤ᠂ ᠡᠷᠡᠭᠦᠯᠵᠢᠬᠦ ᠶᠠᠪᠤᠴᠠ ᠳᠠᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ᠃ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠤᠭᠤᠳ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠠ ᠲᠤᠨᠨᠳ᠋ᠬᠠᠰᠠᠨ ᠪᠤᠰᠤ ᠡᠮᠴᠢᠯᠡᠬᠡᠨ ᠤ ᠪᠠᠶᠢᠭᠤᠯᠤᠮᠵᠢ ᠠᠴᠠ ᠰᠢᠯᠵᠢᠬᠦᠯᠵᠦ ᠢᠷᠡᠭᠰᠡᠨ | ᠡᠪᠡᠳᠴᠢᠳᠡᠨ ᠳᠤ ᠰᠠᠭᠠᠳ ᠦᠬᠡᠢ ᠨᠡᠪᠳᠡᠷᠡᠬᠦ ᠵᠠᠮ ᠪᠠᠶᠢᠭᠤᠯᠤᠨ ᠦᠭᠴᠤ᠂ ᠡᠪᠡᠳᠴᠢᠨ ᠢ ᠨᠢ ᠲᠠᠷᠦ᠋ᠢᠬᠠᠨ | ᠦᠵᠡᠬᠦᠯᠬᠦ ᠪᠠᠷ ᠲᠤᠬᠢᠷᠠᠭᠤᠯᠬᠤ ᠬᠡᠷᠡᠭᠳᠡᠢ᠃ ᠡᠪᠡᠳᠴᠢᠨ ᠤ ᠪᠠᠶᠢᠳᠠᠯ ᠨᠢ ᠲᠤᠨᠨᠳᠠᠪᠤᠷᠢᠳᠠᠢ ᠪᠤᠯᠤᠨᠨᠰᠠᠨ | ᠡᠪᠡᠳᠴᠢᠳᠡᠨ ᠢ ᠦᠨᠳᠦᠰᠦᠨ ᠱᠠᠳᠤᠨ ᠳᠤᠨᠢ ᠰᠢᠯᠵᠢᠬᠦᠯᠦᠨ ᠪᠤᠴᠠᠭᠠᠬᠤ ᠶᠢᠨ ᠬᠠᠮᠳᠤ ᠦᠨᠳᠦᠰᠦᠨ ᠱᠠᠳᠤᠨ ᠤ | ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠡᠷᠡᠭᠦᠯ ᠡᠩᠬᠡ ᠶᠢᠨ ᠬᠠᠮᠢᠶᠠᠷᠤᠯᠳᠠ ᠶᠢᠨ ᠦᠢᠯᠡᠴᠢᠯᠡᠭᠡ | ᠬᠠᠩᠭᠠᠨ᠂ ᠡᠪᠡᠳᠴᠢᠳᠡᠨ ᠪᠦᠭᠦ ᠶᠠᠪᠤᠴᠠ ᠳᠤ ᠵᠢᠷᠤᠮᠵᠢᠯ ᠲᠠᠢ ᠡᠮᠴᠢᠯᠡᠭᠡ ᠭᠦᠷᠳᠡᠬᠦ ᠶᠢ ᠪᠠᠳᠤᠯᠠᠨ᠎ᠠ᠃ ᠡᠮᠨᠡᠯᠬᠡ ᠶᠢᠨ | ᠠᠵᠢᠯᠳᠠᠨ ᠤ ᠤᠨᠤᠰᠢᠯᠠᠨ ᠵᠠᠰᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠦ᠂ ᠲᠤᠨᠨᠳ᠋ᠬᠠᠰᠠᠨ ᠡᠮᠴᠢᠯᠡᠬᠡᠨ ᠤ | ᠪᠠᠶᠢᠭᠤᠯᠤᠮᠵᠢ ᠶᠢᠨ ᠵᠤᠷ ᠲᠤ ᠦᠨᠡᠯᠡᠯᠳᠡ ᠬᠢᠬᠦ᠂ ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠢ ᠬᠡᠷᠡᠭᠯᠡᠬᠦ᠂ | ᠲᠠᠭᠠᠯᠳᠠ ᠪᠠᠶᠢᠴᠠᠭᠠᠯᠳᠠ ᠪᠠ ᠡᠮ ᠬᠡᠷᠡᠭᠯᠡᠬᠦ᠂ ᠰᠦᠷᠢᠶ᠎ᠡ ᠡᠪᠡᠳᠴᠢᠨ ᠤ ᠲᠤᠷᠰᠢᠯᠳᠠ ᠶᠢᠨ ᠲᠠᠰᠤᠭ ᠢ ᠪᠠᠶᠢᠴᠠᠭᠠᠬᠤ | ᠵᠡᠷᠬᠡ ᠮᠦᠷᠳᠡᠵᠦ ᠬᠢᠨᠠᠨ ᠡᠵᠡᠮᠳᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ | 2. ᠬᠠᠯᠳᠠᠪᠤᠷᠢᠳᠤ ᠴᠢᠨᠠᠷᠳᠠᠢ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠡᠮᠨᠡᠯᠬᠡ ᠳᠤ ᠰᠠᠭᠤᠯᠭᠠᠵᠦ | ᠡᠮᠨᠡᠨ ᠵᠠᠰᠠᠬᠤ ᠶᠢ ᠬᠡᠷᠡᠭᠵᠢᠬᠦᠯᠦᠨ᠎ᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ | ᠨᠦᠭᠦᠳ ᠲᠤᠨᠨᠳ᠋ᠬᠠᠰᠠᠨ ᠨᠢᠬᠡ ᠡᠮᠴᠢᠯᠡᠬᠡᠨ ᠤ ᠪᠠᠶᠢᠭᠤᠯᠤᠮᠵᠢ ᠶᠢ ᠰᠤᠩᠭᠤᠵᠦ ᠪᠠᠶᠢᠭᠠᠳ ᠬᠠᠯᠳᠠᠪᠤᠷᠢᠳᠤ ᠴᠢᠨᠠᠷᠳᠠᠢ | ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠡᠮᠨᠡᠯᠬᠡ ᠳᠤ ᠰᠠᠭᠤᠯᠭᠠᠵᠦ ᠡᠮᠨᠡᠬᠦᠯᠬᠦ ᠲᠤᠷᠰᠢᠯᠳᠠ ᠶᠢ ᠦᠷᠨᠢᠬᠦᠯᠵᠦ᠂ | ᠬᠠᠯᠳᠠᠪᠤᠷᠢᠯᠠᠬᠤ ᠬᠤᠭᠤᠴᠠᠭᠠᠨ ᠳᠤ ᠡᠪᠡᠳᠴᠢᠳᠡᠨ ᠡᠮᠨᠡᠯᠬᠡ ᠳᠤ ᠰᠠᠭᠤᠵᠦ ᠡᠮᠨᠡᠬᠦᠯᠬᠦ ᠶᠢ ᠠᠯᠬᠤᠮ ᠠᠯᠬᠤᠮ ᠢᠶᠠᠷ | ᠪᠡᠶᠡᠯᠡᠬᠦᠯᠦᠨ᠂ ᠰᠦᠷᠢᠶ᠎ᠡ ᠶᠢᠨ ᠪᠠᠺᠲ᠋ᠧᠷᠢ ᠶᠢᠨ ᠬᠠᠯᠳᠠᠪᠤᠷᠢᠯᠠᠬᠤ ᠶᠢ ᠪᠠᠭᠠᠰᠬᠠᠬᠤ ᠬᠡᠷᠡᠭᠳᠡᠢ᠃ ᠰᠦᠷᠢᠶ᠎ᠡ | ᠡᠪᠡᠳᠴᠢᠨ ᠤ ᠬᠠᠯᠳᠠᠪᠤᠷᠢᠯᠠᠬᠤ ᠶᠢ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠡᠮᠨᠡᠯᠬᠡ ᠶᠢᠨ | ᠬᠤᠷᠢᠶ᠎ᠠ ᠳᠤ ᠰᠤᠯᠢᠪᠴᠠᠨ ᠬᠠᠯᠳᠠᠪᠤᠷᠢᠯᠠᠬᠤ ᠠᠴᠠ ᠰᠡᠷᠬᠡᠶᠢᠯᠡᠬᠦ ᠬᠡᠷᠡᠭᠳᠡᠢ᠃ | 3.ᠤᠯᠠᠨ ᠵᠦᠢᠯ ᠤᠨ ᠡᠮ ᠳᠤ ᠲᠠᠭᠠᠭᠠᠮᠠᠭᠠᠢ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠢ ᠤᠨᠤᠰᠢᠯᠠᠨ | ᠵᠠᠰᠠᠬᠤ ᠪᠠ ᠬᠠᠮᠢᠶᠠᠷᠬᠤ ᠶᠢ ᠵᠢᠷᠤᠮᠵᠢᠭᠤᠯᠤᠨ᠎ᠠ᠃ ᠠᠶᠢᠮᠠᠭ ᠬᠤᠳᠠ ᠶᠢᠨ ᠱᠠᠳᠤᠨ ᠠᠴᠠ ᠲᠡᠬᠡᠭᠰᠢᠬᠢ ᠲᠤᠨᠨᠳ᠋ᠬᠠᠰᠠᠨ | ᠡᠮᠴᠢᠯᠡᠬᠡᠨ ᠤ ᠪᠠᠶᠢᠭᠤᠯᠤᠮᠵᠢ ᠨᠢ ᠪᠤᠳᠠᠳᠠᠢ ᠪᠠᠶᠢᠳᠠᠯ ᠢᠶᠠᠨ ᠦᠨᠳᠦᠰᠦᠯᠡᠵᠦ ᠤᠯᠠᠨ ᠵᠦᠢᠯ ᠤᠨ ᠡᠮ ᠳᠤ ᠲᠠᠭᠠᠭᠠᠮᠠᠭᠠᠢ | ᠡᠪᠡᠳᠴᠢᠳᠡᠨ ᠤ ᠡᠮᠨᠡᠯᠬᠡ ᠳᠤ ᠰᠠᠭᠤᠵᠦ ᠡᠮᠨᠡᠨ ᠵᠠᠰᠠᠬᠤ ᠴᠢᠬ ᠢ ᠪᠠᠶᠢᠭᠤᠯᠵᠦ᠂ ᠡᠪᠡᠳᠴᠢᠨ ᠤ ᠪᠠᠶᠢᠳᠠᠯ ᠨᠢ | ᠲᠤᠨᠨᠳᠠᠪᠤᠷᠢᠳᠠᠢ ᠪᠤᠯᠪᠠᠴᠤ ᠮᠦᠨ ᠬᠦ ᠬᠠᠯᠳᠠᠪᠤᠷᠢᠳᠤ ᠴᠢᠨᠠᠷᠳᠠᠢ ᠡᠪᠡᠳᠴᠢᠳᠡᠨ ᠢ ᠵᠢᠷᠤᠮᠵᠢᠨᠨᠰᠠᠨ ᠡᠮᠨᠡᠯᠬᠡ ᠳᠤ | ᠰᠠᠭᠤᠬᠤ ᠡᠮᠴᠢᠯᠡᠭᠡ ᠬᠢᠯᠬᠡᠵᠦ᠂ ᠡᠪᠡᠳᠴᠢᠳᠡᠨ ᠡᠮᠨᠡᠯᠬᠡ ᠶᠢᠨ ᠬᠤᠷᠢᠶ᠎ᠠ ᠠᠴᠠ ᠭᠠᠷᠤᠨᠨᠰᠠᠨ ᠤ ᠲᠠᠷᠠᠭ᠎ᠠ ᠡᠭᠦᠳᠡᠨ | ᠡᠮᠨᠡᠯᠬᠡ ᠶᠢᠨ ᠲᠠᠩᠰᠠᠯᠠᠨ ᠲᠡᠮᠳᠡᠭᠯᠡᠬᠦ ᠬᠠᠮᠢᠶᠠᠷᠤᠯᠳᠠ ᠳᠤ ᠤᠷᠤᠭᠤᠯᠤᠨ᠎ᠠ᠃ ᠡᠪᠡᠳᠴᠢᠨ ᠡᠮᠬᠡᠭ ᠢ ᠤᠷᠢᠳᠴᠢᠯᠡᠨ | ᠰᠡᠷᠬᠡᠶᠢᠯᠡᠵᠦ ᠡᠵᠡᠮᠳᠡᠬᠦ ︵ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ︶ ᠪᠠᠶᠢᠭᠤᠯᠤᠮᠵᠢ ᠨᠤᠭᠤᠳ ᠤᠯᠠᠨ | ᠵᠦᠢᠯ ᠤᠨ ᠡᠮ ᠳᠤ ᠲᠠᠭᠠᠭᠠᠮᠠᠭᠠᠢ ᠡᠪᠡᠳᠴᠢᠳᠡᠨ ᠢ ᠲᠠᠩᠰᠠᠯᠠᠨ ᠲᠡᠮᠳᠡᠭᠯᠡᠵᠦ ᠬᠠᠮᠢᠶᠠᠷᠬᠤ᠂ ᠤᠨᠤᠰᠢᠯᠠᠨ | ᠵᠠᠰᠠᠬᠤ ᠶᠢ ᠲᠠᠭᠠᠨ ᠪᠠᠶᠢᠴᠠᠭᠠᠬᠤ ᠪᠠ ᠪᠦᠭᠦ ᠡᠮᠴᠢᠯᠡᠬᠡᠨ ᠤ ᠶᠠᠪᠤᠴᠠ ᠶᠢ ᠬᠢᠨᠠᠨ ᠵᠢᠯᠤᠭᠤᠳᠴᠤ ᠪᠠᠶᠢᠭᠠᠳ ᠡᠮ | ᠤᠤᠭᠤᠯᠭᠠᠬᠤ ᠵᠡᠷᠬᠡ ᠠᠵᠢᠯ ᠤᠨ ᠬᠢᠨᠠᠯᠳᠠ ᠬᠠᠮᠢᠶᠠᠷᠤᠯᠳᠠ ᠪᠠ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠳᠡᠢ᠃ | 4. ᠬᠡᠤᠬᠡᠳ ᠪᠠᠭᠠᠴᠤᠳ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠬᠦᠯᠦᠨ᠎ᠠ᠃ ᠰᠦᠷᠢᠶ᠎ᠡ ᠶᠢᠨ ᠸᠠᠺᠼᠢᠨ ᠢ ᠲᠠᠷᠢᠬᠤ ᠶᠠᠰᠤ ᠴᠢᠨᠠᠷ ᠢ ᠲᠡᠬᠡᠭᠰᠢᠯᠡᠬᠦᠯᠵᠦ᠂ ᠰᠦᠷᠢᠶ᠎ᠡ ᠶᠢᠨ | ᠸᠠᠺᠼᠢᠨ ᠤ ᠲᠠᠷᠢᠯᠭ᠎ᠠ ᠶᠢᠨ ᠬᠠᠮᠤᠷᠬᠤ ᠨᠤᠷᠮ᠎ᠠ ᠶᠢ 95% ᠠᠴᠠ ᠲᠡᠬᠡᠭᠰᠢ ᠳᠤ ᠭᠦᠷᠦᠭᠦᠯᠵᠦ᠂ ᠦᠪᠦᠷ | ᠮᠤᠩᠭᠤᠯ ᠤᠨ ᠲᠦᠷᠪᠡᠳᠦᠬᠡᠷ ᠡᠮᠨᠡᠯᠬᠡ ᠶᠢᠨ ᠬᠤᠷᠢᠶ᠎ᠠ ᠶᠢ ᠬᠡᠤᠬᠡᠳ ᠪᠠᠭᠠᠴᠤᠳ ᠤᠨ ᠰᠦᠷᠢᠶ᠎ᠡ ᠡᠪᠡᠳᠴᠢᠨ ᠤ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠪᠠᠷ ᠲᠤᠨᠨᠳᠠᠭᠠᠨ᠎ᠠ᠃ ᠬᠡᠤᠬᠡᠳ ᠤᠨ ᠰᠠᠯᠠᠭᠠᠨ ᠤ ᠡᠮᠴᠢ ᠳᠤ ᠰᠦᠷᠢᠶ᠎ᠡ | ᠡᠪᠡᠳᠴᠢᠨ ᠢ ᠰᠡᠷᠬᠡᠶᠢᠯᠡᠨ ᠵᠠᠰᠠᠬᠤ ᠮᠡᠷᠬᠡᠵᠢᠯ ᠤᠨ ᠪᠤᠯᠪᠠᠰᠤᠷᠠᠭᠤᠯᠤᠯ ᠦᠷᠨᠢᠬᠦᠯᠵᠦ᠂ ᠬᠡᠤᠬᠡᠳ ᠪᠠᠭᠠᠴᠤᠳ ᠤᠨ | ᠰᠦᠷᠢᠶ᠎ᠡ ᠡᠪᠡᠳᠴᠢᠨ ᠢ ᠤᠨᠤᠰᠢᠯᠠᠬᠤ ᠪᠠ ᠡᠮᠨᠡᠨ ᠵᠠᠰᠠᠬᠤ ᠦᠢᠯᠡᠴᠢᠯᠡᠭᠡ ᠶᠢ ᠵᠢᠷᠤᠮᠵᠢᠭᠤᠯᠤᠨ᠎ᠠ᠃ ᠬᠠᠯᠳᠠᠪᠤᠷᠢᠳᠤ | ᠴᠢᠨᠠᠷᠳᠠᠢ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠪᠦᠭᠦᠢ ᠬᠡᠤᠬᠡᠳ ᠪᠠᠭᠠᠴᠤᠳ ᠲᠠᠢ ᠤᠶᠢᠷᠠᠳᠤᠨᠨᠰᠠᠳ ᠠᠴᠠ | ᠢᠯᠡᠷᠡᠭᠦᠯᠦᠭᠰᠡᠨ ᠨᠢᠭᠤᠨᠨᠳᠠᠮᠠᠯ ᠬᠤᠭᠤᠴᠠᠭᠠᠨ ᠤ ᠬᠠᠯᠳᠠᠪᠤᠷᠢᠯᠬᠠᠴᠢ ᠶᠢ ᠭᠤᠤᠯᠳᠠᠯᠭ᠎ᠠ ᠲᠠᠢ ᠪᠠᠷ ᠮᠦᠷᠳᠡᠵᠦ ᠠᠵᠢᠨᠨᠯᠠᠨ | ᠰᠢᠨᠵᠢᠨ᠎ᠠ᠃ ᠡᠯ᠎ᠡ ᠭᠠᠵᠠᠷ ᠤᠷᠤᠨ ᠨᠢ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠵᠦ ᠬᠡᠤᠬᠡᠳ ᠪᠠᠭᠠᠴᠤᠳ ᠤᠨ | ᠰᠦᠷᠢᠶ᠎ᠡ ᠡᠪᠡᠳᠴᠢᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢ ᠲᠤᠰᠬᠠᠶᠢᠯᠠᠨ ᠨᠡᠷ᠎ᠡ ᠵᠢᠭᠠᠨ ᠲᠤᠨᠨᠳᠠᠭᠠᠵᠦ | ᠪᠤᠯᠤᠨ᠎ᠠ᠃ | 5. ᠰᠦᠷᠢᠶ᠎ᠡ ᠡᠪᠡᠳᠴᠢᠨ ᠤ ᠡᠮᠴᠢᠯᠡᠬᠡᠨ ᠤ ᠶᠠᠰᠤ ᠴᠢᠨᠠᠷ ᠢ ᠡᠵᠡᠮᠳᠡᠬᠦ ᠪᠠᠨ ᠴᠢᠩᠭᠠᠳᠬᠠᠨ᠎ᠠ᠃ ᠡᠯ᠎ᠡ ᠭᠠᠵᠠᠷ | ᠤᠷᠤᠨ ᠨᠤᠭᠤᠳ ᠠᠭᠤᠰᠬᠢᠨ ᠤ ᠰᠦᠷᠢᠶ᠎ᠡ ᠡᠪᠡᠳᠴᠢᠨ ᠤ ᠡᠮᠴᠢᠯᠡᠬᠡᠨ ᠤ ᠶᠠᠰᠤ ᠴᠢᠨᠠᠷ ᠤᠨ ᠬᠠᠮᠢᠶᠠᠷᠤᠯᠳᠠ ᠶᠢᠨ | ᠠᠵᠢᠯ ᠤᠨ ᠲᠤᠨᠨᠳᠠᠴᠠ ᠶᠢ ᠲᠡᠭᠦᠯᠳᠡᠷᠵᠢᠬᠦᠯᠵᠦ᠂ ᠲᠤᠰ ᠭᠠᠵᠠᠷ ᠤᠷᠤᠨ ᠤ ᠪᠠᠨ ᠪᠤᠳᠠᠳᠠᠢ ᠪᠠᠶᠢᠳᠠᠯ ᠢ | ᠦᠨᠳᠦᠰᠦᠯᠡᠵᠦ ᠰᠦᠷᠢᠶ᠎ᠡ ᠡᠪᠡᠳᠴᠢᠨ ᠤ ᠡᠮᠴᠢᠯᠡᠬᠡᠨ ᠤ ᠶᠠᠰᠤ ᠴᠢᠨᠠᠷ ᠢ ᠬᠠᠮᠢᠶᠠᠷᠬᠤ ᠬᠠᠮᠢᠶ᠎ᠠ ᠪᠦᠭᠦᠢ ᠲᠦᠷᠢᠮ᠂ | ᠵᠢᠷᠤᠮᠵᠢᠯ ᠪᠠ ᠪᠤᠳᠠᠳᠠᠢ ᠬᠡᠷᠡᠭᠵᠢᠬᠦᠯᠬᠦ ᠲᠦᠰᠦᠯ ᠢ ᠲᠤᠨᠨᠳᠠᠭᠠᠵᠦ᠂ ᠰᠦᠷᠢᠶ᠎ᠡ ᠡᠪᠡᠳᠴᠢᠨ ᠢ ᠤᠨᠤᠰᠢᠯᠠᠨ ᠵᠠᠰᠠᠬᠤ ᠶᠢ | ᠡᠮᠴᠢᠯᠡᠬᠡᠨ ᠤ ᠶᠠᠰᠤ ᠴᠢᠨᠠᠷ ᠢ ᠡᠵᠡᠮᠳᠡᠬᠦ ᠠᠵᠢᠯ ᠤᠨ ᠰᠢᠰᠲ᠋ᠧᠮᠵᠢ ᠳᠤ ᠤᠷᠤᠭᠤᠯᠬᠤ ᠬᠡᠷᠡᠭᠳᠡᠢ᠃ ᠦᠪᠦᠷ | ᠮᠤᠩᠭᠤᠯ ᠤᠨ ᠲᠦᠷᠪᠡᠳᠦᠬᠡᠷ ᠡᠮᠨᠡᠯᠬᠡ ᠶᠢᠨ ᠬᠤᠷᠢᠶ᠎ᠠ ᠨᠢ ᠬᠤᠯᠪᠤᠨᠨᠳᠠᠯ ᠪᠦᠭᠦᠢ ᠲᠤᠰᠬᠠᠢ ᠮᠡᠷᠬᠡᠵᠢᠯᠳᠡᠨ ᠢ ᠵᠤᠬᠢᠶᠠᠨ | ᠪᠠᠶᠢᠭᠤᠯᠵᠦ ᠪᠠᠶᠢᠭᠠᠳ ᠪᠦᠭᠦ ᠤᠷᠤᠨ ᠤ ᠰᠦᠷᠢᠶ᠎ᠡ ᠡᠪᠡᠳᠴᠢᠨ ᠢ ᠤᠨᠤᠰᠢᠯᠠᠨ ᠵᠠᠰᠠᠬᠤ ᠶᠠᠰᠤ ᠴᠢᠨᠠᠷ ᠢ ᠦᠨᠡᠯᠡᠨ | ᠵᠢᠱᠢᠬᠦ ᠶᠢ ᠬᠠᠷᠢᠭᠤᠴᠠᠬᠤ ᠶᠢᠨ ᠬᠠᠮᠳᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠡᠮᠨᠡᠯᠬᠡ ᠶᠢᠨ ᠬᠤᠷᠢᠶ᠎ᠠ ᠶᠢ | ᠦᠨᠡᠯᠡᠬᠦ ᠴᠢᠬᠤᠯᠠ ᠦᠨᠳᠦᠰᠦᠯᠡᠯ ᠪᠤᠯᠭᠠᠬᠤ ᠬᠡᠷᠡᠭᠳᠡᠢ᠃ | ︵ᠲᠦᠷᠪᠡ︶ ᠡᠪᠡᠳᠴᠢᠳᠡᠨ ᠳᠤ ᠡᠷᠡᠭᠦᠯ ᠡᠩᠬᠡ ᠶᠢᠨ ᠬᠠᠮᠢᠶᠠᠷᠤᠯᠳᠠ ᠶᠢᠨ ᠦᠢᠯᠡᠴᠢᠯᠡᠭᠡ ᠶᠢ ᠰᠠᠶᠢᠳᠤᠷ | ᠬᠢᠨ᠎ᠠ᠃ ᠤᠯᠤᠰ ᠤᠨ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ | ᠱᠠᠭᠠᠷᠳᠠᠯᠭ᠎ᠠ ᠶᠤᠰᠤᠭᠠᠷ᠂ ᠡᠯ᠎ᠡ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠤᠳ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠤ ᠡᠷᠡᠭᠦᠯ ᠡᠩᠬᠡ ᠶᠢᠨ ᠬᠠᠮᠢᠶᠠᠷᠤᠯᠳᠠ ᠶᠢᠨ | ᠦᠢᠯᠡᠴᠢᠯᠡᠬᠡᠨ ᠤ ᠶᠠᠰᠤ ᠴᠢᠨᠠᠷ ᠢ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ | ᠰᠢᠯᠭᠠᠨ ᠬᠢᠨᠠᠬᠤ ᠠᠭᠤᠯᠭ᠎ᠠ ᠳᠤ ᠤᠷᠤᠭᠤᠯᠵᠦ᠂ ᠰᠦᠷᠢᠶ᠎ᠡ ᠡᠪᠡᠳᠴᠢᠨ ᠲᠠᠢ ᠡᠪᠡᠳᠴᠢᠳᠡᠨ ᠳᠤ ᠬᠡᠷ ᠪᠦᠯᠢ ᠶᠢᠨ | ᠡᠮᠴᠢ ᠠᠴᠠ ᠬᠡᠷ᠎ᠡ ᠲᠤᠨᠨᠳᠠᠬᠤ ᠦᠢᠯᠡᠴᠢᠯᠡᠭᠡ ᠬᠠᠩᠭᠠᠬᠤ ᠲᠦᠷᠢᠮ ᠢ ᠬᠡᠷᠡᠭᠵᠢᠬᠦᠯᠬᠦ ᠬᠡᠷᠡᠭᠳᠡᠢ᠃ ᠡᠪᠡᠳᠴᠢᠨ ᠡᠮᠬᠡᠭ ᠢ | ᠤᠷᠢᠳᠴᠢᠯᠡᠨ ᠰᠡᠷᠬᠡᠶᠢᠯᠡᠵᠦ ᠡᠵᠡᠮᠳᠡᠬᠦ ︵ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ︶ ᠪᠠᠶᠢᠭᠤᠯᠤᠮᠵᠢ᠂ | ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠪᠠ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠡᠪᠡᠳᠴᠢᠳᠡᠨ ᠡᠮᠨᠡᠯᠬᠡ ᠰᠢᠯᠵᠢᠪᠡᠯ ᠮᠦᠷᠳᠡᠬᠦ᠂ ᠡᠮᠨᠡᠨ ᠵᠠᠰᠠᠬᠤ ᠶᠢ ᠬᠠᠮᠢᠶᠠᠷᠬᠤ ᠵᠡᠷᠬᠡ | ᠠᠵᠢᠯ ᠤᠨ ᠪᠦᠭᠦ ᠶᠠᠪᠤᠴᠠ ᠶᠢ ᠵᠠᠪᠰᠠᠷ ᠦᠬᠡᠢ ᠵᠤᠯᠭᠠᠭᠤᠯᠬᠤ ᠬᠡᠷᠡᠭᠳᠡᠢ᠃ ᠡᠪᠡᠳᠴᠢᠨ ᠡᠮᠬᠡᠭ ᠢ ᠤᠷᠢᠳᠴᠢᠯᠡᠨ | ᠰᠡᠷᠬᠡᠶᠢᠯᠡᠵᠦ ᠡᠵᠡᠮᠳᠡᠬᠦ ︵ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ︶ ᠪᠠᠶᠢᠭᠤᠯᠤᠮᠵᠢ ᠪᠠ ᠲᠤᠨᠨᠳ᠋ᠬᠠᠰᠠᠨ | ᠡᠮᠴᠢᠯᠡᠬᠡᠨ ᠤ ᠪᠠᠶᠢᠭᠤᠯᠤᠮᠵᠢ ᠨᠤᠭᠤᠳ ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠠᠬᠢ ᠪᠤᠯᠪᠠᠰᠤᠷᠠᠭᠤᠯᠤᠯ᠂ ᠮᠡᠷᠬᠡᠵᠢᠯ ᠤᠨ ᠵᠢᠯᠤᠭᠤᠳᠤᠯᠭ᠎ᠠ ᠪᠠ ᠬᠢᠨᠠᠨ ᠵᠢᠯᠤᠭᠤᠳᠤᠯᠭ᠎ᠠ ᠶᠢ | ᠴᠢᠩᠭᠠᠳᠬᠠᠬᠤ ᠬᠡᠷᠡᠭᠳᠡᠢ᠃ | ︵ᠲᠠᠪᠤ︶ ᠪᠠᠳᠤᠯᠠᠬᠤ ᠪᠠ ᠲᠤᠰᠠᠯᠠᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠡᠯ᠎ᠡ ᠭᠠᠵᠠᠷ | ᠤᠷᠤᠨ ᠨᠤᠭᠤᠳ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠦ ᠠᠭᠤᠰᠬᠢᠨ ᠤ ᠰᠦᠷᠢᠶ᠎ᠡ ︵ᠤᠯᠠᠨ ᠵᠦᠢᠯ ᠤᠨ | ᠡᠮ ᠳᠤ ᠲᠠᠭᠠᠭᠠᠮᠠᠭᠠᠢ ᠠᠭᠤᠰᠬᠢᠨ ᠤ ᠰᠦᠷᠢᠶ᠎ᠡ ᠪᠠᠭᠳᠠᠨ᠎ᠠ︶ ᠶᠢ ᠦᠨᠳᠦᠰᠦᠨ ᠡᠮᠴᠢᠯᠡᠬᠡᠨ ᠤ ᠲᠠᠭᠠᠳᠬᠠᠯ ᠤᠨ | ᠡᠭᠦᠳᠡᠨ ᠡᠮᠨᠡᠯᠬᠡ ᠶᠢᠨ ᠤᠨᠴᠤᠭᠤᠢ ᠡᠪᠡᠳᠴᠢᠨ ᠤ ᠵᠦᠢᠯ ᠢᠶᠠᠷ ᠲᠤᠭᠠᠴᠠᠭ᠎ᠠ ᠬᠢᠬᠦ ᠬᠡᠪᠴᠢᠶᠡᠨ ᠳᠤ ᠠᠯᠬᠤᠮ | ᠠᠯᠬᠤᠮ ᠢᠶᠠᠷ ᠤᠷᠤᠭᠤᠯᠤᠨ᠎ᠠ᠃ ᠡᠮᠴᠢᠯᠡᠬᠡᠨ ᠳᠤ ᠡᠷᠬᠡᠪᠰᠢ ᠱᠠᠭᠠᠷᠳ᠋ᠬᠠᠳᠠᠬᠤ᠂ ᠠᠮᠤᠷ ᠲᠦᠪᠰᠢᠨ ᠪᠦᠳᠦᠮᠵᠢᠳᠡᠢ᠂ | ᠦᠨ᠎ᠠ ᠬᠠᠩᠰᠢ ᠨᠢ ᠵᠤᠬᠢᠰᠳᠠᠢ᠂ ᠬᠡᠷᠡᠭᠯᠡᠬᠦ ᠳᠤ ᠲᠦᠭᠦᠮ ᠪᠦᠭᠦᠢ ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠢ | ᠲᠤᠨᠨᠳᠠᠭᠠᠯ ᠶᠤᠰᠤᠭᠠᠷ ᠦᠨᠳᠦᠰᠦᠨ ᠡᠮᠴᠢᠯᠡᠬᠡᠨ ᠤ ᠲᠠᠭᠠᠳᠬᠠᠯ ᠤᠨ ᠲᠤᠭᠠᠴᠠᠭ᠎ᠠ ᠬᠢᠬᠦ ᠬᠡᠪᠴᠢᠶᠡᠨ ᠳᠤ ᠤᠷᠤᠭᠤᠯᠬᠤ | ᠬᠡᠷᠡᠭᠳᠡᠢ᠃ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠵᠢᠯ ᠤᠨ ᠱᠠᠭᠠᠷᠳᠠᠯᠭ᠎ᠠ ᠶᠤᠰᠤᠭᠠᠷ᠂ ᠨᠦᠭᠦᠴᠡᠯ ᠳᠤ | ᠨᠡᠶᠢᠴᠡᠭᠰᠡᠨ ᠶᠠᠳᠠᠭᠤ ᠭᠦᠴᠢᠷᠳᠡᠯᠳᠡᠢ ᠰᠦᠷᠢᠶ᠎ᠡ ᠡᠪᠡᠳᠴᠢᠨ ᠲᠠᠢ ᠡᠪᠡᠳᠴᠢᠳᠡᠨ ᠳᠤ ᠴᠠᠭ ᠲᠤᠬᠠᠢ ᠳᠤᠨᠢ ᠵᠤᠬᠢᠬᠤ | ᠡᠮᠴᠢᠯᠡᠭᠡ ᠵᠠᠰᠠᠯᠭ᠎ᠠ ᠪᠠ ᠠᠪᠤᠷᠠᠨ ᠲᠤᠰᠠᠯᠠᠯᠳᠠ ᠤᠯᠭᠤᠵᠦ᠂ ᠡᠪᠡᠳᠴᠢᠳᠡᠨ ᠤ ᠡᠮᠨᠡᠨ ᠵᠠᠰᠠᠬᠤ ᠵᠠᠷᠤᠳᠠᠯ ᠢ | ᠲᠤᠨᠨᠳᠠᠭᠠᠯ ᠶᠤᠰᠤᠭᠠᠷ ᠦᠨᠳᠦᠰᠦᠨ ᠡᠮᠴᠢᠯᠡᠬᠡᠨ ᠤ ᠲᠠᠭᠠᠳᠬᠠᠯ᠂ ᠭᠦᠨᠳᠦ ᠡᠪᠡᠳᠴᠢᠨ ᠤ ᠲᠠᠭᠠᠳᠬᠠᠯ ᠢᠶᠠᠷ | ᠲᠤᠭᠠᠴᠠᠭ᠎ᠠ ᠬᠢᠭᠰᠡᠨ ᠤ ᠲᠠᠷᠠᠭ᠎ᠠ᠂ ᠡᠮᠴᠢᠯᠡᠬᠡᠨ ᠤ ᠠᠪᠤᠷᠠᠨ ᠲᠤᠰᠠᠯᠠᠯᠳᠠ ᠪᠠ ᠪᠤᠰᠤᠳ ᠨᠦᠭᠦᠪᠦᠷᠢ ᠶᠢᠨ | ᠲᠦᠷᠢᠮ ᠤᠨ ᠬᠠᠮᠳᠤᠷᠠᠯ ᠤᠨ ᠭᠦᠴᠦᠨ ᠢ ᠪᠠᠳᠠᠷᠠᠭᠤᠯᠵᠦ᠂ ᠡᠪᠡᠳᠴᠢᠳᠡᠨ ᠤ ᠦᠪᠡᠰᠦᠪᠡᠨ ᠲᠤᠭᠠᠴᠠᠭ᠎ᠠ ᠬᠢᠬᠦ | ᠬᠠᠷᠢᠴᠠᠯ ᠢ ᠦᠨᠡᠨᠬᠦ ᠪᠠᠭᠤᠷᠠᠭᠤᠯᠤᠨ᠂ ᠡᠪᠡᠳᠴᠢᠳᠡᠨ ᠤ ᠬᠡᠷ ᠪᠦᠯᠢ ᠳᠤ ᠭᠠᠢ ᠭᠠᠮᠰᠢᠭ ᠤᠨ ᠴᠢᠨᠠᠷᠳᠠᠢ ᠵᠠᠷᠤᠯᠭ᠎ᠠ | ᠭᠠᠷᠤᠨᠨᠰᠠᠨ ᠠᠴᠠ ᠪᠤᠯᠵᠦ ᠡᠪᠡᠳᠴᠢᠨ ᠢᠶᠠᠷ ᠶᠠᠳᠠᠭᠤᠷᠠᠬᠤ ᠪᠠ ᠲᠠᠬᠢᠨ ᠶᠠᠳᠠᠭᠤᠷᠠᠬᠤ ᠠᠴᠠ ᠪᠤᠯᠭᠤᠮᠵᠢᠯᠠᠨ᠎ᠠ᠃ | ᠲᠠᠷᠢᠶᠠᠯᠠᠩ ᠤᠨ ᠰᠢᠨ᠎ᠠ ᠬᠤᠷᠰᠢᠨᠨᠰᠠᠨ ᠡᠮᠨᠡᠯᠬᠡ ᠬᠢᠬᠡᠳ ᠬᠤᠳᠠ ᠪᠠᠯᠭᠠᠰᠤᠨ ᠤ ᠡᠮᠴᠢᠯᠡᠭᠡ ᠬᠤᠷᠰᠢᠨ ᠨᠡᠶᠢᠯᠡᠭᠰᠡᠨ ᠤ | ᠲᠠᠷᠠᠭ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠯ ᠴᠢᠨᠠᠷ ᠢ ᠪᠠᠳᠤᠯᠠᠵᠦ᠂ ᠤᠨᠤᠰᠢᠯᠠᠨ ᠵᠠᠰᠠᠬᠤ ᠰᠠᠶᠢᠨ ᠰᠠᠶᠢᠬᠠᠨ | ᠡᠮᠬᠢ ᠲᠢᠭᠯᠢᠮ ᠢ ᠪᠠᠳᠤᠯᠠᠨ᠎ᠠ᠃ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠨᠢᠬᠡᠴᠡ ᠨᠦᠭᠦᠳ ᠪᠠᠷᠢᠮᠵᠢᠶ᠎ᠠ ᠪᠠ | ᠨᠦᠭᠦᠴᠡᠯ ᠳᠤ ᠨᠡᠶᠢᠴᠡᠬᠦ ᠰᠦᠷᠢᠶ᠎ᠡ ᠡᠪᠡᠳᠴᠢᠨ ᠲᠠᠢ ᠡᠪᠡᠳᠴᠢᠳᠡᠨ ᠢ ᠡᠯ᠎ᠡ ᠵᠦᠢᠯ ᠤᠨ ᠲᠤᠰᠠᠯᠠᠵᠦ ᠠᠪᠤᠷᠠᠨ | ᠡᠳᠡᠬᠡᠷᠡᠬᠦᠯᠬᠦ᠂ ᠨᠠᠭᠠᠳᠤ ᠵᠠᠬ᠎ᠠ ᠶᠢᠨ ᠪᠠᠳᠤᠯᠠᠭ᠎ᠠ ᠳᠤ ᠤᠷᠤᠭᠤᠯᠬᠤ ᠬᠡᠷᠡᠭᠳᠡᠢ᠃ | 1. ᠪᠠᠳᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠤᠷᠤᠨ ᠨᠢ ᠡᠮᠴᠢᠯᠡᠬᠡᠨ ᠤ | ᠦᠬᠡᠷᠡᠴᠢᠯᠡᠯᠳᠡ ᠶᠢ ᠭᠦᠨᠵᠡᠬᠡᠶᠢᠷᠡᠭᠦᠯᠬᠦ ᠶᠠᠪᠤᠴᠠ ᠳᠤ᠂ ᠬᠠᠯᠳᠠᠪᠤᠷᠢᠳᠤ ᠡᠪᠡᠳᠴᠢᠨ ᠤ ᠲᠤᠰᠬᠠᠢ ᠮᠡᠷᠬᠡᠵᠢᠯ ᠤᠨ | ᠡᠮᠨᠡᠯᠬᠡ ᠶᠢᠨ ᠬᠤᠷᠢᠶᠠᠨ ᠤ ᠪᠤᠳᠠᠳᠠᠢ ᠲᠠᠢ ᠤᠶᠠᠯᠳᠤᠭᠤᠯᠵᠦ᠂ ᠵᠠᠰᠠᠭ ᠤᠨ ᠤᠷᠳᠤᠨ ᠤ ᠤᠷᠤᠭᠤᠯᠤᠯᠳᠠ ᠶᠢᠨ | ᠪᠠᠳᠤᠯᠠᠭ᠎ᠠ ᠶᠢᠨ ᠡᠷᠴᠢᠮ ᠢ ᠴᠢᠩᠭᠠᠷᠠᠭᠤᠯᠤᠨ᠂ ᠡᠮᠨᠡᠯᠬᠡ ᠶᠢᠨ ᠠᠵᠢᠯᠳᠠᠨ ᠤ ᠭᠦᠯᠦᠰᠦ ᠤᠯᠭᠤᠮᠵᠢ ᠶᠢᠨ ᠬᠢᠷᠢ | ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠨᠢ | ᠬᠠᠯᠳᠠᠪᠤᠷᠢᠳᠤ ᠡᠪᠡᠳᠴᠢᠨ ᠤ ᠰᠠᠯᠠᠭ᠎ᠠ ᠲᠡᠰᠢ ᠬᠡᠯᠪᠠᠶᠢᠬᠦ ᠲᠦᠷᠦ ᠶᠢᠨ ᠪᠤᠳᠤᠯᠭ᠎ᠠ ᠲᠤᠨᠨᠳᠠᠭᠠᠵᠦ᠂ ᠤᠷᠤᠯᠭ᠎ᠠ ᠨᠢ | ᠪᠦᠭᠦ ᠡᠮᠨᠡᠯᠬᠡ ᠶᠢᠨ ᠬᠤᠷᠢᠶᠠᠨ ᠤ ᠲᠤᠮᠳᠠᠴᠢ ᠬᠢᠷᠢ ᠬᠡᠮᠵᠢᠶ᠎ᠡ ᠠᠴᠠ ᠲᠤᠤᠷ᠎ᠠ ᠦᠬᠡᠢ ᠪᠠᠶᠢᠬᠤ ᠶᠢ ᠪᠠᠳᠤᠯᠠᠬᠤ | ᠬᠡᠷᠡᠭᠳᠡᠢ᠃ | 2. ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠤᠨ ᠬᠠᠩᠭᠠᠯᠭ᠎ᠠ ᠶᠢ ᠪᠠᠳᠤᠯᠠᠨ᠎ᠠ᠃ ᠡᠮ ᠤᠨ ᠵᠦᠢᠯ | ᠬᠤᠳᠠᠯᠳᠤᠨ ᠠᠪᠬᠤ ᠲᠤᠨᠨᠳᠠᠴᠠ ᠶᠢ ᠲᠡᠭᠦᠯᠳᠡᠷᠵᠢᠬᠦᠯᠵᠦ᠂ ᠡᠮ ᠤᠨ ᠵᠦᠢᠯ ᠤᠨ ᠰᠢᠨᠵᠢ ᠴᠢᠨᠠᠷ ᠪᠠ ᠵᠠᠬ᠎ᠠ | ᠲᠡᠯᠬᠡᠭᠦᠷ ᠤᠨ ᠦᠷᠢᠰᠦᠯᠳᠦᠬᠡᠨ ᠤ ᠪᠠᠶᠢᠳᠠᠯ ᠢ ᠦᠨᠳᠦᠰᠦᠯᠡᠨ᠂ ᠲᠦᠷᠦᠯ ᠬᠤᠪᠢᠶᠠᠵᠦ ᠬᠤᠳᠠᠯᠳᠤᠨ ᠠᠪᠬᠤ ᠶᠢ | ᠬᠡᠷᠡᠭᠵᠢᠬᠦᠯᠵᠦ᠂ ᠬᠤᠳᠠᠯᠳᠤᠨ ᠠᠪᠤᠨᠨᠰᠠᠨ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ᠂ ᠦᠨ᠎ᠠ | ᠬᠠᠩᠰᠢ ᠶᠢᠨ ᠵᠦᠢ ᠵᠤᠬᠢᠰᠳᠠᠢ᠂ ᠬᠠᠩᠭᠠᠯᠭ᠎ᠠ ᠶᠢᠨ ᠭᠦᠢᠴᠡᠳ ᠪᠠᠶᠢᠬᠤ ᠶᠢ ᠦᠨᠡᠨ ᠭᠦ ᠪᠠᠳᠤᠯᠠᠨ᠎ᠠ᠃ ᠭᠦᠷᠰᠢ | ᠵᠡᠷᠬᠡᠯᠡᠳᠡᠭᠡ ᠠᠶᠢᠮᠠᠭ ︵ᠤᠷᠤᠨ᠂ ᠬᠤᠳᠠ︶ ᠤᠨ ᠡᠮ ᠤᠨ ᠵᠦᠢᠯ ᠬᠤᠳᠠᠯᠳᠤᠨ ᠠᠪᠬᠤ ᠪᠠᠶᠢᠭᠤᠯᠤᠮᠵᠢ ᠲᠠᠢ | ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠢ ᠬᠠᠮᠳᠤᠷᠠᠵᠦ ᠬᠤᠳᠠᠯᠳᠤᠨ ᠠᠪᠬᠤ ᠶᠢ ᠦᠷᠨᠢᠬᠦᠯᠬᠦ ᠲᠤᠨᠨᠳᠠᠴᠠ ᠶᠢ | ᠰᠦᠪᠡᠭᠴᠢᠯᠡᠨ᠎ᠡ᠃ ᠡᠮᠴᠢᠯᠡᠬᠡᠨ ᠳᠤ ᠡᠷᠬᠡᠪᠰᠢ ᠱᠠᠭᠠᠷᠳ᠋ᠬᠠᠳᠠᠬᠤ᠂ ᠵᠠᠬ᠎ᠠ ᠲᠡᠯᠬᠡᠭᠦᠷ ᠤᠨ ᠦᠨ᠎ᠠ ᠬᠠᠩᠰᠢ ᠪᠠᠷ ᠲᠤᠤᠷ᠎ᠠ | ᠂ ᠡᠮᠴᠢᠯᠡᠬᠡᠨ ᠳᠤ ᠬᠡᠷᠡᠭᠰᠡᠬᠦ ᠬᠡᠮᠵᠢᠶ᠎ᠡ ᠪᠠᠷ ᠪᠠᠭ᠎ᠠ ᠪᠦᠭᠦᠢ ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠢ | ᠲᠦᠪᠯᠡᠷᠡᠬᠦᠯᠦᠨ ᠰᠦᠯᠵᠢᠶᠡᠨ ᠳᠤ ᠭᠠᠷᠭᠠᠬᠤ ᠶᠢ ᠬᠡᠷᠡᠭᠵᠢᠬᠦᠯᠵᠦ᠂ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ | ᠠᠵᠦ ᠠᠬᠤᠶᠢᠯᠠᠯ ᠲᠠᠢ ᠦᠨ᠎ᠠ ᠬᠠᠩᠰᠢ ᠵᠦᠪᠳᠡᠯᠴᠡᠵᠦ ᠪᠠᠶᠢᠭᠠᠳ ᠬᠤᠳᠠᠯᠳᠤᠨ ᠠᠪᠴᠤ᠂ ᠡᠮᠨᠡᠨ ᠵᠠᠰᠠᠯᠳᠠ ᠳᠤ | ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠭᠦ ᠪᠠᠳᠤᠯᠠᠨ᠎ᠠ᠃ ᠰᠦᠷᠢᠶ᠎ᠡ ᠶᠢ ᠡᠰᠡᠷᠭᠦᠴᠡᠬᠦ ᠡᠮ ᠤᠨ | ᠵᠦᠢᠯ ᠤᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠶᠢ ᠴᠢᠩᠭᠠᠳᠬᠠᠵᠦ᠂ ᠲᠤᠨᠨᠳᠠᠮᠠᠯ ᠡᠮ ᠤᠨ ᠬᠡᠮᠵᠢᠶ᠎ᠡ ᠲᠠᠢ | ᠨᠡᠶᠢᠯᠡᠮᠡᠯ ᠨᠠᠶᠢᠷᠠᠯᠭ᠎ᠠ ᠪᠠ ᠰᠦᠷᠢᠶ᠎ᠡ ᠶᠢ ᠡᠰᠡᠷᠭᠦᠴᠡᠬᠦ ᠪᠡᠯᠡᠳᠬᠡᠯ ᠡᠮ ᠤᠨ ᠵᠦᠢᠯ ᠲᠠᠷᠢᠬᠤ ᠨᠠᠶᠢᠷᠠᠯᠭ᠎ᠠ ᠶᠢᠨ ᠶᠠᠰᠤ | ᠴᠢᠨᠠᠷ ᠢ ᠡᠵᠡᠮᠳᠡᠨ᠂ ᠡᠮ ᠤᠨ ᠵᠦᠢᠯ ᠤᠨ ᠶᠠᠰᠤ ᠴᠢᠨᠠᠷ ᠢ ᠦᠨᠡᠨ ᠭᠦ ᠪᠠᠳᠤᠯᠠᠨ᠎ᠠ᠃ ᠰᠦᠷᠢᠶ᠎ᠡ ᠶᠢ ᠡᠰᠡᠷᠭᠦᠴᠡᠬᠦ | ᠡᠮ ᠤᠨ ᠵᠦᠢᠯ ᠤᠨ ᠡᠮᠴᠢᠯᠡᠬᠡᠨ ᠤ ᠬᠡᠷᠡᠭᠯᠡᠭᠡ ᠶᠢ ᠵᠢᠷᠤᠮᠵᠢᠭᠤᠯᠵᠦ᠂ ᠮᠠᠭᠤ ᠢᠯᠡᠷᠡᠯ ᠲᠠᠢ ᠮᠡᠳᠡᠭᠦᠯᠦᠯᠳᠡ ᠶᠢᠨ ᠬᠢᠨᠠᠨ | ᠰᠢᠨᠵᠢᠯᠳᠡ ᠪᠠ ᠬᠠᠮᠢᠶᠠᠷᠤᠯᠳᠠ ᠶᠢ ᠴᠢᠩᠭᠠᠳᠬᠠᠨ᠎ᠠ᠃ | ︵ᠵᠢᠷᠭᠤᠭ᠎ᠠ︶ ᠭᠤᠤᠯᠳᠠᠯᠭ᠎ᠠ ᠲᠠᠢ ᠭᠦᠮᠦᠰ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠶᠢ | ᠴᠢᠩᠭᠠᠳᠬᠠᠨ᠎ᠠ᠃ ᠰᠦᠷᠢᠶ᠎ᠡ ᠶᠢᠨ ᠪᠠᠺᠲ᠋ᠧᠷᠢ \ ᠠᠶᠢᠽ ᠡᠪᠡᠳᠴᠢᠨ ᠤ ᠸᠢᠷᠦ᠋ᠰ ᠲᠤ ᠲᠠᠪᠬᠤᠷ | ᠬᠠᠯᠳᠠᠪᠤᠷᠢᠯᠬᠠᠳᠠᠬᠤ ᠶᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠰᠦᠷᠢᠶ᠎ᠡ ᠡᠪᠡᠳᠴᠢᠨ ᠪᠠ ᠠᠶᠢᠽ | ᠡᠪᠡᠳᠴᠢᠨ ᠢ ᠤᠨᠤᠰᠢᠯᠠᠨ ᠵᠠᠰᠠᠬᠤ ᠶᠢ ᠬᠠᠷᠢᠭᠤᠴᠠᠵᠦ ᠪᠠᠶᠢᠭ᠎ᠠ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠤᠭᠤᠳ | ᠬᠠᠮᠳᠤᠷᠠᠯᠴᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠰᠦᠷᠢᠶ᠎ᠡ ᠶᠢᠨ ᠪᠠᠺᠲ᠋ᠧᠷᠢ \ ᠠᠶᠢᠽ | ᠡᠪᠡᠳᠴᠢᠨ ᠤ ᠸᠢᠷᠦ᠋ᠰ ᠲᠤ ᠲᠠᠪᠬᠤᠷ ᠬᠠᠯᠳᠠᠪᠤᠷᠢᠯᠬᠠᠴᠢ ᠶᠢ ᠰᠢᠭᠰᠢᠨ ᠪᠠᠶᠢᠴᠠᠭᠠᠬᠤ᠂ ᠤᠨᠤᠰᠢᠯᠠᠨ ᠡᠮᠨᠡᠬᠦ ᠪᠠ | ᠬᠠᠮᠢᠶᠠᠷᠬᠤ ᠠᠵᠢᠯ ᠢ ᠬᠠᠮᠳᠤᠪᠡᠷ ᠰᠠᠶᠢᠳᠤᠷ ᠬᠢᠬᠦ ᠬᠡᠷᠡᠭᠳᠡᠢ᠃ ᠰᠤᠷᠭᠠᠭᠤᠯᠢ ᠶᠢᠨ ᠰᠦᠷᠢᠶ᠎ᠡ ᠡᠪᠡᠳᠴᠢᠨ ᠢ | ᠰᠡᠷᠬᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ᠂ ᠰᠤᠷᠭᠠᠨ | ᠭᠦᠮᠦᠵᠢᠯ ᠵᠡᠷᠬᠡ ᠰᠠᠯᠠᠭ᠎ᠠ ᠮᠦᠴᠢᠷ ᠨᠢ ᠲᠤᠨᠨᠳᠠᠮᠠᠯ ᠬᠤᠭᠤᠴᠠᠭ᠎ᠠ ᠲᠠᠢ ᠵᠤᠷᠰᠢᠯᠳᠤ ᠬᠤᠷᠠᠯ ᠪᠠ ᠮᠡᠳᠡᠭᠡ ᠵᠠᠩᠬᠢ ᠶᠢ | ᠮᠡᠳᠡᠬᠡᠯᠡᠬᠦ ᠲᠦᠷᠢᠮ ᠢ ᠪᠠᠶᠢᠭᠤᠯᠵᠦ᠂ ᠰᠢᠨ᠎ᠠ ᠰᠤᠷᠤᠨᠨᠴᠢ ᠶᠢᠨ ᠰᠤᠷᠭᠠᠭᠤᠯᠢ ᠳᠤ ᠤᠷᠤᠬᠤ ᠳᠤ ᠪᠡᠶ᠎ᠡ ᠶᠢ ᠨᠢ | ᠪᠠᠶᠢᠴᠠᠭᠠᠬᠤ᠂ ᠡᠪᠡᠳᠴᠢᠨ ᠠᠴᠠ ᠪᠤᠯᠵᠦ ᠬᠢᠴᠢᠶᠡᠯ ᠰᠠᠭᠠᠳᠠᠪᠠᠯ ᠲᠠᠩᠰᠠᠯᠠᠵᠦ ᠲᠡᠮᠳᠡᠭᠯᠡᠬᠦ᠂ ᠡᠪᠡᠳᠴᠢᠨ ᠤ | ᠰᠢᠯᠳᠠᠭᠠᠨ ᠢ ᠨᠢ ᠮᠦᠷᠳᠡᠬᠦ᠂ ᠡᠷᠡᠭᠦᠯ ᠡᠩᠬᠡ ᠶᠢᠨ ᠭᠦᠮᠦᠵᠢᠯ ᠵᠡᠷᠬᠡ ᠶᠡᠷᠦᠩᠬᠡᠶᠢᠯᠡᠭᠰᠡᠨ ᠰᠡᠷᠬᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠤᠷᠭᠠᠭᠤᠯᠢ ᠳᠤ ᠲᠦᠪᠯᠡᠷᠡᠯ ᠤᠨ ᠴᠢᠨᠠᠷᠳᠠᠢ | ᠬᠢᠵᠢᠭ ᠤᠨ ᠪᠠᠶᠢᠳᠠᠯ ᠡᠭᠦᠰᠬᠦ ᠠᠴᠠ ᠰᠡᠷᠬᠡᠶᠢᠯᠡᠨ᠎ᠠ᠃ ᠬᠢᠨᠠᠨ ᠬᠠᠮᠢᠶᠠᠷᠬᠤ ᠲᠠᠯᠠᠪᠤᠷ ᠭᠠᠵᠠᠷ ᠲᠠᠬᠢ ᠬᠢᠨᠠᠨ | ᠬᠠᠮᠢᠶᠠᠷᠤᠨᠨᠴᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠵᠦ᠂ ᠠᠭᠤᠰᠬᠢᠨ ᠤ ᠰᠦᠷᠢᠶ᠎ᠡ | ᠶᠢᠨ ᠡᠪᠡᠳᠴᠢᠳᠡᠨ ᠢ ᠡᠮᠨᠡᠨ ᠵᠠᠰᠠᠬᠤ ᠬᠠᠮᠢᠶᠠᠷᠤᠯᠳᠠ ᠶᠢ ᠨᠠᠶᠢᠳᠠᠪᠤᠷᠢᠵᠢᠭᠤᠯᠤᠨ᠂ ᠬᠤᠷᠢᠭᠤᠯ ︵ᠭᠠᠵᠠᠷ︶ ᠠᠴᠠ | ᠤᠳᠠᠯ ᠦᠬᠡᠢ ᠭᠠᠷᠬᠤ ᠪᠠᠷ ᠪᠠᠶᠢᠭ᠎ᠠ ᠪᠦᠷᠢᠮᠦᠰᠦᠨ ᠡᠳᠡᠬᠡᠷᠡᠭᠡ ᠦᠬᠡᠢ ᠠᠭᠤᠰᠬᠢᠨ ᠤ ᠰᠦᠷᠢᠶ᠎ᠡ ᠶᠢᠨ | ᠡᠪᠡᠳᠴᠢᠳᠡᠨ ᠳᠤ ᠬᠢᠨᠠᠯᠳᠠ ᠬᠠᠮᠢᠶᠠᠷᠤᠯᠳᠠ ᠶᠢᠨ ᠲᠠᠯᠠᠪᠤᠷ ᠭᠠᠵᠠᠷ ᠨᠢ ᠲᠠᠮᠵᠢᠭᠤᠯᠤᠨ ᠲᠠᠨᠢᠯᠴᠠᠭᠤᠯᠬᠤ ᠠᠵᠢᠯ ᠢ | ᠰᠠᠶᠢᠳᠤᠷ ᠬᠢᠵᠦ᠂ ᠬᠤᠯᠪᠤᠨᠨᠳᠠᠯ ᠪᠦᠭᠦᠢ ᠮᠡᠳᠡᠭᠡ ᠵᠠᠩᠬᠢ ᠶᠢ ᠬᠢᠨᠠᠯᠳᠠ ᠬᠠᠮᠢᠶᠠᠷᠤᠯᠳᠠ ᠶᠢᠨ ᠲᠠᠯᠠᠪᠤᠷ ᠭᠠᠵᠠᠷ ᠤᠨ | ᠪᠠᠶᠢᠭ᠎ᠠ ᠭᠠᠵᠠᠷ ᠪᠠ ᠬᠢᠨᠠᠨ ᠬᠠᠮᠢᠶᠠᠷᠤᠭᠤᠯᠤᠨᠨᠰᠠᠨ ᠠᠵᠢᠯᠳᠠᠨ ᠤ ᠡᠷᠦᠬᠡ ᠠᠮᠠ ᠶᠢᠨ ᠪᠠᠶᠢᠭ᠎ᠠ ᠭᠠᠵᠠᠷ ︵ᠪᠤᠶᠤ | ᠰᠠᠭᠤᠭ᠎ᠠ ᠭᠠᠵᠠᠷ︶ ᠤᠨ ᠡᠪᠡᠳᠴᠢᠨ ᠡᠮᠬᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ ᠪᠠᠶᠢᠭᠤᠯᠤᠮᠵᠢ ᠳᠤ | ᠮᠡᠳᠡᠬᠦᠯᠦᠨ ᠭᠦᠷᠬᠡᠵᠦ᠂ ᠤᠷᠤᠨ ᠨᠤᠳᠤᠭ ᠤᠨ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠨᠢ ᠦᠷᠭᠦᠯᠵᠢᠯᠡᠨ | ᠡᠮᠨᠡᠨ ᠵᠠᠰᠠᠬᠤ ᠶᠢ ᠪᠡᠶᠡᠯᠡᠬᠦᠯᠬᠦ ᠬᠡᠷᠡᠭᠳᠡᠢ᠃ | ︵ᠲᠤᠯᠤᠭ᠎ᠠ︶ ᠲᠤᠷᠰᠢᠯᠳᠠ ᠶᠢᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠰᠦᠷᠢᠶ᠎ᠡ ᠡᠪᠡᠳᠴᠢᠨ ᠢ ᠲᠦᠷᠬᠡᠨ | ᠤᠨᠤᠰᠢᠯᠠᠬᠤ ᠲᠤᠷᠰᠢᠯᠳᠠ ᠶᠢᠨ ᠲᠠᠰᠤᠭ ᠪᠠᠶᠢᠭᠤᠯᠬᠤ ᠡᠭᠦᠷᠬᠡ ᠶᠢ ᠪᠦᠭᠦ ᠲᠠᠯ᠎ᠠ ᠪᠠᠷ ᠪᠡᠶᠡᠯᠡᠬᠦᠯᠵᠦ᠂ ᠠᠶᠢᠮᠠᠭ ᠬᠤᠳᠠ | ᠶᠢᠨ ᠱᠠᠳᠤᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢᠨ ᠲᠤᠷᠰᠢᠯᠳᠠ ᠶᠢᠨ ᠲᠠᠰᠤᠭ ᠤᠳ ᠡᠮ ᠤᠨ | ᠬᠠᠷᠰᠢᠮᠠᠳᠠᠭᠠᠢ ᠶᠢᠨ ᠲᠤᠷᠰᠢᠯᠳᠠ᠂ ᠮᠦᠬᠦ ᠶᠢᠨ ᠪᠠᠺᠲ᠋ᠧᠷᠢ ᠶᠢᠨ ᠲᠦᠷᠦᠯ ᠢᠯᠭᠠᠯ ᠤᠨ ᠲᠤᠳᠤᠯᠠᠯᠳᠠ ᠪᠠ ᠰᠦᠷᠢᠶ᠎ᠡ | ᠡᠪᠡᠳᠴᠢᠨ ᠤ ᠮᠤᠯᠧᠺᠦ᠋ᠯ ᠤᠨ ᠠᠮᠢᠳᠤ ᠪᠤᠳᠠᠰ ᠤᠨ ᠤᠬᠠᠭᠠᠨ ᠤ ᠤᠨᠤᠰᠢᠯᠠᠯᠳᠠ ᠦᠷᠨᠢᠬᠦᠯᠬᠦ ᠴᠢᠳᠠᠪᠤᠷᠢ ᠶᠢ | ᠪᠦᠷᠢᠯᠳᠦᠬᠦᠯᠦᠨ᠎ᠠ᠃ ᠠᠯᠢᠪᠠ ᠬᠤᠰᠢᠭᠤ ᠰᠢᠶᠠᠨ ᠤ ᠱᠠᠳᠤᠨ ᠤ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢᠨ | ᠲᠤᠷᠰᠢᠯᠳᠠ ᠶᠢᠨ ᠲᠠᠰᠤᠭ ᠤᠳ ᠴᠠᠷ ᠨᠤᠯᠮᠤᠰᠤ ᠶᠢᠨ ᠲᠦᠷᠬᠢᠮᠡᠯ ᠢᠯᠳᠡᠰᠦ᠂ ᠴᠠᠷ ᠨᠤᠯᠮᠤᠰᠤ ᠪᠤᠶᠢᠵᠢᠭᠤᠯᠬᠤ ᠶᠢ | ᠰᠢᠯᠭᠠᠨ ᠪᠠᠶᠢᠴᠠᠭᠠᠬᠤ ᠴᠢᠳᠠᠪᠤᠷᠢ ᠵᠢᠴᠢ ᠮᠤᠯᠧᠺᠦ᠋ᠯ ᠤᠨ ᠠᠮᠢᠳᠤ ᠪᠤᠳᠠᠰ ᠤᠨ ᠤᠬᠠᠭᠠᠨ ᠤ ᠤᠨᠤᠰᠢᠯᠠᠬᠤ | ᠴᠢᠳᠠᠪᠤᠷᠢ ᠶᠢ ᠪᠦᠷᠢᠯᠳᠦᠬᠦᠯᠵᠦ᠂ ᠡᠭᠦᠨ ᠤ ᠬᠠᠮᠳᠤ ᠲᠤᠷᠰᠢᠯᠳᠠ ᠶᠢᠨ ᠲᠠᠰᠤᠭ ᠤᠨ ᠶᠠᠰᠤ ᠴᠢᠨᠠᠷ ᠢ ᠡᠵᠡᠮᠳᠡᠬᠦ ᠪᠠᠨ | ᠴᠢᠩᠭᠠᠳᠬᠠᠨ᠂ ᠮᠤᠯᠧᠺᠦ᠋ᠯ ᠤᠨ ᠠᠮᠢᠳᠤ ᠪᠤᠳᠠᠰ ᠤᠨ ᠤᠬᠠᠭᠠᠨ ᠤ ᠲᠤᠷᠰᠢᠯᠳᠠ ᠶᠢᠨ ᠲᠠᠰᠤᠭ ᠤᠨ ᠶᠠᠰᠤ ᠴᠢᠨᠠᠷ ᠤᠨ | ᠦᠨᠡᠯᠡᠯᠳᠡ ᠶᠢ ᠦᠷᠨᠢᠬᠦᠯᠵᠦ᠂ ᠴᠠᠷ ᠨᠤᠯᠮᠤᠰᠤ ᠪᠤᠶᠢᠵᠢᠭᠤᠯᠬᠤ ᠲᠤᠷᠰᠢᠯᠳᠠ ᠶᠢᠨ ᠲᠠᠰᠤᠭ ᠤᠨ ᠶᠠᠰᠤ ᠴᠢᠨᠠᠷ ᠲᠤ | ᠬᠤᠪᠢ ᠲᠤᠨᠨᠳᠠᠭᠠᠬᠤ ᠶᠢ ᠰᠤᠳᠤᠯᠤᠨ ᠦᠷᠨᠢᠬᠦᠯᠦᠨ᠎ᠠ᠃ | ︵ᠨᠠᠢᠮᠠ︶ ᠪᠤᠯᠪᠠᠰᠤᠷᠠᠭᠤᠯᠵᠦ ᠭᠦᠮᠦᠵᠢᠬᠦᠯᠬᠦ ᠡᠷᠴᠢᠮ ᠢᠶᠠᠨ ᠴᠢᠩᠭᠠᠷᠠᠭᠤᠯᠤᠨ᠎ᠠ᠃ | 1. ᠠᠵᠢᠯᠳᠠᠨ ᠤ ᠪᠤᠯᠪᠠᠰᠤᠷᠠᠭᠤᠯᠤᠯ ᠢ ᠴᠢᠩᠭᠠᠳᠬᠠᠨ᠎ᠠ᠃ ᠪᠦᠭᠦ ᠤᠷᠤᠨ ᠤ ᠡᠯ᠎ᠡ ᠱᠠᠳᠤᠨ ᠤ ᠡᠮᠴᠢᠯᠡᠬᠡᠨ ᠤ | ᠪᠠᠶᠢᠭᠤᠯᠤᠮᠵᠢ ᠨᠤᠭᠤᠳ ᠡᠮᠨᠡᠯᠬᠡ ᠶᠢᠨ ᠠᠵᠢᠯᠳᠠᠨ ᠢ ᠪᠤᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠦ᠂ ᠲᠤᠰᠬᠠᠢ | ᠵᠦᠢᠯ ᠤᠨ ᠪᠤᠯᠪᠠᠰᠤᠷᠠᠭᠤᠯᠬᠤ ᠲᠦᠯᠦᠪᠵᠢᠬᠦᠯᠬᠡ ᠪᠠ ᠤᠨ ᠤ ᠬᠡᠷᠡᠭᠵᠢᠬᠦᠯᠬᠦ ᠲᠦᠯᠦᠪᠯᠡᠭᠡ ᠲᠤᠨᠨᠳᠠᠭᠠᠨ᠂ ᠠᠳᠠᠯᠢ | ᠪᠤᠰᠤ ᠱᠠᠳᠤ ᠲᠡᠰ ᠤᠨ ᠡᠮᠨᠡᠯᠬᠡ ᠶᠢᠨ ᠠᠵᠢᠯᠳᠠᠨ ᠳᠤ ᠬᠠᠨᠳᠤᠯᠠᠭᠠᠳᠤ ᠴᠢᠨᠠᠷᠳᠠᠢ ᠪᠤᠯᠪᠠᠰᠤᠷᠠᠭᠤᠯᠤᠯ ᠦᠷᠨᠢᠬᠦᠯᠵᠦ᠂ | ᠰᠦᠷᠢᠶ᠎ᠡ ᠡᠪᠡᠳᠴᠢᠨ ᠤᠨᠤᠰᠢᠯᠠᠨ ᠵᠠᠰᠠᠬᠤ ᠪᠠ ᠰᠡᠷᠬᠡᠶᠢᠯᠡᠨ ᠵᠠᠰᠠᠬᠤ ᠶᠢ ᠡᠭᠦᠷᠬᠡᠯᠡᠵᠦ ᠪᠠᠶᠢᠭ᠎ᠠ ᠬᠠᠮᠢᠶᠠᠷᠤᠯᠳᠠ ᠶᠢᠨ | ᠠᠵᠢᠯᠳᠠᠨ ᠤ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ ᠰᠤᠷᠭᠠᠭᠤᠯᠢ᠂ | ᠬᠢᠨᠠᠯᠳᠠ ᠬᠠᠮᠢᠶᠠᠷᠤᠯᠳᠠ ᠶᠢᠨ ᠲᠠᠯᠠᠪᠤᠷ ᠭᠠᠵᠠᠷ᠂ ᠨᠡᠬᠦᠳᠡᠯ ᠭᠦᠮᠦᠨ ᠠᠮᠠ ᠬᠤᠷᠠᠨ ᠴᠤᠨᠨᠯᠠᠷᠬᠠᠰᠠᠨ ᠲᠠᠯᠠᠪᠤᠷ ᠭᠠᠵᠠᠷ | ᠵᠡᠷᠬᠡ ᠭᠤᠤᠯᠳᠠᠯᠭ᠎ᠠ ᠲᠠᠢ ᠨᠢᠬᠡᠴᠡ ᠳᠠᠬᠢ ᠰᠦᠷᠢᠶ᠎ᠡ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠤᠨ | ᠪᠤᠯᠪᠠᠰᠤᠷᠠᠭᠤᠯᠤᠯ ᠪᠠ ᠮᠡᠷᠬᠡᠵᠢᠯ ᠤᠨ ᠵᠢᠯᠤᠭᠤᠳᠤᠯᠭ᠎ᠠ ᠦᠷᠨᠢᠬᠦᠯᠬᠦ ᠶᠢ ᠴᠢᠩᠭᠠᠳᠬᠠᠵᠦ᠂ ᠨᠡᠬᠦᠳᠡᠯ ᠭᠦᠮᠦᠨ ᠠᠮᠠ᠂ | ᠬᠢᠨᠠᠨ ᠬᠠᠮᠢᠶᠠᠷᠬᠤ ᠡᠳᠡᠬᠡᠳ ᠤᠨ ᠰᠡᠷᠬᠡᠶᠢᠯᠡᠨ ᠡᠵᠡᠮᠳᠡᠬᠦ ᠦᠵᠡᠯ ᠤᠬᠠᠮᠰᠠᠷ ᠪᠠ ᠴᠢᠳᠠᠪᠤᠷᠢ ᠶᠢ | ᠲᠡᠬᠡᠭᠰᠢᠯᠡᠬᠦᠯᠦᠨ᠎ᠠ᠃ | 2. ᠡᠷᠡᠭᠦᠯ ᠡᠩᠬᠡ ᠪᠠᠷ ᠠᠬᠢᠭᠤᠯᠬᠤ ᠪᠠ ᠭᠦᠮᠦᠵᠢᠬᠦᠯᠬᠦ ᠶᠢ ᠴᠢᠩᠭᠠᠳᠬᠠᠨ᠎ᠠ᠃ ᠡᠷᠡᠭᠦᠯ ᠡᠩᠬᠡ ᠪᠠᠷ ᠰᠢᠶᠠᠨ ᠢ | ᠠᠬᠢᠭᠤᠯᠬᠤ ᠶᠢ ᠡᠭᠦᠳᠦᠨ ᠪᠠᠶᠢᠭᠤᠯᠬᠤ ᠪᠠᠷ ᠠᠵᠠ ᠲᠤᠬᠢᠶᠠᠯ ᠪᠤᠯᠭᠠᠵᠦ᠂ ᠡᠷᠡᠭᠦᠯ ᠡᠩᠬᠡ ᠲᠠᠯᠠᠪᠤᠷ ᠭᠠᠵᠠᠷ᠂ ᠡᠷᠡᠭᠦᠯ | ᠡᠩᠬᠡ ᠨᠡᠶᠢᠬᠡᠮ ᠲᠤᠭᠤᠷᠢᠭ ᠪᠠ ᠡᠷᠡᠭᠦᠯ ᠡᠩᠬᠡ ᠬᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠬᠡᠨ ᠢᠶᠠᠷ | ᠦᠷᠨᠢᠬᠦᠯᠦᠨ᠂ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠬᠡᠪ ᠴᠢᠨᠠᠷ ᠤᠨ ᠲᠦᠪᠰᠢᠨ ᠢ ᠪᠦᠭᠦ ᠲᠠᠯ᠎ᠠ ᠪᠠᠷ | ᠲᠡᠬᠡᠭᠰᠢᠯᠡᠬᠦᠯᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠷᠡᠭᠦᠯ ᠡᠩᠬᠡ ᠶᠢᠨ ᠭᠦᠮᠦᠵᠢᠯ ᠢ ᠦᠨᠳᠦᠰᠦᠨ | ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠡᠷᠡᠭᠦᠯ ᠡᠩᠬᠡ ᠶᠢᠨ ᠭᠦᠮᠦᠵᠢᠯ ᠤᠨ ᠲᠦᠯᠦᠪᠯᠡᠭᠡ ᠳᠤ ᠤᠷᠤᠭᠤᠯᠤᠨ᠎ᠠ᠃ | ︽ᠲᠡᠯᠡᠬᠡᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠳᠦᠷ︾ ᠵᠡᠷᠬᠡ ᠠᠵᠢᠯᠯᠠᠭ᠎ᠠ ᠶᠢ ᠠᠰᠢᠨᠨᠯᠠᠵᠦ᠂ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠤᠯᠠᠮᠵᠢᠯᠠᠨ ᠭᠦᠳᠦᠯᠦᠨ ᠵᠢᠯᠤᠭᠤᠳᠬᠤ ᠶᠢ ᠦᠷᠬᠡᠨ ᠢᠶᠠᠷ | ᠦᠷᠨᠢᠬᠦᠯᠦᠨ᠂ ᠡᠪᠡᠳᠴᠢᠳᠡᠨ ᠵᠢᠴᠢ ᠬᠡᠷ ᠪᠦᠯᠢ ᠳᠤᠨᠢ ᠬᠠᠨᠳᠤᠯᠠᠭᠠᠳᠤ ᠴᠢᠨᠠᠷᠳᠠᠢ ᠪᠠᠷ ᠡᠷᠡᠭᠦᠯ ᠡᠩᠬᠡ ᠶᠢᠨ | ᠭᠦᠮᠦᠵᠢᠯ ᠤᠨ ᠠᠵᠢᠯᠯᠠᠭ᠎ᠠ ᠶᠠᠪᠤᠭᠤᠯᠤᠨ᠎ᠠ᠃ ᠤᠬᠠᠭᠤᠯᠭ᠎ᠠ ᠶᠢᠨ ᠬᠡᠯᠪᠡᠷᠢ ᠮᠠᠶ᠋ᠢᠭ ᠲᠤ ᠰᠢᠨ᠎ᠠ ᠶᠢ ᠡᠭᠦᠳᠴᠦ᠂ | ᠤᠬᠠᠭᠤᠯᠭ᠎ᠠ ᠶᠢᠨ ᠦᠷ᠎ᠡ ᠪᠦᠳᠦᠮᠵᠢ ᠶᠢ ᠴᠢᠩᠭᠠᠷᠠᠭᠤᠯᠤᠨ᠂ ᠵᠠᠰᠠᠭ ᠤᠨ ᠤᠷᠳᠤᠨ᠂ ᠵᠠᠭᠤᠴᠢᠯᠠᠭᠤᠷ᠂ ᠤᠯᠠᠨ | ᠲᠦᠮᠡᠨ ᠵᠡᠷᠬᠡ ᠶᠢᠨ ᠰᠦᠷᠢᠶ᠎ᠡ ᠡᠪᠡᠳᠴᠢᠨ ᠬᠢᠬᠡᠳ ᠰᠡᠷᠬᠡᠶᠢᠯᠡᠨ ᠵᠠᠰᠬᠠᠤ ᠠᠵᠢᠯ ᠢ ᠬᠠᠯᠠᠮᠵᠢᠯᠠᠨ ᠠᠩᠬᠠᠷᠬᠤ | ᠭᠦᠴᠦᠯᠡᠴᠡ ᠶᠢ ᠲᠡᠬᠡᠭᠰᠢᠯᠡᠬᠦᠯᠵᠦ᠂ ᠨᠡᠶᠢᠳᠡ ᠤᠯᠠᠨ ᠤ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠭᠤᠤᠯ | ᠮᠡᠳᠡᠯᠬᠡ ᠶᠢ ᠮᠡᠳᠡᠷᠡᠬᠦ ᠨᠤᠷᠮ᠎ᠠ ᠶᠢ ᠲᠡᠬᠡᠭᠰᠢᠯᠡᠬᠦᠯᠦᠨ᠎ᠠ᠃ | ︵ᠶᠢᠰᠦ︶ ᠮᠡᠳᠡᠭᠡ ᠵᠠᠩᠬᠢᠵᠢᠯᠳᠠ ᠶᠢᠨ ᠬᠠᠮᠢᠶᠠᠷᠤᠯᠳᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠪᠦᠭᠦ | ᠠᠷᠠᠳ ᠢ ᠡᠷᠡᠭᠦᠯ ᠡᠩᠬᠡ ᠪᠠᠶᠢᠯᠭᠠᠬᠤ ᠶᠢ ᠪᠠᠳᠤᠯᠠᠬᠤ ᠮᠡᠳᠡᠭᠡ ᠵᠠᠩᠬᠢᠵᠢᠯᠳᠠ ᠶᠢᠨ ᠢᠨᠵᠧᠨᠧᠷᠢᠩ ᠳᠤ ᠲᠦᠰᠢᠭᠯᠡᠵᠦ᠂ | ᠰᠦᠷᠢᠶ᠎ᠡ ᠡᠪᠡᠳᠴᠢᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠴᠠᠭ ᠲᠤᠬᠠᠶᠢᠳᠤ ᠴᠢᠨᠠᠷ᠂ ᠪᠦᠷᠢᠨ ᠲᠡᠭᠦᠯᠳᠡᠷ | ᠴᠢᠨᠠᠷ ᠪᠠ ᠤᠨᠤᠪᠴᠢᠳᠤ ᠴᠢᠨᠠᠷ ᠢ ᠲᠡᠬᠡᠭᠰᠢᠯᠡᠬᠦᠯᠦᠨ᠂ ᠰᠦᠷᠢᠶ᠎ᠡ ᠡᠪᠡᠳᠴᠢᠨ ᠤ ᠮᠡᠳᠡᠭᠡ ᠵᠠᠩᠬᠢ ᠶᠢᠨ | ᠮᠡᠳᠡᠭᠦᠯᠦᠯᠳᠡ ᠶᠢ ᠵᠢᠷᠤᠮᠵᠢᠭᠤᠯᠤᠨ᠎ᠠ᠃ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠶᠢ ᠤᠯᠤᠰ ᠤᠨ ᠰᠦᠷᠢᠶ᠎ᠡ | ᠡᠪᠡᠳᠴᠢᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠳᠤ ᠤᠷᠤᠭᠤᠯᠵᠦ᠂ ᠠᠭᠤᠰᠬᠢᠨ ᠤ ᠰᠦᠷᠢᠶ᠎ᠡ | ᠡᠪᠡᠳᠴᠢᠳᠡᠨ ᠢ ᠲᠠᠩᠰᠠᠯᠠᠨ ᠲᠡᠮᠳᠡᠭᠯᠡᠬᠦ᠂ ᠤᠨᠤᠰᠢᠯᠠᠵᠦ ᠡᠮᠨᠡᠨ ᠵᠠᠰᠠᠬᠤ ᠪᠠ ᠲᠠᠭᠠᠨ ᠪᠠᠶᠢᠴᠠᠭᠠᠵᠦ ᠲᠠᠬᠢᠨ | ᠪᠠᠶᠢᠴᠠᠭᠠᠬᠤ ᠵᠡᠷᠬᠡ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠎ᠠ᠃ ᠲᠤᠨᠨᠳ᠋ᠬᠠᠰᠠᠨ ᠡᠮᠴᠢᠯᠡᠬᠡᠨ ᠤ ᠪᠠᠶᠢᠭᠤᠯᠤᠮᠵᠢ ᠪᠠ | ᠦᠨᠳᠦᠰᠦᠨ ᠱᠠᠳᠤᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠳᠤ ᠶᠢᠨ ᠪᠠᠶᠢᠭ᠎ᠠ ᠮᠡᠳᠡᠭᠡ | ᠵᠠᠩᠬᠢ ᠶᠢᠨ ᠰᠢᠰᠲ᠋ᠧᠮ ᠢ ᠭᠦᠢᠴᠡᠳ ᠠᠰᠢᠨᠨᠯᠠᠵᠦ᠂ ᠮᠡᠳᠡᠭᠡ ᠵᠠᠩᠬᠢ ᠶᠢ ᠡᠮᠬᠢᠯᠡᠨ ᠨᠡᠶᠢᠯᠡᠬᠦᠯᠬᠦ ᠶᠢ ᠴᠢᠩᠭᠠᠳᠬᠠᠨ᠎ᠠ᠃ | ᠲᠤᠷᠰᠢᠯᠳᠠ ᠶᠢᠨ ᠰᠠᠭᠤᠷᠢᠨ ᠳᠤ ᠰᠦᠷᠢᠶ᠎ᠡ ᠡᠪᠡᠳᠴᠢᠨ ᠲᠠᠢ ᠡᠪᠡᠳᠴᠢᠳᠡᠨ ᠢ ᠰᠢᠭᠰᠢᠨ ᠪᠠᠶᠢᠴᠠᠭᠠᠬᠤ᠂ ᠡᠮᠨᠡᠯᠬᠡ | ᠰᠢᠯᠵᠢᠭᠰᠡᠨ ᠴᠤ ᠮᠦᠷᠳᠡᠬᠦ᠂ ᠤᠨᠤᠰᠢᠯᠠᠨ ᠲᠤᠳᠤᠯᠠᠵᠦ ᠡᠮᠨᠡᠬᠦ᠂ ᠲᠠᠭᠠᠨ ᠪᠠᠶᠢᠴᠠᠭᠠᠵᠦ ᠲᠠᠬᠢᠨ ᠪᠠᠶᠢᠴᠠᠭᠠᠬᠤ᠂ ᠡᠮᠨᠡᠨ | ᠵᠠᠰᠠᠬᠤ ᠶᠢ ᠬᠠᠮᠢᠶᠠᠷᠬᠤ ᠵᠡᠷᠬᠡ ᠪᠦᠭᠦ ᠶᠠᠪᠤᠴᠠ ᠶᠢ ᠮᠡᠳᠡᠭᠡ ᠵᠠᠩᠬᠢᠵᠢᠭᠤᠯᠵᠦ ᠬᠠᠮᠢᠶᠠᠷᠬᠤ ᠶᠢ ᠠᠯᠬᠤᠮ ᠠᠯᠬᠤᠮ ᠢᠶᠠᠷ | ᠪᠡᠶᠡᠯᠡᠬᠦᠯᠵᠦ᠂ ᠡᠪᠡᠳᠴᠢᠨ ᠡᠮᠬᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ ᠪᠠᠶᠢᠭᠤᠯᠤᠮᠵᠢ᠂ ᠡᠮᠴᠢᠯᠡᠬᠡᠨ ᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠦᠨᠳᠦᠰᠦᠨ ᠡᠮᠴᠢᠯᠡᠬᠡᠨ ᠤ ᠲᠠᠭᠠᠳᠬᠠᠯ ᠢ ᠭᠠᠷᠳᠠᠵᠦ ᠭᠦᠢᠴᠡᠳᠬᠡᠬᠦ ᠪᠠᠶᠢᠭᠤᠯᠤᠮᠵᠢ | ᠶᠢᠨ ᠬᠤᠭᠤᠷᠤᠨᠳᠤᠬᠢ ᠭᠦᠨᠳᠡᠯᠡᠨ᠂ ᠭᠤᠯᠳᠤ ᠴᠢᠭᠯᠡᠯ ᠤᠨ ᠮᠡᠳᠡᠭᠡ ᠵᠠᠩᠬᠢ ᠶᠢ ᠬᠠᠮᠳᠤ ᠪᠠᠷ ᠭᠦᠷᠳᠡᠬᠦ ᠶᠢ | ᠪᠡᠶᠡᠯᠡᠬᠦᠯᠦᠨ᠎ᠠ᠃ | ᠲᠦᠷᠪᠡ᠂ ᠵᠤᠬᠢᠶᠠᠨ ᠪᠠᠶᠢᠭᠤᠯᠵᠦ ᠬᠡᠷᠡᠭᠵᠢᠬᠦᠯᠬᠦ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ | ᠤᠷᠤᠨ ᠨᠤᠭᠤᠳ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ | ᠰᠡᠷᠬᠡᠶᠢᠯᠡᠨ ᠵᠠᠰᠠᠬᠤ ᠬᠠᠤᠯᠢ︾ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠤᠬᠢᠶᠠᠨ ᠪᠠᠶᠢᠭᠤᠯᠤᠯᠳᠠ | ᠶᠢᠨ ᠤᠳᠤᠷᠢᠳᠤᠯᠭ᠎ᠠ ᠶᠢ ᠤᠯᠠᠮ ᠨᠢᠬᠡ ᠠᠯᠬᠤᠮ ᠴᠢᠩᠭᠠᠳᠬᠠᠨ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠬᠠᠤ | ᠠᠵᠢᠯ ᠢ ᠠᠷᠠᠳ ᠤᠨ ᠠᠮᠢᠳᠤᠷᠠᠯ ᠤᠨ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠤᠯᠭᠠᠵᠦ᠂ ᠲᠤᠬᠠᠢ ᠶᠢᠨ | ᠭᠠᠵᠠᠷ ᠤᠨ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠲᠦᠯᠦᠪᠵᠢᠬᠦᠯᠬᠡ ᠪᠠ ᠵᠠᠰᠠᠭ ᠤᠨ ᠤᠷᠳᠤᠨ ᠤ | ᠬᠠᠷᠠᠯᠳᠠᠳᠤ ᠬᠠᠮᠢᠶᠠᠷᠤᠯᠳᠠ ᠶᠢ ᠰᠢᠯᠭᠠᠨ ᠬᠢᠨᠠᠬᠤ ᠠᠭᠤᠯᠭ᠎ᠠ ᠳᠤ ᠤᠷᠤᠭᠤᠯᠤᠨ᠂ ᠪᠤᠳᠠᠳᠠᠢ ᠲᠠᠢ ᠤᠶᠠᠯᠳᠤᠭᠤᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠲᠤᠳᠤᠷᠬᠠᠶᠢᠯᠠᠵᠦ᠂ ᠲᠦᠯᠦᠪᠵᠢᠬᠦᠯᠬᠡ ᠶᠢᠨ | ᠡᠭᠦᠷᠬᠡ ᠪᠠᠨ ᠪᠡᠶᠡᠯᠡᠬᠦᠯᠬᠦ ᠬᠡᠷᠡᠭᠳᠡᠢ᠃ ᠰᠠᠭᠤᠭ᠎ᠠ ᠭᠠᠵᠠᠷ ᠤᠨ ᠴᠡᠷᠢᠭ ᠠᠩᠬᠢ ᠠᠴᠠ ᠰᠦᠷᠢᠶ᠎ᠡ ᠡᠪᠡᠳᠴᠢᠨ ᠢ | ᠰᠡᠷᠬᠡᠶᠢᠯᠡᠨ ᠵᠠᠰᠠᠬᠤ ᠠᠵᠢᠯ ᠦᠷᠨᠢᠬᠦᠯᠬᠦ ᠶᠢ ᠲᠡᠮᠵᠢᠨ᠎ᠠ᠃ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ | ᠰᠠᠯᠠᠭ᠎ᠠ ᠮᠦᠴᠢᠷ ᠤᠳ ᠲᠤᠰ ᠲᠦᠯᠦᠪᠵᠢᠬᠦᠯᠬᠡ ᠶᠢᠨ ᠪᠦᠳᠦᠬᠡᠨ ᠪᠠᠶᠢᠭᠤᠯᠬᠤ ᠡᠭᠦᠷᠬᠡ ᠶᠢᠨ ᠲᠤᠭᠤᠷᠢᠨ ᠳᠤ ᠡᠯ᠎ᠡ | ᠬᠤᠯᠪᠤᠨᠨᠳᠠᠯ ᠪᠦᠭᠦᠢ ᠰᠠᠯᠠᠭ᠎ᠠ ᠮᠦᠴᠢᠷ᠂ ᠴᠡᠷᠢᠭ ᠠᠩᠬᠢ ᠪᠠ ᠵᠡᠪᠰᠡᠭᠳᠦ ᠴᠬᠠᠳᠠᠭᠠᠨ ᠤ ᠠᠩᠬᠢ ᠲᠠᠢ ᠨᠡᠪᠳᠡᠷᠡᠯᠴᠡᠵᠦ | ᠬᠠᠮᠵᠢᠯᠴᠠᠬᠤ ᠪᠠᠨ ᠴᠢᠩᠭᠠᠳᠬᠠᠨ᠂ ᠠᠵᠢᠯ ᠢ ᠵᠤᠯᠭᠠᠭᠤᠯᠬᠤ ᠠᠰᠠᠭᠤᠳᠠᠯ ᠢ ᠬᠠᠮᠳᠤ ᠪᠠᠷ ᠰᠤᠳᠤᠯᠤᠨ ᠰᠶᠢᠳᠪᠦᠷᠢᠯᠡᠬᠦ | ᠬᠡᠷᠡᠭᠳᠡᠢ᠃ | ︵ᠬᠤᠶᠠᠷ︶ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠦᠪᠡᠷᠳᠡᠬᠡᠨ | ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠨᠢ ᠭᠦᠨᠳᠦ ᠡᠪᠡᠳᠴᠢᠨ ᠡᠮᠬᠡᠭ ᠢ | ᠰᠡᠷᠬᠡᠶᠢᠯᠡᠨ ᠵᠠᠰᠬᠠᠤ ᠠᠵᠢᠯ ᠤᠨ ᠬᠠᠮᠳᠤᠷᠬᠠᠰᠠᠨ ᠬᠤᠷᠠᠯ ᠤᠨ ᠠᠯᠪᠠᠨ ᠬᠡᠷ ᠤᠨ ᠨᠢᠬᠡᠳᠦᠯᠳᠡᠢ ᠲᠦᠯᠦᠪᠵᠢᠬᠦᠯᠦᠨ | ᠬᠠᠮᠵᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ | ᠬᠠᠮᠳᠤᠷᠠᠨ ᠲᠤᠰ ᠲᠦᠯᠦᠪᠵᠢᠬᠦᠯᠬᠡ ᠶᠢ ᠬᠠᠮᠳᠤ ᠪᠠᠷ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢᠨ ᠬᠠᠮᠳᠤ ᠬᠢᠨᠠᠯᠳᠠ | ᠲᠠᠯᠪᠢᠨ ᠦᠨᠡᠯᠡᠨ ᠵᠢᠱᠢᠬᠦ ᠶᠢ ᠦᠷᠨᠢᠬᠦᠯᠬᠦ ᠬᠡᠷᠡᠭᠳᠡᠢ︔ ᠶᠠᠳᠠᠭᠤ ᠭᠦᠴᠢᠷᠳᠡᠯᠳᠡᠢ ᠭᠠᠵᠠᠷ ᠤᠷᠤᠨ ᠤ ᠰᠦᠷᠢᠶ᠎ᠡ | ᠡᠪᠡᠳᠴᠢᠨ ᠢ ᠰᠡᠷᠬᠡᠶᠢᠯᠡᠨ ᠵᠠᠰᠠᠬᠤ ᠡᠷᠴᠢᠮ ᠢ ᠴᠢᠩᠭᠠᠳᠬᠠᠵᠦ᠂ ᠭᠦᠳᠡᠭᠡ ᠲᠤᠰᠬᠤᠨ ᠮᠠᠯᠵᠢᠬᠤ ᠤᠷᠤᠨ ᠤ ᠶᠠᠳᠠᠭᠤ | ᠭᠦᠴᠢᠷᠳᠡᠯᠳᠡᠢ ᠰᠦᠷᠢᠶ᠎ᠡ ᠡᠪᠡᠳᠴᠢᠳᠡᠨ ᠢ ᠲᠦᠷᠦᠯ ᠬᠤᠪᠢᠶᠠᠵᠦ ᠠᠪᠤᠷᠠᠨ ᠵᠠᠰᠠᠬᠤ ᠶᠢ ᠶᠠᠪᠤᠨᠨᠳᠠᠭᠤᠯᠬᠤ ᠬᠡᠷᠡᠭᠳᠡᠢ︔ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠶᠢ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠳᠤ ᠬᠢᠨᠠᠯᠳᠠ | ᠲᠠᠯᠪᠢᠵᠦ ᠬᠠᠤᠯᠢ ᠬᠡᠷᠡᠭᠵᠢᠬᠦᠯᠬᠦ ᠶᠢᠨ ᠴᠢᠬᠤᠯᠠ ᠠᠭᠤᠯᠭ᠎ᠠ ᠪᠤᠯᠭᠠᠨ᠎ᠠ︔ ᠰᠦᠷᠢᠶ᠎ᠡ ᠡᠪᠡᠳᠴᠢᠨ ᠢ ᠰᠡᠷᠬᠡᠶᠢᠯᠡᠨ | ᠵᠠᠰᠠᠬᠤ ᠦᠢᠯᠡᠴᠢᠯᠡᠬᠡᠨ ᠤ ᠲᠤᠤᠷ ᠰᠦᠯᠵᠢᠶ᠎ᠡ ᠪᠠ ᠲᠤᠰᠬᠠᠶᠢᠵᠢᠨᠨᠰᠠᠨ ᠡᠩᠨᠡᠭᠡ ᠶᠢᠨ ᠪᠠᠶᠢᠭᠤᠯᠤᠯᠳᠠ ᠶᠢ ᠬᠠᠮᠵᠢᠯᠴᠠᠵᠦ | ᠵᠤᠬᠢᠴᠠᠭᠤᠯᠤᠨ ᠲᠡᠭᠦᠯᠳᠡᠷᠵᠢᠬᠦᠯᠬᠦ ᠬᠡᠷᠡᠭᠳᠡᠢ︔ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠭᠡ ᠵᠠᠩᠬᠢ ᠶᠢᠨ | ᠬᠠᠮᠢᠶᠠᠷᠤᠯᠳᠠ ᠪᠠ ᠬᠠᠮᠳᠤ ᠪᠠᠷ ᠭᠦᠷᠳᠡᠬᠦ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠤᠬᠠᠭᠤᠯᠭ᠎ᠠ᠂ | ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠵᠡᠷᠬᠡ ᠰᠠᠯᠠᠭ᠎ᠠ ᠮᠦᠴᠢᠷ ᠤᠳ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠰᠠᠯᠠᠭ᠎ᠠ ᠮᠦᠴᠢᠷ ᠲᠠᠢ ᠬᠠᠮᠵᠢᠯᠴᠠᠵᠦ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠤᠨ | ᠨᠡᠶᠢᠳᠡ ᠶᠢᠨ ᠠᠰᠠᠷᠠᠮᠵᠢ ᠶᠢᠨ ᠤᠬᠠᠭᠤᠯᠭ᠎ᠠ ᠦᠷᠨᠢᠬᠦᠯᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ | ᠮᠡᠳᠡᠯᠬᠡ ᠶᠢ ᠶᠡᠬᠡᠪᠡᠷ ᠲᠦᠬᠡᠮᠡᠯᠵᠢᠬᠦᠯᠬᠦ ᠬᠡᠷᠡᠭᠳᠡᠢ᠃ ᠭᠦᠭᠵᠢᠬᠦᠯᠦᠯᠳᠡ ᠦᠬᠡᠷᠡᠴᠢᠯᠡᠯᠳᠡ ᠶᠢᠨ ᠰᠠᠯᠠᠭ᠎ᠠ ᠮᠦᠴᠢᠷ ᠨᠢ | ᠡᠪᠡᠳᠴᠢᠨ ᠡᠮᠬᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ ᠪᠠᠶᠢᠭᠤᠯᠤᠮᠵᠢ ᠰᠦᠷᠢᠶ᠎ᠡ ᠡᠪᠡᠳᠴᠢᠨ ᠢ ᠡᠮᠨᠡᠨ ᠵᠠᠰᠠᠬᠤ | ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠶᠢ ᠬᠠᠷᠢᠭᠤᠴᠠᠨ᠂ ᠰᠦᠷᠢᠶ᠎ᠡ | ᠡᠪᠡᠳᠴᠢᠨ ᠵᠡᠷᠬᠡ ᠭᠦᠨᠳᠦ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠬᠠᠤ ᠪᠡᠯᠡᠳᠬᠡᠮᠵᠢ ᠶᠢᠨ ᠨᠦᠭᠦᠴᠡᠯ ᠢ | ᠰᠠᠶᠢᠵᠢᠷᠠᠭᠤᠯᠤᠨ᠎ᠠ᠃ ᠰᠤᠷᠭᠠᠨ ᠭᠦᠮᠦᠵᠢᠯ ᠤᠨ ᠰᠠᠯᠠᠭ᠎ᠠ ᠮᠦᠴᠢᠷ ᠨᠢ ᠰᠤᠷᠭᠠᠭᠤᠯᠢ ᠶᠢᠨ ᠰᠦᠷᠢᠶ᠎ᠡ ᠡᠪᠡᠳᠴᠢᠨ ᠢ | ᠰᠡᠷᠬᠡᠶᠢᠯᠡᠨ ᠵᠠᠰᠠᠬᠤ ᠮᠡᠳᠡᠯᠬᠡ ᠶᠢᠨ ᠤᠬᠠᠭᠤᠯᠭ᠎ᠠ ᠭᠦᠮᠦᠵᠢᠯ ᠢ ᠴᠢᠩᠭᠠᠳᠬᠠᠬᠤ ᠶᠢ ᠬᠠᠷᠢᠭᠤᠴᠠᠨ᠂ ᠰᠢᠨ᠎ᠠ | ᠰᠤᠷᠤᠨᠨᠴᠢ ᠶᠢᠨ ᠰᠤᠷᠭᠠᠭᠤᠯᠢ ᠳᠤ ᠤᠷᠤᠬᠤ ᠪᠡᠶ᠎ᠡ ᠶᠢᠨ ᠪᠠᠶᠢᠴᠠᠭᠠᠯᠳᠠ ᠵᠡᠷᠬᠡ ᠰᠤᠷᠭᠠᠭᠤᠯᠢ ᠶᠢᠨ ᠰᠦᠷᠢᠶ᠎ᠡ | ᠡᠪᠡᠳᠴᠢᠨ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠦ᠂ | ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠤᠷᠴᠢᠨ ᠨᠦᠭᠦᠴᠡᠯ ᠢ ᠡᠭᠦᠳᠦᠨ ᠪᠠᠶᠢᠭᠤᠯᠵᠦ᠂ | ᠰᠤᠷᠭᠠᠭᠤᠯᠢ ᠶᠢ ᠬᠢᠨᠠᠨ ᠵᠢᠯᠤᠭᠤᠳᠴᠤ ᠪᠠᠶᠢᠭᠠᠳ ᠡᠪᠡᠳᠴᠢᠨ ᠡᠮᠬᠡᠭ ᠢ ᠰᠡᠷᠬᠡᠶᠢᠯᠡᠨ ᠵᠠᠰᠠᠵᠦ ᠡᠵᠡᠮᠳᠡᠬᠦ | ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ ᠬᠢᠵᠢᠭ ᠤᠨ ᠪᠠᠶᠢᠳᠠᠯ ᠢ ᠮᠡᠳᠡᠬᠦᠯᠬᠦ ᠶᠢ ᠰᠠᠶᠢᠳᠤᠷ ᠬᠢᠯᠬᠡᠵᠦ᠂ ᠰᠦᠷᠢᠶ᠎ᠡ | ᠡᠪᠡᠳᠴᠢᠨ ᠤ ᠬᠢᠵᠢᠭ ᠤᠨ ᠪᠠᠶᠢᠳᠠᠯ ᠰᠤᠷᠭᠠᠭᠤᠯᠢ ᠳᠤ ᠲᠡᠯᠬᠡᠷᠡᠬᠦ ᠶᠢ ᠴᠢᠩᠭ᠎ᠠ ᠰᠡᠷᠬᠡᠶᠢᠯᠡᠨ᠎ᠠ᠃ ᠰᠢᠨᠵᠢᠯᠡᠬᠦ ᠤᠠᠬᠠᠭᠠᠨ | ᠮᠡᠷᠬᠡᠵᠢᠯ ᠤᠨ ᠰᠠᠯᠠᠭ᠎ᠠ ᠮᠦᠴᠢᠷ ᠨᠢ ᠰᠦᠷᠢᠶ᠎ᠡ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠬᠦ ᠵᠡᠷᠬᠡ ᠰᠢᠨ᠎ᠠ | ᠮᠡᠷᠬᠡᠵᠢᠯ ᠤᠨ ᠰᠤᠳᠤᠯᠭᠠᠨ ᠳᠠᠬᠢ ᠰᠢᠨᠵᠢᠯᠡᠬᠦ ᠤᠠᠬᠠᠭᠠᠨ ᠤ ᠰᠤᠳᠤᠯᠤᠯ ᠤᠨ ᠲᠦᠰᠦᠯ ᠳᠤ ᠤᠷᠤᠭᠤᠯᠬᠤ ᠶᠢ | ᠬᠠᠷᠢᠭᠤᠴᠠᠨ ᠴᠢᠩᠭᠠᠳᠬᠠᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠴᠢᠬᠤᠯᠠ ᠶᠡᠭᠡ ᠲᠤᠰᠬᠠᠢ ᠵᠦᠢᠯ ᠵᠡᠷᠬᠡ | ᠰᠢᠨᠵᠢᠯᠡᠬᠦ ᠤᠠᠬᠠᠭᠠᠨ ᠤ ᠰᠤᠳᠤᠯᠤᠯ ᠤᠨ ᠲᠦᠷᠦᠯ ᠵᠦᠢᠯ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ | ᠰᠤᠳᠤᠯᠭᠠᠨ ᠤ ᠠᠵᠢᠯ ᠢ ᠲᠡᠮᠵᠢᠬᠦ ᠶᠢ ᠠᠬᠢᠭᠤᠯᠤᠨ᠎ᠠ︔ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢᠨ | ᠤᠬᠠᠭᠤᠯᠭ᠎ᠠ ᠶᠢ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠠᠵᠢᠯ ᠤᠨ ᠲᠦᠯᠦᠪᠯᠡᠭᠡ ᠳᠤ ᠤᠷᠤᠭᠤᠯᠤᠨ᠎ᠠ᠃ | ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠢ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠰᠠᠯᠠᠭ᠎ᠠ ᠮᠦᠴᠢᠷ ᠲᠠᠢ ᠬᠠᠮᠳᠤᠷᠠᠨ ᠬᠢᠨᠳᠡᠨ᠂ ᠬᠤᠷᠢᠭᠤᠯ᠂ ᠲᠦᠷ ᠬᠤᠷᠢᠬᠤ ᠭᠠᠵᠠᠷ᠂ | ᠬᠤᠷᠢᠶᠠᠮᠵᠢᠯᠠᠵᠦ ᠭᠦᠮᠦᠵᠢᠬᠦᠯᠬᠦ ᠭᠠᠵᠠᠷ᠂ ᠠᠯᠪᠠᠳᠠᠯᠭ᠎ᠠ ᠪᠠᠷ ᠲᠤᠰᠠᠭᠠᠷᠯᠠᠵᠦ ᠬᠤᠤᠷ ᠲᠠᠳᠠᠬᠤ ᠶᠢ ᠵᠤᠨᠨᠰᠤᠭᠠᠬᠤ | ᠭᠠᠵᠠᠷ᠂ ᠠᠯᠪᠠᠳᠠᠯᠭ᠎ᠠ ᠪᠠᠷ ᠡᠮᠴᠢᠯᠡᠬᠦ ᠭᠠᠵᠠᠷ ᠵᠡᠷᠬᠡ ᠲᠠᠯᠠᠪᠤᠷ ᠭᠠᠵᠠᠷ ᠲᠤ ᠬᠢᠨᠠᠨ ᠬᠠᠮᠢᠶᠠᠷᠤᠭᠤᠯᠵᠦ ᠪᠠᠶᠢᠭ᠎ᠠ | ᠭᠦᠮᠦᠰ ᠲᠤ ᠰᠦᠷᠢᠶ᠎ᠡ ᠡᠪᠡᠳᠴᠢᠨ ᠤ ᠪᠠᠶᠢᠴᠠᠭᠠᠯᠳᠠ ᠪᠠ ᠡᠮᠨᠡᠨ ᠵᠠᠰᠠᠬᠤ ᠬᠠᠮᠢᠶᠠᠷᠤᠯᠳᠠ ᠦᠷᠨᠢᠬᠦᠯᠦᠨ᠎ᠠ︔ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠺᠠᠳ᠋ᠷ ᠴᠬᠠᠳᠠᠭ᠎ᠠ | ᠪᠠ ᠡᠮᠨᠡᠯᠬᠡ ᠶᠢᠨ ᠠᠵᠢᠯᠳᠠᠨ ᠤ ᠠᠵᠢᠯ ᠤᠨ ᠪᠠᠶᠢᠷᠢ ᠶᠢᠨ ᠪᠤᠯᠪᠠᠰᠤᠷᠠᠭᠤᠯᠤᠯ ᠪᠠ ᠭᠦᠮᠦᠵᠢᠬᠦᠯᠬᠦ ᠠᠭᠤᠯᠭ᠎ᠠ ᠳᠤ | ᠤᠷᠤᠭᠤᠯᠵᠦ᠂ ᠬᠢᠨᠠᠨ ᠬᠠᠮᠢᠶᠠᠷᠤᠭᠤᠯᠵᠦ ᠪᠠᠶᠢᠭ᠎ᠠ ᠭᠦᠮᠦᠰ ᠤᠨ ᠬᠤᠷᠢᠭᠤᠯ ᠳᠤ ᠤᠷᠤᠬᠤ ︵ᠭᠠᠵᠠᠷ︶ ᠪᠠ ᠡᠳᠦᠷ | ᠲᠤᠳᠤᠮ ᠤᠨ ᠭᠦᠮᠦᠵᠢᠬᠦᠯᠬᠦ ᠠᠭᠤᠯᠭ᠎ᠠ ᠳᠤ ᠤᠷᠤᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ | ᠨᠦᠭᠦᠴᠡᠯ ᠳᠤ ᠨᠡᠶᠢᠴᠡᠬᠦ ᠶᠠᠳᠠᠭᠤ ᠭᠦᠴᠢᠷᠳᠡᠯᠳᠡᠢ ᠰᠦᠷᠢᠶ᠎ᠡ ᠡᠪᠡᠳᠴᠢᠳᠡᠨ ᠳᠤ ᠲᠤᠨᠨᠳᠠᠭᠠᠯ ᠶᠤᠰᠤᠭᠠᠷ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ ᠪᠠ ᠡᠮᠴᠢᠯᠡᠬᠡᠨ ᠤ ᠠᠪᠤᠷᠠᠨ ᠲᠤᠰᠠᠯᠠᠯᠲᠠ ᠤᠯᠭᠤᠨ᠎ᠠ᠃ ᠡᠳ᠋ ᠤᠨ ᠵᠠᠰᠠᠭ ᠤᠨ | ᠰᠠᠯᠠᠭ᠎ᠠ ᠮᠦᠴᠢᠷ ᠤᠳ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠬᠡᠷᠡᠭᠴᠡᠭᠡ ᠱᠠᠭᠠᠷᠳᠠᠯᠭ᠎ᠠ᠂ ᠠᠵᠦ ᠠᠬᠤᠢ ᠶᠢᠨ | ᠭᠦᠭᠵᠢᠯᠳᠡ ᠶᠢᠨ ᠬᠢᠷᠢ ᠬᠡᠮᠵᠢᠶ᠎ᠡ ᠪᠠ ᠡᠳ᠋ ᠤᠨ ᠭᠦᠴᠦᠨ ᠤ ᠪᠠᠶᠢᠳᠠᠯ ᠢ ᠦᠨᠳᠦᠰᠦᠯᠡᠵᠦ᠂ ᠨᠦᠭᠦᠪᠦᠷᠢ ᠶᠢᠨ ᠪᠡᠯᠡ | ᠮᠦᠩᠭᠦ ᠶᠢ ᠵᠤᠬᠢᠰᠳᠠᠢ ᠲᠤᠬᠢᠷᠠᠭᠤᠯᠬᠤ ᠶᠢᠨ ᠬᠠᠮᠳᠤ ᠪᠡᠯᠡ ᠮᠦᠩᠭᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ | ᠰᠡᠷᠬᠡᠶᠢᠯᠡᠨ ᠵᠠᠰᠠᠬᠤ ᠠᠵᠢᠯ ᠤᠨ ᠦᠷᠨᠢᠯᠳᠡ ᠶᠢ ᠪᠠᠳᠤᠯᠠᠵᠦ᠂ ᠠᠭᠤᠰᠬᠢᠨ ᠤ ᠰᠦᠷᠢᠶ᠎ᠡ ᠶᠢᠨ ᠡᠪᠡᠳᠴᠢᠳᠡᠨ ᠤ | ᠡᠪᠡᠳᠴᠢᠨ ᠦᠵᠡᠬᠦᠯᠬᠦ ᠲᠠᠷᠤᠭᠠᠰᠤ ᠶᠢ ᠦᠨᠡᠨᠬᠦ ᠭᠦᠩᠬᠡᠯᠡᠬᠦ ᠬᠡᠷᠡᠭᠳᠡᠢ᠃ ᠭᠦᠮᠦᠨ ᠤ ᠭᠦᠴᠦᠨ ᠤ ᠡᠬᠢ ᠪᠠᠶᠠᠯᠢᠭ | ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠨᠢ ᠡᠮᠴᠢᠯᠡᠬᠡᠨ ᠤ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠬᠦᠯᠵᠦ᠂ ᠡᠮᠴᠢᠯᠡᠬᠡᠨ ᠤ ᠲᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠤᠨ ᠦᠬᠡᠷᠡᠴᠢᠯᠡᠯᠳᠡ ᠶᠢ | ᠶᠠᠪᠤᠭᠤᠯᠵᠦ᠂ ᠰᠦᠷᠢᠶ᠎ᠡ ᠡᠪᠡᠳᠴᠢᠳᠡᠨ ᠤ ᠡᠮᠴᠢᠯᠡᠬᠡᠨ ᠤ ᠪᠠᠳᠤᠯᠠᠭ᠎ᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠶᠢ | ᠬᠠᠷᠢᠭᠤᠴᠠᠨ᠎ᠠ︔ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢ ᠭᠦᠳᠡᠭᠡ ᠲᠤᠰᠬᠤᠨ ᠮᠠᠯᠵᠢᠬᠤ | ᠤᠷᠤᠨ ᠤ ᠭᠦᠳᠡᠯᠮᠦᠷᠢ ᠭᠦᠴᠦᠨ ᠢ ᠰᠢᠯᠵᠢᠬᠦᠯᠦᠨ ᠪᠤᠯᠪᠠᠰᠤᠷᠠᠭᠤᠯᠬᠤ ᠠᠭᠤᠯᠭ᠎ᠠ ᠳᠤ ᠤᠷᠤᠭᠤᠯᠤᠨ᠎ᠠ︔ ᠬᠢᠯᠢ ᠪᠠᠷ | ᠤᠷᠤᠭᠤᠯᠵᠦ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠨᠢ ᠪᠤᠭᠤᠮᠳᠠ ᠶᠢᠨ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢᠨ ᠤᠬᠠᠭᠤᠯᠭ᠎ᠠ ᠭᠦᠮᠦᠵᠢᠯ ᠢ ᠴᠢᠩᠭᠠᠳᠬᠠᠬᠤ ᠶᠢ | ᠬᠠᠷᠢᠭᠤᠴᠠᠵᠦ᠂ ᠡᠯ᠎ᠡ ᠪᠤᠭᠤᠮᠳᠠ ᠶᠢᠨ ᠬᠢᠯᠢ ᠪᠠᠷ ᠤᠷᠤᠭᠤᠯᠵᠦ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠪᠠᠶᠢᠭᠤᠯᠤᠮᠵᠢ ᠶᠢ ᠵᠤᠬᠢᠶᠠᠨ ᠪᠠᠶᠢᠭᠤᠯᠵᠦ ᠪᠤᠭᠤᠮᠳᠠ ᠶᠢᠨ ᠰᠦᠷᠢᠶ᠎ᠡ ᠡᠪᠡᠳᠴᠢᠨ ᠤ ᠬᠢᠵᠢᠭ ᠤᠨ | ᠪᠠᠶᠢᠳᠠᠯ ᠢ ᠬᠢᠨᠠᠨ ᠰᠢᠨᠵᠢᠬᠦ ᠪᠠ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠤᠨ᠎ᠠ᠃ ᠢᠳᠡᠬᠡᠨ ᠪᠠ ᠡᠮ ᠤᠨ ᠵᠦᠢᠯ ᠤᠨ | ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠰᠦᠷᠢᠶ᠎ᠡ ᠡᠪᠡᠳᠴᠢᠨ ᠢ ᠡᠰᠡᠷᠭᠦᠴᠡᠬᠦ ᠡᠮ ᠤᠨ ᠵᠦᠢᠯ ᠤᠨ ᠶᠠᠰᠤ | ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠶᠢ ᠬᠠᠷᠢᠭᠤᠴᠠᠵᠦ᠂ ᠡᠮ ᠤᠨ ᠵᠦᠢᠯ ᠤᠨ ᠶᠠᠰᠤ ᠴᠢᠨᠠᠷ ᠢ | ᠰᠤᠭᠤᠴᠢᠨ ᠰᠢᠯᠭᠠᠬᠤ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠮᠤᠩᠭᠤᠯ ᠡᠮ ᠡᠮᠨᠡᠯᠬᠡ᠂ ᠬᠢᠳᠡᠳ ᠡᠮ ᠡᠮᠨᠡᠯᠬᠡ | ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠮᠤᠩᠭᠤᠯ ᠬᠢᠳᠡᠳ ᠡᠮ ᠡᠮᠨᠡᠯᠬᠡ ᠶᠢᠨ ᠮᠡᠷᠬᠡᠵᠢᠯ ᠤᠨ ᠠᠷᠭ᠎ᠠ ᠪᠠᠷᠢᠯ ᠢ | ᠬᠡᠷᠡᠭᠯᠡᠨ ᠰᠦᠷᠢᠶ᠎ᠡ ᠡᠪᠡᠳᠴᠢᠨ ᠢ ᠤᠨᠤᠰᠢᠯᠠᠨ ᠵᠠᠰᠠᠬᠤ ᠶᠠᠪᠤᠴᠠ ᠳᠤ ᠦᠢᠯᠡᠳᠦᠯ ᠪᠠᠳᠠᠷᠠᠭᠤᠯᠬᠤ ᠶᠢ ᠵᠢᠯᠤᠭᠤᠳᠤᠨ | ᠬᠠᠷᠢᠭᠤᠴᠠᠵᠦ᠂ ᠮᠤᠩᠭᠤᠯ ᠬᠢᠳᠡᠳ ᠡᠮ ᠡᠮᠨᠡᠯᠬᠡ ᠪᠠᠷ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠰᠤᠳᠤᠯᠭᠠᠨ ᠢ | ᠵᠤᠬᠢᠶᠠᠨ ᠪᠠᠶᠢᠭᠤᠯᠤᠨ ᠦᠷᠨᠢᠬᠦᠯᠵᠦ᠂ ᠮᠤᠩᠭᠤᠯ ᠡᠮ ᠡᠮᠨᠡᠯᠬᠡ᠂ ᠬᠢᠳᠡᠳ ᠡᠮ ᠡᠮᠨᠡᠯᠬᠡ ᠶᠢᠨ ᠤᠯᠠᠨ ᠵᠦᠢᠯ ᠤᠨ | ᠡᠮ ᠳᠤ ᠲᠠᠭᠠᠭᠠᠮᠠᠭᠠᠢ ᠠᠭᠤᠰᠬᠢᠨ ᠤ ᠰᠦᠷᠢᠶ᠎ᠡ ᠵᠡᠷᠬᠡ ᠶᠢ ᠰᠡᠷᠬᠡᠶᠢᠯᠡᠨ ᠵᠠᠰᠬᠠᠤ ᠲᠠᠯ᠎ᠠ ᠪᠠᠷ ᠬᠢ ᠲᠠᠪᠠᠭᠤᠯᠢᠭ ᠢ | ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠰᠠᠯᠠᠭ᠎ᠠ ᠮᠦᠴᠢᠷ ᠨᠢ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠭᠦᠴᠢᠷᠳᠡᠯᠳᠡᠢ ᠭᠦᠮᠦᠨ ᠠᠮᠠ ᠶᠢᠨ ᠲᠤᠳᠤᠷᠠᠬᠢ ᠨᠢᠬᠡᠨᠳᠡ ᠡᠳᠡᠬᠡᠷᠡᠭᠰᠡᠨ᠂ ᠭᠦᠳᠡᠯᠮᠦᠷᠢ ᠶᠢᠨ | ᠴᠢᠳᠠᠪᠤᠷᠢ ᠲᠠᠢ ᠰᠦᠷᠢᠶ᠎ᠡ ᠡᠪᠡᠳᠴᠢᠳᠡᠨ ᠳᠤ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠶᠢ ᠲᠡᠮᠵᠢᠬᠦ ᠡᠷᠴᠢᠮ ᠢ | ᠴᠢᠩᠭᠠᠳᠬᠠᠵᠦ᠂ ᠲᠦᠢᠯ ᠤᠨ ᠤᠨᠤᠪᠴᠢᠳᠠᠢ ᠪᠠᠷ ᠲᠡᠳᠭᠦᠨ ᠲᠡᠮᠵᠢᠬᠦ᠂ ᠨᠢᠬᠡ ᠶᠢ ᠴᠤ ᠤᠷᠬᠢᠨᠨᠳᠠᠭᠤᠯᠬᠤ ᠦᠬᠡᠢ | ᠪᠠᠶᠢᠢᠬᠤ ᠶᠢ ᠪᠡᠶᠡᠯᠡᠬᠦᠯᠦᠨ᠎ᠠ᠃ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭᠠᠳᠤ | ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠬᠡ ᠤᠯᠠᠨ ᠲᠦᠮᠡᠨ ᠤ ᠪᠦᠯᠭᠦᠮ ᠵᠤᠬᠢᠶᠠᠨ ᠪᠠᠶᠢᠭᠤᠯᠤᠯᠳᠠ ᠨᠢ | ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠵᠦ ᠡᠷᠡᠬᠦᠯ ᠡᠩᠬᠡ ᠶᠢᠨ ᠭᠦᠮᠦᠵᠢᠯ᠂ ᠡᠪᠡᠳᠴᠢᠳᠡᠨ ᠤ | ᠠᠪᠤᠷᠠᠨ ᠲᠤᠰᠠᠯᠠᠯᠳᠠ ᠪᠠ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠬᠦᠯᠬᠦ ᠵᠡᠷᠬᠡ ᠶᠢ ᠬᠠᠷᠢᠭᠤᠴᠠᠨ᠎ᠠ᠃ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠬᠢᠬᠡᠳ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠨ᠎ᠠ᠃ | ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠰᠤᠳᠤᠯᠤᠯ ᠢ ᠲᠡᠮᠵᠢᠵᠦ᠂ ᠮᠤᠩᠭᠤᠯ ᠡᠮ ᠡᠮᠨᠡᠯᠬᠡ᠂ ᠬᠢᠳᠡᠳ ᠡᠮ | ᠡᠮᠨᠡᠯᠬᠡ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠲᠦᠰᠦᠯ ᠵᠢᠴᠢ ᠤᠯᠠᠨ ᠵᠦᠢᠯ ᠤᠨ ᠡᠮ ᠳᠤ | ᠲᠠᠭᠠᠭᠠᠮᠠᠭᠠᠢ ᠠᠭᠤᠰᠬᠢᠨ ᠤ ᠰᠦᠷᠢᠶ᠎ᠡ ᠶᠢ ᠰᠢᠯᠢᠳᠡᠭᠵᠢᠬᠦᠯᠦᠨ ᠡᠮᠨᠡᠨ ᠵᠠᠰᠠᠬᠤ ᠲᠦᠰᠦᠯ ᠵᠡᠷᠬᠡ ᠲᠠᠯ᠎ᠠ ᠳᠤ | ᠭᠤᠤᠯᠳᠠᠯᠭ᠎ᠠ ᠲᠠᠢ ᠲᠡᠮᠵᠢᠯᠬᠡ ᠦᠵᠡᠬᠦᠯᠦᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠳᠦᠮᠵᠢ ᠶᠢ ᠴᠠᠭ | ᠲᠤᠬᠠᠢ ᠳᠤᠨᠢ ᠳ᠋ᠦᠩᠨᠡᠵᠦ ᠲᠦᠬᠡᠮᠡᠯᠵᠢᠬᠦᠯᠦᠨ᠎ᠠ᠃ ᠭᠦᠷᠰᠢ ᠵᠡᠷᠬᠡᠯᠡᠳᠡᠭᠡ ᠤᠯᠤᠰ ᠪᠠ ᠡᠷᠬᠢᠨ ᠲᠤᠭᠤᠷᠢᠨ ᠤ ᠮᠤᠵᠢ | ᠤᠷᠤᠨ ᠲᠠᠢ ᠬᠠᠮᠳᠤᠷᠠᠯᠴᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠰᠦᠷᠢᠶ᠎ᠡ ᠡᠪᠡᠳᠴᠢᠨ ᠢ ᠬᠤᠯᠪᠤᠭᠠᠯᠠᠨ | ᠰᠡᠷᠬᠡᠶᠢᠯᠡᠵᠦ ᠬᠤᠯᠪᠤᠭᠠᠯᠠᠨ ᠡᠵᠡᠮᠳᠡᠬᠦ᠂ ᠰᠤᠯᠢᠯᠴᠠᠵᠦ ᠰᠤᠷᠤᠯᠴᠠᠬᠤ ᠠᠵᠢᠯᠯᠠᠭ᠎ᠠ ᠶᠢ ᠴᠢᠩᠭᠠᠳᠬᠠᠨ᠂ ᠮᠠᠨ ᠤ | ᠤᠷᠤᠨ ᠤ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠪᠦᠭᠦ ᠴᠤᠨᠨᠴᠠ ᠶᠢᠨ ᠬᠢᠷᠢ ᠬᠡᠮᠵᠢᠶ᠎ᠡ ᠶᠢ | ᠲᠡᠬᠡᠭᠰᠢᠯᠡᠬᠦᠯᠦᠨ᠎ᠠ᠃ | ᠲᠠᠪᠤ᠂ ᠬᠢᠨᠠᠯᠳᠠ ᠲᠠᠯᠪᠢᠯᠳᠠ ᠬᠢᠬᠡᠳ ᠦᠨᠡᠯᠡᠨ ᠵᠢᠱᠢᠯᠳᠡ | ᠡᠯ᠎ᠡ ᠭᠠᠵᠠᠷ ᠤᠷᠤᠨ ᠨᠤᠭᠤᠳ ᠲᠤᠨᠨᠳᠠᠮᠠᠯ ᠬᠤᠭᠤᠴᠠᠭ᠎ᠠ ᠲᠠᠢ ᠪᠠᠷ ᠲᠤᠰ ᠭᠠᠵᠠᠷ ᠤᠷᠤᠨ ᠤ ᠰᠦᠷᠢᠶ᠎ᠡ | ᠡᠪᠡᠳᠴᠢᠨ ᠢ ᠰᠡᠷᠬᠡᠶᠢᠯᠡᠨ ᠵᠠᠰᠬᠠᠤ ᠠᠵᠢᠯ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠵᠤᠬᠢᠶᠠᠨ ᠪᠠᠶᠢᠭᠤᠯᠵᠦ | ᠦᠷᠨᠢᠬᠦᠯᠦᠨ᠂ ᠠᠰᠠᠭᠤᠳᠠᠯ ᠢᠯᠡᠷᠡᠭᠦᠯᠪᠡᠯ ᠲᠠᠷᠦ᠋ᠢᠬᠠᠨ ᠰᠶᠢᠳᠪᠦᠷᠢᠯᠡᠬᠦ ᠶᠢᠨ ᠬᠠᠮᠳᠤ᠂ ᠪᠠᠶᠢᠴᠠᠭᠠᠯᠳᠠ ᠶᠢᠨ ᠦᠷ᠎ᠡ | ᠳ᠋ᠦᠩ ᠪᠠ ᠠᠵᠢᠯ ᠢᠶᠠᠨ ᠰᠠᠶᠢᠵᠢᠷᠠᠭᠤᠯᠵᠦ ᠠᠬᠢᠭᠤᠯᠤᠨᠨᠰᠠᠨ ᠪᠠᠶᠢᠳᠠᠯ ᠢ ᠮᠡᠳᠡᠭᠳᠡᠨ᠂ ᠭᠤᠷᠪᠠᠳᠠᠬᠢ ᠡᠳᠡᠬᠡᠳ ᠤᠨ | ᠪᠠᠶᠢᠭᠤᠯᠤᠮᠵᠢ ᠶᠢ ᠰᠢᠯᠭᠠᠨ ᠬᠢᠨᠠᠵᠦ ᠦᠨᠡᠯᠡᠨ ᠵᠢᠱᠢᠬᠦ ᠳᠤ ᠤᠷᠤᠯᠴᠠᠭᠤᠯᠵᠦ᠂ ᠰᠢᠯᠭᠠᠨ ᠬᠢᠨ᠋ᠬᠠᠰᠠᠨ ᠦᠷ᠎ᠡ | ᠳ᠋ᠦᠩ ᠢᠶᠠᠨ ᠡᠳ᠋ ᠤᠨ ᠵᠠᠰᠠᠭ ᠤᠨ ᠤᠷᠤᠭᠤᠯᠤᠯᠳᠠ᠂ ᠡᠮᠴᠢᠯᠡᠬᠡᠨ ᠤ ᠲᠠᠭᠠᠳᠬᠠᠯ ᠳᠤ ᠲᠤᠭᠠᠴᠠᠭ᠎ᠠ ᠬᠢᠬᠦ᠂ | ᠮᠡᠷᠬᠡᠵᠢᠯ ᠤᠨ ᠴᠤᠯᠠ ᠲᠤᠨᠨᠳᠠᠭᠠᠵᠦ ᠤᠷᠢᠬᠤ ᠶᠢᠨ ᠴᠢᠬᠤᠯᠠ ᠦᠨᠳᠦᠰᠦᠯᠡᠯ ᠪᠤᠯᠭᠠᠬᠤ ᠶᠢ ᠰᠦᠪᠡᠭᠴᠢᠯᠡᠨ᠎ᠡ᠃ | ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠨᠢ ᠡᠯ᠎ᠡ ᠬᠤᠯᠪᠤᠨᠨᠳᠠᠯ | ᠪᠦᠭᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠭᠠᠵᠠᠷ ᠤᠷᠤᠨ ᠤ ᠲᠤᠰ ᠲᠦᠯᠦᠪᠵᠢᠬᠦᠯᠬᠡ ᠶᠢ ᠬᠡᠷᠡᠭᠵᠢᠬᠦᠯᠦᠭᠰᠡᠨ | ᠪᠠᠶᠢᠳᠠᠯ ᠳᠤ ᠲᠤᠨᠨᠳᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠳᠠ ᠲᠠᠯᠪᠢᠬᠤ ᠪᠠᠶᠢᠴᠠᠭᠠᠯᠳᠠ ᠦᠷᠨᠢᠬᠦᠯᠬᠦ ᠶᠢᠨ ᠬᠠᠮᠳᠤ | 2018 ᠤᠨ ᠳᠤ ᠲᠦᠯᠦᠪᠵᠢᠬᠦᠯᠬᠡ ᠶᠢᠨ ᠬᠡᠷᠡᠭᠵᠢᠬᠦᠯᠦᠯᠳᠡ ᠶᠢᠨ ᠪᠠᠶᠢᠳᠠᠯ ᠤᠨ ᠤᠷᠳᠤᠪᠳᠤᠷ ᠬᠤᠭᠤᠴᠠᠭᠠᠨ ᠤ | ᠦᠨᠡᠯᠡᠨ ᠵᠢᠱᠢᠯᠳᠡ ᠦᠷᠨᠢᠬᠦᠯᠦᠨ᠂ 2020 ᠤᠨ ᠳᠤ ᠲᠦᠯᠦᠪᠵᠢᠬᠦᠯᠬᠡ ᠶᠢᠨ ᠬᠡᠷᠡᠭᠵᠢᠭᠦᠯᠦᠯᠳᠡ ᠶᠢᠨ ᠪᠠᠶᠢᠳᠠᠯ ᠢ | ᠳ᠋ᠦᠩᠨᠡᠵᠦ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ᠎ᠠ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠠ︶ | |