| | | | ᠰᠤᠷᠪᠤᠯᠵᠢᠯᠠᠭᠰᠠᠨ ᠴᠠᠭ᠄ 2018 ᠣᠨ ᠤ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ | ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ | ᠵᠤᠤ ᠳ᠋ᠠ ᠶᠦᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | 2017 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠳᠣᠯᠣᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠮᠵᠢᠨ ᠵᠢᠷᠤᠬᠤ ᠬᠠᠤᠯᠢ︾ ᠶᠢ ᠰᠠᠨᠠᠯ ᠬᠤᠷᠢᠶᠠᠨ ᠪᠠᠲᠤᠯᠠᠵᠤ᠂ ᠲᠤᠬᠠᠢ ᠶᠢᠨ ᠡᠳᠦᠷ | ᠤᠯᠤᠰ ᠤᠨ ᠲᠡᠷᠢᠭᠦᠯᠡᠭᠴᠢ ᠰᠢ ᠶᠢᠨ ᠫᠢᠩ ᠵᠢᠷᠠᠨ ᠳᠣᠯᠣᠳᠤᠭᠠᠷ ᠲᠣᠭᠠᠲᠤ ᠲᠡᠷᠢᠭᠦᠯᠡᠭᠴᠢ ᠶᠢᠨ ᠵᠠᠷᠯᠢᠭ ᠳᠡᠭᠡᠷ᠎ᠡ | ᠭᠠᠷ ᠤᠨ ᠦᠰᠦᠭ ᠵᠢᠷᠤᠵᠤ᠂ ᠨᠡᠶᠢᠲᠡᠯᠡᠬᠦ ᠶᠢ ᠵᠥᠪᠰᠢᠶᠡᠷᠡᠵᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ | ᠵᠢᠷᠤᠬᠤ ᠬᠠᠤᠯᠢ ᠶᠢ 2017 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ | ᠥᠨᠥᠳᠥᠷ᠂ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ | ᠳᠡᠳ᠋ ᠲᠢᠩᠬᠢᠮ ᠤᠨ ᠳᠠᠷᠤᠭ᠎ᠠ ᠵᠤᠤ ᠳ᠋ᠠ ᠶᠦᠩ ᠢ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠤᠷᠢᠨ | ᠠᠪᠴᠢᠷᠠᠵᠤ᠂ ᠬᠡᠮᠵᠢᠨ ᠵᠢᠷᠤᠬᠤ ᠰᠢᠨ᠎ᠡ ᠬᠠᠤᠯᠢ ᠶᠢ ᠬᠡᠷᠡᠭᠵᠢᠭᠦᠯᠦᠭᠰᠡᠨ ᠠᠴᠠ ᠪᠣᠢ ᠪᠣᠯᠣᠭᠰᠠᠨ ᠰᠢᠨ᠎ᠡ | ᠬᠤᠪᠢᠷᠠᠯᠲᠠ ᠶᠢᠨ ᠲᠤᠬᠠᠢ ᠰᠠᠨᠠᠯ ᠰᠣᠯᠢᠯᠴᠠᠭᠤᠯᠬᠤ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ | ᠳᠤ ᠴᠢᠨᠢ ᠪᠠᠶᠠᠷᠯᠠᠯ᠎ᠠ᠃ ᠥᠨᠥᠳᠥᠷ ᠮᠠᠨ ᠤ ᠤᠷᠢᠵᠤ ᠠᠪᠴᠢᠷᠠᠭᠰᠠᠨ ᠵᠣᠴᠢᠨ ᠪᠣᠯ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠤᠤ ᠳ᠋ᠠ ᠶᠦᠩ ᠪᠣᠯᠣᠨ᠎ᠠ᠃ ᠵᠤᠤ ᠲᠢᠩᠬᠢᠮ ᠤᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ | ᠵᠤᠤ ᠳ᠋ᠠ ᠶᠦᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ | ᠵᠢᠷᠤᠬᠤ ᠬᠠᠤᠯᠢ︾ ᠶᠢ 2017 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ | ᠲᠡᠭᠦᠨ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ | ᠵᠤᠤ ᠳ᠋ᠠ ᠶᠦᠩ᠄ | ᠬᠤᠷᠢᠶᠠᠩᠭᠤᠶᠢᠯᠠᠭᠠᠳ ᠬᠡᠯᠡᠪᠡᠯ ᠲᠠᠪᠤᠨ ᠲᠠᠯ᠎ᠠ ᠪᠣᠢ᠄ | ᠨᠢᠭᠡ ᠳᠤ᠂ ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶ᠎ᠠ ᠥᠷᠲᠡᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ | ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠪᠠᠲᠤᠯᠠᠨ᠎ᠠ᠃ ᠰᠢᠨ᠎ᠡ ᠬᠡᠮᠵᠢᠨ ᠵᠢᠷᠤᠬᠤ ᠬᠠᠤᠯᠢ ᠳᠤ | ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠨᠢᠭᠡᠳᠦᠯᠲᠡᠢ ᠪᠠᠷᠢᠮᠵᠢᠶᠠᠲᠤ ᠦᠢᠯᠡᠴᠢᠯᠡᠭᠡ ᠶᠢᠨ | ᠰᠢᠰᠲ᠋ᠧᠮ ᠢ ᠪᠠᠶᠢᠭᠤᠯᠵᠤ᠂ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶᠠᠲᠤ ᠮᠡᠳᠡᠭᠡ ᠵᠠᠩᠭᠢ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠱᠠᠭᠠᠷᠳᠠᠭᠰᠠᠨ ᠤ ᠬᠠᠮᠲᠤ᠂ ᠪᠠᠷᠢᠮᠵᠢᠶ᠎ᠠ ᠥᠷᠲᠡᠭᠡᠨ ᠤ ᠪᠠᠶᠢᠭᠤᠯᠤᠯᠲᠠ ᠶᠢ | ᠪᠦᠷᠢᠳᠬᠡᠨ ᠳᠠᠩᠰᠠᠯᠠᠬᠤ ᠳᠦᠷᠢᠮ ᠢ ᠲᠣᠭᠲᠠᠭᠠᠬᠤ ᠵᠢᠴᠢ ᠪᠠᠷᠢᠮᠵᠢᠶ᠎ᠠ ᠥᠷᠲᠡᠭᠡᠨ ᠤ ᠠᠵᠢᠯᠯᠠᠭ᠎ᠠ ᠶᠢᠨ ᠬᠠᠮᠠᠭᠠᠯᠠᠯᠲᠠ᠂ | ᠠᠮᠤᠷ ᠲᠦᠪᠰᠢᠨ ᠤ ᠪᠠᠷᠢᠮᠵᠢᠶ᠎ᠠ ᠵᠡᠷᠭᠡ ᠳᠤ ᠲᠣᠭᠲᠠᠭᠠᠯ ᠭᠠᠷᠭᠠᠪᠠ᠃ | ᠬᠤᠶᠠᠷ ᠲᠤ᠂ ᠬᠡᠮᠵᠢᠨ ᠵᠢᠷᠤᠬᠤ ᠦᠷ᠎ᠡ ᠪᠦᠲᠦᠭᠡᠯ ᠤᠨ ᠨᠡᠶᠢᠭᠡᠮᠴᠢᠯᠡᠭᠰᠡᠨ ᠬᠡᠷᠡᠭᠯᠡᠭᠡ ᠶᠢ ᠠᠬᠢᠭᠤᠯᠵᠤ᠂ | ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠡᠮᠵᠢᠨ | ᠵᠢᠷᠤᠬᠤ ᠰᠢᠨ᠎ᠡ ᠬᠠᠤᠯᠢ ᠳᠤ ᠳᠠᠭᠠᠭᠤᠯᠢ ᠣᠳᠣᠨ ᠤ ᠵᠠᠮᠴᠢᠯᠠᠵᠤ ᠪᠠᠶᠢᠷᠢ ᠲᠣᠭᠲᠠᠭᠠᠬᠤ ᠨᠢᠭᠡᠳᠦᠯᠲᠡᠢ ᠪᠠᠷᠢᠮᠵᠢᠶᠠᠲᠤ | ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠵᠤ᠂ ᠵᠠᠮᠴᠢᠯᠠᠵᠤ ᠪᠠᠶᠢᠷᠢ ᠲᠣᠭᠲᠠᠭᠠᠬᠤ ᠪᠠᠷᠢᠮᠵᠢᠶᠠᠲᠤ ᠮᠡᠳᠡᠭᠡ ᠵᠠᠩᠭᠢ ᠶᠢᠨ | ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠱᠠᠭᠠᠷᠳᠠᠭᠰᠠᠨ ᠤ ᠬᠠᠮᠲᠤ᠂ ᠪᠠᠷᠢᠮᠵᠢᠶ᠎ᠠ ᠥᠷᠲᠡᠭᠡᠨ ᠤ | ᠪᠠᠶᠢᠭᠤᠯᠤᠯᠲᠠ ᠶᠢ ᠪᠦᠷᠢᠳᠬᠡᠨ ᠳᠠᠩᠰᠠᠯᠠᠬᠤ ᠳᠦᠷᠢᠮ ᠢ ᠲᠣᠭᠲᠠᠭᠠᠬᠤ ᠵᠢᠴᠢ ᠪᠠᠷᠢᠮᠵᠢᠶ᠎ᠠ ᠥᠷᠲᠡᠭᠡᠨ ᠤ | ᠠᠵᠢᠯᠯᠠᠭ᠎ᠠ ᠶᠢᠨ ᠬᠠᠮᠠᠭᠠᠯᠠᠯᠲᠠ᠂ ᠠᠮᠤᠷ ᠲᠦᠪᠰᠢᠨ ᠤ ᠪᠠᠷᠢᠮᠵᠢᠶ᠎ᠠ ᠵᠡᠷᠭᠡ ᠳᠤ ᠲᠣᠭᠲᠠᠭᠠᠯ ᠭᠠᠷᠭᠠᠭᠰᠠᠨ ᠪᠠᠶᠢᠨ᠎ᠠ᠃ | ᠭᠤᠷᠪᠠ ᠳᠤ᠂ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ | ᠴᠢᠩᠭᠠᠳᠬᠠᠵᠤ᠂ ᠭᠠᠵᠠᠷ ᠤᠨ ᠵᠢᠷᠤᠭ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ | ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠬᠡᠮᠵᠢᠨ ᠵᠢᠷᠤᠬᠤ ᠰᠢᠨ᠎ᠡ ᠬᠠᠤᠯᠢ ᠶᠢᠨ ᠶᠡᠷᠦᠩᠬᠡᠢ ᠳᠦᠷᠢᠮ ᠳᠤ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠰᠣᠨᠢᠨ | ᠮᠡᠳᠡᠭᠡᠨ ᠤ ᠵᠠᠭᠤᠴᠢᠯᠠᠭᠤᠷ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠶᠢ | ᠥᠷᠨᠢᠭᠦᠯᠦᠨ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠬᠢᠨ | ᠤᠯᠤᠰ ᠤᠨ ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠬᠥᠮᠥᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ | ᠳᠥᠷᠪᠠ ᠳᠤ᠂ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ ᠬᠡᠮᠵᠢᠬᠦ ᠳᠦᠷᠢᠮ ᠪᠠ ᠪᠠᠴᠢᠮ ᠪᠠᠶᠢᠳᠠᠯ ᠢ | ᠠᠷᠭᠠᠴᠠᠭᠠᠵᠤ ᠬᠡᠮᠵᠢᠨ ᠵᠢᠷᠤᠬᠤ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠵᠠᠷ ᠵᠦᠢ ᠶᠢᠨ | ᠮᠡᠳᠡᠭᠡ ᠵᠠᠩᠭᠢ ᠶᠢ ᠬᠡᠮᠵᠢᠨ ᠵᠢᠷᠤᠬᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠮᠵᠢᠨ | ᠵᠢᠷᠤᠬᠤ ᠰᠢᠨ᠎ᠡ ᠬᠠᠤᠯᠢ ᠳᠤ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ ᠰᠢᠨᠵᠢᠬᠦ ᠳᠦᠷᠢᠮ ᠢ ᠲᠣᠭᠲᠠᠭᠠᠵᠤ᠂ | ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠬᠢᠨᠠᠯᠲᠠ | ᠬᠡᠮᠵᠢᠯᠲᠡ ᠥᠷᠨᠢᠭᠦᠯᠬᠦ ᠶᠢ ᠱᠠᠭᠠᠷᠳᠠᠭᠰᠠᠨ ᠪᠠᠶᠢᠨ᠎ᠠ᠃ | ᠲᠠᠪᠤ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠬᠠᠮᠵᠢᠯᠴᠠᠭᠤᠯᠤᠨ ᠠᠬᠢᠭᠤᠯᠵᠤ᠂ ᠵᠠᠰᠠᠭ ᠤᠨ | ᠣᠷᠳᠣᠨ ᠤ ᠡᠭᠦᠷᠭᠡ ᠴᠢᠳᠠᠮᠵᠢ ᠶᠢ ᠲᠦᠷᠭᠡᠨ ᠬᠤᠪᠢᠷᠠᠭᠤᠯᠤᠨ᠎ᠠ᠃ | ᠬᠥᠲᠥᠯᠥᠭᠴᠢ᠄ | ᠭᠠᠵᠠᠷ ᠤᠨ ᠵᠢᠷᠤᠭ ᠤᠨ ᠬᠡᠪᠯᠡᠯ ᠪᠤᠶᠤ ᠢᠨᠲ᠋ᠧᠷ ᠰᠦᠯᠵᠢᠶ᠎ᠡ ᠶᠢᠨ ᠭᠠᠵᠠᠷ ᠤᠨ ᠵᠢᠷᠤᠭ ᠤᠨ ᠦᠢᠯᠡᠴᠢᠯᠡᠭᠡ | ᠳᠤᠮᠳᠠ᠂ ᠵᠠᠷᠢᠮ ᠠᠰᠠᠭᠤᠳᠠᠯ ᠦᠷᠭᠦᠯᠵᠢ ᠢᠯᠡᠷᠡᠵᠦ ᠪᠠᠶᠢᠨ᠎ᠠ᠂ ᠵᠢᠱᠢᠶᠡᠯᠡᠪᠡᠯ ᠤᠯᠤᠰ ᠤᠨ ᠵᠠᠭᠠᠭ ᠱᠤᠭᠤᠮ ᠢ | ᠪᠤᠷᠤᠭᠤ ᠵᠢᠷᠤᠬᠤ᠂ ᠮᠠᠨ ᠤ ᠤᠯᠤᠰ ᠤᠨ ᠲᠠᠶᠢᠸᠠᠨ ᠮᠤᠵᠢ ᠶᠢ ᠲᠤᠰᠠᠭᠠᠷ ᠤᠯᠤᠰ ᠪᠣᠯᠭᠠᠨ ᠢᠯᠡᠳᠬᠡᠬᠦ᠂ ᠮᠠᠨ ᠤ | ᠤᠯᠤᠰ ᠤᠨ ᠡᠮᠦᠨᠡᠲᠦ ᠲᠠᠩᠭᠢᠰ ᠤᠨ ᠠᠷᠠᠯ ᠤᠳ ᠪᠠ ᠲᠠᠶᠢᠸᠠᠨ ᠵᠢᠴᠢ ᠳᠠᠭᠠᠯᠲᠠ ᠠᠷᠠᠯ ᠣᠯᠲᠣᠷᠢᠭ ᠢ | ᠣᠷᠬᠢᠭᠳᠠᠭᠤᠯᠤᠨ ᠵᠢᠷᠤᠬᠤ᠂ ᠪᠠᠰᠠ ᠤᠯᠤᠰ ᠤᠨ ᠨᠢᠭᠤᠴᠠ ᠳᠤ ᠬᠤᠯᠪᠣᠭᠳᠠᠭᠰᠠᠨ ᠪᠡᠯᠡᠳᠬᠡᠮᠵᠢ ᠶᠢ ᠢᠯᠡᠳᠬᠡᠬᠦ ᠭᠡᠬᠦ | ᠮᠡᠲᠦ᠃ ᠲᠡᠭᠡᠪᠡᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ ᠡᠨᠡ ᠲᠠᠯ᠎ᠠ ᠪᠠᠷ ᠶᠠᠮᠠᠷ | ᠶᠠᠮᠠᠷ ᠵᠢᠷᠤᠮᠵᠢᠯ ᠤᠨ ᠴᠢᠨᠠᠷᠲᠠᠢ ᠲᠣᠭᠲᠠᠭᠠᠯ ᠭᠠᠷᠭᠠᠭᠰᠠᠨ ᠪᠣᠢ︖ ᠳᠡᠭᠡᠷ᠎ᠡ ᠶᠠᠷᠢᠭᠰᠠᠨ ᠠᠰᠠᠭᠤᠳᠠᠯ ᠳᠤ ᠶᠠᠮᠠᠷ ᠶᠠᠮᠠᠷ | ᠪᠣᠳᠠᠲᠠᠢ ᠰᠢᠢᠳᠪᠦᠷᠢᠯᠡᠬᠦ ᠠᠷᠭ᠎ᠠ ᠬᠡᠯᠪᠡᠷᠢ ᠪᠠᠶᠢᠬᠤ ᠪᠣᠢ︖ | ᠵᠤᠤ ᠳ᠋ᠠ ᠶᠦᠩ᠄ | ᠤᠯᠤᠰ ᠤᠨ ᠨᠤᠲᠤᠭ ᠳᠡᠪᠢᠰᠬᠡᠷ ᠨᠢ ᠤᠯᠤᠰ ᠤᠨ ᠡᠷᠬᠡ ᠮᠡᠳᠡᠯ ᠪᠠ ᠬᠠᠷᠢᠶᠠᠯᠠᠭᠳᠠᠬᠤ ᠬᠦᠷᠢᠶ᠎ᠡ ᠬᠡᠪᠴᠢᠶ᠎ᠡ ᠶᠢ | ᠰᠢᠭᠤᠳ ᠠᠮᠢᠳᠤᠯᠢᠭ ᠢᠶᠠᠷ ᠲᠤᠰᠬᠠᠵᠤ᠂ ᠤᠯᠤᠰ ᠤᠨ ᠤᠯᠤᠰ ᠲᠥᠷᠥ ᠶᠢᠨ ᠵᠣᠷᠢᠯᠲᠠ ᠶᠢ ᠢᠯᠡᠷᠡᠭᠦᠯᠵᠦ ᠪᠠᠶᠢᠳᠠᠭ᠃ | ᠤᠯᠤᠰ ᠤᠨ ᠨᠤᠲᠤᠭ ᠳᠡᠪᠢᠰᠬᠡᠷ ᠲᠤ ᠭᠤᠷᠪᠠᠨ ᠵᠦᠢᠯ ᠤᠨ ᠴᠢᠨᠠᠷ ᠲᠠᠢ᠄ ᠲᠥᠪ ᠴᠢᠩᠭ᠎ᠠ ᠤᠯᠤᠰ ᠲᠥᠷᠥᠴᠢ ᠴᠢᠨᠠᠷ | ᠂ ᠨᠢᠭᠲᠠ ᠴᠢᠩᠭ᠎ᠠ ᠰᠢᠨᠵᠢᠯᠡᠬᠦ ᠤᠬᠠᠭᠠᠨᠴᠢ ᠴᠢᠨᠠᠷ ᠪᠠ ᠬᠠᠤᠯᠢ ᠶᠢᠨ ᠴᠢᠩᠭ᠎ᠠ ᠲᠣᠭᠲᠠᠭᠠᠯᠲᠠ ᠴᠢᠨᠠᠷ ᠲᠠᠢ ᠪᠠᠶᠢᠳᠠᠭ᠃ | ᠦᠢᠯᠡᠳᠦᠯᠭᠡ ᠶᠢᠨ ᠳᠤᠮᠳᠠ᠂ ᠲᠠᠨ ᠤ ᠳᠤᠷᠠᠳᠤᠭᠰᠠᠨ ᠡᠳᠡᠭᠡᠷ ᠠᠰᠠᠭᠤᠳᠠᠯ ᠦᠨᠡᠨ ᠬᠦ ᠣᠷᠣᠰᠢᠵᠤ᠂ ᠪᠤᠰᠤᠳᠴᠢ | ᠲᠠᠯ᠎ᠠ ᠠᠴᠠ ᠮᠠᠨ ᠤ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠪᠦᠷᠢᠨ ᠪᠦᠲᠦᠨ ᠴᠢᠨᠠᠷ ᠢ ᠡᠪᠳᠡᠵᠦ᠂ | ᠤᠯᠤᠰ ᠤᠨ ᠨᠡᠷ᠎ᠡ ᠲᠥᠷᠥ ᠶᠢ ᠬᠤᠬᠢᠷᠠᠭᠤᠯᠵᠤ᠂ ᠪᠠᠰᠠ ᠤᠯᠤᠰ ᠤᠨ ᠠᠮᠤᠷ ᠲᠦᠪᠰᠢᠨ ᠪᠠ ᠡᠷᠬᠡ ᠠᠰᠢᠭ ᠢ | ᠵᠣᠬᠢᠬᠤ ᠬᠡᠮᠵᠢᠶ᠎ᠡ ᠪᠠᠷ ᠰᠦᠷᠳᠡᠭᠦᠯᠵᠦ ᠪᠠᠶᠢᠨ᠎ᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ ᠤᠯᠤᠰ ᠤᠨ ᠨᠤᠲᠤᠭ ᠳᠡᠪᠢᠰᠬᠡᠷ ᠤᠨ | ᠦᠵᠡᠯ ᠤᠬᠠᠮᠰᠠᠷ ᠤᠨ ᠬᠥᠮᠥᠵᠢᠯ ᠢ ᠲᠣᠪᠣᠶᠢᠯᠭᠠᠨ ᠴᠢᠩᠭᠠᠳᠬᠠᠵᠤ᠂ ᠶᠡᠷᠦᠩᠬᠡᠢ ᠳᠦᠷᠢᠮ ᠳᠤ ᠪᠠᠨ ᠲᠤᠰᠠᠭᠠᠷ ᠨᠢᠭᠡᠨ | ᠵᠤᠷᠪᠤᠰ ᠲᠣᠭᠲᠠᠭᠠᠯ ᠪᠣᠯᠭᠠᠨ ᠲᠣᠬᠢᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠤᠯᠤᠰ ᠤᠨ ᠨᠤᠲᠤᠭ ᠳᠡᠪᠢᠰᠬᠡᠷ ᠤᠨ | ᠦᠵᠡᠯ ᠤᠬᠠᠮᠰᠠᠷ ᠤᠨ ᠤᠬᠠᠭᠤᠯᠭ᠎ᠠ ᠬᠥᠮᠥᠵᠢᠯ ᠢ ᠴᠢᠩᠭᠠᠳᠬᠠᠬᠤ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠤ | ᠬᠠᠮᠲᠤ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠶᠢᠨ ᠬᠢᠨ ᠤᠯᠤᠰ ᠤᠨ | ᠨᠤᠲᠤᠭ ᠳᠡᠪᠢᠰᠬᠡᠷ ᠤᠨ ᠬᠥᠮᠥᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠳᠤ ᠣᠷᠣᠭᠤᠯᠵᠤ᠂ | ᠡᠬᠡ ᠣᠷᠣᠨᠴᠢ ᠦᠵᠡᠯ ᠤᠨ ᠬᠥᠮᠥᠵᠢᠯ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠵᠤᠤ ᠳ᠋ᠠ ᠶᠦᠩ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ ᠤᠨ ᠵᠢᠷᠤᠭ ᠤᠨ | ᠪᠦᠲᠦᠭᠡᠭᠳᠡᠬᠦᠨ ᠬᠢᠭᠡᠳ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠵᠢᠷᠤᠭ ᠢ ᠨᠠᠶᠢᠷᠠᠭᠤᠯᠤᠨ ᠲᠣᠭᠲᠠᠭᠠᠬᠤ᠂ ᠬᠡᠪᠯᠡᠬᠦ᠂ ᠳᠡᠯᠭᠡᠨ | ᠦᠵᠡᠭᠦᠯᠬᠦ᠂ ᠨᠡᠶᠢᠲᠡᠯᠡᠬᠦ᠂ ᠰᠢᠨᠡᠳᠬᠡᠬᠦ ᠵᠢᠴᠢ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠨᠢ | ᠡᠷᠬᠡᠪᠰᠢ ᠤᠯᠤᠰ ᠤᠨ ᠬᠠᠮᠢᠶ᠎ᠠ ᠪᠦᠬᠦᠢ ᠭᠠᠵᠠᠷ ᠤᠨ ᠵᠢᠷᠤᠭ ᠤᠨ ᠪᠠᠷᠢᠮᠵᠢᠶ᠎ᠠ ᠪᠠ ᠬᠢᠨᠠᠨ ᠬᠠᠷᠭᠤᠭᠤᠯᠬᠤ | ᠲᠣᠭᠲᠠᠭᠠᠯ ᠢ ᠵᠢᠷᠤᠮᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠢᠨᠲ᠋ᠧᠷ ᠰᠦᠯᠵᠢᠶᠡᠨ ᠤ ᠭᠠᠵᠠᠷ ᠤᠨ | ᠵᠢᠷᠤᠭ ᠤᠨ ᠦᠢᠯᠡᠴᠢᠯᠡᠭᠡ ᠶᠢᠨ ᠬᠠᠩᠭᠠᠭᠴᠢ ᠨᠢ ᠬᠠᠤᠯᠢ ᠶᠣᠰᠣᠭᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ | ᠭᠠᠵᠠᠷ ᠤᠨ ᠵᠢᠷᠤᠭ ᠢ ᠬᠡᠷᠡᠭᠯᠡᠵᠦ᠂ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠤᠬᠠᠢ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠴᠤ᠂ ᠢᠨᠲ᠋ᠧᠷ | ᠰᠦᠯᠵᠢᠶᠡᠨ ᠤ ᠭᠠᠵᠠᠷ ᠤᠨ ᠵᠢᠷᠤᠭ ᠤᠨ ᠰᠢᠨ᠎ᠡ ᠪᠠᠷ ᠨᠡᠮᠡᠭᠰᠡᠨ ᠠᠭᠤᠯᠭ᠎ᠠ ᠳᠠᠬᠢ ᠬᠢᠨᠠᠨ ᠬᠠᠷᠭᠤᠭᠤᠯᠤᠯᠲᠠ ᠶᠢ | ᠴᠢᠩᠭᠠᠳᠬᠠᠬᠤ ᠶᠢᠨ ᠬᠠᠮᠲᠤ᠂ ᠲᠥᠷᠥ ᠶᠢᠨ ᠶᠠᠪᠤᠳᠠᠯ ᠬᠤᠷᠢᠶ᠎ᠠ ᠳᠤ ᠡᠷᠬᠡ ᠣᠯᠭᠤᠵᠤ ᠭᠠᠵᠠᠷ ᠤᠨ ᠵᠢᠷᠤᠭ ᠤᠨ | ᠬᠠᠮᠢᠶᠠᠷᠤᠯᠲᠠ ᠳᠤ ᠪᠣᠳᠠᠲᠠᠢ ᠠᠷᠭ᠎ᠠ ᠲᠣᠭᠲᠠᠭᠠᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠪᠠ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠢᠨ ᠬᠡᠮᠵᠢᠨ ᠵᠢᠷᠤᠬᠤ ᠬᠠᠤᠯᠢ ᠶᠢᠨ | ᠲᠣᠭᠲᠠᠭᠠᠯ ᠶᠣᠰᠣᠭᠠᠷ᠂ ᠮᠡᠷᠭᠡᠵᠢᠯ ᠤᠨ ᠠᠮᠤᠷ ᠲᠦᠪᠰᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠤᠯᠤᠰ ᠤᠨ ᠨᠤᠲᠤᠭ ᠳᠡᠪᠢᠰᠬᠡᠷ ᠢ ᠵᠥᠪ | ᠣᠨᠣᠪᠴᠢᠲᠠᠢ ᠢᠯᠡᠳᠬᠡᠭᠰᠡᠨ ᠭᠠᠵᠠᠷ ᠤᠨ ᠵᠢᠷᠤᠭ ᠢ ᠬᠡᠷᠡᠭᠯᠡᠵᠦ᠂ ᠭᠠᠵᠠᠷ ᠤᠨ ᠵᠢᠷᠤᠭ ᠤᠨ ᠶᠠᠰᠤ ᠴᠢᠨᠠᠷ ᠪᠠ ᠬᠢᠷᠢ | ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠱᠠᠭᠠᠷᠳᠠᠯᠭ᠎ᠠ ᠶᠢ ᠬᠠᠩᠭᠠᠵᠤ᠂ ᠤᠯᠤᠰ ᠤᠨ ᠡᠷᠬᠡ ᠠᠰᠢᠭ ᠢ | ᠬᠠᠮᠠᠭᠠᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠭᠠᠵᠠᠷ ᠤᠨ ᠵᠢᠷᠤᠭ ᠤᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠳ ᠲᠤ ᠵᠠᠰᠠᠭ ᠵᠠᠬᠢᠷᠭᠠᠨ ᠤ ᠲᠣᠷᠭᠠᠭᠤᠯᠢ ᠣᠯᠭᠤᠵᠤ | ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠥᠲᠥᠯᠥᠭᠴᠢ᠄ | ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ | ᠪᠠᠶᠢᠳᠠᠯ ᠨᠢ ᠶᠠᠮᠠᠷ ᠪᠣᠢ︖ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠮᠠᠨ ᠤ | ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠲᠣᠭᠲᠠᠭᠠᠯ | ᠭᠠᠷᠭᠠᠭᠰᠠᠨ ᠪᠣᠢ︖ | ᠵᠤᠤ ᠳ᠋ᠠ ᠶᠦᠩ᠄ | ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠨᠢ ᠲᠥᠷᠥ ᠶᠢᠨ ᠶᠠᠪᠤᠳᠠᠯ ᠤᠨ ᠬᠤᠷᠢᠶ᠎ᠠ ᠳᠤ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠢᠶᠠᠷ ᠲᠣᠭᠲᠠᠭᠠᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠥᠨᠳᠥᠷ᠂ ᠠᠵᠤ ᠦᠢᠯᠡᠰ ᠤᠨ ᠬᠡᠯᠬᠢᠶ᠎ᠡ ᠨᠢ ᠤᠷᠲᠤ᠂ ᠠᠵᠢᠯ ᠣᠯᠭᠤᠬᠤ ᠴᠢᠳᠠᠪᠤᠷᠢ ᠨᠢ | ᠬᠠᠷᠢᠴᠠᠩᠭᠤᠢ ᠴᠢᠩᠭ᠎ᠠ ᠣᠨᠴᠠᠯᠢᠭ ᠲᠠᠢ ᠪᠠᠷ ᠪᠠᠷᠠᠬᠤ ᠦᠭᠡᠢ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ | ᠵᠢᠷᠤᠬᠤ ᠰᠠᠯᠠᠭ᠎ᠠ ᠮᠥᠴᠢᠷ ᠠᠴᠠ ᠨᠡᠶᠢᠭᠡᠮ ᠤᠨ ᠣᠯᠠᠨ ᠲᠦᠮᠡᠨ ᠳᠤ ᠦᠢᠯᠡᠴᠢᠯᠡᠬᠦ ᠠᠷᠭ᠎ᠠ ᠵᠠᠮ ᠪᠣᠯᠣᠨ᠎ᠠ᠃ | 2014 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠭᠠᠵᠠᠷ ᠵᠦᠢ ᠶᠢᠨ ᠮᠡᠳᠡᠭᠡ | ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠨᠡᠶᠢᠲᠡᠯᠡᠭᠰᠡᠨ ᠠᠴᠠ᠂ | ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ | ᠬᠥᠭᠵᠢᠯᠲᠡ ᠮᠠᠰᠢ ᠲᠦᠷᠭᠡᠨ ᠪᠠᠶᠢᠵᠤ᠂ ᠠᠵᠤ ᠦᠢᠯᠡᠰ ᠤᠨ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ ᠨᠢ | 20% ᠠᠴᠠ ᠳᠡᠭᠡᠭᠰᠢ ᠬᠦᠷᠴᠡᠢ᠃ ᠣᠶᠣᠨᠴᠢᠯᠠᠭᠰᠠᠨ ᠴᠠᠭ ᠦᠶ᠎ᠡ ᠶᠢᠨ ᠬᠦᠷᠴᠦ ᠢᠷᠡᠬᠦ ᠶᠢ ᠳᠠᠭᠠᠯᠳᠤᠨ᠂ ᠭᠠᠵᠠᠷ | ᠵᠦᠢ ᠶᠢᠨ ᠮᠡᠳᠡᠭᠡ ᠵᠠᠩᠭᠢ ᠶᠢᠨ ᠬᠡᠷᠡᠭᠯᠡᠭᠡ ᠶᠠᠪᠤᠬᠤ ᠲᠤᠲᠤᠮ ᠥᠷᠭᠡᠵᠢᠨ ᠭᠦᠨᠵᠡᠭᠡᠶᠢᠷᠡᠵᠦ᠂ ᠭᠠᠷ ᠤᠲᠠᠰᠤ ᠪᠠᠷ | ᠪᠠᠶᠢᠷᠢ ᠲᠣᠭᠲᠠᠭᠠᠬᠤ᠂ ᠢᠨᠲ᠋ᠧᠷ ᠰᠦᠯᠵᠢᠶ᠎ᠡ ᠪᠠᠷ ᠵᠠᠮᠴᠢᠯᠠᠭᠤᠯᠬᠤ ᠵᠡᠷᠭᠡ ᠭᠠᠵᠠᠷ ᠵᠦᠢ ᠶᠢᠨ ᠮᠡᠳᠡᠭᠡ ᠵᠠᠩᠭᠢ ᠶᠢᠨ | ᠠᠵᠤ ᠦᠢᠯᠡᠰ ᠤᠨ ᠦᠢᠯᠡᠴᠢᠯᠡᠭᠡ ᠶᠢ ᠪᠠᠭᠲᠠᠭᠠᠭᠰᠠᠨ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠢ ᠬᠥᠮᠥᠰ | ᠪᠠᠷᠤᠭ ᠡᠳᠦᠷ ᠪᠦᠷᠢ ᠬᠡᠷᠡᠭᠯᠡᠵᠦ᠂ ᠥᠷᠭᠡᠳᠬᠡᠯ ᠪᠦᠲᠦᠭᠡᠭᠳᠡᠬᠦᠨ ᠴᠤ ᠲᠠᠰᠤᠷᠠᠯᠲᠠ ᠦᠭᠡᠢ ᠢᠯᠡᠷᠡᠨ᠂ ᠠᠷᠠᠳ | ᠣᠯᠠᠨ ᠤ ᠠᠮᠢᠳᠤᠷᠠᠯ ᠳᠤ ᠲᠤᠶᠢᠯ ᠢᠶᠠᠷ ᠳᠥᠭᠦᠮ ᠦᠵᠡᠭᠦᠯᠵᠦ᠂ ᠨᠡᠯᠢᠶᠡᠳ ᠬᠥᠭᠵᠢᠩᠭᠦᠢ ᠬᠦᠷᠢᠶ᠎ᠡ ᠴᠠᠷᠠᠭ᠎ᠠ | ᠪᠣᠯᠣᠭᠰᠠᠨ ᠪᠠᠶᠢᠨ᠎ᠠ᠃ | ᠡᠷᠬᠡ ᠰᠦᠷᠲᠦ ᠪᠠᠶᠢᠭᠤᠯᠤᠮᠵᠢ ᠶᠢᠨ ᠪᠦᠷᠢᠳᠬᠡᠯ ᠢ ᠦᠨᠳᠦᠰᠦᠯᠡᠪᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ | ᠠᠵᠤ ᠦᠢᠯᠡᠰ ᠨᠢ ᠬᠠᠮᠢᠶ᠎ᠠ ᠪᠦᠬᠦᠢ ᠠᠵᠢᠯ ᠲᠥᠷᠥᠯ ᠤᠨ ᠠᠰᠢᠭ ᠣᠷᠣᠯᠭ᠎ᠠ ᠶᠢ ᠳᠠᠶᠢᠴᠢᠯᠠᠵᠤ᠂ ᠭᠠᠵᠠᠷ ᠵᠦᠢ ᠶᠢᠨ | ᠮᠡᠳᠡᠭᠡ ᠵᠠᠩᠭᠢ ᠶᠢᠨ ᠠᠵᠤ ᠦᠢᠯᠡᠰ ᠤᠨ ᠲᠤᠰ ᠪᠡᠶ᠎ᠡ ᠶᠢᠨ ᠦᠢᠯᠡᠴᠢᠯᠡᠭᠡ ᠶᠢᠨ ᠦᠢᠯᠡᠳᠬᠦᠨ ᠤ ᠥᠷᠲᠡᠭ ᠠᠴᠠ 15 | — 20 ᠳᠠᠬᠢᠨ ᠥᠨᠳᠥᠷ ᠲᠦᠪᠰᠢᠨ ᠳᠤ ᠬᠦᠷᠴᠦ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠢ | ᠬᠥᠲᠥᠯᠥᠨ ᠳᠠᠶᠢᠴᠢᠯᠠᠬᠤ ᠦᠢᠯᠡᠳᠦᠯ ᠨᠢ ᠲᠡᠭᠦᠨ ᠤ ᠲᠤᠰ ᠪᠡᠶ᠎ᠡ ᠶᠢᠨ ᠦᠢᠯᠡᠳᠦᠯ ᠠᠴᠠ ᠴᠤ ᠬᠦᠴᠦᠷᠬᠡᠭ ᠶᠡᠭᠡ | ᠪᠣᠯᠣᠭᠰᠠᠨ ᠶᠤᠮ᠃ ᠡᠨᠡ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ | ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠳᠤ ᠲᠤᠶᠢᠯ ᠤᠨ ᠴᠢᠬᠤᠯᠠ ᠲᠣᠭᠲᠠᠭᠠᠯ ᠭᠠᠷᠭᠠᠵᠤ᠂ | ᠲᠡᠭᠦᠨ ᠤ ᠳᠣᠲᠣᠷ᠎ᠠ 40 ᠳ᠋ᠦ᠋ᠭᠡᠷ ᠵᠦᠢᠯ ᠳᠤ᠂ ᠤᠯᠤᠰ ᠠᠴᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ | ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ | ᠪᠦᠲᠦᠴᠡ ᠳᠤ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠭᠠᠵᠠᠷ | ᠵᠦᠢ ᠶᠢᠨ ᠮᠡᠳᠡᠭᠡ ᠵᠠᠩᠭᠢ ᠶᠢᠨ ᠡᠯ᠎ᠡ ᠲᠥᠷᠥᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠮᠥᠷᠲᠡᠭᠡᠨ ᠢᠲᠡᠭᠡᠮᠵᠢᠲᠡᠢ ᠭᠠᠵᠠᠷ | ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ ᠭᠡᠵᠦ ᠲᠣᠭᠲᠠᠭᠠᠭᠰᠠᠨ | ᠪᠠᠶᠢᠨ᠎ᠠ᠃ | ᠬᠥᠲᠥᠯᠥᠭᠴᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠭᠠᠵᠠᠷ ᠵᠦᠢ ᠶᠢᠨ ᠮᠡᠳᠡᠭᠡ ᠵᠠᠩᠭᠢ ᠶᠢ | ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠤᠪᠢᠶᠠᠯᠴᠠᠨ ᠬᠦᠷᠲᠡᠬᠦ ᠵᠢᠴᠢ ᠬᠡᠷᠡᠭᠯᠡᠬᠦ ᠲᠠᠯ᠎ᠠ ᠪᠠᠷ ᠶᠠᠮᠠᠷ ᠶᠠᠮᠠᠷ | ᠲᠣᠭᠲᠠᠭᠠᠯ ᠭᠠᠷᠭᠠᠭᠰᠠᠨ ᠪᠣᠢ︖ | ᠵᠤᠤ ᠳ᠋ᠠ ᠶᠦᠩ᠄ | ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠤᠭᠰᠠᠨ ᠨᠢ᠂ ᠦᠷ᠎ᠡ ᠪᠦᠲᠦᠭᠡᠯ ᠳᠤ | ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠲᠤᠬᠠᠢ ᠵᠠᠷᠢᠮ ᠴᠢᠬᠤᠯᠠ ᠲᠣᠭᠲᠠᠭᠠᠯ ᠢ ᠲᠣᠭᠲᠠᠭᠠᠭᠰᠠᠨ ᠪᠠᠶᠢᠨ᠎ᠠ᠃ | ᠨᠢᠭᠡ ᠳᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠡᠯ᠎ᠡ ᠱᠠᠲᠤᠨ ᠤ ᠵᠠᠰᠠᠭ ᠤᠨ ᠣᠷᠳᠣᠨ ᠤ ᠥᠯᠥ ᠬᠥᠳᠡᠯᠬᠦ ᠬᠥᠷᠥᠩᠭᠡ ᠶᠢ ᠪᠦᠷᠢᠳᠬᠡᠨ | ᠳᠠᠩᠰᠠᠯᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤ ᠥᠯᠥ ᠬᠥᠳᠡᠯᠬᠦ ᠬᠥᠷᠥᠩᠭᠡ ᠶᠢ ᠬᠡᠮᠵᠢᠨ | ᠵᠢᠷᠤᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠪᠠ᠃ ᠣᠯᠠᠨ ᠤ ᠮᠡᠳᠡᠭᠡᠵᠢ ᠪᠠᠷ᠂ ᠥᠯᠥ | ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠭᠤᠣᠯ ᠠᠭᠤᠯᠭ᠎ᠠ ᠪᠣᠯ ᠳᠠᠷᠤᠢ ᠥᠯᠥ ᠬᠥᠳᠡᠯᠬᠦ | ᠬᠥᠷᠥᠩᠭᠡ ᠤᠨ ᠬᠡᠮᠵᠢᠨ ᠵᠢᠷᠤᠯᠲᠠ ᠪᠣᠯᠣᠨ᠎ᠠ᠂ ᠡᠶᠢᠮᠦ ᠠᠴᠠ ᠡᠨᠡ ᠤᠳᠠᠭᠠᠨ ᠤ ᠬᠠᠤᠯᠢ ᠴᠠᠭᠠᠵᠠ ᠳᠤ ᠥᠯᠥ | ᠬᠥᠳᠡᠯᠬᠦ ᠬᠥᠷᠥᠩᠭᠡ ᠶᠢ ᠬᠡᠮᠵᠢᠨ ᠵᠢᠷᠤᠬᠤ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃ | ᠬᠤᠶᠠᠷ ᠲᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠭᠠᠵᠠᠷ ᠵᠦᠢ ᠶᠢᠨ ᠤᠯᠤᠰ ᠤᠨ ᠪᠠᠶᠢᠳᠠᠯ ᠤᠨ ᠬᠢᠨᠠᠨ ᠰᠢᠨᠵᠢᠯᠲᠠ | ᠥᠷᠨᠢᠭᠦᠯᠬᠦ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠪᠦᠲᠦᠮᠵᠢᠲᠡᠢ ᠠᠷᠭ᠎ᠠ ᠬᠡᠮᠵᠢᠶ᠎ᠡ | ᠠᠪᠴᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠶᠢᠭᠡᠮ ᠤᠨ ᠬᠥᠭᠵᠢᠯᠲᠡ ᠪᠠ | ᠨᠡᠶᠢᠭᠡᠮ ᠤᠨ ᠨᠡᠶᠢᠲᠡ ᠣᠯᠠᠨ ᠤ ᠦᠢᠯᠡᠴᠢᠯᠡᠭᠡ ᠳᠤᠮᠳᠠᠬᠢ ᠭᠠᠵᠠᠷ ᠵᠦᠢ ᠶᠢᠨ ᠤᠯᠤᠰ ᠤᠨ ᠪᠠᠶᠢᠳᠠᠯ ᠢ ᠬᠢᠨᠠᠨ | ᠰᠢᠨᠵᠢᠭᠰᠡᠨ ᠦᠷ᠎ᠡ ᠪᠦᠲᠦᠭᠡᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠭᠤᠷᠪᠠ ᠳᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠨᠢ ᠤᠯᠤᠰ ᠤᠨ ᠨᠢᠭᠤᠴᠠ ᠶᠢᠨ ᠠᠮᠤᠷ ᠲᠦᠪᠰᠢᠨ ᠢ | ᠪᠠᠲᠤᠯᠠᠬᠤ᠂ ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠡᠷᠡᠭᠯᠡᠬᠦ ᠵᠠᠷᠴᠢᠮ ᠶᠣᠰᠣᠭᠠᠷ᠂ | ᠨᠢᠭᠤᠴᠠ ᠶᠢᠨ ᠬᠦᠷᠢᠶ᠎ᠡ ᠬᠡᠪᠴᠢᠶ᠎ᠡ ᠪᠠ ᠨᠢᠭᠤᠴᠠ ᠶᠢᠨ ᠵᠡᠷᠭᠡ ᠳᠡᠰ ᠢ ᠲᠣᠭᠲᠠᠭᠠᠬᠤ ᠶᠢᠨ ᠬᠠᠮᠲᠤ᠂ ᠴᠠᠭ | ᠲᠤᠬᠠᠢ ᠳᠤ ᠨᠢ ᠲᠣᠬᠢᠷᠠᠭᠤᠯᠤᠨ ᠨᠡᠶᠢᠲᠡᠯᠡᠨ᠎ᠡ ᠭᠡᠵᠦ ᠲᠣᠭᠲᠠᠭᠠᠪᠠ᠃ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ | ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠲᠡ ᠣᠯᠠᠨ ᠤ ᠬᠡᠪᠯᠡᠯ ᠤᠨ ᠬᠡᠮᠵᠢᠨ | ᠵᠢᠷᠤᠭᠰᠠᠨ ᠦᠷ᠎ᠡ ᠪᠦᠲᠦᠭᠡᠯ ᠢ ᠪᠣᠯᠪᠠᠰᠤᠷᠠᠭᠤᠯᠬᠤ ᠪᠠ ᠨᠠᠶᠢᠷᠠᠭᠤᠯᠤᠨ ᠲᠣᠭᠲᠠᠭᠠᠬᠤ ᠠᠵᠢᠯ ᠢ ᠠᠬᠢᠭᠤᠯᠵᠤ᠂ | ᠨᠡᠶᠢᠲᠡ ᠣᠯᠠᠨ ᠤ ᠬᠡᠪᠯᠡᠯ ᠤᠨ ᠦᠷ᠎ᠡ ᠪᠦᠲᠦᠭᠡᠯ ᠢ ᠬᠠᠩᠭᠠᠬᠤ᠂ ᠨᠢᠭᠤᠴᠠ ᠶᠢ ᠬᠠᠮᠠᠭᠠᠯᠠᠬᠤ ᠮᠡᠷᠭᠡᠵᠢᠯ ᠢ | ᠰᠢᠢᠳᠪᠦᠷᠢᠯᠡᠬᠦ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠡᠶᠢᠭᠡᠮᠴᠢᠯᠡᠭᠰᠡᠨ | ᠬᠡᠷᠡᠭᠯᠡᠯᠲᠡ ᠶᠢ ᠠᠬᠢᠭᠤᠯᠬᠤ ᠶᠢ ᠱᠠᠭᠠᠷᠳᠠᠭᠰᠠᠨ ᠤ ᠬᠠᠮᠲᠤ᠂ ᠤᠯᠤᠰ᠂ ᠮᠤᠵᠢ ᠶᠢᠨ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠴᠠᠭ ᠲᠤᠬᠠᠢ ᠳᠤ ᠨᠢ ᠦᠷ᠎ᠡ ᠪᠦᠲᠦᠭᠡᠯ ᠤᠨ ᠬᠠᠷᠠᠯᠲᠠ ᠶᠢ ᠨᠠᠶᠢᠷᠠᠭᠤᠯᠤᠨ | ᠲᠣᠭᠲᠠᠭᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠳᠥᠷᠪᠡ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠪᠠᠷ ᠪᠠᠶᠢᠭᠤᠯᠬᠤ᠂ ᠬᠠᠮᠲᠤ ᠪᠠᠷ ᠬᠦᠷᠲᠡᠬᠦ ᠠᠷᠭ᠎ᠠ ᠵᠠᠮ ᠢ ᠲᠣᠭᠲᠠᠭᠠᠨ ᠪᠦᠷᠢᠨᠰᠢᠭᠦᠯᠵᠦ᠂ ᠭᠠᠵᠠᠷ ᠵᠦᠢ ᠶᠢᠨ | ᠮᠡᠳᠡᠭᠡ ᠵᠠᠩᠭᠢ ᠶᠢᠨ ᠥᠷᠭᠡᠨ ᠳᠡᠯᠭᠡᠷ ᠬᠡᠷᠡᠭᠯᠡᠯᠲᠡ ᠶᠢ ᠠᠬᠢᠭᠤᠯᠬᠤ ᠬᠡᠷᠡᠭᠲᠡᠢ ᠭᠡᠵᠦ ᠲᠣᠭᠲᠠᠭᠠᠪᠠ᠃ ᠡᠭᠦᠨ ᠤ | ᠬᠠᠮᠲᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠵᠦᠢ ᠶᠢᠨ ᠮᠡᠳᠡᠭᠡ | ᠵᠠᠩᠭᠢ ᠶᠢ ᠬᠡᠮᠵᠢᠨ ᠵᠢᠷᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠤᠷᠢ ᠭᠠᠵᠠᠷ ᠵᠦᠢ ᠶᠢᠨ | ᠮᠡᠳᠡᠭᠡ ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠣᠯᠵᠠᠯᠠᠬᠤ᠂ ᠰᠢᠢᠳᠪᠦᠷᠢᠯᠡᠬᠦ ᠪᠠ ᠰᠢᠨᠡᠳᠬᠡᠵᠦ᠂ ᠭᠠᠵᠠᠷ | ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ ᠢᠶᠠᠷ ᠳᠠᠮᠵᠢᠭᠤᠯᠤᠨ | ᠨᠡᠶᠢᠭᠡᠮ ᠳᠤ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠭᠠᠵᠠᠷ | ᠵᠦᠢ ᠶᠢᠨ ᠮᠡᠳᠡᠭᠡ ᠵᠠᠩᠭᠢ ᠶᠢᠨ ᠳ᠋ᠠᠶᠢᠲ᠋ᠠ ᠳᠤ ᠨᠡᠭᠡᠭᠡᠯᠲᠡ ᠬᠢᠵᠦ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ | ᠭᠡᠵᠦ ᠱᠠᠭᠠᠷᠳᠠᠵᠠᠢ᠃ ᠬᠠᠤᠯᠢ ᠴᠠᠭᠠᠵᠠ ᠶᠢᠨ ᠲᠠᠯ᠎ᠠ ᠠᠴᠠ᠂ ᠨᠡᠭᠡᠭᠡᠯᠲᠡ ᠬᠢᠵᠦ ᠬᠠᠮᠲᠤ ᠪᠠᠷ ᠬᠦᠷᠲᠡᠬᠦ ᠲᠠᠯ᠎ᠠ ᠪᠠᠷ | ᠲᠤᠶᠢᠯ ᠤᠨ ᠰᠢᠰᠲ᠋ᠧᠮ ᠲᠠᠢ᠂ ᠲᠤᠶᠢᠯ ᠤᠨ ᠪᠣᠳᠠᠲᠠᠢ ᠲᠣᠭᠲᠠᠭᠠᠯ ᠭᠠᠷᠭᠠᠵᠤ᠂ ᠭᠠᠵᠠᠷ ᠵᠦᠢ ᠶᠢᠨ ᠮᠡᠳᠡᠭᠡ | ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠢᠯᠡ ᠪᠣᠯᠭᠠᠵᠤ᠂ ᠴᠠᠭ ᠲᠤᠬᠠᠢ ᠳᠤ ᠨᠢ ᠬᠡᠷᠡᠭᠯᠡᠬᠦ ᠶᠢ ᠪᠠᠲᠤᠯᠠᠪᠠ᠃ | ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠠᠮᠢᠵᠢᠷᠠᠯ ᠤᠨ ᠬᠦᠴᠦᠨ ᠪᠠ ᠥᠷᠲᠡᠭ ᠨᠢ ᠬᠡᠷᠡᠭᠯᠡᠯᠲᠡ ᠳᠤ ᠪᠠᠶᠢᠳᠠᠭ᠂ | ᠡᠨᠡ ᠲᠠᠯ᠎ᠠ ᠪᠠᠷ ᠪᠢᠳᠡ ᠪᠠᠶᠢᠳᠠᠭ ᠬᠦᠴᠦ ᠪᠠᠨ ᠰᠢᠪᠬᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠦᠷ᠎ᠡ | ᠪᠦᠲᠦᠭᠡᠯ ᠤᠨ ᠨᠡᠩ ᠥᠷᠭᠡᠨ ᠳᠡᠯᠭᠡᠷ ᠬᠡᠷᠡᠭᠯᠡᠯᠲᠡ ᠶᠢ ᠠᠬᠢᠭᠤᠯᠬᠤ ᠪᠠᠷ ᠪᠠᠶᠢᠨ᠎ᠠ᠃ | ᠬᠥᠲᠥᠯᠥᠭᠴᠢ᠄ | ᠬᠡᠷᠬᠢᠨ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠡᠶᠢᠭᠡᠮᠴᠢᠯᠡᠭᠰᠡᠨ | ᠬᠡᠷᠡᠭᠯᠡᠯᠲᠡ ᠶᠢ ᠠᠬᠢᠭᠤᠯᠬᠤ ᠶᠢᠨ ᠬᠠᠮᠲᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ | ᠪᠠᠲᠤᠯᠠᠬᠤ ᠪᠣᠢ︖ | ᠵᠤᠤ ᠳ᠋ᠠ ᠶᠦᠩ᠄ | ᠪᠢᠳᠡ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠠ ᠭᠠᠵᠠᠷ | ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠷᠢᠴᠠᠭ᠎ᠠ ᠶᠢ ᠦᠨᠡᠨ | ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠬᠤ | ᠳᠤᠮᠳᠠ᠂ ᠤᠯᠤᠰ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠪᠠ ᠭᠠᠵᠠᠷ | ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ | ᠲᠥᠯᠥᠪᠯᠡᠨ ᠪᠣᠳᠣᠯᠬᠢᠯᠠᠭᠰᠠᠨ ᠶᠤᠮ᠃ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ | ᠲᠤᠬᠠᠢ᠂ ᠬᠡᠮᠵᠢᠨ ᠵᠢᠷᠤᠬᠤ ᠬᠠᠤᠯᠢ ᠶᠢᠨ ᠨᠠᠢᠮᠠᠳᠤᠭᠠᠷ ᠪᠦᠯᠦᠭ ᠲᠤ ᠲᠣᠳᠣᠷᠬᠠᠢ ᠲᠣᠭᠲᠠᠭᠠᠯ ᠭᠠᠷᠭᠠᠪᠠ᠂ | ᠵᠢᠱᠢᠶᠡᠯᠡᠪᠡᠯ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠳᠪᠦᠷᠢᠯᠡᠯ᠂ ᠬᠠᠮᠢᠶᠠᠷᠤᠯᠲᠠ᠂ ᠠᠰᠢᠭᠯᠠᠯᠲᠠ ᠭᠡᠬᠦ ᠮᠡᠲᠦ᠃ | ᠤᠯᠤᠰ ᠤᠨ ᠨᠢᠭᠤᠴᠠ ᠳᠤ ᠬᠠᠷᠢᠶᠠᠯᠠᠭᠳᠠᠬᠤ ᠭᠠᠵᠠᠷ ᠵᠦᠢ ᠶᠢᠨ ᠮᠡᠳᠡᠭᠡ ᠵᠠᠩᠭᠢ ᠶᠢ ᠡᠵᠡᠮᠰᠢᠬᠦ ᠪᠠ ᠬᠠᠩᠭᠠᠬᠤ ᠳᠤ | ᠡᠷᠬᠡᠪᠰᠢ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠬᠦ ᠪᠠ ᠤᠷᠲᠤ ᠬᠤᠭᠤᠴᠠᠭ᠎ᠠ ᠪᠠᠷ ᠬᠠᠳᠠᠭᠠᠯᠠᠨ | ᠬᠠᠮᠢᠶᠠᠷᠴᠤ᠂ ᠢᠯᠠᠩᠭᠤᠶ᠎ᠠ ᠮᠥᠷᠳᠡᠨ ᠬᠠᠮᠢᠶᠠᠷᠴᠤ ᠪᠣᠯᠬᠤ ᠶᠢ ᠣᠨᠴᠠᠭᠠᠶᠢᠯᠠᠨ ᠳᠤᠷᠠᠳᠪᠠ᠃ ᠡᠭᠦᠨ ᠤ ᠬᠠᠮᠲᠤ᠂ | ᠬᠡᠮᠵᠢᠨ ᠵᠢᠷᠤᠬᠤ ᠠᠵᠢᠯᠯᠠᠭ᠎ᠠ ᠨᠢ ᠤᠯᠤᠰ ᠤᠨ ᠨᠢᠭᠤᠴᠠ ᠳᠤ ᠬᠠᠷᠢᠶᠠᠯᠠᠭᠳᠠᠬᠤ ᠭᠠᠵᠠᠷ ᠵᠦᠢ ᠶᠢᠨ ᠮᠡᠳᠡᠭᠡ ᠵᠠᠩᠭᠢ ᠶᠢ | ᠣᠯᠵᠠᠯᠠᠨ ᠡᠵᠡᠮᠰᠢᠬᠦ ᠪᠤᠶᠤ ᠬᠠᠩᠭᠠᠨ ᠠᠰᠢᠭᠯᠠᠬᠤ ᠳᠤ ᠬᠤᠯᠪᠣᠭᠳᠠᠵᠤ ᠪᠠᠶᠢᠳᠠᠭ ᠪᠣᠯᠬᠤᠷ᠂ ᠲᠣᠬᠢᠷᠠᠯᠴᠠᠭᠰᠠᠨ | ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠴᠠᠭᠠᠵᠠ ᠲᠣᠭᠲᠠᠭᠠᠯ ᠪᠠ ᠤᠯᠤᠰ ᠤᠨ | ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ | ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠨᠢ ᠪᠠᠰᠠ ᠴᠤ ᠲᠤᠰ ᠤᠳᠠᠭᠠᠨ ᠤ ᠬᠡᠮᠵᠢᠨ ᠵᠢᠷᠤᠬᠤ ᠬᠠᠤᠯᠢ ᠳᠤ | ᠵᠠᠰᠠᠪᠤᠷᠢ ᠣᠷᠣᠭᠤᠯᠤᠭᠰᠠᠨ ᠭᠢᠯᠠᠰ ᠴᠡᠭ ᠪᠣᠯᠣᠨ᠎ᠠ᠃ 47 ᠳ᠋ᠤᠭᠠᠷ ᠵᠦᠢᠯ ᠳᠤ᠂ ᠭᠠᠵᠠᠷ ᠵᠦᠢ ᠶᠢᠨ ᠮᠡᠳᠡᠭᠡ | ᠵᠠᠩᠭᠢ ᠶᠢ ᠠᠰᠢᠭᠯᠠᠬᠤ ᠨᠢᠭᠡᠴᠢ ᠪᠠ ᠢᠡᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠶᠢᠨ | ᠬᠠᠩᠭᠠᠭᠴᠢ ᠶᠢ ᠪᠠᠭᠲᠠᠭᠠᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠦᠢᠯᠡᠳᠪᠦᠷᠢᠯᠡᠯ ᠨᠢ ᠬᠤᠪᠢ ᠬᠥᠮᠥᠨ ᠤ | ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠦᠶ᠎ᠡ ᠳᠤ᠂ ᠲᠣᠬᠢᠷᠠᠯᠴᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ | ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠬᠤ ᠬᠡᠷᠡᠭᠲᠡᠢ᠃ | ᠬᠥᠲᠥᠯᠥᠭᠴᠢ᠄ | ᠬᠡᠮᠵᠢᠨ ᠵᠢᠷᠤᠬᠤ ᠬᠠᠤᠯᠢ ᠨᠢ ᠬᠡᠮᠵᠢᠨ ᠵᠢᠷᠤᠬᠤ ᠠᠵᠢᠯᠯᠠᠭ᠎ᠠ ᠳᠤᠮᠳᠠᠬᠢ ᠬᠠᠮᠢᠶ᠎ᠠ ᠪᠦᠬᠦᠢ ᠨᠢᠭᠡᠴᠢ ᠠᠴᠠ | ᠬᠡᠷᠡᠭᠯᠡᠭᠴᠢ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭᠯᠡᠬᠦ ᠦᠶ᠎ᠡ ᠳᠤ᠂ ᠡᠳᠡᠭᠡᠷ ᠨᠢᠭᠡᠴᠢ ᠶᠢᠨ | ᠠᠵᠢᠯᠯᠠᠭ᠎ᠠ ᠳᠤ ᠬᠡᠷᠬᠢᠨ ᠬᠢᠨᠠᠯᠲᠠ ᠬᠠᠮᠢᠶᠠᠷᠤᠯᠲᠠ ᠶᠠᠪᠤᠭᠤᠯᠬᠤ ᠪᠣᠢ︖ | ᠵᠤᠤ ᠳ᠋ᠠ ᠶᠦᠩ᠄ | ᠡᠨᠡ ᠤᠳᠠᠭ᠎ᠠ ᠬᠡᠮᠵᠢᠨ ᠵᠢᠷᠤᠬᠤ ᠬᠠᠤᠯᠢ ᠳᠤ ᠵᠠᠰᠠᠪᠤᠷᠢ ᠣᠷᠣᠭᠤᠯᠬᠤ ᠳᠤ ᠪᠠᠨ ᠬᠤᠪᠢ ᠬᠥᠮᠥᠨ ᠤ ᠮᠡᠳᠡᠭᠡ | ᠵᠠᠩᠭᠢ ᠶᠢ ᠬᠠᠮᠠᠭᠠᠯᠠᠬᠤ ᠠᠭᠤᠯᠭ᠎ᠠ ᠶᠢ ᠨᠡᠮᠡᠵᠦ ᠣᠷᠣᠭᠤᠯᠪᠠ᠃ ᠢᠨᠲ᠋ᠧᠷ ᠰᠦᠯᠵᠢᠶᠡᠨ ᠤ ᠴᠠᠭ ᠦᠶ᠎ᠡ ᠳᠤ | ᠠᠮᠢᠳᠤᠷᠠᠵᠤ᠂ ᠢᠨᠲ᠋ᠧᠷ ᠰᠦᠯᠵᠢᠶ᠎ᠡ ᠶᠢᠨ ᠭᠠᠵᠠᠷ ᠤᠨ ᠵᠢᠷᠤᠭ ᠤᠨ ᠦᠢᠯᠡᠴᠢᠯᠡᠭᠡ ᠨᠢ ᠴᠠᠭ ᠢᠮᠠᠭᠲᠠ ᠲᠠᠨ ᠤ | ᠣᠷᠣᠨ ᠪᠠᠶᠢᠷᠢ ᠶᠢᠨ ᠮᠡᠳᠡᠭᠡ ᠵᠠᠩᠭᠢ ᠲᠠᠢ ᠨᠢᠭᠲᠠ ᠬᠠᠷᠢᠴᠠᠭ᠎ᠠ ᠡᠭᠦᠰᠴᠦ ᠪᠠᠶᠢᠳᠠᠭ᠂ ᠲᠡᠭᠡᠪᠡᠯ ᠬᠤᠪᠢ ᠬᠥᠮᠥᠨ ᠤ | ᠮᠡᠳᠡᠭᠡ ᠵᠠᠩᠭᠢ ᠶᠢ ᠴᠤᠭᠯᠠᠭᠤᠯᠬᠤ ᠠᠵᠢᠯᠯᠠᠭ᠎ᠠ ᠶᠢ ᠬᠡᠷᠬᠢᠨ ᠬᠢᠨᠠᠨ ᠬᠠᠮᠢᠶᠠᠷᠬᠤ ᠪᠣᠢ︖ ᠬᠡᠮᠵᠢᠨ ᠵᠢᠷᠤᠬᠤ | ᠬᠠᠤᠯᠢ ᠳᠤ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠠᠢ᠂ ᠳᠠᠷᠤᠢ ᠭᠠᠵᠠᠷ ᠵᠦᠢ ᠶᠢᠨ ᠮᠡᠳᠡᠭᠡ ᠵᠠᠩᠭᠢ ᠶᠢ | ᠦᠢᠯᠡᠳᠪᠦᠷᠢᠯᠡᠵᠦ ᠠᠰᠢᠭᠯᠠᠬᠤ ᠨᠢᠭᠡᠴᠢ ᠪᠠ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ | ᠬᠠᠩᠭᠠᠭᠴᠢ ᠨᠢ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠳᠤ ᠬᠤᠯᠪᠣᠭᠳᠠᠬᠤ ᠦᠶ᠎ᠡ ᠳᠤ᠂ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠠᠬᠢ ᠬᠤᠪᠢ ᠬᠥᠮᠥᠨ ᠤ ᠮᠡᠳᠡᠭᠡ ᠵᠠᠩᠭᠢ ᠶᠢ | ᠬᠠᠮᠠᠭᠠᠯᠠᠬᠤ ᠲᠤᠬᠠᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ | ᠵᠦᠢ ᠶᠢᠨ ᠮᠡᠳᠡᠭᠡ ᠵᠠᠩᠭᠢ ᠶᠢ ᠦᠢᠯᠡᠳᠪᠦᠷᠢᠯᠡᠬᠦ᠂ ᠠᠰᠢᠭᠯᠠᠬᠤ ᠨᠢᠭᠡᠴᠢ ᠳᠤ ᠬᠤᠯᠪᠣᠭᠳᠠᠵᠤ᠂ ᠪᠠᠰᠠ ᠢᠨᠲ᠋ᠧᠷ | ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡ ᠳᠤ ᠬᠤᠯᠪᠣᠭᠳᠠᠪᠠᠯ᠂ ᠭᠠᠵᠠᠷ ᠵᠦᠢ ᠶᠢᠨ ᠮᠡᠳᠡᠭᠡ ᠵᠠᠩᠭᠢ ᠶᠢ | ᠬᠡᠮᠵᠢᠨ ᠵᠢᠷᠤᠬᠤ ᠰᠠᠯᠠᠭ᠎ᠠ ᠮᠥᠴᠢᠷ ᠤᠨ ᠬᠢᠨ ᠡᠨᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠡᠨᠡ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠶᠠᠷᠢᠶᠠᠨ ᠦᠭᠡᠢ᠂ | ᠪᠢᠳᠡ ᠪᠠᠰᠠ ᠬᠤᠪᠢ ᠬᠥᠮᠥᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠬᠡᠮᠵᠢᠨ ᠵᠢᠷᠤᠭᠰᠠᠨ | ᠭᠠᠵᠠᠷ ᠵᠦᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢᠨ ᠬᠠᠮᠲᠤ ᠬᠤᠪᠢ ᠬᠥᠮᠥᠨ ᠤ ᠮᠡᠳᠡᠭᠡ ᠵᠠᠩᠭᠢ ᠶᠢ | ᠰᠠᠶᠢᠲᠤᠷ ᠬᠠᠮᠠᠭᠠᠯᠠᠬᠤ ᠬᠡᠷᠡᠭᠲᠡᠢ᠃ | ᠬᠥᠲᠥᠯᠥᠭᠴᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠨᠢ ᠪᠠᠴᠢᠮ ᠪᠠᠶᠢᠳᠠᠯ ᠢ ᠠᠷᠭᠠᠴᠠᠭᠠᠵᠤ | ᠬᠡᠮᠵᠢᠨ ᠵᠢᠷᠤᠬᠤ ᠪᠠᠲᠤᠯᠠᠭ᠎ᠠ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | ᠵᠤᠤ ᠳ᠋ᠠ ᠶᠦᠩ᠄ | ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢ ᠨᠢᠭᠡᠨᠲᠡ ᠮᠠᠨ ᠤ ᠤᠯᠤᠰ ᠤᠨ | ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠭᠠᠬᠤ ᠰᠢᠰᠲ᠋ᠧᠮᠴᠢ ᠪᠠ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠡᠷᠦᠩᠬᠡᠢ ᠲᠣᠭᠲᠠᠴᠠ ᠳᠤ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠮᠵᠢᠨ ᠵᠢᠷᠤᠯᠲᠠ ᠨᠢ | ᠨᠢᠭᠡᠨᠲᠡ ᠪᠠᠴᠢᠮ ᠪᠠᠶᠢᠳᠠᠯ ᠢ ᠠᠷᠭᠠᠴᠠᠭᠠᠨ ᠪᠠᠲᠤᠯᠠᠬᠤ ᠲᠤᠶᠢᠯ ᠤᠨ ᠴᠢᠬᠤᠯᠠ ᠬᠦᠴᠦᠨ ᠪᠣᠯᠣᠭᠰᠠᠨ ᠪᠠᠶᠢᠨ᠎ᠠ᠃ ᠡᠨᠡ | ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠮᠵᠢᠨ ᠵᠢᠷᠤᠬᠤ ᠬᠠᠤᠯᠢ ᠳᠤ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠶᠢᠨ ᠬᠢᠨ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠵᠦ᠂ ᠭᠠᠵᠠᠷ ᠤᠨ ᠵᠢᠷᠤᠭ ᠪᠠ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ | ᠳ᠋ᠠᠶᠢᠲ᠋ᠠ ᠵᠡᠷᠭᠡ ᠬᠡᠮᠵᠢᠨ ᠵᠢᠷᠤᠭᠰᠠᠨ ᠴᠢᠬᠤᠯᠠ ᠦᠷ᠎ᠡ ᠪᠦᠲᠦᠭᠡᠯ ᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ ᠭᠡᠵᠦ | ᠲᠣᠳᠣᠷᠬᠠᠢ ᠲᠣᠭᠲᠠᠭᠠᠭᠰᠠᠨ ᠤ ᠬᠠᠮᠲᠤ᠂ ᠠᠯᠤᠰ ᠮᠡᠳᠡᠷᠡᠮᠵᠢ ᠶᠢᠨ ᠬᠢᠨᠠᠨ ᠰᠢᠨᠵᠢᠯᠲᠠ᠂ ᠵᠠᠮᠴᠢᠯᠠᠵᠤ ᠪᠠᠶᠢᠷᠢ | ᠲᠣᠭᠲᠠᠭᠠᠬᠤ ᠭᠡᠬᠦ ᠮᠡᠲᠦ ᠶᠢᠨ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠨᠡ ᠪᠣᠯ ᠬᠠᠤᠯᠢ ᠴᠠᠭᠠᠵᠠ ᠶᠢᠨ ᠲᠠᠯ᠎ᠠ ᠠᠴᠠ ᠡᠯ᠎ᠡ ᠱᠠᠲᠤᠨ ᠤ | ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠣᠯᠭᠤᠭᠰᠠᠨ ᠲᠤᠶᠢᠯ ᠤᠨ ᠴᠢᠬᠤᠯᠠ ᠠᠵᠢᠯ ᠤᠨ ᠡᠭᠦᠷᠭᠡ ᠬᠠᠷᠢᠭᠤᠴᠠᠯᠭ᠎ᠠ ᠮᠥᠨ ᠭᠡᠵᠦ ᠬᠡᠯᠡᠵᠦ ᠪᠣᠯᠣᠨ᠎ᠠ᠃ ᠪᠢᠳᠡ | ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠰᠠᠯᠠᠭ᠎ᠠ | ᠮᠥᠴᠢᠷ ᠤᠨ ᠬᠢᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠡᠮᠵᠢᠨ ᠵᠢᠷᠤᠬᠤ ᠪᠠᠲᠤᠯᠠᠭ᠎ᠠ ᠶᠢᠨ ᠴᠢᠳᠠᠪᠤᠷᠢ ᠶᠢ ᠨᠢ | ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠬᠥᠲᠥᠯᠥᠭᠴᠢ᠄ | ᠳᠠᠷᠠᠭᠠᠴᠢ ᠶᠢᠨ ᠠᠯᠬᠤᠮ ᠳᠤ ᠮᠠᠨ ᠤ ᠣᠷᠣᠨ ᠬᠡᠮᠵᠢᠨ ᠵᠢᠷᠤᠬᠤ ᠰᠢᠨ᠎ᠡ ᠬᠠᠤᠯᠢ ᠶᠢ ᠲᠤᠭᠤᠰᠢᠯᠠᠭᠤᠯᠬᠤ ᠳᠤ | ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖ | ᠵᠤᠤ ᠳ᠋ᠠ ᠶᠦᠩ᠄ | ᠭᠠᠵᠠᠷ ᠵᠦᠢ ᠶᠢᠨ ᠮᠡᠳᠡᠭᠡ ᠵᠠᠩᠭᠢ ᠪᠣᠯ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠲᠤᠶᠢᠯ ᠤᠨ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠪᠠᠶᠢᠵᠤ᠂ ᠮᠠᠨ ᠤ ᠤᠯᠤᠰ ᠤᠨ ᠡᠷᠬᠡ ᠮᠡᠳᠡᠯ᠂ ᠠᠮᠤᠷ | ᠲᠦᠪᠰᠢᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠳᠠᠷᠠᠭᠠᠴᠢ ᠶᠢᠨ ᠠᠯᠬᠤᠮ ᠳᠤ ᠪᠢᠳᠡ ᠭᠤᠷᠪᠠᠨ | ᠭᠤᠭᠴᠤᠭ᠎ᠠ ᠶᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠠᠵᠢᠯ ᠢ ᠭᠦᠨᠵᠡᠭᠡᠢ ᠥᠷᠨᠢᠭᠦᠯᠵᠦ᠂ ᠬᠡᠮᠵᠢᠨ ᠵᠢᠷᠤᠬᠤ ᠰᠢᠨ᠎ᠡ ᠬᠠᠤᠯᠢ ᠶᠢ ᠥᠷᠭᠡᠨ ᠢᠶᠠᠷ ᠤᠬᠠᠭᠤᠯᠵᠤ᠂ | ᠥᠷᠭᠡᠨ ᠢᠶᠠᠷ ᠮᠡᠳᠡᠭᠳᠡᠨ᠂ ᠪᠦᠬᠦ ᠨᠡᠶᠢᠭᠡᠮ᠂ ᠨᠡᠶᠢᠲᠡ ᠣᠯᠠᠨ ᠳᠤ ᠣᠶᠢᠯᠠᠭᠠᠭᠤᠯᠤᠨ ᠡᠵᠡᠮᠰᠢᠭᠦᠯᠦᠨ᠎ᠡ᠃ ᠬᠤᠶᠠᠷ ᠲᠤ | ᠂ ᠰᠢᠨ᠎ᠡ ᠬᠡᠮᠵᠢᠨ ᠵᠢᠷᠤᠬᠤ ᠬᠠᠤᠯᠢ ᠶᠢ ᠦᠨᠳᠦᠰᠦᠯᠡᠨ ᠬᠠᠮᠢᠶ᠎ᠠ ᠪᠦᠬᠦᠢ ᠲᠥᠬᠦᠷᠵᠢᠭᠰᠡᠨ ᠬᠠᠤᠯᠢ ᠲᠣᠭᠲᠠᠭᠠᠯ ᠤᠨ | ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠤ᠂ ᠠᠵᠢᠯ ᠲᠥᠷᠥᠯ ᠤᠨ ᠨᠢᠭᠡᠴᠢ ᠪᠠ ᠠᠵᠢᠯᠯᠠᠭᠰᠠᠳ ᠤᠨ ᠬᠠᠤᠯᠢ ᠶᠢ | ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠡᠯᠡᠬᠦ ᠶᠢ ᠢᠳᠡᠪᠬᠢᠲᠡᠢ ᠪᠠᠷ ᠬᠥᠲᠥᠯᠥᠨ ᠳᠠᠭᠠᠭᠤᠯᠤᠨ᠎ᠠ᠃ | ᠭᠤᠷᠪᠠ ᠳᠤ᠂ ᠬᠠᠤᠯᠢ ᠶᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠠᠯᠪᠢᠬᠤ | ᠬᠠᠮᠢᠶᠠᠷᠬᠤ ᠦᠢᠯᠡᠴᠢᠯᠡᠬᠦ ᠶᠢ ᠤᠶᠠᠯᠳᠤᠭᠤᠯᠤᠨ᠂ ᠬᠡᠷᠡᠭ ᠵᠠᠷᠭᠤ ᠪᠠᠷ ᠬᠠᠤᠯᠢ ᠶᠢ ᠲᠠᠶᠢᠯᠪᠤᠷᠢᠯᠠᠨ ᠬᠡᠯᠡᠯᠡᠬᠦ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢᠨ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠵᠤ᠂ ᠨᠢᠭᠡ ᠬᠡᠷᠡᠭ ᠢ ᠪᠠᠶᠢᠴᠠᠭᠠᠨ | ᠰᠢᠳᠬᠡᠵᠦ ᠪᠠᠶᠢᠭᠠᠳ ᠠᠵᠢᠯ ᠲᠥᠷᠥᠯ ᠤᠨ ᠬᠢᠨ ᠢ ᠵᠠᠰᠠᠨ ᠴᠡᠭᠡᠷᠯᠡᠭᠦᠯᠬᠦ ᠮᠥᠷᠲᠡᠭᠡᠨ ᠨᠡᠯᠢᠶᠡᠳ ᠬᠡᠰᠡᠭ ᠬᠥᠮᠥᠰ ᠢ | ᠬᠥᠮᠥᠵᠢᠭᠦᠯᠬᠦ ᠨᠡᠶᠢᠭᠡᠮ ᠤᠨ ᠦᠷ᠎ᠡ ᠳ᠋ᠦᠩ ᠢ ᠪᠦᠷᠢᠯᠳᠦᠭᠦᠯᠦᠨ᠎ᠡ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠵᠤᠤ ᠲᠢᠩᠬᠢᠮ ᠤᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ | ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |