ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2018/3/9
     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ 8᠎ ᠤ ᠡᠳᠦᠷ ᠤᠨ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃ ᠬᠤᠷᠠᠯ ᠠᠴᠠ ᠪᠠᠳᠤᠯᠠᠯᠳᠠ ᠬᠢᠬᠦ ᠪᠠᠷ ᠳᠠᠮᠵᠢᠨ᠂ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠢ ᠬᠢᠨᠠᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠤᠯᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠲᠤ ᠵᠠᠰᠠᠪᠤᠷᠢ ᠤᠷᠤᠭᠤᠯᠬᠤ ᠨᠤᠤᠷᠠᠭ ᠢ ᠡᠯ᠎ᠡ ᠲᠦᠯᠦᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠲᠤᠭᠲᠠᠪᠠ᠃      ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠵᠠᠨ ᠱᠦ ᠬᠤᠷᠠᠯ ᠢ ᠡᠷᠬᠢᠯᠡᠪᠡ᠃ ᠬᠤᠷᠠᠯ ᠳᠤ ᠤᠷᠤᠯᠴᠠᠬᠤ ᠶᠤᠰᠤᠳᠠᠢ ᠬᠦᠮᠦᠨ 190᠂ ᠤᠷᠤᠯᠴᠠᠬᠰᠠᠨ ᠨᠢ 190 ᠬᠦᠮᠦᠨ᠂ ᠬᠤᠷᠠᠯ ᠳᠤ ᠤᠷᠤᠯᠴᠠᠭᠰᠠᠨ ᠬᠦᠮᠦᠨ ᠤ ᠲᠤᠭ᠎ᠠ ᠬᠠᠤᠯᠢ ᠳᠤ ᠲᠤᠭᠲᠠᠭᠠᠭᠰᠠᠨ ᠬᠦᠮᠦᠨ ᠤ ᠲᠤᠭ᠎ᠠ ᠲᠠᠢ ᠨᠡᠶᠢᠴᠡᠨ᠎ᠡ᠃      3 ᠳ᠋ᠤᠭᠠᠷ ᠰᠠᠷ᠎ᠠ ᠶᠢᠨ 7᠎ ᠤ ᠡᠳᠦᠷ᠂ ᠡᠯ᠎ᠡ ᠲᠦᠯᠦᠭᠡᠯᠡᠭᠴᠢᠳ ᠤᠨ ᠪᠦᠯᠬᠦᠮ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠡᠯ᠎ᠡ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠰᠡᠨ ᠰᠠᠨᠠᠯ ᠢ ᠦᠨᠳᠦᠰᠦᠯᠡᠵᠦ᠂ ᠲᠡᠷᠢᠭᠦᠯᠡᠭᠴᠢᠳ ᠤᠨ ᠪᠦᠯᠬᠦᠮ ᠎ ᠤᠨ ᠪᠠᠶᠢᠩᠭᠤ ᠶᠢᠨ ᠲᠡᠷᠢᠭᠦᠯᠡᠭᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠢ ᠬᠢᠨᠠᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠤᠯᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠲᠤ ᠵᠠᠰᠠᠪᠤᠷᠢ ᠤᠷᠤᠭᠤᠯᠬᠤ ᠨᠤᠤᠷᠠᠭ ᠢ ᠤᠷᠤᠯᠠᠨ ᠲᠤᠭᠤᠷᠪᠢᠪᠠ᠃      ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠠᠤᠯᠢ ᠶᠢᠨ ᠲᠦᠰᠦᠯ ᠤᠨ ᠳᠤᠭᠤᠶᠢᠯᠠᠩ ᠤᠨ ᠲᠠᠷᠤᠭ᠎ᠠ ᠱᠧᠨ ᠴᠦᠨ ᠶᠤᠤ ᠶᠢᠨ ᠶᠡᠭᠡ ᠬᠤᠷᠠᠯ ᠤᠨ ᠨᠠᠷᠢᠨ ᠪᠢᠴᠢᠭ ᠎ ᠤᠨ ᠭᠠᠵᠠᠷ ᠤᠨ ᠨᠠᠶᠢᠳᠠᠯᠭ᠎ᠠ ᠪᠠᠷ ᠬᠢᠭᠰᠡᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠢ ᠬᠢᠨᠠᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠪᠠ᠃ ᠬᠤᠷᠠᠯ ᠠᠴᠠ ᠪᠠᠳᠤᠯᠠᠯᠳᠠ ᠬᠢᠬᠦ ᠪᠠᠷ ᠳᠠᠮᠵᠢᠵᠤ᠂ ᠬᠢᠨᠠᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠤᠯᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠬᠡ ᠨᠤᠤᠷᠠᠭ ᠲᠤ ᠵᠠᠰᠠᠪᠤᠷᠢ ᠤᠷᠤᠭᠤᠯᠬᠤ ᠨᠤᠤᠷᠠᠭ ᠢ ᠡᠯ᠎ᠡ ᠲᠦᠯᠦᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠲᠤᠭᠲᠠᠪᠠ᠃      ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠰᠢ᠂ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ ᠰᠢᠶᠠᠩ᠂ ᠴᠧᠨ ᠵᠦ ᠨᠠᠷ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号