ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶︾ | ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠳᠦᠷᠢᠮ︾ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ | ᠰᠤᠷᠪᠤᠯᠵᠢᠯᠠᠭ᠎ᠠ ᠬᠦᠯᠢᠶᠡᠭᠰᠡᠨ ᠪᠠᠶᠢᠨ᠎ᠠ᠃ | ᠠᠰᠠᠭᠤᠯᠲᠠ᠄ ︽ᠳᠦᠷᠢᠮ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ | ᠲᠠᠨᠢᠯᠴᠠᠭᠤᠯᠵᠤ ᠥᠭᠭᠦᠨ᠎ᠡ ᠦᠦ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠡᠳᠬᠡᠯ ᠳᠤ ᠪᠠᠨ᠂ ᠡᠷᠬᠡ ᠶᠢᠨ ᠠᠵᠢᠯᠯᠠᠭᠠᠨ ᠳᠠᠬᠢ ᠬᠢᠵᠠᠭᠠᠷᠯᠠᠯ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ | ᠠᠷᠠᠳ ᠲᠦᠮᠡᠨ ᠢᠶᠠᠷ ᠡᠷᠬᠡ ᠳᠤ ᠬᠢᠨᠠᠯᠲᠠ ᠲᠠᠯᠪᠢᠭᠤᠯᠤᠨ᠂ ᠡᠷᠬᠡ ᠶᠢ ᠢᠯᠡ ᠪᠠᠷ ᠬᠡᠷᠡᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠵᠠᠢ᠃ ᠨᠠᠮ ᠤᠨ ᠳᠦᠷᠢᠮ ᠳᠤ᠂ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠨᠢ | ᠲᠣᠭᠲᠠᠭᠠᠯ ᠶᠣᠰᠣᠭᠠᠷ ᠨᠠᠮ ᠤᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠵᠦ᠂ ᠨᠠᠮ ᠤᠨ ᠭᠡᠰᠢᠭᠦᠳ ᠲᠤ | ᠨᠠᠮ ᠤᠨ ᠳᠣᠲᠣᠭᠠᠳᠤ ᠶᠢᠨ ᠠᠵᠢᠯ ᠶᠠᠪᠤᠳᠠᠯ ᠢ ᠨᠡᠩ ᠰᠠᠶᠢᠲᠤᠷ ᠣᠶᠢᠯᠠᠭᠠᠭᠤᠯᠬᠤ ᠪᠠ ᠣᠷᠣᠯᠴᠠᠭᠤᠯᠬᠤ ᠬᠡᠷᠡᠭᠲᠡᠢ | ᠭᠡᠵᠦ ᠲᠣᠭᠲᠠᠭᠠᠪᠠ᠃ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠪᠣᠯ ᠮᠠᠨ ᠤ ᠨᠠᠮ ᠤᠨ ︽ᠳᠥᠷᠪᠡᠨ | ᠢᠲᠡᠭᠡᠯ︾ ᠤᠨ ᠴᠢᠬᠤᠯᠠ ᠢᠯᠡᠷᠡᠯ ᠪᠣᠯᠣᠨ᠎ᠠ᠂ ᠡᠨᠡ ᠨᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠵᠣᠷᠢᠭ ᠰᠠᠨᠠᠭ᠎ᠠ ᠪᠠ ᠵᠣᠷᠢᠯᠲᠠ ᠶᠢ ᠤᠬᠠᠭᠤᠯᠤᠨ | ᠰᠤᠷᠲᠠᠯᠴᠢᠯᠠᠬᠤ ᠳᠤ ᠠᠰᠢᠭᠲᠠᠢ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠢᠳᠡᠪᠬᠢᠲᠡᠢ ᠪᠠᠷ ᠠᠬᠢᠭᠤᠯᠵᠤ᠂ | ᠬᠥᠮᠥᠨ ᠪᠦᠬᠦᠨ ᠢ ᠨᠠᠮ ᠤᠨ ᠪᠠᠶᠢᠭᠤᠯᠤᠯᠲᠠ ᠳᠤ ᠣᠷᠣᠯᠴᠠᠭᠤᠯᠬᠤ ᠳᠤ ᠠᠰᠢᠭᠲᠠᠢ᠂ ᠨᠠᠮ ᠤᠨ ᠣᠨᠣᠯ ᠪᠠ ᠱᠤᠭᠤᠮ | ᠴᠢᠭᠯᠡᠯᠲᠡ ᠲᠥᠷᠥ ᠶᠢᠨ ᠪᠣᠳᠣᠯᠭ᠎ᠠ ᠶᠢ ᠨᠡᠩ ᠰᠠᠶᠢᠲᠤᠷ ᠤᠬᠠᠭᠤᠯᠤᠨ ᠲᠤᠤᠱᠯᠠᠭᠤᠯᠵᠦ᠂ ᠠᠷᠠᠳ ᠣᠯᠠᠨ ᠢ | ᠳᠠᠶᠢᠴᠢᠯᠠᠨ ᠳᠠᠭᠠᠭᠤᠯᠬᠤ ᠪᠠ ᠵᠣᠬᠢᠶᠠᠨ ᠪᠠᠶᠢᠭᠤᠯᠵᠤ ᠪᠠᠶᠢᠭᠠᠳ ᠬᠠᠮᠤᠭ ᠤᠨ ᠶᠡᠭᠡ ᠪᠦᠯᠬᠦᠮᠳᠡᠯ ᠬᠤᠯᠪᠣᠭᠠᠯᠠᠯ ᠪᠠ | ᠨᠢᠭᠲᠠᠷᠠᠯ ᠤᠨ ᠬᠦᠴᠦᠨ ᠢ ᠪᠦᠷᠢᠯᠳᠦᠭᠦᠯᠬᠦ ᠳᠤ ᠠᠰᠢᠭᠲᠠᠢ ᠶᠤᠮ᠃ ︽ᠳᠦᠷᠢᠮ︾ ᠢ ᠲᠣᠭᠲᠠᠭᠠᠨ ᠨᠡᠶᠢᠲᠡᠯᠡᠭᠰᠡᠨ | ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ | ᠭᠡᠰᠢᠭᠦᠳ ᠤᠨ ᠨᠠᠮ ᠤᠨ ᠳᠣᠲᠣᠭᠠᠳᠤ ᠶᠢᠨ ᠠᠵᠢᠯ ᠶᠠᠪᠤᠳᠠᠯ ᠳᠤ ᠣᠷᠣᠯᠴᠠᠬᠤ᠂ ᠨᠠᠮ ᠤᠨ ᠵᠣᠬᠢᠶᠠᠨ ᠪᠠᠶᠢᠭᠤᠯᠤᠯᠲᠠ | ᠪᠠ ᠺᠠᠳ᠋ᠷ ᠲᠤ ᠬᠢᠨᠠᠯᠲᠠ ᠲᠠᠯᠪᠢᠬᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠨᠠᠯ ᠰᠠᠨᠠᠭᠤᠯᠭ᠎ᠠ | ᠳᠤᠷᠠᠳᠬᠤ ᠠᠷᠭ᠎ᠠ ᠵᠠᠮ ᠢ ᠰᠢᠯᠤᠭᠤᠳᠬᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠲᠠ | ᠦᠭᠡᠢ ᠴᠢᠩᠭᠠᠳᠬᠠᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ | ᠡᠳᠡᠭᠡᠷ ᠵᠢᠯ ᠤᠳ ᠲᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠶᠠᠪᠤᠳᠠᠯ ᠢ | ᠢᠯᠡ ᠪᠣᠯᠭᠠᠬᠤ ᠲᠠᠯ᠎ᠠ ᠪᠠᠷ ᠮᠠᠰᠢ ᠣᠯᠠᠨ ᠢᠳᠡᠪᠬᠢᠲᠡᠢ ᠰᠦᠪᠡᠭᠴᠢᠯᠡᠯᠲᠡ ᠬᠢᠵᠦ᠂ ᠨᠡᠯᠢᠶᠡᠳ ᠢᠯᠡᠷᠬᠡᠢ ᠦᠷ᠎ᠡ | ᠪᠦᠲᠦᠮᠵᠢ ᠣᠯᠣᠭᠰᠠᠨ ᠪᠠᠶᠢᠨ᠎ᠠ᠃ ᠭᠡᠪᠡᠴᠦ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ | ᠨᠠᠮ ᠤᠨ ᠶᠠᠪᠤᠳᠠᠯ ᠢ ᠢᠯᠡ ᠪᠣᠯᠭᠠᠬᠤ ᠳᠤ ᠮᠥᠨ ᠬᠦ ᠴᠥᠭᠡᠨ ᠪᠤᠰᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ | ᠃ ᠵᠢᠱᠢᠶᠡᠯᠡᠪᠡᠯ᠂ ᠢᠯᠡ ᠪᠣᠯᠭᠠᠬᠤ ᠠᠭᠤᠯᠭ᠎ᠠ ᠨᠢ ᠪᠦᠷᠢᠨ ᠪᠤᠰᠤ᠂ ᠳᠡᠰ ᠳᠠᠷᠠᠭᠠᠯᠠᠯ ᠨᠢ ᠵᠢᠷᠤᠮᠵᠢᠯ ᠢᠶᠠᠷ ᠠᠨᠠᠢ᠂ | ᠠᠴᠢᠶᠠᠯᠠᠭᠴᠢ ᠨᠢ ᠬᠦᠷᠦᠯᠴᠡᠭᠡ ᠮᠡᠬᠦᠰ᠂ ᠠᠷᠭ᠎ᠠ ᠮᠠᠶ᠋ᠢᠭ ᠨᠢ ᠨᠡᠯᠢᠶᠡᠳ ᠳᠠᠩ ᠴᠤᠯᠭᠤᠢ ᠭᠡᠬᠦ ᠮᠡᠲᠦ᠃ ᠡᠶᠢᠨᠬᠦ | ᠦᠢᠯᠡᠳᠦᠯᠭᠡ ᠶᠢᠨ ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢᠶᠠᠨ ᠳ᠋ᠦᠩᠨᠡᠭᠰᠡᠨ ᠰᠠᠭᠤᠷᠢᠨ ᠳᠡᠭᠡᠷ᠎ᠡ᠂ | ᠨᠠᠮ ᠤᠨ ᠳᠣᠲᠣᠭᠠᠳᠤ ᠳᠤ ᠰᠠᠭᠤᠷᠢ ᠴᠢᠨᠠᠷᠲᠠᠢ ᠭᠤᠣᠯ ᠪᠣᠯᠬᠤ ᠨᠢᠭᠡᠨ ᠢᠵᠢ ᠬᠠᠤᠯᠢ ᠲᠣᠭᠲᠠᠭᠠᠯ ᠢ | ᠲᠣᠭᠲᠠᠭᠠᠬᠤ ᠪᠠᠷ ᠳᠠᠮᠵᠢᠨ᠂ ᠪᠦᠬᠦ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠷᠤᠮᠵᠢᠭᠤᠯᠤᠨ | ᠴᠢᠩᠭᠠᠳᠬᠠᠬᠤ ᠪᠠᠷ ᠱᠠᠭᠠᠷᠳᠠᠵᠤ ᠪᠣᠢ᠃ ︽ᠳᠦᠷᠢᠮ︾ ᠨᠢ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ | ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ | ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠯᠵᠢᠭᠤᠯᠬᠤ ᠳᠤ ᠠᠰᠢᠭᠲᠠᠢ ᠪᠣᠯᠭᠠᠪᠠ᠃ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠠᠴᠠ ᠠᠪᠴᠤ ᠦᠵᠡᠪᠡᠯ᠂ ︽ | ᠳᠦᠷᠢᠮ︾ ᠪᠣᠯ ︽ᠨᠢᠷᠤᠭᠤ ᠲᠤᠯᠭᠠᠭᠤᠷᠢ︾ ᠪᠠᠶᠢᠵᠤ᠂ ᠲᠡᠭᠦᠨ ᠢ ᠲᠣᠭᠲᠠᠭᠠᠵᠤ ᠨᠡᠶᠢᠲᠡᠯᠡᠭᠰᠡᠨ ᠨᠢ ᠨᠠᠮ | ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠳᠤ ᠨᠡᠯᠢᠶᠡᠳ ᠲᠡᠭᠦᠯᠳᠡᠷᠵᠢᠭᠰᠡᠨ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠳᠦᠷᠢᠮ ᠤᠨ ᠰᠢᠰᠲ᠋ᠧᠮᠵᠢ ᠶᠢ ᠪᠣᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ ᠶᠠᠮᠠᠷ ᠶᠠᠮᠠᠷ ᠵᠠᠷᠴᠢᠮ ᠤᠨ | ᠱᠠᠭᠠᠷᠳᠠᠯᠭ᠎ᠠ ᠶᠢ ᠡᠵᠡᠮᠳᠡᠬᠦ ᠴᠢᠬᠤᠯᠠᠲᠠᠢ ᠪᠣᠢ︖ | ᠬᠠᠷᠢᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠤᠯᠤᠰ ᠲᠥᠷᠥᠴᠢ ᠴᠢᠨᠠᠷ᠂ ᠲᠥᠷᠥ ᠶᠢᠨ | ᠪᠣᠳᠣᠯᠭᠠᠴᠢ ᠴᠢᠨᠠᠷ ᠨᠢ ᠮᠠᠰᠢ ᠴᠢᠩᠭ᠎ᠠ᠂ ᠨᠠᠮ ᠤᠨ ᠳᠣᠲᠣᠭᠠᠳᠤ ᠪᠠ ᠭᠠᠳᠠᠭᠠᠳᠤ ᠶᠢᠨ ᠡᠯ᠎ᠡ ᠡᠲᠡᠭᠡᠳ ᠤᠨ ᠬᠢᠨ | ᠪᠦᠷ ᠶᠡᠭᠡ ᠪᠠᠷ ᠠᠩᠬᠠᠷᠴᠤ ᠪᠣᠢ᠃ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ | ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ ᠡᠩ ᠲᠡᠷᠢᠭᠦᠨ ᠳᠤ ᠡᠷᠬᠡᠪᠰᠢ ᠵᠥᠪ ᠣᠨᠣᠪᠴᠢᠲᠠᠢ ᠤᠯᠤᠰ | ᠲᠥᠷᠥ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ | ᠨᠠᠮ᠂ ᠵᠠᠰᠠᠭ᠂ ᠴᠡᠷᠢᠭ᠂ ᠠᠷᠠᠳ᠂ ᠰᠡᠬᠡᠭᠡᠲᠡᠨ᠂ ᠳᠥᠷᠪᠡᠨ ᠵᠦᠭ ᠨᠠᠢᠮᠠᠨ ᠵᠣᠪᠬᠢᠰ ᠲᠤ᠂ ᠨᠠᠮ ᠠᠯᠢᠪᠠ ᠶᠢ | ᠤᠳᠤᠷᠢᠳᠴᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠨ ᠵᠢᠭᠠᠵᠠᠢ᠃ ᠨᠠᠮ ᠤᠨ ᠶᠠᠪᠤᠳᠠᠯ ᠢ ᠢᠯᠡ ᠪᠣᠯᠭᠠᠬᠤ ᠳᠤ ᠡᠷᠬᠡᠪᠰᠢ ᠤᠬᠠᠮᠰᠠᠷ ᠠᠴᠠ ᠪᠠᠨ ᠡᠨᠡ ᠬᠦ | ᠦᠨᠳᠦᠰᠦᠨ ᠱᠠᠭᠠᠷᠳᠠᠯᠭ᠎ᠠ ᠶᠢ ᠵᠢᠷᠤᠮᠯᠠᠨ ᠳᠠᠭᠠᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠶᠠᠪᠤᠳᠠᠯ ᠢ ᠢᠯᠡ | ᠪᠣᠯᠭᠠᠬᠤ ᠶᠠᠪᠤᠴᠠ ᠶᠢ ᠨᠠᠮ ᠤᠨ ᠤᠳᠤᠷᠢᠳᠤᠯᠭ᠎ᠠ ᠳᠣᠣᠷ᠎ᠠ ᠶᠠᠪᠤᠭᠤᠯᠤᠨ᠂ ᠨᠠᠮ ᠤᠨ ᠶᠠᠪᠤᠳᠠᠯ ᠢ ᠢᠯᠡ ᠪᠣᠯᠭᠠᠬᠤ | ᠦᠷ᠎ᠡ ᠳ᠋ᠦᠩ ᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠲᠡᠭᠦᠯᠳᠡᠷᠵᠢᠭᠦᠯᠬᠦ ᠳᠤ ᠠᠰᠢᠭᠲᠠᠢ ᠪᠠᠶᠢᠯᠭᠠᠬᠤ | ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ᠂ ᠡᠷᠬᠡᠪᠰᠢ ᠨᠠᠮ ᠤᠨ ᠵᠠᠰᠠᠭ ᠪᠠᠷᠢᠬᠤ | ᠴᠢᠳᠠᠪᠤᠷᠢ ᠪᠠ ᠤᠳᠤᠷᠢᠳᠬᠤ ᠬᠢᠷᠢ ᠲᠦᠪᠰᠢᠨ ᠢ ᠳᠡᠭᠡᠭᠰᠢᠯᠡᠭᠦᠯᠬᠦ ᠡᠭᠦᠳᠡᠨ ᠠᠴᠠ ᠪᠣᠳᠣᠯᠬᠢᠯᠠᠨ᠂ ᠨᠠᠮ ᠤᠨ ᠵᠠᠰᠠᠭ | ᠪᠠᠷᠢᠬᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ ᠥᠷᠭᠡᠳᠬᠡᠵᠦ᠂ ᠤᠯᠤᠰ ᠲᠥᠷᠥ ᠶᠢᠨ ᠠᠮᠤᠷ ᠲᠦᠪᠰᠢᠨ | ᠢᠯᠠᠩᠭᠤᠶ᠎ᠠ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠵᠢᠴᠢ ᠠᠵᠤ | ᠠᠬᠤᠢ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ᠂ | ᠨᠡᠶᠢᠭᠡᠮ ᠤᠨ ᠠᠮᠤᠷ ᠲᠦᠪᠰᠢᠨ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠪᠠ ᠤᠯᠤᠰ ᠠᠷᠠᠳ ᠤᠨ | ᠠᠮᠤᠷ ᠲᠦᠪᠰᠢᠨ ᠵᠡᠷᠭᠡ ᠳᠤ ᠨᠡᠩ ᠴᠤ ᠬᠤᠬᠢᠷᠠᠯ ᠤᠴᠠᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠢ ᠵᠠᠪᠠᠯ ︽ᠳᠥᠷᠪᠡᠨ ᠦᠵᠡᠯ ᠤᠬᠠᠮᠰᠠᠷ︾ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ | ᠳᠥᠷᠪᠡᠨ ᠢᠲᠡᠭᠡᠯ︾ ᠢ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠶᠠᠪᠤᠳᠠᠯ ᠢ | ᠢᠯᠡ ᠪᠣᠯᠭᠠᠬᠤ ᠶᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠠᠭᠤᠤ ᠶᠡᠭᠡ ᠦᠢᠯᠡᠳᠦᠯᠭᠡ ᠳᠤᠮᠳᠠ ᠲᠥᠰᠥᠪᠯᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠬᠦ ᠱᠠᠭᠠᠷᠳᠠᠯᠭ᠎ᠠ ᠶᠢ ᠨᠠᠮ ᠤᠨ ᠶᠠᠪᠤᠳᠠᠯ ᠢ ᠢᠯᠡ ᠪᠣᠯᠭᠠᠬᠤ ᠪᠦᠬᠦ ᠶᠠᠪᠤᠴᠠ ᠪᠠ ᠡᠯ᠎ᠡ ᠲᠠᠯ᠎ᠠ ᠳᠤ | ᠲᠤᠤᠱᠯᠠᠭᠤᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ | ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ | ᠡᠭᠦᠨ ᠤ ᠬᠠᠮᠲᠤ᠂ ᠨᠠᠮ ᠤᠨ ᠶᠠᠪᠤᠳᠠᠯ ᠢ ᠢᠯᠡ ᠪᠣᠯᠭᠠᠬᠤ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ᠂ | ᠬᠠᠤᠯᠢ ᠴᠠᠭᠠᠵᠠ ᠶᠢ ᠢᠯᠡ ᠪᠣᠯᠭᠠᠬᠤ ᠲᠠᠢ ᠵᠠᠷᠢᠮ ᠠᠳᠠᠯᠢ ᠪᠤᠰᠤ ᠣᠨᠴᠠᠯᠢᠭ ᠲᠠᠢ ᠪᠠᠶᠢᠬᠤ ᠶᠢ ᠣᠯᠵᠤ ᠬᠠᠷᠠᠬᠤ | ᠴᠢᠬᠤᠯᠠᠲᠠᠢ ᠂ ᠡᠷᠬᠡᠪᠰᠢ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠲᠤᠰ ᠪᠡᠶ᠎ᠡ ᠶᠢᠨ ᠣᠨᠴᠠᠯᠢᠭ ᠪᠠ | ᠳᠣᠲᠣᠭᠠᠳᠤ ᠵᠢᠮ᠎ᠡ ᠶᠣᠰᠣ ᠶᠢ ᠡᠵᠡᠮᠳᠡᠭᠰᠡᠨ ᠰᠠᠭᠤᠷᠢᠨ ᠳᠡᠭᠡᠷ᠎ᠡ ᠢᠳᠡᠪᠬᠢᠲᠡᠢ ᠮᠥᠷᠲᠡᠭᠡᠨ ᠯᠠᠪᠳᠠᠭᠤᠨ ᠪᠠᠲᠤᠲᠠᠢ ᠪᠠᠷ | ᠠᠬᠢᠭᠤᠯᠬᠤ ᠬᠡᠷᠡᠭᠲᠡᠢ᠃ ᠡᠨᠡ ᠬᠦ ᠠᠵᠢᠯ ᠢ ᠬᠦᠴᠦᠲᠡᠢ ᠥᠷᠨᠢᠭᠦᠯᠬᠦ ᠮᠥᠷᠲᠡᠭᠡᠨ ᠪᠦᠬᠦ ᠲᠠᠯ᠎ᠠ ᠪᠠᠷ᠂ ᠪᠣᠰᠤᠭ᠎ᠠ | ᠴᠣᠭᠴᠠᠵᠢᠭᠤᠯᠬᠤ ᠮᠠᠶ᠋ᠢᠭ ᠢᠶᠠᠷ ᠠᠬᠢᠭᠤᠯᠤᠨ᠂ ᠢᠯᠡ ᠪᠣᠯᠭᠠᠵᠤ ᠪᠣᠯᠬᠤ ᠶᠢ ᠨᠢ ᠡᠷᠬᠡᠪᠰᠢ ᠢᠯᠡ ᠪᠣᠯᠭᠠᠵᠤ᠂ | ᠨᠠᠮ ᠤᠨ ᠶᠠᠪᠤᠳᠠᠯ ᠤᠨ ᠢᠯᠡ ᠪᠣᠯᠭᠠᠬᠤ ᠴᠢᠨᠠᠷ ᠪᠠ ᠲᠣᠳᠣᠴᠠ ᠶᠢ ᠨᠡᠮᠡᠭᠳᠡᠭᠦᠯᠦᠨ᠂ ᠨᠠᠮ ᠤᠨ ᠭᠡᠰᠢᠭᠦᠳ ᠤᠨ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠭᠤᠯᠢ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ | ᠭᠦᠢᠴᠡᠳ ᠪᠠᠲᠤᠯᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ | ᠢᠳᠡᠪᠬᠢᠲᠡᠢ ᠪᠠᠷ ᠬᠠᠷᠢᠭᠤ ᠲᠤᠰᠬᠠᠯ ᠥᠭᠬᠦ ᠬᠡᠷᠡᠭᠲᠡᠢ︔ ᠡᠭᠦᠨ ᠤ ᠬᠠᠮᠲᠤ᠂ ᠡᠮᠬᠢ ᠵᠢᠷᠤᠮ ᠲᠠᠢ ᠪᠠᠷ ᠥᠷᠨᠢᠭᠦᠯᠦᠨ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠣᠨᠴᠠᠯᠢᠭ ᠪᠠ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠵᠤ᠂ ᠢᠯᠡ ᠪᠣᠯᠭᠠᠬᠤ ᠶᠢᠨ ᠦᠨᠳᠦᠰᠦᠨ ᠵᠠᠷᠴᠢᠮ ᠢ ᠴᠢᠩᠭ᠎ᠠ ᠵᠢᠷᠤᠮᠯᠠᠨ᠂ ᠨᠠᠮ ᠤᠨ ᠶᠠᠪᠤᠳᠠᠯ ᠢ ᠢᠯᠡ | ᠪᠣᠯᠭᠠᠬᠤ ᠶᠢᠨ ᠴᠠᠭ ᠬᠤᠭᠤᠴᠠᠭ᠎ᠠ ᠬᠡᠮ ᠬᠡᠮᠵᠢᠶ᠎ᠡ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠮᠥᠷᠲᠡᠭᠡᠨ | ᠠᠮᠢᠳᠤᠯᠢᠭ ᠢᠶᠠᠷ ᠡᠵᠡᠮᠳᠡᠵᠦ᠂ ᠠᠯᠬᠤᠮ ᠢᠶᠠᠨ ᠯᠠᠪᠳᠠᠭᠤᠯᠠᠨ᠂ ᠦᠷ᠎ᠡ ᠪᠦᠲᠦᠮᠵᠢ ᠪᠠᠨ ᠪᠣᠳᠠᠲᠠᠶᠢᠵᠢᠭᠤᠯᠬᠤ ᠶᠢ | ᠪᠡᠶᠡᠯᠡᠭᠦᠯᠬᠦ ᠬᠡᠷᠡᠭᠲᠡᠢ︔ ᠢᠯᠡ ᠪᠣᠯᠭᠠᠬᠤ ᠬᠢᠭᠡᠳ ᠨᠢᠭᠤᠴᠠ ᠶᠢ ᠬᠠᠮᠠᠭᠠᠯᠠᠬᠤ ᠶᠢᠨ ᠬᠠᠷᠢᠴᠠᠭ᠎ᠠ ᠶᠢ ᠵᠥᠪ | ᠰᠢᠢᠳᠪᠦᠷᠢᠯᠡᠬᠦ ᠶᠢ ᠠᠩᠬᠠᠷᠴᠤ᠂ ᠨᠠᠮ ᠪᠠ ᠤᠯᠤᠰ ᠤᠨ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃ | ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠠᠭᠤᠯᠭ᠎ᠠ ᠪᠠ ᠬᠡᠪᠴᠢᠶ᠎ᠡ ᠶᠢ ᠬᠡᠷᠬᠢᠨ ᠵᠥᠪ | ᠣᠨᠣᠪᠴᠢᠲᠠᠢ ᠡᠵᠡᠮᠳᠡᠬᠦ ᠪᠣᠢ︖ | ᠬᠠᠷᠢᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠭᠤᠣᠯ ᠴᠣᠭᠴᠠ ᠶᠢ 3 ᠲᠥᠷᠥᠯ ᠳᠤ | ᠬᠤᠪᠢᠶᠠᠵᠤ ᠪᠣᠯᠣᠨ᠎ᠠ᠄ ᠨᠢᠭᠡ ᠳᠤ᠂ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ | ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ︔ ᠬᠤᠶᠠᠷ ᠲᠤ᠂ ᠨᠠᠮ ᠤᠨ ᠰᠠᠬᠢᠯᠭ᠎ᠠ | ᠪᠠᠲᠤ ᠪᠠᠶᠢᠴᠠᠭᠠᠬᠤ ᠪᠠᠶᠢᠭᠤᠯᠭ᠎ᠠ︔ ᠭᠤᠷᠪᠠ ᠳᠤ᠂ ᠨᠠᠮ ᠤᠨ ᠠᠵᠢᠯ ᠤᠨ ᠪᠠᠶᠢᠭᠤᠯᠭ᠎ᠠ᠂ ᠨᠠᠮ ᠤᠨ ᠬᠤᠷᠢᠶ᠎ᠠ ᠠᠴᠠ | ᠲᠣᠮᠢᠯᠠᠭᠰᠠᠨ ᠪᠠᠶᠢᠭᠤᠯᠭ᠎ᠠ᠂ ᠨᠠᠮ ᠤᠨ ᠬᠤᠷᠢᠶᠠᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ᠂ ᠨᠠᠮ ᠤᠨ | ᠤᠳᠤᠷᠢᠳᠬᠤ ᠳᠤᠭᠤᠶᠢᠯᠠᠩ ᠵᠡᠷᠭᠡ᠃ ᠡᠨᠡ ᠬᠦ 3 ᠲᠥᠷᠥᠯ ᠤᠨ ᠭᠤᠣᠯ ᠴᠣᠭᠴᠠ ᠨᠢ ᠦᠨᠳᠦᠰᠦᠨ ᠳᠤ ᠪᠠᠨ | ᠨᠠᠮ ᠤᠨ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢ ᠬᠠᠮᠤᠷᠴᠤ᠂ ᠪᠦᠬᠦ ᠨᠠᠮ ᠤᠨ ᠨᠠᠮ ᠤᠨ | ᠶᠠᠪᠤᠳᠠᠯ ᠢ ᠢᠯᠡ ᠪᠣᠯᠭᠠᠬᠤ ᠠᠵᠢᠯ ᠢ ᠪᠦᠷᠢᠨ ᠬᠠᠮᠤᠷᠬᠤ ᠪᠠ ᠥᠨᠴᠥᠭ ᠪᠤᠯᠤᠩ ᠣᠷᠬᠢᠭᠳᠠᠭᠤᠯᠬᠤ ᠦᠭᠡᠢ | ᠪᠠᠶᠢᠬᠤ ᠶᠢ ᠪᠡᠶᠡᠯᠡᠭᠦᠯᠬᠦ ᠳᠤ ᠠᠰᠢᠭᠲᠠᠢ ᠪᠠᠶᠢᠳᠠᠭ᠃ ᠳᠤᠷᠠᠳᠤᠭᠤᠰᠢᠲᠠᠢ ᠨᠢ ᠥᠩᠭᠡᠷᠡᠭᠰᠡᠨ ᠳᠤ ᠨᠠᠮ ᠤᠨ ᠶᠠᠪᠤᠳᠠᠯ ᠢ | ᠢᠯᠡ ᠪᠣᠯᠭᠠᠬᠤ ᠲᠤᠬᠠᠢ ᠪᠢᠴᠢᠭ ᠮᠠᠲ᠋ᠧᠷᠢᠶᠠᠯ ᠨᠢ ᠭᠤᠣᠯᠳᠠᠭᠤ ᠣᠷᠣᠨ ᠨᠤᠲᠤᠭ ᠪᠠ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠠᠶᠢᠷᠢᠯᠠᠭᠤᠯᠤᠯᠲᠠ ᠪᠠ | ᠵᠢᠷᠤᠮᠵᠢᠯ ᠬᠢᠵᠦ ᠪᠠᠶᠢᠪᠠ᠂ ᠲᠤᠰ ᠤᠳᠠᠭ᠎ᠠ ᠲᠥᠪ ᠬᠤᠷᠢᠶ᠎ᠠ ᠠᠴᠠ ᠲᠣᠭᠲᠠᠭᠠᠭᠰᠠᠨ ︽ᠳᠦᠷᠢᠮ︾ ᠳᠤ ᠨᠠᠮ ᠤᠨ | ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ ᠶᠢ ᠴᠤ ᠬᠠᠮᠤᠷᠴᠤ ᠣᠷᠣᠭᠤᠯᠤᠭᠰᠠᠨ ᠨᠢ ᠮᠠᠨ ᠤ ᠨᠠᠮ ᠤᠨ ᠤᠬᠠᠮᠰᠠᠷ | ᠴᠢᠩᠭᠠᠷᠠᠵᠤ ᠢᠲᠡᠭᠡᠯ ᠨᠡᠮᠡᠭᠳᠡᠨ᠂ ᠨᠡᠭᠡᠭᠡᠯᠲᠡ ᠬᠢᠵᠦ ᠢᠯᠡ ᠲᠣᠳᠣ ᠪᠠᠶᠢᠬᠤ ᠰᠢᠨ᠎ᠡ ᠳᠦᠷᠰᠦ ᠪᠠᠶᠢᠳᠠᠯ ᠢ ᠭᠦᠢᠴᠡᠳ | ᠢᠯᠡᠷᠡᠭᠦᠯᠵᠦ᠂ ᠨᠠᠮ ᠤᠨ ᠲᠥᠪ ᠬᠤᠷᠢᠶ᠎ᠠ ᠠᠴᠠ ᠪᠡᠶ᠎ᠡ ᠪᠠᠷ ᠢᠶᠠᠨ ᠳᠠᠭᠤᠷᠢᠶᠠᠯ ᠦᠵᠡᠭᠦᠯᠦᠨ᠂ ᠳᠡᠭᠡᠳᠦ | ᠱᠠᠳᠤᠨ ᠠᠴᠠ ᠳᠣᠣᠷᠠᠳᠤ ᠱᠠᠲᠤ ᠬᠦᠷᠲᠡᠯ᠎ᠡ ᠳᠠᠭᠠᠭᠤᠯᠬᠤ ᠶᠢᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠭᠦᠢᠴᠡᠳ | ᠢᠯᠡᠷᠡᠭᠦᠯᠦᠭᠰᠡᠨ ᠪᠠᠶᠢᠨ᠎ᠠ᠃ | ︽ᠳᠦᠷᠢᠮ︾ ᠨᠢ ᠬᠤᠷᠸ᠎ᠠ ᠠᠴᠠ ᠬᠤᠮᠠᠬᠢ ᠬᠦᠷᠬᠦ ᠯᠣᠭᠢᠭ ᠢᠶᠠᠷ ᠨᠠᠮ ᠤᠨ ᠶᠠᠪᠤᠳᠠᠯ ᠢ ᠢᠯᠡ ᠪᠣᠯᠭᠠᠬᠤ | ᠠᠭᠤᠯᠭ᠎ᠠ ᠶᠢ ᠠᠯᠬᠤᠮ ᠳᠠᠷᠠᠭᠠᠯᠠᠨ ᠵᠢᠷᠤᠮᠵᠢᠭᠤᠯᠪᠠ᠃ ᠬᠤᠶᠠᠳᠤᠭᠠᠷ ᠵᠦᠢᠯ ᠳᠤ ᠲᠣᠳᠣᠷᠬᠠᠶᠢᠯᠠᠭᠰᠠᠨ ᠨᠠᠮ ᠤᠨ | ᠶᠠᠪᠤᠳᠠᠯ ᠢ ᠢᠯᠡ ᠪᠣᠯᠭᠠᠬᠤ ᠠᠭᠤᠯᠭ᠎ᠠ ᠳᠤ ᠭᠤᠣᠯᠳᠠᠭᠤ ᠨᠠᠮ ᠤᠨ ᠤᠳᠤᠷᠢᠳᠬᠤ ᠠᠵᠢᠯᠯᠠᠭ᠎ᠠ᠂ ᠨᠠᠮ ᠤᠨ | ᠪᠠᠶᠢᠭᠤᠯᠤᠯᠲᠠ ᠶᠢᠨ ᠠᠵᠢᠯ ᠭᠡᠬᠦ ᠬᠤᠶᠠᠷ ᠶᠡᠭᠡ ᠬᠡᠰᠡᠭ ᠪᠠᠭᠲᠠᠪᠠ︔ ᠳᠣᠯᠣᠳᠤᠭᠠᠷ ᠵᠦᠢᠯ ᠳᠤ ᠨᠠᠮ ᠤᠨ ᠶᠠᠪᠤᠳᠠᠯ ᠢ | ᠢᠯᠡ ᠪᠣᠯᠭᠠᠬᠤ ᠶᠢᠨ ᠨᠡᠶᠢᠳᠡᠮ ᠤᠨ ᠴᠢᠨᠠᠷᠲᠠᠢ ᠠᠭᠤᠯᠭ᠎ᠠ ᠳᠤ ᠡᠩ ᠤᠨ ᠴᠢᠨᠠᠷᠲᠠᠢ ᠲᠣᠭᠲᠠᠭᠠᠯ ᠭᠠᠷᠭᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠤᠳᠤᠷᠢᠳᠴᠤ ᠪᠠᠶᠢᠭ᠎ᠠ ᠪᠠᠶᠢᠳᠠᠯ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠪᠠᠶᠢᠭ᠎ᠠ ᠪᠠᠶᠢᠳᠠᠯ᠂ | ᠡᠭᠦᠷᠭᠡ ᠴᠢᠳᠠᠪᠤᠷᠢᠲᠤ ᠪᠠᠶᠢᠭᠤᠯᠤᠮᠵᠢ ᠶᠢᠨ ᠪᠠᠶᠢᠳᠠᠯ ᠵᠡᠷᠭᠡ ᠶᠢ ᠶᠡᠷᠦ ᠶᠢᠨ ᠪᠠᠶᠢᠳᠠᠯ ᠳᠤ ᠪᠦᠷ ᠢᠯᠡ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ︔ ᠶᠢᠰᠦᠳᠦᠭᠡᠷ ᠵᠦᠢᠯ ᠠᠴᠠ ᠠᠷᠪᠠᠨ ᠭᠤᠷᠪᠠᠳᠤᠭᠠᠷ ᠵᠦᠢᠯ ᠳᠤ ᠡᠯ᠎ᠡ ᠱᠠᠲᠤᠨ ᠤ | ᠡᠯ᠎ᠡ ᠲᠥᠷᠥᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠢᠯᠡ ᠪᠣᠯᠭᠠᠬᠤ ᠠᠭᠤᠯᠭ᠎ᠠ ᠳᠤ ᠲᠤᠰ ᠲᠤᠰ | ᠲᠣᠭᠲᠠᠭᠠᠯ ᠭᠠᠷᠭᠠᠵᠤ᠂ ᠬᠠᠮᠤᠭ ᠤᠨ ᠶᠡᠭᠡ ᠨᠡᠶᠢᠲᠡᠯᠢᠭ ᠲᠠᠯ᠎ᠠ ᠶᠢ ᠭᠠᠷᠭᠠᠨ ᠠᠪᠴᠤ᠂ ᠲᠥᠷᠥᠯ ᠵᠦᠢᠯ ᠠᠩᠭᠢᠯᠠᠨ | ᠵᠢᠷᠤᠮᠵᠢᠭᠤᠯᠵᠠᠢ︔ ᠠᠷᠪᠠᠨ ᠳᠥᠷᠪᠡᠳᠦᠭᠡᠷ ᠵᠦᠢᠯ ᠳᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠶᠠᠪᠤᠳᠠᠯ ᠢ | ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ | ᠭᠠᠷᠴᠠᠭ ᠢ ᠨᠠᠶᠢᠷᠠᠭᠤᠯᠤᠨ ᠵᠣᠬᠢᠶᠠᠵᠤ᠂ ᠪᠠᠶᠢᠳᠠᠯ ᠳᠤ ᠪᠠᠨ ᠲᠣᠬᠢᠷᠠᠭᠤᠯᠤᠨ ᠲᠥᠯᠥᠪᠯᠡᠭᠡ ᠲᠣᠭᠲᠠᠭᠠᠬᠤ ᠬᠡᠷᠡᠭᠲᠡᠢ | ᠭᠡᠵᠦ ᠱᠠᠭᠠᠷᠳᠠᠭᠰᠠᠨ ᠪᠠᠶᠢᠨ᠎ᠠ᠃ ︽ᠳᠦᠷᠢᠮ︾ ᠳᠤ ᠢᠯᠡ ᠪᠣᠯᠭᠠᠬᠤ 4 ᠵᠦᠢᠯ ᠤᠨ ᠬᠡᠪᠴᠢᠶ᠎ᠡ ᠶᠢ | ᠲᠣᠳᠣᠷᠬᠠᠶᠢᠯᠠᠪᠠ᠄ ᠲᠤᠬᠠᠶᠢᠯᠠᠪᠠᠯ ᠨᠡᠶᠢᠭᠡᠮ ᠨᠡᠶᠢᠲᠡ ᠳᠤ ᠢᠯᠡ ᠪᠣᠯᠭᠠᠨ᠎ᠠ᠂ ᠪᠦᠬᠦ ᠨᠠᠮ ᠤᠨ ᠳᠣᠲᠣᠷ᠎ᠠ ᠢᠯᠡ | ᠪᠣᠯᠭᠠᠨ᠎ᠠ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠬᠡᠴᠡ ᠳᠤ ᠢᠯᠡ ᠪᠣᠯᠭᠠᠨ᠎ᠠ᠂ ᠨᠠᠮ ᠤᠨ | ᠣᠨᠴᠠ ᠲᠣᠭᠲᠠᠭᠰᠠᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠢᠯᠡ ᠪᠣᠯᠭᠠᠨ᠎ᠠ᠃ | ᠢᠯᠡ ᠪᠣᠯᠭᠠᠬᠤ ᠪᠣᠳᠠᠲᠠᠢ ᠬᠡᠪᠴᠢᠶ᠎ᠡ ᠶᠢ ᠲᠣᠭᠲᠠᠭᠠᠬᠤ ᠳᠤ ᠪᠠᠨ ᠭᠤᠣᠯᠳᠠᠭᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠨᠠᠮ ᠤᠨ ᠶᠠᠪᠤᠳᠠᠯ ᠤᠳ ᠤᠨ ᠨᠠᠮ ᠤᠨ | ᠭᠡᠰᠢᠭᠦᠨ ᠪᠠ ᠣᠯᠠᠨ ᠲᠦᠮᠡᠨ ᠲᠠᠢ ᠬᠤᠯᠪᠣᠭᠳᠠᠬᠤ ᠬᠡᠮᠵᠢᠶ᠎ᠡ ᠵᠡᠷᠭᠡ ᠪᠠᠷ ᠦᠨᠳᠦᠰᠦᠯᠡᠯ ᠪᠣᠯᠭᠠᠭᠰᠠᠨ ᠪᠠᠶᠢᠨ᠎ᠠ᠃ | ᠬᠡᠷᠡᠭᠵᠢᠭᠦᠯᠬᠦ ᠱᠠᠲᠤ ᠳᠠᠪᠬᠤᠷᠭ᠎ᠠ ᠳᠤ᠂ ᠨᠠᠮ ᠤᠨ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ | ᠪᠠᠶᠢᠭᠤᠯᠤᠯᠲᠠ ᠨᠢ ︽ᠳᠦᠷᠢᠮ︾ ᠤᠨ ᠱᠠᠭᠠᠷᠳᠠᠯᠭ᠎ᠠ ᠶᠣᠰᠣᠭᠠᠷ᠂ ᠱᠠᠲᠤ ᠲᠥᠷᠥᠯ ᠬᠤᠪᠢᠶᠠᠵᠤ᠂ ᠨᠢᠭᠡᠳᠬᠡᠬᠦ | ᠰᠠᠯᠭᠠᠬᠤ ᠶᠢ ᠤᠶᠠᠯᠳᠤᠭᠤᠯᠬᠤ ᠵᠠᠷᠴᠢᠮ ᠢ ᠴᠢᠩᠭ᠎ᠠ ᠵᠢᠷᠤᠮᠯᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠶᠢᠨ | ᠠᠭᠤᠯᠭ᠎ᠠ ᠪᠠ ᠬᠡᠪᠴᠢᠶ᠎ᠡ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠨᠢᠭᠡ ᠲᠠᠯ᠎ᠠ ᠪᠠᠷ᠂ ᠨᠢᠭᠡᠳᠦᠯᠲᠡᠢ | ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠵᠢᠷᠤᠮᠯᠠᠨ ᠳᠠᠭᠠᠵᠤ᠂ ᠨᠡᠶᠢᠳᠡᠴᠢ ᠴᠢᠨᠠᠷᠲᠠᠢ ᠠᠭᠤᠯᠭ᠎ᠠ ᠶᠢ ᠡᠵᠡᠮᠳᠡᠨ᠂ | ᠬᠠᠮᠲᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠰᠢᠨᠵᠢᠯᠡᠬᠦ ᠤᠬᠠᠭᠠᠨᠴᠢᠯᠠᠬᠤ ᠪᠠ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠤᠷ᠎ᠠ ᠲᠠᠪᠠ ᠪᠠᠷ ᠢᠶᠠᠨ | ᠪᠠᠶᠢᠬᠤ ᠠᠴᠠ ᠵᠠᠶᠢᠯᠠᠰᠭᠢᠬᠦ ᠬᠡᠷᠡᠭᠲᠡᠢ᠃ ᠨᠥᠭᠦᠭᠡ ᠲᠠᠯ᠎ᠠ ᠪᠠᠷ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠ | ᠠᠵᠢᠯ ᠤᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠵᠤ᠂ ᠠᠳᠠᠯᠢ ᠪᠤᠰᠤ ᠭᠤᠣᠯ ᠴᠣᠭᠴᠠ ᠶᠢᠨ ᠬᠤᠭᠤᠷᠣᠨᠳᠤᠬᠢ | ᠥᠪᠡᠷᠮᠢᠴᠡ ᠴᠢᠨᠠᠷ ᠪᠠ ᠵᠥᠷᠢᠶᠡᠲᠦ ᠴᠢᠨᠠᠷ ᠢ ᠡᠵᠡᠮᠳᠡᠵᠦ᠂ ︽ᠳᠦᠷᠢᠮ︾ ᠤᠨ ᠵᠣᠷᠢᠭ ᠰᠠᠨᠠᠭ᠎ᠠ ᠶᠢ ᠦᠨᠳᠦᠰᠦᠯᠡᠨ | ᠢᠯᠡ ᠪᠣᠯᠭᠠᠬᠤ ᠠᠭᠤᠯᠭ᠎ᠠ᠂ ᠬᠡᠪᠴᠢᠶ᠎ᠡ ᠶᠢ ᠨᠠᠷᠢᠯᠢᠭᠵᠢᠭᠤᠯᠬᠤ ᠪᠠ ᠪᠣᠳᠠᠲᠠᠶᠢᠵᠢᠭᠤᠯᠵᠤ᠂ ᠬᠠᠨᠳᠤᠯᠭᠠᠲᠤ ᠴᠢᠨᠠᠷ ᠪᠠ | ᠠᠵᠢᠯᠯᠠᠭᠠᠲᠤ ᠴᠢᠨᠠᠷ ᠢ ᠴᠢᠩᠭᠠᠳᠬᠠᠨ᠂ ︽ᠪᠦᠬᠦᠨ ᠢ ᠨᠢᠭᠡ ᠯᠡ ᠠᠳᠠᠯᠢ ᠪᠠᠷ ᠱᠠᠭᠠᠷᠳᠠᠬᠤ︾ ᠠᠴᠠ ᠰᠡᠷᠭᠡᠶᠢᠯᠡᠬᠦ | ᠬᠡᠷᠡᠭᠲᠡᠢ᠃ | ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠳᠡᠰ ᠳᠠᠷᠠᠭᠠᠯᠠᠯ ᠪᠠ ᠠᠷᠭ᠎ᠠ ᠮᠠᠶ᠋ᠢᠭ ᠢ ᠶᠠᠷᠢᠭᠠᠳ | ᠥᠭᠭᠦᠨ᠎ᠡ ᠦᠦ︖ | ᠬᠠᠷᠢᠭᠤᠯᠲᠠ᠄ ᠰᠢᠨᠵᠢᠯᠡᠬᠦ ᠤᠬᠠᠭᠠᠨᠴᠢ ᠮᠥᠷᠲᠡᠭᠡᠨ ᠨᠢᠭᠲᠠ ᠴᠢᠩᠭ᠎ᠠ ᠳᠠᠰ ᠳᠠᠷᠠᠭᠠᠯᠠᠯ ᠪᠣᠯ ᠨᠠᠮ ᠤᠨ | ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠪᠠᠲᠤᠲᠠᠢ ᠮᠥᠷᠲᠡᠭᠡᠨ ᠡᠮᠬᠢ ᠵᠢᠷᠤᠮ ᠲᠠᠢ ᠬᠡᠷᠡᠭᠵᠢᠭᠦᠯᠬᠦ ᠤᠷᠢᠳᠠᠯ | ᠪᠣᠯᠣᠨ᠎ᠠ᠃ ︽ᠳᠦᠷᠢᠮ︾ ᠳᠤ ︽ᠳᠤᠷᠠᠳᠬᠤ — ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠬᠦ — | ᠬᠡᠷᠡᠭᠵᠢᠭᠦᠯᠬᠦ︾ ᠳᠡᠰ ᠳᠠᠷᠠᠭᠠᠯᠠᠯ ᠤᠨ ᠭᠤᠭᠴᠤᠭ᠎ᠠ ᠲᠣᠬᠢᠷᠠᠭᠤᠯᠤᠭᠰᠠᠨ ᠤ ᠬᠠᠮᠲᠤ᠂ ᠡᠯ᠎ᠡ ᠭᠤᠭᠴᠤᠭ᠎ᠠ ᠶᠢᠨ | ᠭᠤᠣᠯ ᠴᠣᠭᠴᠠ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠳᠤ ᠲᠣᠳᠣᠷᠬᠠᠢ ᠲᠣᠭᠲᠠᠭᠠᠯ ᠲᠣᠭᠲᠠᠭᠠᠪᠠ᠃ ᠨᠠᠮ ᠤᠨ | ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠨᠢ ᠳᠡᠰ ᠳᠠᠷᠠᠭᠠᠯᠠᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠵᠤ᠂ ᠬᠢᠨᠠᠮᠠᠭᠠᠢ ᠬᠢᠨᠠᠨ ᠪᠠᠶᠢᠴᠠᠭᠠᠬᠤ ᠪᠠ ᠰᠤᠳᠤᠯᠤᠯᠲᠠ ᠬᠢᠵᠦ᠂ ᠬᠢᠨᠠᠨ ᠵᠥᠪᠰᠢᠶᠡᠷᠡᠬᠦ ᠪᠣᠭᠤᠮᠢ ᠶᠢ | ᠴᠢᠩᠳᠠᠯᠠᠨ᠂ ᠢᠯᠡ ᠪᠣᠯᠭᠠᠬᠤ ᠠᠭᠤᠯᠭ᠎ᠠ ᠶᠢᠨ ᠴᠢᠬᠤᠯᠠ ᠴᠢᠨᠠᠷ ᠪᠠ ᠣᠨᠣᠪᠴᠢᠲᠤ ᠴᠢᠨᠠᠷ ᠢ ᠰᠠᠶᠢᠲᠤᠷ ᠡᠵᠡᠮᠳᠡᠨ᠂ | ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠷᠤᠮᠵᠢᠯ ᠲᠠᠢ ᠮᠥᠷᠲᠡᠭᠡᠨ ᠥᠨᠳᠥᠷ ᠪᠦᠲᠦᠮᠵᠢᠲᠡᠢ ᠪᠠᠶᠢᠬᠤ ᠶᠢ | ᠪᠠᠲᠤᠯᠠᠬᠤ ᠬᠡᠷᠡᠭᠲᠡᠢ᠃ | ᠢᠯᠡ ᠪᠣᠯᠭᠠᠬᠤ ᠠᠷᠭ᠎ᠠ ᠮᠠᠶ᠋ᠢᠭ ᠨᠢ ᠢᠯᠡ ᠪᠣᠯᠭᠠᠬᠤ ᠠᠭᠤᠯᠭ᠎ᠠ ᠪᠠ ᠬᠡᠪᠴᠢᠶ᠎ᠡ ᠲᠠᠢ ᠬᠠᠷᠢᠯᠴᠠᠨ ᠵᠣᠬᠢᠴᠠᠪᠠᠯ | ᠢᠯᠡ ᠪᠣᠯᠭᠠᠬᠤ ᠦᠷ᠎ᠡ ᠪᠦᠲᠦᠮᠵᠢ ᠰᠠᠶ᠋ᠢ ᠬᠠᠮᠤᠭ ᠤᠨ ᠶᠡᠭᠡ ᠬᠡᠮᠵᠢᠶᠡᠨ ᠳᠤ ᠬᠦᠷᠴᠦ ᠴᠢᠳᠠᠨ᠎ᠠ᠃ ︽ᠳᠦᠷᠢᠮ︾ | ᠨᠢ ᠨᠠᠮ ᠤᠨ ᠳᠣᠲᠣᠭᠠᠳᠤ ᠳᠤ ᠢᠯᠡ ᠪᠣᠯᠭᠠᠬᠤ ᠪᠠ ᠨᠡᠶᠢᠭᠡᠮ ᠨᠡᠶᠢᠲᠡ ᠳᠤ ᠢᠯᠡ ᠪᠣᠯᠭᠠᠬᠤ ᠱᠠᠭᠠᠷᠳᠠᠯᠭ᠎ᠠ ᠳᠤ | ᠬᠠᠨᠳᠤᠭᠤᠯᠤᠨ ᠲᠤᠰ ᠲᠤᠰ ᠲᠤ ᠨᠢ ᠢᠯᠡ ᠪᠣᠯᠭᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠨᠠᠮ ᠤᠨ ᠳᠣᠲᠣᠭᠠᠳᠤ | ᠬᠢᠭᠡᠳ ᠨᠠᠮ ᠤᠨ ᠭᠠᠳᠠᠭᠠᠳᠤ ᠳᠤ ᠢᠯᠭᠠᠭ᠎ᠠ ᠲᠠᠢ ᠬᠠᠨᠳᠤᠵᠤ᠂ ᠤᠯᠠᠮᠵᠢᠯᠠᠯ ᠬᠢᠭᠡᠳ ᠣᠳᠣ ᠦᠶ᠎ᠡ ᠶᠢ ᠬᠠᠷᠢᠯᠴᠠᠨ | ᠤᠶᠠᠯᠳᠤᠭᠤᠯᠬᠤ ᠶᠢ ᠭᠦᠢᠴᠡᠳ ᠢᠯᠡᠷᠡᠭᠦᠯᠵᠡᠢ᠃ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠶᠠᠪᠤᠳᠠᠯ ᠢ ᠢᠯᠡ | ᠪᠣᠯᠭᠠᠬᠤ ᠶᠢᠨ ᠠᠭᠤᠯᠭ᠎ᠠ ᠪᠠ ᠬᠡᠪᠴᠢᠶ᠎ᠡ ᠶᠢ ᠦᠨᠳᠦᠰᠦᠯᠡᠵᠦ᠂ ᠲᠤᠰ ᠪᠡᠶ᠎ᠡ ᠶᠢᠨ ᠪᠣᠳᠠᠳᠤ ᠪᠠᠶᠢᠳᠠᠯ ᠲᠠᠢ ᠪᠠᠨ | ᠤᠶᠠᠯᠳᠤᠭᠤᠯᠤᠨ ᠢᠯᠡ ᠪᠣᠯᠭᠠᠬᠤ ᠠᠷᠭ᠎ᠠ ᠬᠡᠮᠵᠢᠶ᠎ᠡ ᠶᠢ ᠵᠣᠬᠢᠰᠲᠠᠢ ᠲᠣᠭᠲᠠᠭᠠᠨ᠂ ᠡᠩ ᠲᠡᠷᠢᠭᠦᠨ ᠳᠤ ᠨᠠᠮ ᠤᠨ | ᠰᠣᠨᠢᠨ ᠰᠡᠳᠬᠦᠯ᠂ ᠷᠠᠳᠢᠣ᠋ ᠲᠧᠯᠸᠢᠰ ᠬᠤᠷᠢᠶ᠎ᠠ᠂ ᠰᠣᠨᠢᠨ ᠮᠡᠳᠡᠭᠡᠨ ᠤ ᠭᠤᠣᠯᠳᠠᠯᠭ᠎ᠠ ᠲᠠᠢ ᠰᠦᠯᠵᠢᠶ᠎ᠡ ᠵᠡᠷᠭᠡ | ᠨᠠᠮ ᠤᠨ ᠵᠠᠭᠤᠴᠢᠯᠠᠭᠤᠷ ᠢ ᠬᠡᠷᠡᠭᠯᠡᠨ ᠨᠡᠶᠢᠲᠡᠯᠡᠬᠦ ᠶᠢ ᠠᠩᠬᠠᠷᠬᠤ ᠶᠢᠨ ᠬᠠᠮᠲᠤ᠂ ᠨᠠᠮ ᠤᠨ ᠬᠤᠷᠢᠶᠠᠨ ᠤ ᠰᠣᠨᠢᠨ | ᠮᠡᠳᠡᠭᠡᠨ ᠤ ᠶᠠᠷᠢᠶ᠎ᠠ ᠢᠯᠡᠳᠬᠡᠭᠴᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠶᠠᠪᠤᠳᠠᠯ ᠤᠨ | ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠯᠲᠡᠢ ᠲᠠᠪᠴᠠᠩ ᠢ ᠰᠦᠪᠡᠭᠴᠢᠯᠡᠨ ᠪᠠᠶᠢᠭᠤᠯᠵᠤ᠂ ᠨᠠᠮ ᠤᠨ ᠶᠠᠪᠤᠳᠠᠯ ᠢ | ᠢᠯᠡ ᠪᠣᠯᠭᠠᠬᠤ ᠶᠢᠨ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ | ᠠᠰᠠᠭᠤᠯᠲᠠ᠄ ︽ᠳᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠵᠠᠩᠭᠢᠯᠠᠭ᠎ᠠ ᠨᠢ | ᠨᠠᠶᠢᠳᠠᠪᠤᠷᠢᠵᠢᠭᠤᠯᠬᠤ ᠳᠤ ᠪᠣᠢ᠂ ᠲᠡᠭᠡᠪᠡᠯ ᠨᠠᠶᠢᠳᠠᠪᠤᠷᠢᠵᠢᠭᠤᠯᠤᠯᠲᠠ ᠶᠢ ᠬᠡᠷᠬᠢᠨ ᠠᠳᠬᠤᠬᠤ ᠲᠤᠬᠠᠢ ᠶᠠᠷᠢᠭᠠᠳ | ᠥᠭᠭᠦᠨ᠎ᠡ ᠦᠦ︖ | ᠬᠠᠷᠢᠭᠤᠯᠲᠠ᠄ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ | ︽ᠳᠦᠷᠢᠮ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠵᠠᠩᠭᠢᠯᠠᠭ᠎ᠠ ᠨᠢ ᠬᠢᠨᠠᠮᠠᠭᠠᠢ ᠲᠤᠤᠱᠯᠠᠭᠤᠯᠬᠤ ᠪᠠ ᠴᠢᠩᠭ᠎ᠠ | ᠬᠡᠷᠡᠭᠵᠢᠭᠦᠯᠵᠦ᠂ ᠡᠯ᠎ᠡ ᠵᠦᠢᠯ ᠤᠨ ᠲᠣᠭᠲᠠᠭᠠᠯ ᠪᠠ ᠳᠦᠷᠢᠮ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠬᠤ ᠳᠤ ᠪᠠᠶᠢᠳᠠᠭ᠃ | ᠨᠢᠭᠡ ᠳᠤ᠂ ᠰᠤᠷᠤᠯᠴᠠᠯᠭ᠎ᠠ ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠨᠢ ᠲᠥᠪ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠬᠢᠨᠠᠮᠠᠭᠠᠢ ᠵᠣᠬᠢᠶᠠᠨ ᠪᠠᠶᠢᠭᠤᠯᠤᠨ | ᠰᠤᠷᠤᠯᠴᠠᠵᠤ᠂ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠲᠥᠪ ᠬᠤᠷᠢᠶᠠᠨ ᠤ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠨᠢ ᠤᠬᠠᠭᠤᠯᠭ᠎ᠠ ᠲᠠᠶᠢᠯᠪᠤᠷᠢ ᠶᠢ ᠰᠠᠶᠢᠲᠤᠷ | ᠬᠢᠵᠦ᠂ ︽ᠳᠦᠷᠢᠮ︾ ᠤᠨ ᠦᠨᠳᠦᠰᠦᠨ ᠵᠣᠷᠢᠭ ᠰᠠᠨᠠᠭ᠎ᠠ᠂ ᠭᠤᠣᠯ ᠠᠭᠤᠯᠭ᠎ᠠ ᠪᠠ ᠠᠵᠢᠯ ᠤᠨ ᠱᠠᠭᠠᠷᠳᠠᠯᠭ᠎ᠠ ᠶᠢ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠪᠦᠬᠦ ᠲᠠᠯ᠎ᠠ ᠪᠠᠷ ᠣᠨᠣᠪᠴᠢᠲᠠᠢ ᠡᠵᠡᠮᠰᠢᠭᠦᠯᠬᠦ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ | ᠰᠤᠷᠤᠯᠴᠠᠭ᠎ᠠ ᠶᠢᠨ ᠭᠤᠣᠯ ᠳᠤᠭᠤᠶᠢᠯᠠᠩ ᠤᠨ ᠬᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ | ᠨᠠᠮ ᠤᠨ ᠰᠤᠷᠭᠠᠭᠤᠯᠢ᠂ ᠺᠠᠳ᠋ᠷ ᠤᠨ ᠳᠡᠭᠡᠳᠦ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠨᠢ ︽ | ᠳᠦᠷᠢᠮ︾ ᠢ ᠪᠣᠯᠪᠠᠰᠤᠷᠠᠭᠤᠯᠤᠯ ᠤᠨ ᠬᠢᠴᠢᠶᠡᠯ ᠳᠤ ᠪᠠᠨ ᠣᠷᠣᠭᠤᠯᠬᠤ ᠬᠡᠷᠡᠭᠲᠡᠢ᠃ | ᠬᠤᠶᠠᠷ ᠲᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠬᠡᠷᠡᠭᠲᠡᠢ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠨᠢ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ | ᠳᠦᠷᠢᠮ︾ ᠤᠨ ᠬᠡᠷᠡᠭᠵᠢᠭᠦᠯᠬᠦ ᠨᠠᠷᠢᠨ ᠳᠦᠷᠢᠮ ᠢ ᠰᠠᠶᠢᠲᠤᠷ ᠲᠣᠭᠲᠠᠭᠠᠵᠤ᠂ ᠨᠠᠮ ᠤᠨ ᠶᠠᠪᠤᠳᠠᠯ ᠢ ᠢᠯᠡ ᠪᠣᠯᠭᠠᠬᠤ | ᠭᠠᠷᠴᠠᠭ ᠢ ᠨᠠᠶᠢᠷᠠᠭᠤᠯᠤᠨ ᠵᠣᠬᠢᠶᠠᠵᠤ᠂ ᠬᠠᠨᠳᠤᠯᠭᠠᠲᠤ ᠴᠢᠨᠠᠷ ᠪᠠ ᠠᠵᠢᠯᠯᠠᠭᠠᠲᠤ ᠴᠢᠨᠠᠷ ᠢ ᠨᠢ ᠴᠢᠩᠭᠠᠷᠠᠭᠤᠯᠤᠨ᠂ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠤᠨ ᠡᠯ᠎ᠡ | ᠰᠠᠯᠠᠭ᠎ᠠ ᠮᠥᠴᠢᠷ ᠨᠢ ︽ᠳᠦᠷᠢᠮ︾ ᠤᠨ ᠡᠯ᠎ᠡ ᠲᠠᠯ᠎ᠠ ᠶᠢᠨ ᠲᠣᠭᠲᠠᠭᠠᠯ ᠢ ᠳᠡᠭᠡᠳᠦ ᠱᠠᠳᠤᠨ ᠠᠴᠠ ᠳᠣᠣᠷᠠᠳᠤ | ᠱᠠᠲᠤ ᠪᠠᠨ ᠵᠢᠱᠢᠶᠡᠴᠢ ᠪᠠᠷ ᠳᠠᠭᠠᠭᠤᠯᠤᠨ ᠬᠡᠷᠡᠭᠵᠢᠭᠦᠯᠬᠦ ᠶᠢᠨ ᠬᠠᠮᠲᠤ᠂ ︽ᠳᠦᠷᠢᠮ︾ ᠤᠨ ᠱᠠᠭᠠᠷᠳᠠᠯᠭ᠎ᠠ ᠶᠣᠰᠣᠭᠠᠷ | ᠲᠤᠰ ᠰᠢᠰᠲ᠋ᠧᠮ ᠲᠤᠰ ᠬᠦᠷᠢᠶ᠎ᠡ ᠴᠠᠷᠠᠭᠠᠨ ᠳᠤ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ︽ᠳᠦᠷᠢᠮ︾ | ᠤᠨ ᠱᠠᠭᠠᠷᠳᠠᠯᠭ᠎ᠠ ᠶᠣᠰᠣᠭᠠᠷ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶ᠎ᠠ ᠶᠢᠨ | ᠤᠳᠤᠷᠢᠳᠬᠤ ᠨᠥᠬᠦᠳ ᠠᠴᠠ ᠬᠠᠷᠢᠭᠤᠴᠠᠬᠤ᠂ ᠠᠯᠪᠠᠨ ᠲᠢᠩᠬᠢᠮ ︵ᠭᠡᠷ︶ ᠠᠴᠠ ᠲᠦᠷᠦᠭᠦᠯᠡᠨ ᠬᠢᠬᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠯᠴᠠᠭᠰᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶ ᠨᠢ | ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠵᠦ᠂ ᠲᠤᠰ ᠭᠠᠵᠠᠷ ᠣᠷᠣᠨ ᠤ ᠪᠠᠨ ᠨᠠᠮ ᠤᠨ ᠶᠠᠪᠤᠳᠠᠯ ᠢ ᠢᠯᠡ | ᠪᠣᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠵᠤ ᠵᠢᠯᠣᠭᠤᠳᠬᠤ | ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠪᠠ ᠬᠥᠮᠥᠰ ᠤᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠯᠠᠪᠳᠠᠭᠤᠨ ᠪᠦᠲᠦᠮᠵᠢᠲᠡᠢ | ᠥᠷᠨᠢᠬᠦ ᠶᠢ ᠪᠠᠲᠤᠯᠠᠬᠤ ᠬᠡᠷᠡᠭᠲᠡᠢ᠃ | |