ᠵᠠᠩ ᠱᠤᠤ ᠴᠦᠨ ᠦᠪᠡᠷᠲᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠬᠰᠡᠨ ᠨᠢ ᠬᠡᠪ ᠪᠤᠯᠪᠠᠰᠤᠷᠠᠯ ᠦᠨᠳᠦᠷ ᠴᠢᠳᠠᠪᠤᠷᠢ ᠰᠠᠶᠢᠲᠠᠢ ᠰᠤᠷᠲᠠᠯ ᠰᠠᠶᠢᠲᠠᠢ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2018/4/10
      4 ᠳ᠋ᠤᠬᠡᠷ ᠰᠠᠷ᠎ᠠ ᠶᠢᠨ 8᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠨᠠᠷ ᠦᠪᠡᠷᠲᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃      ᠵᠠᠩ ᠱᠤᠤ ᠴᠦᠨ ᠦᠪᠡᠷᠲᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠭᠰᠠᠨ ᠪᠠᠶᠢᠳᠠᠯ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠪᠠᠶᠢᠳᠠᠯ᠂ ︽ᠬᠤᠶᠠᠷ ᠡᠷᠡᠭᠦᠯ ᠮᠡᠨᠳᠦ ᠪᠠᠶᠢᠬᠤ︾ ᠭᠤᠤᠯ ᠰᠡᠳᠦᠪ ᠢ ᠠᠬᠢᠭᠤᠯᠤᠭᠰᠠᠨ ᠪᠠᠶᠢᠳᠠᠯ᠂ ᠲᠤᠶᠢᠯ ᠤᠨ ᠤᠨᠤᠪᠴᠢᠲᠠᠢ ᠎ ᠪᠠᠷ ᠶᠠᠳᠠᠭᠤ ᠶᠢ ᠳᠡᠳᠬᠦᠬᠦ ᠠᠵᠢᠯᠯᠠᠭ᠎ᠠ ᠶᠢ ᠦᠷᠨᠢᠭᠦᠯᠥᠭᠰᠡᠨ ᠪᠠᠶᠢᠳᠠᠯ ᠵᠡᠷᠭᠡ ᠲᠠᠯ᠎ᠠ ᠶᠢᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠳᠠᠯᠠᠬᠤ ᠶᠢᠨ ᠬᠠᠮᠲᠤ ᠵᠢᠭᠠᠪᠤᠷᠢ ᠦᠭᠪᠡ᠃      ᠵᠠᠩ ᠱᠤᠤ ᠴᠦᠨ ᠵᠢᠭᠠᠵᠤ ᠭᠠᠷᠭᠠᠭᠰᠠᠨ ᠨᠢ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠨᠢᠭᠡ ᠳᠤ᠂ ︽ᠲᠤᠳᠤᠨᠤ︾ ︽ᠴᠢᠭᠡᠴᠢ︾ ᠵᠠᠰᠠᠭ ᠤᠨ ᠤᠷᠳᠤᠨ ᠪᠠ ᠦᠢᠯᠡᠳᠪᠦᠷᠢ ᠬᠤᠳᠠᠯᠳᠤᠭᠠᠨ ᠤ ᠬᠠᠷᠢᠴᠠᠭ᠎ᠠ ᠶᠢ ᠦᠷᠭᠦᠯᠵᠢᠯᠡᠨ ᠰᠠᠶᠢᠲᠤᠷ ᠪᠠᠶᠢᠭᠤᠯᠵᠤ᠂ ︽ᠳᠤᠳᠤᠨᠤ︾ ︽ᠴᠢᠭᠡᠴᠢ︾ ᠦᠢᠯᠡᠳᠪᠦᠷᠢ ᠬᠤᠳᠠᠯᠳᠤᠭᠠᠨ ᠤ ᠬᠠᠷᠢᠴᠠᠭ᠎ᠠ ᠶᠢᠨ ᠤᠬᠠᠭᠤᠯᠤᠭᠴᠢ᠂ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠤᠯᠵᠤ᠂ ᠠᠵᠤ ᠠᠬᠤᠢᠢᠯᠠᠯ ᠤᠨ ᠬᠦᠴᠢᠷᠳᠡᠯ ᠢ ᠦᠨᠡᠨᠭᠦ ᠰᠢᠢᠳᠪᠦᠷᠢᠯᠡᠨ ᠦᠭᠬᠦ ᠬᠡᠷᠡᠭᠲᠡᠢ᠃ ᠬᠤᠶᠠᠷ ᠲᠤ᠂ ᠦᠢᠯᠡᠴᠢᠯᠡᠭᠡᠨ ᠤ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠳᠡᠳᠬᠦᠬᠦ᠂ ︽ᠨᠢᠭᠡ ᠪᠦᠰᠡ ᠨᠢᠭᠡ ᠵᠠᠮ︾ ᠵᠡᠷᠭᠡ ᠲᠠᠯ᠎ᠠ ᠪᠠᠷ᠂ ᠠᠵᠤ ᠠᠬᠤᠢᠢᠯᠠᠯ ᠢ ᠬᠠᠪᠰᠤᠷᠤᠨ ᠲᠠᠪᠴᠠᠩ ᠪᠠᠶᠢᠭᠤᠯᠵᠤ᠂ ᠦᠢᠯᠡᠴᠢᠯᠡᠭᠡᠨ ᠤ ᠰᠢᠰᠲ᠋ᠧᠮ ᠢᠶᠠᠨ ᠲᠡᠭᠦᠯᠳᠡᠷᠵᠢᠭᠦᠯᠵᠦ᠂ ᠠᠵᠤ ᠠᠬᠤᠢᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠭᠠᠳᠠᠭᠠᠳᠤ ᠤᠬᠠᠭᠤᠯᠭ᠎ᠠ᠂ ᠠᠷᠠᠯᠵᠢᠶᠠᠴᠢᠨ ᠤᠷᠢᠵᠤ ᠪᠡᠯᠡ ᠮᠥᠡᠭᠬᠦ ᠤᠷᠤᠭᠤᠯᠤᠨ ᠠᠪᠴᠢᠷᠠᠬᠤ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠬᠤᠳᠠᠯᠳᠤᠭᠠᠴᠢᠳ ᠤᠨ ᠡᠪᠯᠡᠯ ᠤᠨ ᠶᠡᠭᠡ ᠬᠤᠷᠠᠯ ᠢ ᠰᠠᠶᠢᠲᠤᠷ ᠡᠷᠬᠢᠯᠡᠵᠦ᠂ ᠠᠷᠠᠯᠵᠢᠶᠠᠴᠢᠨ ᠢᠶᠠᠷ ᠠᠷᠠᠯᠵᠢᠢᠶᠨᠴᠢᠨ ᠢ ᠤᠷᠢᠬᠤ᠂ ᠠᠷᠠᠳ ᠤᠨ ᠳᠤᠮᠳᠠᠬᠢ ᠠᠷᠠᠯᠵᠢᠶᠠᠴᠢᠨ ᠢ ᠤᠷᠢᠬᠤ ᠪᠠᠷ ᠳᠠᠮᠵᠢᠵᠤ᠂ ᠦᠷ᠎ᠡ ᠠᠰᠢᠭ ᠰᠠᠶᠢᠲᠠᠢ ᠠᠵᠤ ᠠᠬᠤᠢᠢᠯᠠᠯ ᠢ ᠮᠠᠨ ᠤ ᠤᠷᠤᠨ ᠳᠤ ᠤᠷᠤᠭᠤᠯᠤᠨ ᠠᠪᠴᠢᠷᠠᠬᠤ ᠬᠡᠷᠡᠭᠲᠡᠢ᠃ ᠳᠦᠷᠪᠡ ᠳᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠳᠦᠷᠪᠡᠨ ᠤᠬᠠᠮᠰᠠᠷ︾᠎ ᠢ ᠪᠠᠲᠤ ᠪᠠᠬᠢ ᠪᠤᠢ ᠪᠤᠯᠭᠠᠵᠤ᠂ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠦᠷᠦ ᠶᠢᠨ ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ᠬᠡᠪ ᠪᠤᠯᠪᠠᠰᠤᠷᠠᠯ ᠦᠨᠳᠦᠷ᠂ ᠴᠢᠳᠠᠪᠤᠷᠢ ᠰᠠᠶᠢᠲᠠᠢ᠂ ᠰᠤᠷᠲᠠᠯ ᠰᠠᠶᠢᠲᠠᠢ ᠦᠢᠯᠡᠳᠪᠦᠷᠢ ᠬᠤᠳᠠᠯᠳᠤᠭᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号