ᠥᠪᠡᠷᠲᠡᠭᠡᠨ ᠵᠠᠰᠠᠬᠤ ᠣᠷᠣᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ ᠢ ᠪᠦᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠪᠡ
ᠨᠡᠶᠢᠲᠡᠯᠡᠭᠰᠡᠨ ᠴᠠᠭ᠄
2018/4/10
     4 ᠳ᠋ᠦ᠋ᠭᠡᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠲᠦᠷᠦᠭᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠪᠦᠷᠢᠯᠳᠦᠭᠰᠡᠨ 6 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠦᠬᠦ ᠣᠷᠣᠨ ᠤ 12 ᠠᠶᠢᠮᠠᠭ ᠬᠤᠳᠠ ᠳᠤ ᠬᠦᠷᠴᠦ᠂ ᠮᠠᠨ ᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠭᠦᠨᠵᠡᠭᠡᠶ ᠰᠢᠮᠳᠠᠭᠤᠯᠤᠨ ᠪᠠᠶᠢᠴᠠᠭᠠᠯᠲᠠ ᠬᠢᠪᠡ᠃      ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠨᠢ᠂ ᠲᠢᠩᠬᠢᠮ ᠤᠨ ᠳᠡᠰ ᠤᠨ ᠺᠠᠳ᠋ᠷ ᠳᠤᠭᠤᠶᠢᠯᠠᠩ ᠳᠠᠭᠠᠭᠤᠯᠵᠤ᠂ ᠡᠯ᠎ᠡ ᠠᠶᠢᠮᠠᠭ ᠬᠤᠳᠠ ᠳᠤ ᠭᠦᠨᠵᠡᠭᠡᠶᠢᠷᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠤᠷᠪᠤᠯᠵᠢᠯᠠᠨ ᠶᠠᠷᠢᠯᠴᠠᠬᠤ᠂ ᠶᠠᠷᠢᠯᠴᠠᠬᠤ ᠬᠤᠷᠠᠯ ᠬᠢᠬᠦ ᠪᠠ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠭᠤᠣᠯᠳᠠᠭᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠰᠠᠨᠠᠯ ᠢᠶᠠᠷ ᠴᠡᠭᠴᠡᠯᠡᠨ ᠥᠭᠡᠷᠡᠴᠢᠯᠡᠬᠦ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ︾᠎ ᠳᠤ ᠵᠢᠭᠰᠠᠭᠠᠭᠰᠠᠨ 49 ᠵᠦᠢᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠲᠥᠪ ᠤᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠣᠷᠣᠨ ᠳᠠᠬᠢ ︽ᠡᠷᠬᠢᠨ ᠬᠠᠷᠠᠬᠤ︾ ᠲᠣᠭᠤᠷᠢᠨ ᠪᠠᠶᠢᠴᠠᠭᠠᠯᠲᠠ ᠪᠠᠷ ᠲᠤᠰᠬᠠᠭᠰᠠᠨ ᠰᠠᠨᠠᠯ ᠤᠨ ᠲᠤᠬᠠᠢ ᠴᠡᠭᠴᠡᠯᠡᠨ ᠥᠭᠡᠷᠡᠴᠢᠯᠡᠬᠦ ᠲᠥᠰᠦᠯ︾᠎ ᠤᠨ ᠳᠣᠲᠣᠷᠠᠬᠢ ᠬᠤᠯᠪᠣᠭᠳᠠᠯ ᠪᠦᠬᠦᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ 2017 ᠣᠨ ᠤ 6 ᠳ᠋ᠤᠭᠠᠷ ᠰᠠᠷ᠎ᠠ ᠶᠢᠨ ᠪᠦᠬᠦ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠡᠭᠡ ᠪᠠᠶᠢᠴᠠᠭᠠᠯᠲᠠ ᠪᠠᠷ ᠲᠤᠰᠬᠠᠭᠰᠠᠨ ᠰᠠᠨᠠᠯ ᠤᠨ ᠴᠡᠭᠴᠡᠯᠡᠨ ᠥᠭᠡᠷᠡᠴᠢᠯᠡᠬᠦ ᠲᠥᠰᠦᠯ ᠳᠤ ᠵᠢᠭᠰᠠᠭᠠᠭᠰᠠᠨ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠣᠭᠤᠷᠢᠨ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠠᠰᠠᠭᠤᠳᠠᠯ ᠢ ᠤᠯᠠᠮ ᠨᠢᠭᠡ ᠠᠯᠬᠤᠮ ᠪᠠᠶᠢᠴᠠᠭᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠰᠢᠮᠳᠠᠭᠤᠯᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠥᠨᠡᠨᠬᠦ ᠪᠠᠲᠤᠯᠠᠬᠤ ᠶᠢᠨ ᠲᠤᠰᠠᠳᠠ᠂ ᠰᠢᠮᠳᠠᠭᠤᠯᠤᠨ ᠪᠠᠶᠢᠴᠠᠭᠠᠵᠤ ᠠᠵᠢᠯ ᠢ ᠥᠷᠨᠢᠭᠦᠯᠬᠦ ᠠᠴᠠ ᠡᠮᠦᠨ᠎ᠡ᠂ ᠮᠠᠨ ᠤ ᠣᠷᠣᠨ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠳᠤ ᠪᠠᠶᠢᠷᠢᠯᠠᠭᠤᠯᠬᠤ ᠳᠠᠶᠢᠴᠢᠯᠠᠯᠲᠠ ᠪᠣᠯᠣᠨ ᠰᠢᠰᠲ᠋ᠧᠮᠲᠤ ᠪᠣᠯᠪᠠᠰᠤᠷᠠᠭᠤᠯᠤᠯ ᠬᠢᠵᠦ᠂ ᠣᠯᠠᠨ ᠳᠤ ᠲᠤᠰ ᠤᠳᠠᠭ᠎ᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠢᠬᠤᠯᠠ ᠴᠢᠨᠠᠷ ᠪᠠ ᠴᠢᠬᠤᠯᠠᠲᠠᠢ ᠴᠢᠨᠠᠷ ᠢ ᠭᠦᠢᠴᠡᠳ ᠲᠠᠨᠢᠨ᠂ ᠰᠢᠮᠳᠠᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠡᠭᠦᠷᠭᠡ ᠶᠢ ᠳᠡᠭᠡᠳᠦ ᠪᠠᠷᠢᠮᠵᠢᠶ᠎ᠠ᠂  ᠴᠢᠨᠠᠷ ᠰᠠᠶᠢᠲᠠᠶ ᠪᠠᠷ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号