2018 ᠤᠨ ᠤ ᠨᠢᠭᠡᠳᠦᠭᠡᠷ ᠡᠭᠡᠯᠵᠢ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾᠎ ᠶᠢᠨ ᠰᠢᠮᠳᠠᠭᠤᠯᠤᠨ ᠵᠢᠯᠤᠭᠤᠳᠬᠤ ᠠᠵᠢᠯ ᠤᠨ ᠲᠦᠰᠦᠯ
ᠨᠡᠶᠢᠲᠡᠯᠡᠭᠰᠡᠨ ᠴᠠᠭ᠄
2018/4/11
     ᠨᠢᠭᠡ᠂ ᠬᠠᠷᠠᠯᠲᠠᠲᠤ ᠡᠭᠦᠷᠭᠡ      ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ︽ᠬᠤᠶᠠᠷ ᠬᠠᠷᠢᠭᠤᠴᠠᠯᠭ᠎ᠠ︾᠎ ᠶᠢ ᠤᠯᠠᠮᠵᠢᠯᠠᠬᠤ ᠲᠦᠯᠬᠢᠨ ᠠᠬᠢᠭᠤᠯᠬᠤ ᠲᠣᠭᠲᠠᠴᠠ ᠶᠢ ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶᠎ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠶᠢ ᠲᠦᠯᠬᠢᠨ ᠠᠬᠢᠭᠤᠯᠤᠨ᠎ᠠ᠃      ᠨᠢᠭᠡ ᠳᠤ ᠰᠢᠮᠳᠠᠭᠤᠯᠤᠨ ᠵᠢᠯᠣᠭᠤᠳᠬᠤ ᠡᠲᠡᠭᠡᠳ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠦᠵᠡᠯ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠤᠬᠠᠮᠰᠠᠷ ᠪᠠ ᠵᠤᠷᠢᠭᠲᠠᠢ ᠪᠠᠷ ᠡᠭᠦᠷᠭᠡᠯᠡᠬᠦ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔      ᠬᠤᠶᠠᠷ ᠲᠤ ᠰᠢᠮᠳᠠᠭᠤᠯᠤᠨ ᠵᠢᠯᠣᠭᠤᠳᠬᠤ ᠡᠲᠡᠭᠡᠳ ᠤᠨ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠤᠯᠵᠤ ᠮᠡᠳᠡᠪᠡᠯ ᠴᠡᠭᠴᠡᠯᠡᠨ ᠰᠠᠶᠢᠵᠢᠷᠠᠭᠤᠯᠵᠤ ᠶᠢ ᠰᠢᠮᠳᠠᠭᠤᠯᠤᠨ᠎ᠠ︔      ᠭᠤᠷᠪᠠ ᠳᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠤᠭᠰᠠᠨ ᠢᠶᠠᠷ ᠳᠤᠲᠠᠮᠠᠭ᠂ ᠠᠰᠠᠭᠤᠳᠠᠯ ᠨᠢ ᠳᠤᠪᠤᠶᠢᠮ᠎ᠠ ᠪᠠᠶᠢᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠲᠤᠯᠭᠠᠨ᠎ᠠ︔      ᠲᠦᠷᠪᠡ ᠳᠤ ᠰᠢᠮᠳᠠᠭᠤᠯᠤᠨ ᠬᠢᠨᠠᠨ ᠵᠢᠯᠣᠭᠤᠳᠬᠤ ᠡᠲᠡᠭᠡᠳ ᠤᠨ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠲᠣᠭᠲᠠᠴᠠ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠨᠠᠶᠢᠳᠠᠪᠤᠷᠢᠵᠢᠭᠤᠯᠤᠨ᠎ᠠ᠃      ᠬᠤᠶᠠᠷ᠂ ᠠᠵᠢᠯ ᠤᠨ ᠭᠤᠣᠯᠳᠠᠯᠭ᠎ᠠ      2018 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠭᠤᠣᠯ ᠠᠭᠤᠯᠭ᠎ᠠ ᠶᠢᠨ ᠨᠠᠷᠢᠨ ᠳᠠᠩᠰᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶᠎ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠭᠤᠣᠯ ᠠᠭᠤᠯᠭ᠎ᠠ ᠶᠢᠨ ᠨᠠᠷᠢᠨ ᠳᠠᠩᠰᠠ ᠶᠤᠰᠤᠭᠠᠷ᠂ ᠡᠯ᠎ᠡ ᠠᠶᠢᠮᠠᠭ ᠬᠤᠳᠠ ᠵᠢᠴᠢ ᠬᠠᠷᠢᠶ᠎ᠠ ᠬᠤᠰᠢᠭᠤ ᠰᠢᠶᠠᠨ ︵ᠬᠤᠳᠠ᠂ ᠲᠣᠭᠤᠷᠢᠭ︶᠂ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠢ ᠳᠠᠭᠠᠭᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠬᠡᠰᠡᠭ ᠰᠠᠯᠠᠭ᠎ᠠ ᠮᠥᠴᠢᠷ ᠪᠠ ᠨᠢᠭᠡᠴᠡ ᠳᠤ ᠰᠢᠮᠳᠠᠭᠤᠯᠤᠨ ᠵᠢᠯᠤᠭᠤᠳᠤᠯᠭ᠎ᠠ ᠬᠢᠨ᠎ᠡ᠃      ︵ᠨᠢᠭᠡ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠭᠤᠣᠯ ᠠᠭᠤᠯᠭ᠎ᠠ ᠶᠢᠨ ᠨᠠᠷᠢᠨ ᠳᠠᠩᠰᠠ      1 . ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃      2 . ᠺᠠᠳ᠋ᠷ ᠢ ᠰᠠᠶᠢᠲᠤᠷ ᠰᠣᠩᠭᠤᠵᠤ ᠬᠡᠷᠡᠭᠯᠡᠨ᠎ᠡ  ᠃      3 . ᠠᠷᠠᠳ ᠣᠯᠠᠨ ᠤ ᠠᠰᠢᠭ ᠲᠤᠰᠠ ᠶᠢ ᠬᠠᠮᠠᠭᠠᠯᠠᠨ᠎ᠠ᠃      4 . ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ  ᠃      5 . ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ  ᠃      6 . ᠰᠠᠬᠢᠯᠭ᠎ᠠ ᠪᠠᠲᠤ ᠬᠠᠤᠯᠢ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠤᠳᠤᠷᠢᠳᠬᠤ ᠪᠠ ᠳᠡᠮᠵᠢᠨ᠎ᠡ᠃      7 . ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ ᠬᠥᠮᠦᠵᠢᠯ ᠪᠠ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃      8 . ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾᠎ ᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠎ᠡ᠃      9 . ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠠᠷ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠎ᠡ᠃      10 . ᠤᠯᠤᠰ ᠲᠦᠷᠦ ᠶᠢᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠣᠯᠭᠠᠨ᠎ᠠ᠃      ︵ᠬᠤᠶᠠᠷ︶ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶᠎ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠭᠤᠣᠯ ᠠᠭᠤᠯᠭ᠎ᠠ ᠶᠢᠨ ᠨᠠᠷᠢᠨ ᠳᠠᠩᠰᠠ      1. ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢ ᠬᠠᠮᠵᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠪᠠ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠠᠬᠢᠭᠤᠯᠤᠨ᠎ᠠ᠃      2. ᠠᠵᠢᠯ ᠤᠨ ᠰᠤᠷᠲᠠᠯ ᠳᠤ ᠬᠢᠨᠠᠯᠲᠠ ᠲᠠᠯᠪᠢᠬᠤ ᠪᠠᠨ ᠭᠦᠨᠵᠡᠭᠡᠶᠢᠷᠡᠭᠦᠯᠦᠨ᠎ᠡ᠃      3. ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠷᠠᠭᠤᠯᠤᠨ᠎ᠠ᠃      4. ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃      5. ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃      6. ᠲᠤᠰᠬᠠᠢ ᠵᠦᠢᠯ ᠤᠨ ᠠᠵᠢᠯ ᠢ ᠬᠢᠨᠠᠮᠠᠭᠠᠢ ᠥᠷᠨᠢᠭᠦᠯᠦᠨ᠎ᠡ᠃      7. ᠠᠳᠠᠯᠢ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠎ᠡ᠃      8. ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶᠎ ᠶᠢᠨ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠭᠦᠢᠴᠡᠳᠬᠡᠨ᠎ᠡ᠃      9. ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃      ᠭᠤᠷᠪᠠ᠂ ᠠᠷᠭ᠎ᠠ ᠪᠠᠷᠢᠯ ᠠᠯᠬᠤᠮ ᠳᠠᠷᠠᠭ᠎ᠠ      ᠨᠢᠭᠡᠳᠦᠭᠡᠷ ᠡᠭᠡᠯᠵᠢ ᠶᠢᠨ ᠬᠢᠨᠠᠨ ᠵᠢᠯᠣᠭᠤᠳᠬᠤ ᠠᠵᠢᠯ 2018 ᠣᠨ ᠤ 4 ᠳ᠋ᠦ᠋ᠭᠡᠷ ᠰᠠᠷ᠎ᠠ ᠠᠴᠠ ᠡᠬᠢᠯᠡᠨ᠂ 2018 ᠣᠨ ᠤ 6 ᠳ᠋ᠤᠭᠠᠷ ᠰᠠᠷ᠎ᠠ ᠳᠤ ᠳᠠᠭᠤᠰᠴᠤ᠂ ᠭᠤᠷᠪᠠᠨ ᠱᠠᠳᠤ ᠬᠤᠪᠢᠶᠠᠨ ᠶᠠᠪᠤᠭᠳᠠᠨ᠎ᠠ᠃      ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ︵2018 ᠣᠨ ᠤ 4 ᠳ᠋ᠦ᠋ᠭᠡᠷ ᠰᠠᠷ᠎ᠠ ᠶᠢᠨ ᠡᠬᠢᠨ︶᠃      ︵ᠬᠤᠶᠠᠷ︶ ᠰᠢᠮᠳᠠᠭᠤᠯᠤᠨ ᠵᠢᠯᠣᠭᠤᠳᠬᠤ ᠱᠠᠲᠤ ︵2018 ᠣᠨ ᠤ 4 ᠳ᠋ᠦ᠋ᠭᠡᠷ ᠰᠠᠷ᠎ᠠ ᠶᠢᠨ ᠳᠤᠮᠳᠠᠴᠢ ᠠᠴᠠ 5 ᠳ᠋ᠤᠭᠠᠷ ᠰᠠᠷ᠎ᠠ ᠶᠢᠨ ᠡᠴᠦᠰ︶᠃      ︵ᠭᠤᠷᠪᠠ︶ ᠳ᠋ᠥᠩᠨᠡᠯᠲᠡ ᠬᠢᠵᠦ ᠬᠠᠷᠢᠭᠤ ᠮᠡᠳᠡᠭᠦᠯᠬᠦ ᠱᠠᠲᠤ ︵2018 ᠣᠨ ᠤ 6 ᠳ᠋ᠤᠭᠠᠷ ᠰᠠᠷ᠎ᠠ ᠶᠢᠨ ᠡᠬᠢᠨ︶᠃      ᠳᠥᠷᠪᠡ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠬᠠᠷᠢᠭᠤᠴᠠᠯᠭ᠎ᠠ ᠶᠢᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠷᠢᠯᠢᠭᠵᠢᠭᠤᠯᠤᠨ᠎ᠠ᠃      ︵ᠬᠤᠶᠠᠷ︶ ᠠᠵᠢᠯ ᠤᠨ ᠡᠬᠡ ᠳᠠᠩᠰᠠ ᠪᠠᠶᠢᠭᠤᠯᠵᠤ᠂ ᠪᠦᠬᠦ ᠶᠠᠪᠤᠴᠠ ᠪᠠᠷ ᠮᠥᠷᠳᠡᠨ ᠳᠠᠭᠠᠵᠦ ᠦᠷ᠎ᠡ ᠪᠦᠲᠦᠮᠵᠢ ᠶᠢ ᠨᠡᠬᠡᠮᠵᠢᠯᠡᠨ᠎ᠡ᠃      ︵ᠭᠤᠷᠪᠠ︶ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠯᠲᠠ ᠬᠢᠵᠦ᠂ ᠳᠠᠷᠤᠯᠲᠠ ᠥᠭᠬᠦ ᠶᠢ ᠴᠢᠬᠤᠯᠠᠴᠢᠯᠠᠨ᠎ᠠ᠃      ︵ᠳᠥᠷᠪᠡ︶ ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠲᠤᠯᠭᠠᠨ᠎ᠠ᠃      ︵ᠲᠠᠪᠤ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠮᠳᠠᠭᠤᠯᠤᠨ ᠵᠢᠯᠣᠭᠤᠳᠬᠤ ᠴᠢᠨᠠᠷ ᠴᠢᠨᠰᠠᠭ᠎ᠠ ᠶᠢ ᠥᠨᠡᠨᠬᠦ ᠪᠠᠲᠤᠯᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃      ︵ᠬᠤᠶᠠᠷ︶ ᠰᠢᠮᠳᠠᠭᠤᠯᠤᠨ ᠵᠢᠯᠣᠭᠤᠳᠬᠤ ᠠᠷᠭ᠎ᠠ ᠪᠠᠷᠢᠯ ᠢ ᠰᠢᠨᠡᠴᠢᠯᠡᠨ᠎ᠡ᠃      ︵ᠭᠤᠷᠪᠠ︶ ᠰᠢᠮᠳᠠᠭᠤᠯᠤᠨ ᠵᠢᠯᠤᠭᠤᠳᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃      ︵ᠳᠥᠷᠪᠡ︶ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号