ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | | 228 ᠳ᠋ᠤᠭᠠᠷ ᠲᠤᠭᠠᠳᠤ | | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠪᠠ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ | ᠠᠷᠭ᠎ᠠ︾ ᠶᠢ 2017 ᠤᠨ ᠤ 11 ᠳ᠋ᠤᠬᠡᠷ ᠰᠠᠷ᠎ᠠ ᠶᠢᠨ 29 ᠤ ᠡᠳᠦᠷ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠷᠪᠠᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠬᠦᠯᠦᠨ᠎ᠠ᠃ | | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ | 2017 ᠣᠨ ᠤ 12 ᠳ᠋ᠤᠭᠠᠷ ᠰᠠᠷ᠎ᠠ ᠶᠢᠨ 13 ᠤ ᠡᠳᠦᠷ | | | | ᠨᠢᠬᠡᠳᠦᠬᠡᠷ ᠪᠦᠯᠦᠭ ᠶᠡᠷᠦᠩᠬᠡᠢ ᠲᠦᠷᠢᠮ | | | ᠨᠢᠬᠡᠳᠦᠬᠡᠷ ᠵᠦᠢᠯ ᠴᠢᠯᠠᠭᠤᠨ ᠲᠤᠰᠤ ᠪᠠ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ | ᠪᠠᠶᠢᠭᠤᠯᠤᠯᠳᠠ ᠶᠢᠨ ᠪᠠᠷᠢᠯᠭ᠎ᠠ ︵ᠲᠤᠷᠤᠨᠨᠰᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠬᠡᠵᠦ ᠲᠤᠪᠴᠢᠯᠠᠨ᠎ᠠ︶ ᠶᠢᠨ | ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ᠂ ᠤᠯᠠᠨ ᠨᠡᠶᠢᠳᠡ ᠶᠢᠨ | ᠠᠮᠤᠷ ᠲᠦᠪᠰᠢᠨ ᠪᠠ ᠠᠷᠠᠳ ᠢᠷᠬᠡᠨ ᠤ ᠠᠮᠢ ᠨᠠᠰᠤ᠂ ᠡᠳ᠋ ᠭᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠶᠢᠨ | ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠦᠳᠦᠬᠡᠨ | ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾᠂ ︽ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠳᠠ ᠶᠢᠨ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ | ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃ | ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠴᠢᠯᠠᠭᠤᠨ | ᠲᠤᠰᠤ ᠬᠢᠮᠢ ᠶᠢᠨ ᠪᠠᠷᠢᠯᠭ᠎ᠠ ᠶᠢ ᠰᠢᠨ᠎ᠠ ᠪᠠᠷ ᠪᠠᠶᠢᠭᠤᠯᠬᠤ᠂ ᠦᠷᠬᠡᠳᠬᠡᠨ ᠪᠠᠶᠢᠭᠤᠯᠬᠤ᠂ ᠦᠬᠡᠷᠡᠴᠢᠯᠡᠨ ᠪᠠᠶᠢᠭᠤᠯᠬᠤ | ᠠᠵᠢᠯᠯᠠᠭ᠎ᠠ ᠡᠷᠬᠢᠯᠡᠵᠦ ᠪᠠᠶᠢᠭ᠎ᠠ ᠵᠢᠴᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ | ᠬᠠᠮᠢᠶᠠᠷᠤᠯᠳᠠ ᠬᠡᠷᠡᠭᠵᠢᠬᠦᠯᠬᠦ ᠳᠤ᠂ ᠲᠤᠰ ᠠᠷᠭ᠎ᠠ ᠶᠢ ᠬᠡᠷᠡᠭᠯᠡᠭᠳᠡᠨ᠎ᠡ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠦᠢᠯᠡᠳᠪᠦᠷᠢᠯᠡᠯ ᠤᠨ ᠵᠠᠭᠠᠨᠨᠯᠬᠠᠰᠠᠨ ᠲᠤᠭᠤᠷᠢᠭ ᠲᠠᠬᠢ | ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ᠂ ᠲᠦᠭᠦᠷ ᠪᠠᠷᠢᠯᠭ᠎ᠠ ᠪᠠ ᠲᠠᠭᠠᠯᠳᠠ ᠪᠠᠷᠢᠯᠭ᠎ᠠ ᠪᠠᠭᠳᠠᠨ᠎ᠠ᠃ | ᠭᠤᠷᠪᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠪᠦᠳᠦᠬᠡᠨ | ᠪᠠᠶᠢᠭᠤᠯᠬᠤ ᠨᠢᠬᠡᠴᠡ ᠠᠴᠠ ᠬᠠᠷᠢᠭᠤᠴᠠᠬᠤ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠭᠰᠡᠨ ᠪᠠ ᠪᠠᠷᠢᠯᠭ᠎ᠠ | ᠪᠠᠷᠢᠨᠨᠰᠠᠨ ᠨᠢᠬᠡᠴᠡ ᠠᠴᠠ ᠪᠠᠳᠤᠯᠠᠬᠤ᠂ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠠᠴᠠ ᠬᠢᠨᠠᠨ ᠬᠠᠮᠢᠶᠠᠷᠬᠤ᠂ | ᠵᠠᠰᠠᠭ ᠤᠨ ᠤᠷᠳᠤᠨ ᠠᠴᠠ ᠬᠢᠨᠠᠯᠳᠠ ᠲᠠᠯᠪᠢᠬᠤ ᠶᠢᠨ ᠬᠠᠷᠢᠯᠴᠠᠨ ᠤᠶᠠᠯᠳᠤᠭᠤᠯᠤᠨᠨᠰᠠᠨ ᠲᠦᠷᠢᠮ ᠢ ᠬᠡᠷᠡᠭᠵᠢᠭᠦᠯᠦᠨ᠎ᠡ᠃ | ᠲᠦᠷᠪᠡᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ | ᠲᠠᠯᠪᠢᠬᠤ ᠰᠠᠯᠠᠭ᠎ᠠ ᠮᠦᠴᠢᠷ ᠨᠢ ᠪᠦᠭᠦ ᠤᠷᠤᠨ ᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠦ᠂ ᠲᠡᠭᠦᠨ ᠤ ᠬᠠᠷᠢᠶ᠎ᠠ ᠪᠦᠭᠦᠢ ᠦᠪᠡᠷᠳᠡᠬᠡᠨ ᠵᠠᠰᠠᠬᠤ | ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ | ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠪᠦᠭᠦ ᠤᠷᠤᠨ ᠤ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠪᠤᠳᠠᠳᠠᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ | ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ᠂ ᠭᠦᠭᠵᠢᠬᠦᠯᠦᠯᠳᠡ ᠪᠠ ᠦᠬᠡᠷᠡᠴᠢᠯᠡᠯᠳᠡ᠂ ᠠᠵᠦ ᠠᠬᠤᠢ ᠪᠠ | ᠮᠡᠳᠡᠭᠡ ᠵᠠᠩᠬᠢᠵᠢᠯᠳᠠ᠂ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ᠂ ᠠᠶᠤᠯ ᠦᠬᠡᠢ ᠦᠢᠯᠡᠳᠪᠦᠷᠢᠯᠡᠯ ᠤᠨ | ᠬᠢᠨᠠᠯᠳᠠ ᠬᠠᠮᠢᠶᠠᠷᠤᠯᠳᠠ᠂ ᠡᠳ᠋ ᠤᠨ ᠵᠠᠰᠠᠭ᠂ ᠭᠠᠯ ᠤᠨᠳᠠᠷᠠᠭᠠᠬᠤ᠂ ᠤᠷᠴᠢᠨ ᠲᠤᠭᠤᠷᠢᠨ ᠤ ᠬᠠᠮᠠᠭᠠᠯᠠᠯᠳᠠ᠂ | ᠲᠠᠩᠰᠠ ᠡᠪᠬᠡᠮᠡᠯ ᠵᠡᠷᠬᠡ ᠰᠠᠯᠠᠭ᠎ᠠ ᠮᠦᠴᠢᠷ ᠨᠢ ᠵᠠᠪᠠᠯ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠤᠰᠤᠭᠠᠷ᠂ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠬᠠᠮᠢᠶ᠎ᠠ ᠪᠦᠭᠦᠢ | ᠠᠵᠢᠯ ᠢ ᠰᠠᠶᠢᠳᠤᠷ ᠬᠢᠬᠦ ᠬᠡᠷᠡᠭᠳᠡᠢ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠲᠤᠰᠬᠠᠢ ᠮᠡᠷᠬᠡᠵᠢᠯᠳᠡᠨ ᠤ ᠭᠦᠮᠦᠷᠬᠡ ᠪᠠᠶᠢᠭᠤᠯᠵᠦ᠂ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠵᠦ ᠪᠠᠶᠢᠭᠠᠳ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠢ ᠵᠢᠷᠤᠵᠦ ᠲᠦᠯᠦᠪᠯᠡᠬᠦ ᠪᠢᠴᠢᠭ | ᠮᠠᠲ᠋ᠧᠷᠢᠶᠠᠯ ᠢ ᠨᠢ ᠬᠢᠨᠠᠨ ᠪᠠᠶᠢᠴᠠᠭᠠᠬᠤ᠂ ᠶᠠᠰᠤ ᠴᠢᠨᠠᠷ ᠲᠤ ᠬᠢᠨᠠᠯᠳᠠ ᠲᠠᠯᠪᠢᠵᠦ ᠪᠠᠶᠢᠴᠠᠭᠠᠬᠤ᠂ ᠪᠠᠷᠢᠯᠭ᠎ᠠ ᠶᠢᠨ ᠶᠠᠰᠤ | ᠴᠢᠨᠠᠷ ᠢ ᠰᠢᠯᠭᠠᠵᠦ ᠬᠤᠷᠢᠶᠠᠨ ᠠᠪᠬᠤ ᠵᠡᠷᠬᠡ ᠠᠵᠢᠯ ᠳᠤ ᠤᠷᠤᠯᠴᠠᠭᠤᠯᠬᠤ ᠬᠡᠷᠡᠭᠳᠡᠢ᠃ | ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠦᠨᠡᠨᠴᠢ ᠢᠳᠡᠬᠡᠮᠵᠢ ᠶᠢᠨ | ᠲᠠᠩᠰᠠ ᠡᠪᠬᠡᠮᠡᠯ ᠢ ᠪᠠᠶᠢᠭᠤᠯᠵᠦ᠂ ᠮᠡᠳᠡᠭᠡ ᠵᠠᠩᠬᠢ ᠶᠢ ᠬᠠᠶᠢᠵᠦ ᠯᠠᠪᠯᠠᠬᠤ᠂ ᠰᠤᠯᠢᠯᠴᠠᠬᠤ ᠪᠠ ᠬᠠᠮᠳᠤ ᠪᠠᠷ | ᠭᠦᠷᠳᠡᠬᠦ ᠶᠢ ᠪᠡᠶᠡᠯᠡᠬᠦᠯᠬᠦ ᠬᠡᠷᠡᠭᠳᠡᠢ᠃ | | | ᠬᠤᠶᠠᠳᠤᠭᠠᠷ ᠪᠦᠯᠦᠭ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠷᠢᠭᠤᠴᠠᠯᠭ᠎ᠠ | | ᠲᠤᠯᠤᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ | ᠠᠵᠢᠯᠯᠠᠭ᠎ᠠ ᠡᠷᠬᠢᠯᠡᠬᠦ ᠳᠤ᠂ ᠵᠠᠪᠠᠯ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠲᠡᠰ ᠲᠠᠷᠠᠭᠠᠯᠠᠯ ᠢ ᠴᠢᠩᠭ᠎ᠠ | ᠬᠡᠷᠡᠭᠵᠢᠬᠦᠯᠵᠦ᠂ ᠤᠷᠢᠳᠠᠪᠡᠷ ᠬᠠᠶᠢᠨ ᠪᠠᠶᠢᠴᠠᠭᠠᠵᠦ᠂ ᠲᠠᠷᠠᠭ᠎ᠠ ᠨᠢ ᠵᠢᠷᠤᠵᠦ ᠲᠦᠯᠦᠪᠯᠡᠨ᠂ ᠰᠡᠬᠦᠯ ᠳᠤᠨᠢ ᠪᠠᠷᠢᠯᠭ᠎ᠠ | ᠪᠠᠷᠢᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ | ᠭᠦᠭᠵᠢᠬᠦᠯᠦᠯᠳᠡ ᠪᠠ ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠰᠠᠯᠠᠭ᠎ᠠ ᠮᠦᠴᠢᠷ ᠨᠢ ᠵᠠᠪᠠᠯ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠬᠠᠷᠭᠤᠭᠤᠯᠤᠨ ᠵᠦᠪᠰᠢᠶᠡᠷᠡᠭᠦᠯᠦᠭᠰᠡᠨ ᠪᠤᠶᠤ | ᠲᠠᠩᠰᠠᠯᠠᠭᠤᠯᠤᠨ ᠲᠡᠮᠳᠡᠭᠯᠡᠬᠦᠯᠦᠭᠰᠡᠨ ᠪᠢᠴᠢᠭ ᠮᠠᠲ᠋ᠧᠷᠢᠶᠠᠯ ᠢ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ | ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ | ᠲᠠᠯᠪᠢᠬᠤ ᠪᠠᠶᠢᠭᠤᠯᠤᠮᠵᠢ ᠳᠤ ᠬᠠᠭᠤᠯᠤᠨ ᠢᠯᠡᠭᠡᠬᠦ ᠬᠡᠷᠡᠭᠳᠡᠢ᠃ | ᠶᠢᠰᠦᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ | ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠠ ᠤᠨᠨᠰᠠᠷᠠᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠤᠨ | ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠢ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ | ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠳᠤ ᠮᠡᠳᠡᠬᠦᠯᠵᠦ ᠬᠢᠨᠠᠨ ᠪᠠᠶᠢᠴᠠᠭᠠᠯᠭᠠᠬᠤ ᠬᠡᠷᠡᠭᠳᠡᠢ᠃ ᠪᠠᠷᠢᠯᠭ᠎ᠠ ᠪᠠᠷᠢᠬᠤ ᠵᠢᠷᠤᠭ ᠤᠨ ᠵᠢᠷᠤᠵᠦ | ᠲᠦᠯᠦᠪᠯᠡᠭᠰᠡᠨ ᠪᠢᠴᠢᠭ ᠮᠠᠲ᠋ᠧᠷᠢᠶᠠᠯ ᠨᠢ ᠬᠢᠨᠠᠨ ᠪᠠᠶᠢᠴᠠᠭᠠᠯᠳᠠ ᠳᠤ ᠵᠦᠪᠰᠢᠶᠡᠷᠡᠭᠳᠡᠭᠰᠡᠨ ᠦᠬᠡᠢ ᠪᠤᠯ ᠬᠡᠷᠡᠭᠯᠡᠵᠦ | ᠪᠤᠯᠬᠤ ᠦᠬᠡᠢ᠃ | ᠠᠷᠪᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠠᠵᠢᠯ ᠢ ᠡᠬᠢᠯᠡᠬᠦᠯᠬᠦ ᠠᠴᠠ ᠡᠮᠤᠨ᠎ᠠ᠂ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠦᠪᠡᠷᠳᠡᠬᠡᠨ ᠵᠠᠰᠬᠠᠤ | ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ | ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠭᠦᠷᠴᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ | ᠲᠠᠯᠪᠢᠬᠤ ᠭᠠᠷᠳᠠᠮ ᠢ ᠭᠦᠢᠴᠡᠳᠬᠡᠬᠦ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠤᠯᠤᠰ ᠪᠠ | ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ᠂ ᠦᠪᠡᠷᠳᠡᠬᠡᠨ ᠵᠠᠰᠬᠠᠤ ᠤᠷᠤᠨ ᠤ | ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠠᠷᠭᠤᠭᠤᠯᠤᠨ | ᠵᠦᠪᠰᠢᠶᠡᠷᠡᠭᠦᠯᠦᠭᠰᠡᠨ ᠪᠤᠶᠤ ᠲᠠᠩᠰᠠᠯᠠᠭᠤᠯᠤᠨ ᠲᠡᠮᠳᠡᠭᠯᠡᠬᠦᠯᠦᠭᠰᠡᠨ ᠪᠢᠴᠢᠭ ᠮᠠᠲ᠋ᠧᠷᠢᠶᠠᠯ ᠪᠠ ᠬᠠᠮᠢᠶ᠎ᠠ ᠪᠦᠭᠦᠢ | ᠵᠦᠪᠰᠢᠶᠡᠷᠡᠯ᠂ ᠴᠤᠬᠤᠯᠠᠪᠤᠷᠢᠯᠬᠠᠰᠠᠨ ᠪᠢᠴᠢᠭ ᠮᠠᠲ᠋ᠧᠷᠢᠶᠠᠯ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠭᠰᠡᠨ᠂ | ᠪᠠᠷᠢᠯᠭ᠎ᠠ ᠪᠠᠷᠢᠨᠨᠰᠠᠨ᠂ ᠬᠢᠨᠠᠨ ᠬᠠᠮᠢᠶᠠᠷᠬᠤ ᠵᠡᠷᠬᠡ ᠬᠠᠮᠢᠶ᠎ᠠ ᠪᠦᠭᠦᠢ ᠦᠨᠡᠮᠯᠡᠯ ᠮᠠᠲ᠋ᠧᠷᠢᠶᠠᠯ ᠵᠢᠴᠢ ᠪᠠᠷᠢᠯᠭ᠎ᠠ ᠶᠢᠨ ᠶᠠᠰᠤ | ᠴᠢᠨᠠᠷ ᠲᠤ ᠬᠠᠷᠢᠭᠤᠴᠠᠬᠤ ᠠᠮᠠᠯᠳᠠᠭ᠎ᠠ ᠶᠢᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠳᠡᠢ᠃ | ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ | ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠬᠡᠯᠪᠡᠷᠢ ᠶᠢᠨ ᠬᠢᠨᠠᠨ | ᠪᠠᠶᠢᠴᠠᠭᠠᠯᠳᠠ ᠬᠢᠵᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠮᠡᠳᠡᠭᠳᠡᠯ ᠤᠨ ᠪᠢᠴᠢᠭ ᠲᠤ ᠭᠠᠷ ᠤᠨ | ᠦᠰᠦᠭ ᠵᠢᠷᠤᠵᠦ ᠤᠯᠭᠤᠬᠤ ᠬᠡᠷᠡᠭᠳᠡᠢ᠃ | ᠠᠷᠪᠠᠨ ᠨᠢᠬᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ | ᠨᠢᠬᠡᠴᠡ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ | ᠪᠠᠶᠢᠭᠤᠯᠤᠮᠵᠢ ᠶᠢ ᠪᠠᠶᠢᠭᠤᠯᠬᠤ ᠪᠤᠶᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠳᠠ ᠶᠢᠨ ᠠᠵᠢᠯᠳᠠᠨ ᠢ ᠲᠤᠬᠢᠷᠠᠭᠤᠯᠵᠦ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠬᠦ᠂ ᠪᠠᠷᠢᠯᠭ᠎ᠠ ᠪᠠᠷᠢᠬᠤ | ᠪᠠ ᠲᠤᠷᠰᠢᠵᠦ ᠦᠢᠯᠡᠳᠪᠦᠷᠢᠯᠡᠬᠦ ᠱᠠᠳᠤᠨ ᠳᠠᠬᠢ ᠶᠠᠰᠤ ᠴᠢᠨᠠᠷ ᠤᠨ ᠬᠠᠮᠢᠶᠠᠷᠤᠯᠳᠠ ᠶᠢᠨ ᠠᠵᠢᠯ ᠢ ᠵᠤᠬᠢᠶᠠᠨ | ᠪᠠᠶᠢᠭᠤᠯᠤᠨ ᠵᠤᠬᠢᠴᠠᠭᠤᠯᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ | ᠨᠢᠬᠡᠴᠡ ᠨᠢ ᠵᠠᠪᠠᠯ ᠤᠯᠤᠰ ᠪᠠ ᠦᠪᠡᠷᠳᠡᠬᠡᠨ ᠵᠠᠰᠠᠬᠤ ᠤᠷᠤᠨ ᠤ ᠲᠠᠩᠰᠠ ᠡᠪᠬᠡᠮᠡᠯ ᠤᠨ ᠬᠠᠮᠢᠶᠠᠷᠤᠯᠳᠠ ᠶᠢᠨ | ᠬᠤᠯᠪᠤᠨᠨᠳᠠᠯ ᠪᠦᠭᠦᠢ ᠲᠤᠨᠨᠳᠠᠭᠠᠯ ᠢ ᠴᠢᠩᠭ᠎ᠠ ᠵᠢᠷᠤᠮᠯᠠᠵᠦ᠂ ᠪᠦᠳᠦᠬᠡᠨ ᠪᠠᠶᠢᠭᠤᠯᠬᠤ ᠲᠦᠷᠦᠯ ᠵᠦᠢᠯ ᠤᠨ ᠡᠯ᠎ᠡ | ᠲᠠᠯ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠬᠤᠷᠢᠶᠠᠨ ᠴᠤᠨᠨᠯᠠᠭᠤᠯᠬᠤ ᠪᠠ ᠡᠮᠬᠢᠯᠡᠨ ᠲᠢᠭᠯᠡᠵᠦ᠂ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠲᠠᠩᠰᠠ ᠡᠪᠬᠡᠮᠡᠯ ᠢ ᠪᠠᠶᠢᠭᠤᠯᠬᠤ ᠪᠠ | ᠪᠦᠷᠢᠨᠰᠢᠬᠦᠯᠬᠦ ᠶᠢᠨ ᠬᠠᠮᠳᠤ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠢ ᠰᠢᠯᠭᠠᠵᠦ | ᠬᠤᠷᠢᠶᠠᠨ ᠠᠪᠤᠨᠨᠰᠠᠨ ᠤ ᠲᠠᠷᠠᠭ᠎ᠠ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠤ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠲᠦᠷᠦᠯ ᠵᠦᠢᠯ ᠤᠨ ᠲᠠᠩᠰᠠ ᠡᠪᠬᠡᠮᠡᠯ ᠢ ᠴᠠᠭ ᠲᠤᠬᠠᠢ ᠳᠤᠨᠢ ᠰᠢᠯᠵᠢᠬᠦᠯᠦᠨ ᠲᠤᠰᠢᠶᠠᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠦ | ᠲᠦᠯᠦᠪᠯᠡᠬᠦ ᠨᠢᠬᠡᠴᠡ ᠨᠢ ᠵᠠᠪᠠᠯ ᠪᠠᠷᠢᠯᠭ᠎ᠠ ᠶᠢᠨ ᠪᠦᠳᠦᠬᠡᠨ ᠪᠠᠶᠢᠭᠤᠯᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠪᠠᠷ | ᠬᠠᠶᠢᠨ ᠪᠠᠶᠢᠴᠠᠭᠠᠵᠦ᠂ ᠵᠢᠷᠤᠵᠦ ᠲᠦᠯᠦᠪᠯᠡᠬᠦ ᠶᠢᠨ ᠬᠠᠮᠳᠤ᠂ ᠬᠠᠶᠢᠨ ᠪᠠᠶᠢᠴᠠᠭᠠᠵᠦ᠂ ᠵᠢᠷᠤᠵᠦ ᠲᠦᠯᠦᠪᠯᠡᠭᠰᠡᠨ ᠶᠠᠰᠤ | ᠴᠢᠨᠠᠷ ᠲᠤ ᠬᠠᠷᠢᠭᠤᠴᠠᠬᠤ ᠬᠡᠷᠡᠭᠳᠡᠢ᠃ | ᠠᠷᠪᠠᠨ ᠲᠦᠷᠪᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ | ᠨᠢᠬᠡᠴᠡ ᠨᠢ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠳᠤ ᠰᠤᠩᠭᠤᠨ ᠬᠡᠷᠡᠭᠯᠡᠭᠰᠡᠨ ᠪᠠᠷᠢᠯᠭ᠎ᠠ ᠶᠢᠨ ᠮᠠᠲ᠋ᠧᠷᠢᠶᠠᠯ᠂ | ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠳᠤ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ᠂ | ᠴᠢᠳᠠᠪᠬᠢ ᠵᠡᠷᠬᠡ ᠮᠡᠷᠬᠡᠵᠢᠯ ᠤᠨ ᠭᠦᠢᠴᠡᠳᠬᠡᠯ ᠲᠤᠭ᠎ᠠ ᠶᠢ ᠵᠠᠪᠠᠯ ᠲᠤᠳᠤᠷᠬᠠᠶᠢᠯᠠᠵᠦ᠂ ᠲᠡᠳᠡᠬᠡᠷ ᠤᠨ ᠶᠠᠰᠤ | ᠴᠢᠨᠠᠷ ᠤᠨ ᠱᠠᠭᠠᠷᠳᠠᠯᠭ᠎ᠠ ᠶᠢ ᠵᠠᠪᠠᠯ ᠤᠯᠤᠰ ᠤᠨ ᠲᠤᠨᠨᠳᠠᠭᠠᠨᠨᠰᠠᠨ ᠪᠠᠷᠢᠮᠵᠢᠶ᠎ᠠ ᠳᠤ ᠨᠡᠶᠢᠴᠡᠬᠦᠯᠬᠦ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ ᠨᠢᠬᠡᠴᠡ ᠨᠢ ᠦᠢᠯᠡᠳᠪᠦᠷᠢᠯᠡᠬᠦ | ᠦᠢᠯᠡᠳᠪᠦᠷᠢ᠂ ᠬᠠᠩᠭᠠᠬᠤ ᠬᠤᠳᠠᠯᠳᠤᠭᠠᠴᠢᠳ ᠢ ᠵᠢᠭᠠᠨ ᠲᠤᠨᠨᠳᠠᠭᠠᠵᠦ ᠪᠤᠯᠬᠤ ᠦᠬᠡᠢ᠂ ᠬᠡᠪᠡᠴᠤ ᠤᠨᠴᠤᠭᠤᠢ | ᠱᠠᠭᠠᠷᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ᠂ ᠲᠤᠰᠬᠠᠢ ᠬᠡᠷᠡᠭᠯᠡᠬᠡᠨ ᠤ ᠲᠦᠭᠦᠬᠡᠷᠦᠮᠵᠢ᠂ ᠤᠷᠠᠯᠠᠵᠦ | ᠦᠢᠯᠡᠳᠪᠦᠷᠢᠯᠡᠬᠦ ᠱᠤᠭᠤᠮ ᠵᠡᠷᠬᠡ ᠨᠢ ᠪᠠᠭᠳᠠᠬᠤ ᠦᠬᠡᠢ᠃ | ᠠᠷᠪᠠᠨ ᠲᠠᠪᠤᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠦ | ᠲᠦᠯᠦᠪᠯᠡᠬᠦ ᠨᠢᠬᠡᠴᠡ ᠨᠢ ᠵᠠᠪᠠᠯ ᠪᠦᠳᠦᠬᠡᠨ ᠪᠠᠶᠢᠭᠤᠯᠬᠤ ᠨᠢᠬᠡᠴᠡ ᠪᠤᠶᠤ ᠪᠠᠷᠢᠯᠭ᠎ᠠ ᠶᠢᠨ ᠬᠢᠨᠠᠨ ᠬᠠᠮᠢᠶᠠᠷᠬᠤ | ᠨᠢᠬᠡᠴᠡ ᠠᠴᠠ ᠵᠤᠬᠢᠶᠠᠨ ᠪᠠᠶᠢᠭᠤᠯᠤᠨᠨᠰᠠᠨ ᠪᠠᠷᠢᠯᠭ᠎ᠠ ᠪᠠᠷᠢᠬᠤ ᠵᠢᠷᠤᠭ ᠲᠦᠰᠦᠯ ᠢ ᠬᠠᠮᠳᠤ ᠪᠠᠷ ᠬᠢᠨᠠᠬᠤ ᠳᠤ | ᠤᠷᠤᠯᠴᠠᠬᠤ ᠶᠢᠨ ᠬᠠᠮᠳᠤ᠂ ᠵᠢᠷᠤᠭ ᠲᠦᠯᠦᠪᠯᠡᠭᠡ ᠶᠢᠨ ᠭᠦᠢᠴᠡᠳ ᠤᠶᠢᠯᠠᠭᠠᠭᠤᠯᠬᠤ ᠶᠢ ᠬᠠᠷᠢᠭᠤᠴᠠᠬᠤ ᠬᠡᠷᠡᠭᠳᠡᠢ︔ | ᠪᠠᠷᠢᠯᠭ᠎ᠠ ᠶᠢᠨ ᠭᠠᠵᠠᠷ ᠤᠨ ᠲᠠᠯᠠᠪᠠᠢ ᠶᠢᠨ ᠰᠠᠭᠤᠷᠢ᠂ ᠭᠤᠤᠯ ᠴᠤᠨᠨᠴᠠ ᠶᠢᠨ ᠪᠦᠳᠦᠴᠡ ᠪᠠ ᠪᠠᠷᠢᠵᠦ ᠲᠠᠭᠤᠰᠬᠠᠨᠨᠰᠠᠨ | ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠬᠤᠷᠢᠶᠠᠵᠦ ᠠᠪᠬᠤ ᠳᠤ ᠤᠷᠤᠯᠴᠠᠬᠤ ᠬᠡᠷᠡᠭᠳᠡᠢ︔ ᠪᠠᠷᠢᠯᠭ᠎ᠠ ᠪᠠᠷᠢᠬᠤ | ᠶᠠᠪᠤᠴᠠ ᠳᠤ ᠡᠭᠦᠰᠦᠭᠰᠡᠨ ᠵᠢᠷᠤᠵᠦ ᠲᠦᠯᠦᠪᠯᠡᠬᠦ ᠯᠦᠭᠡ ᠬᠤᠯᠪᠤᠨᠨᠳ᠋ᠬᠠᠰᠠᠨ ᠮᠡᠷᠬᠡᠵᠢᠯ ᠤᠨ ᠠᠰᠠᠭᠤᠳᠠᠯ ᠪᠠ ᠶᠠᠰᠤ | ᠴᠢᠨᠠᠷ ᠤᠨ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠬᠦ ᠬᠡᠷᠡᠭᠳᠡᠢ︔ ᠪᠠᠷᠢᠯᠭ᠎ᠠ ᠶᠢᠨ ᠶᠠᠰᠤ ᠴᠢᠨᠠᠷ ᠤᠨ | ᠠᠳᠠᠯ ᠤᠨ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠤ᠂ ᠮᠡᠷᠬᠡᠵᠢᠯ ᠢᠶᠠᠷ ᠰᠶᠢᠳᠪᠦᠷᠢᠯᠡᠬᠦ ᠲᠦᠰᠦᠯ ᠢ ᠲᠤᠷᠠᠳᠤᠨ | ᠭᠠᠷᠭᠠᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ | ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠠᠷᠢᠨᠨᠰᠠᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠶᠠᠰᠤ ᠴᠢᠨᠠᠷ ᠤᠨ | ᠬᠠᠷᠢᠭᠤᠴᠠᠯᠭ᠎ᠠ ᠶᠢᠨ ᠲᠦᠷᠢᠮ ᠪᠠᠶᠢᠭᠤᠯᠵᠦ᠂ ᠪᠠᠷᠢᠯᠭ᠎ᠠ ᠶᠢᠨ ᠲᠦᠷᠦᠯ ᠵᠦᠢᠯ ᠤᠨ ᠲᠠᠭᠠᠭᠠᠮᠠᠯ᠂ ᠮᠡᠷᠬᠡᠵᠢᠯ ᠤᠨ | ᠬᠠᠷᠢᠭᠤᠴᠠᠯᠭᠠᠳᠠᠨ ᠪᠠ ᠪᠠᠷᠢᠯᠭ᠎ᠠ ᠪᠠᠷᠢᠬᠤ ᠶᠢ ᠬᠠᠮᠢᠶᠠᠷᠬᠤ ᠬᠠᠷᠢᠭᠤᠴᠠᠯᠭᠠᠳᠠᠨ ᠢ ᠲᠤᠨᠨᠳᠠᠭᠠᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠳᠤ ᠶᠡᠷᠦᠩᠬᠡᠢ ᠲᠠᠭᠠᠭᠠᠴᠢᠯᠠᠯᠳᠠ ᠶᠢ | ᠬᠡᠷᠡᠭᠵᠢᠬᠦᠯᠦᠭᠰᠡᠨ ᠪᠤᠯ᠂ ᠶᠡᠷᠦᠩᠬᠡᠢ ᠲᠠᠭᠠᠭᠠᠴᠢᠯᠬᠠᠰᠠᠨ ᠨᠢᠬᠡᠴᠡ ᠨᠢ ᠵᠠᠪᠠᠯ ᠪᠦᠭᠦ᠋ᠢᠯᠡ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ︔ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ | ᠪᠠᠶᠢᠴᠠᠭᠠᠬᠤ᠂ ᠵᠢᠷᠦᠵᠦ ᠲᠦᠯᠦᠪᠯᠡᠬᠦ᠂ ᠪᠠᠷᠢᠯᠭ᠎ᠠ ᠪᠠᠷᠢᠬᠤ᠂ ᠲᠦᠭᠦᠬᠡᠷᠦᠮᠵᠢ ᠬᠤᠳᠠᠯᠳᠤᠨ ᠠᠪᠬᠤ ᠶᠢᠨ ᠨᠢᠬᠡ ᠵᠦᠢᠯ | ᠪᠤᠶᠤ ᠤᠯᠠᠨ ᠵᠦᠢᠯ ᠳᠤ ᠶᠡᠷᠦᠩᠬᠡᠢ ᠲᠠᠭᠠᠭᠠᠴᠢᠯᠠᠯᠳᠠ ᠶᠢ ᠬᠡᠷᠡᠭᠵᠢᠬᠦᠯᠦᠭᠰᠡᠨ ᠪᠤᠯ᠂ ᠶᠡᠷᠦᠩᠬᠡᠢ ᠲᠠᠭᠠᠭᠠᠴᠢᠯᠬᠠᠰᠠᠨ | ᠨᠢᠬᠡᠴᠡ ᠨᠢ ᠲᠡᠳᠡᠬᠡᠷ ᠲᠠᠭᠠᠭᠠᠴᠢᠯᠬᠠᠰᠠᠨ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠤᠶᠤ ᠬᠤᠳᠠᠯᠳᠤᠨ ᠠᠪᠤᠨᠨᠰᠠᠨ | ᠲᠦᠭᠦᠬᠡᠷᠦᠮᠵᠢ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃ | ᠠᠷᠪᠠᠨ ᠲᠤᠯᠤᠳᠤᠭᠠᠷ ᠵᠦᠢᠯ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ | ᠮᠠᠰᠲ᠋ᠧᠷ ᠤᠨ ᠲᠠᠩᠰᠠᠯᠠᠭᠤᠯᠤᠨᠨᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢ ᠭᠠᠷᠳ᠋ᠬᠠᠰᠠᠨ ᠦᠬᠡᠢ ᠭᠦᠮᠦᠰ ᠨᠢ | ᠲᠤᠮᠤ ᠲᠤᠮᠳᠠ ᠬᠡᠯᠪᠡᠷᠢ ᠶᠢᠨ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ | ᠨᠢᠬᠡᠴᠡ ᠶᠢᠨ ᠲᠦᠷᠦᠯ ᠵᠦᠢᠯ ᠤᠨ ᠬᠠᠷᠢᠭᠤᠴᠠᠯᠭᠠᠳᠠᠨ ᠪᠤᠯᠵᠦ ᠪᠤᠯᠬᠤ ᠦᠬᠡᠢ᠂ ᠲᠠᠩᠰᠠᠯᠠᠭᠤᠯᠤᠨᠨᠰᠠᠨ ᠪᠠᠷᠢᠯᠭ᠎ᠠ ᠶᠢᠨ | ᠮᠠᠰᠲ᠋ᠧᠷ ᠤᠨ ᠨᠡᠷ᠎ᠡ ᠪᠠᠷ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶ᠎ᠠ | ᠪᠦᠭᠦᠢ ᠠᠵᠢᠯᠯᠠᠭ᠎ᠠ ᠶᠢ ᠡᠷᠬᠢᠯᠡᠵᠦ ᠪᠤᠯᠬᠤ ᠦᠬᠡᠢ᠃ | ᠠᠷᠪᠠᠨ ᠨᠠᠢᠮᠠᠳᠤᠭᠠᠷ ᠵᠦᠢᠯ ᠶᠡᠷᠦᠩᠬᠡᠢ ᠲᠠᠭᠠᠭᠠᠴᠢᠯᠬᠠᠰᠠᠨ ᠨᠢᠬᠡᠴᠡ ᠨᠢ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢ ᠪᠤᠰᠤᠳ ᠨᠢᠬᠡᠴᠡ ᠳᠤ ᠬᠠᠤᠯᠢ ᠶᠤᠰᠤᠭᠠᠷ ᠬᠤᠪᠢᠶᠠᠨ ᠲᠠᠭᠠᠭᠠᠴᠢᠯᠠᠭᠤᠯᠤᠨᠨᠰᠠᠨ ᠪᠤᠯ᠂ ᠬᠤᠪᠢᠶᠠᠨ | ᠲᠠᠭᠠᠭᠠᠴᠢᠯᠬᠠᠰᠠᠨ ᠨᠢᠬᠡᠴᠡ ᠨᠢ ᠵᠠᠪᠠᠯ ᠬᠤᠪᠢᠶᠠᠨ ᠲᠠᠭᠠᠭᠠᠴᠢᠯᠠᠬᠤ ᠬᠡᠷ᠎ᠡ ᠶᠢᠨ ᠪᠤᠯᠵᠤᠭ᠎ᠠ ᠶᠤᠰᠤᠭᠠᠷ ᠬᠤᠪᠢᠶᠠᠨ | ᠲᠠᠭᠠᠭᠠᠴᠢᠯᠬᠠᠰᠠᠨ ᠪᠠᠷᠢᠯᠭ᠎ᠠ ᠶᠢᠨ ᠢᠶᠠᠨ ᠶᠠᠰᠤ ᠴᠢᠨᠠᠷ ᠤᠨ ᠲᠠᠯ᠎ᠠ ᠪᠠᠷ ᠶᠡᠷᠦᠩᠬᠡᠢ ᠲᠠᠭᠠᠭᠠᠴᠢᠯᠬᠠᠰᠠᠨ ᠨᠢᠬᠡᠴᠡ ᠳᠤ | ᠬᠠᠷᠢᠭᠤᠴᠠᠬᠤ ᠬᠡᠷᠡᠭᠳᠡᠢ᠃ ᠶᠡᠷᠦᠩᠬᠡᠢ ᠲᠠᠭᠠᠭᠠᠴᠢᠯᠬᠠᠰᠠᠨ ᠨᠢᠬᠡᠴᠡ ᠬᠢᠬᠡᠳ ᠬᠤᠪᠢᠶᠠᠨ ᠲᠠᠭᠠᠭᠠᠴᠢᠯᠬᠠᠰᠠᠨ | ᠨᠢᠬᠡᠴᠡ ᠨᠢ ᠬᠤᠪᠢᠶᠠᠨ ᠲᠠᠭᠠᠭᠠᠴᠢᠯᠠᠬᠤ ᠪᠠᠷᠢᠯᠭ᠎ᠠ ᠶᠢᠨ ᠶᠠᠰᠤ ᠴᠢᠨᠠᠷ ᠲᠤ ᠲᠤᠬᠢᠷᠠᠯᠴᠠᠬᠰᠠᠨ ᠬᠠᠷᠢᠭᠤᠴᠠᠯᠭ᠎ᠠ | ᠡᠭᠦᠷᠬᠡᠯᠡᠬᠦ ᠬᠡᠷᠡᠭᠳᠡᠢ᠃ | ᠠᠷᠪᠠ ᠶᠢᠰᠦᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ | ᠵᠠᠪᠠᠯ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ᠪᠠᠷᠢᠯᠭ᠎ᠠ ᠪᠠᠷᠢᠬᠤ | ᠮᠡᠷᠬᠡᠵᠢᠯ ᠤᠨ ᠪᠠᠷᠢᠮᠵᠢᠶ᠎ᠠ ᠶᠤᠰᠤᠭᠠᠷ ᠪᠠᠷᠢᠯᠭ᠎ᠠ ᠪᠠᠷᠢᠬᠤ ᠬᠡᠷᠡᠭᠳᠡᠢ᠂ ᠪᠠᠷᠢᠯᠭ᠎ᠠ ᠶᠢᠨ ᠵᠢᠷᠤᠭ ᠲᠦᠯᠦᠪᠯᠡᠭᠡ ᠶᠢ | ᠲᠤᠷ᠎ᠠ ᠪᠠᠷ ᠵᠠᠰᠠᠨ ᠦᠬᠡᠷᠡᠴᠢᠯᠡᠵᠦ ᠪᠤᠯᠬᠤ ᠦᠬᠡᠢ᠂ ᠬᠠᠭᠤᠷᠮᠬᠠᠯᠠᠨ ᠬᠠᠰᠢ ᠶᠠᠰᠢ ᠪᠠᠷ ᠦᠢᠯᠡᠳᠴᠤ ᠪᠤᠯᠬᠤ ᠦᠬᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠪᠠᠷᠢᠯᠭ᠎ᠠ ᠪᠠᠷᠢᠬᠤ | ᠶᠠᠪᠤᠴᠠ ᠳᠤ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠳᠠᠬᠢ ᠲᠠᠰᠢᠶ᠎ᠠ | ᠪᠤᠷᠤᠭᠤ ᠶᠢ ᠤᠯᠵᠦ ᠮᠡᠳᠡᠪᠡᠯ᠂ ᠰᠠᠨᠠᠯ ᠪᠠ ᠰᠠᠨᠠᠭᠤᠯᠭ᠎ᠠ ᠪᠠᠨ ᠵᠠᠪᠠᠯ ᠴᠠᠭ ᠲᠤᠬᠠᠢ ᠳᠤᠨᠢ ᠲᠤᠷᠠᠳᠬᠤ ᠬᠡᠷᠡᠭᠳᠡᠢ᠃ | ᠬᠤᠷᠢᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ | ᠪᠠᠷᠢᠯᠭ᠎ᠠ ᠶᠢᠨ ᠵᠢᠷᠤᠵᠦ ᠲᠦᠯᠦᠪᠯᠡᠭᠰᠡᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠮᠡᠷᠬᠡᠵᠢᠯ ᠤᠨ ᠪᠠᠷᠢᠮᠵᠢᠶ᠎ᠠ ᠪᠠ ᠬᠡᠷ᠎ᠡ ᠶᠢᠨ | ᠪᠤᠯᠵᠤᠭ᠎ᠠ ᠶᠤᠰᠤᠭᠠᠷ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ᠂ | ᠲᠦᠭᠦᠬᠡᠷᠦᠮᠵᠢ ᠶᠢ ᠪᠠᠶᠢᠴᠠᠭᠠᠨ ᠰᠢᠯᠭᠠᠬᠤ ᠬᠡᠷᠡᠭᠳᠡᠢ︔ ᠪᠠᠶᠢᠴᠠᠭᠠᠨ ᠰᠢᠯᠭᠠᠨᠨᠰᠠᠨ ᠦᠬᠡᠢ ᠪᠤᠶᠤ ᠪᠠᠶᠢᠴᠠᠭᠠᠨ | ᠰᠢᠯᠭᠠᠭᠠᠳ ᠬᠢᠷᠢ ᠲᠡᠩᠴᠡᠭᠰᠡᠨ ᠦᠬᠡᠢ ᠪᠤᠯ᠂ ᠬᠡᠷᠡᠭᠯᠡᠵᠦ ᠪᠤᠯᠬᠤ ᠦᠬᠡᠢ᠃ | ᠪᠦᠳᠦᠴᠡ ᠶᠢᠨ ᠠᠮᠤᠷ ᠲᠦᠪᠰᠢᠨ ᠳᠤ ᠬᠤᠯᠪᠤᠨᠨᠳᠠᠬᠤ ᠲᠤᠷᠰᠢᠨ ᠰᠢᠯᠭᠠᠬᠤ ᠬᠡᠰᠡᠭ᠂ ᠲᠤᠷᠰᠢᠨ ᠰᠢᠯᠭᠠᠬᠤ | ᠲᠤᠨᠤᠭ ᠵᠢᠴᠢ ᠬᠤᠯᠪᠤᠨᠨᠳᠠᠯ ᠪᠦᠭᠦᠢ ᠮᠠᠲ᠋ᠧᠷᠢᠶᠠᠯ ᠢ ᠪᠤᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ | ᠪᠠᠷᠢᠬᠤ ᠨᠢᠬᠡᠴᠡ ᠨᠢ ᠪᠦᠳᠦᠬᠡᠨ ᠪᠠᠶᠢᠭᠤᠯᠬᠤ ᠨᠢᠬᠡᠴᠡ ᠪᠤᠶᠤ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠶᠢᠨ | ᠬᠢᠨᠠᠯᠳᠠ ᠲᠠᠯᠪᠢᠯᠳᠠ ᠲᠠᠢ ᠪᠠᠷ ᠲᠤᠬᠠᠢ ᠶᠢᠨ ᠲᠠᠯᠠᠪᠤᠷ ᠲᠤ ᠦᠯᠢᠬᠡᠷ ᠬᠡᠪ ᠠᠪᠬᠤ ᠶᠢᠨ ᠬᠠᠮᠳᠤ᠂ ᠴᠢᠯᠠᠭᠤᠨ ᠲᠤᠰᠤ | ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠦ ᠪᠠᠶᠢᠴᠠᠭᠠᠨ ᠰᠢᠨᠵᠢᠬᠦ ᠪᠠᠶᠢᠭᠤᠯᠤᠮᠵᠢ ᠳᠤ ᠭᠦᠷᠬᠡᠵᠦ | ᠪᠠᠶᠢᠴᠠᠭᠠᠨ ᠰᠢᠨᠵᠢᠬᠦᠯᠬᠦ ᠬᠡᠷᠡᠭᠳᠡᠢ᠃ | ᠬᠤᠷᠢᠨ ᠨᠢᠬᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ | ᠵᠠᠪᠠᠯ ᠪᠠᠷᠢᠬᠤ ᠪᠠᠷᠢᠯᠭ᠎ᠠ ᠶᠢᠨ ᠶᠠᠰᠤ ᠴᠢᠨᠠᠷ ᠲᠤ ᠰᠢᠯᠭᠠᠨ ᠪᠠᠶᠢᠴᠠᠭᠠᠬᠤ ᠲᠦᠷᠢᠮ ᠢ ᠪᠠᠶᠢᠭᠤᠯᠬᠤ ᠪᠠ ᠪᠦᠷᠢᠨᠰᠢᠬᠦᠯᠵᠦ᠂ | ᠠᠵᠢᠯ ᠤᠨ ᠲᠠᠷᠠᠭᠠᠯᠠᠯ ᠤᠨ ᠬᠠᠮᠢᠶᠠᠷᠤᠯᠳᠠ ᠶᠢ ᠴᠢᠩᠳᠠᠯᠠᠨ᠂ ᠲᠠᠯᠳᠠ ᠪᠠᠷᠢᠯᠭ᠎ᠠ ᠶᠢᠨ ᠶᠠᠰᠤ ᠴᠢᠨᠠᠷ ᠤᠨ ᠪᠠᠶᠢᠴᠠᠭᠠᠯᠳᠠ | ᠪᠠ ᠲᠡᠮᠳᠡᠭᠯᠡᠯ ᠢ ᠰᠠᠶᠢᠳᠤᠷ ᠬᠢᠬᠦ ᠬᠡᠷᠡᠭᠳᠡᠢ᠃ ᠲᠠᠯᠳᠠ ᠪᠠᠷᠢᠯᠭ᠎ᠠ ᠶᠢ ᠲᠠᠯᠳᠠᠯᠠᠬᠤ ᠠᠴᠠ ᠡᠮᠤᠨ᠎ᠠ᠂ ᠪᠠᠷᠢᠯᠭ᠎ᠠ ᠪᠠᠷᠢᠬᠤ | ᠨᠢᠬᠡᠴᠡ ᠨᠢ ᠪᠦᠳᠦᠬᠡᠨ ᠪᠠᠶᠢᠭᠤᠯᠬᠤ ᠨᠢᠬᠡᠴᠡ ᠪᠠ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ | ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠳᠤ ᠵᠠᠪᠠᠯ ᠪᠢᠴᠢᠭ ᠢᠶᠠᠷ ᠮᠡᠳᠡᠭᠳᠡᠬᠦ ᠬᠡᠷᠡᠭᠳᠡᠢ᠃ | ᠬᠤᠷᠢᠨ ᠬᠤᠶᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ | ᠵᠠᠪᠠᠯ ᠭᠦᠮᠦᠵᠢᠯ ᠪᠤᠯᠪᠠᠰᠤᠷᠠᠭᠤᠯᠤᠯ ᠤᠨ ᠲᠦᠷᠢᠮ ᠢ ᠪᠠᠶᠢᠭᠤᠯᠬᠤ ᠪᠠ ᠪᠦᠷᠢᠨᠰᠢᠬᠦᠯᠬᠦ ᠬᠡᠷᠡᠭᠳᠡᠢ᠃ ᠭᠦᠮᠦᠵᠢᠬᠦᠯᠵᠦ | ᠪᠤᠯᠪᠠᠰᠤᠷᠠᠭᠤᠯᠤᠨᠨᠰᠠᠨ ᠦᠬᠡᠢ ᠪᠤᠶᠤ ᠰᠢᠯᠭᠠᠵᠦ ᠬᠢᠨᠠᠯᠳᠠ ᠳᠤ ᠬᠢᠷᠢ ᠲᠡᠩᠴᠡᠭᠰᠡᠨ ᠦᠬᠡᠢ ᠪᠤᠯ᠂ ᠠᠵᠢᠯ ᠤᠨ | ᠪᠠᠶᠢᠷᠢ ᠳᠤ ᠭᠠᠷᠴᠤ ᠠᠵᠢᠯᠯᠠᠵᠦ ᠪᠤᠯᠬᠤ ᠦᠬᠡᠢ᠃ | ᠤᠨᠴᠠ ᠲᠦᠷᠦᠯ ᠤᠨ ᠲᠦᠭᠦᠬᠡᠷᠦᠮᠵᠢ ᠳᠤ ᠠᠵᠢᠯᠯᠬᠠᠴᠢᠳ ᠵᠠᠪᠠᠯ ᠤᠯᠤᠰ ᠤᠨ ᠬᠤᠯᠪᠤᠨᠨᠳᠠᠯ ᠪᠦᠭᠦᠢ | ᠲᠤᠨᠨᠳᠠᠭᠠᠯ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠳᠤ ᠬᠢᠷᠢ ᠲᠡᠩᠴᠡᠵᠦ᠂ | ᠤᠨᠴᠠ ᠲᠦᠷᠦᠯ ᠤᠨ ᠠᠵᠢᠯᠯᠬᠠᠴᠢᠳ ᠤᠨ ᠦᠨᠡᠮᠯᠡᠯ ᠢ ᠭᠠᠷᠳ᠋ᠬᠠᠰᠠᠨ ᠪᠠᠶᠢᠪᠠᠯ᠂ ᠵᠤᠬᠢᠬᠤ ᠠᠵᠢᠯ ᠪᠤᠶᠤ | ᠬᠠᠮᠢᠶᠠᠷᠤᠯᠳᠠ ᠶᠢᠨ ᠠᠵᠢᠯ ᠢ ᠬᠢᠵᠦ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ | ᠨᠢᠬᠡᠴᠡ ᠨᠢ ᠵᠠᠪᠠᠯ ᠬᠠᠤᠯᠢ ᠳᠤ ᠲᠤᠨᠨᠳ᠋ᠬᠠᠰᠠᠨ ᠨᠦᠭᠦᠴᠡᠯ ᠪᠦᠭᠦᠢ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠳᠤ | ᠨᠠᠶᠢᠳᠠᠵᠦ ᠪᠠᠶᠢᠭᠠᠳ ᠬᠢᠨᠠᠨ ᠬᠠᠮᠢᠶᠠᠷᠤᠭᠤᠯᠬᠤ ᠬᠡᠷᠡᠭᠳᠡᠢ᠃ ᠤᠯᠤᠰ ᠤᠨ ᠲᠤᠨᠨᠳᠠᠭᠠᠯ ᠶᠤᠰᠤᠭᠠᠷ ᠪᠠᠷᠢᠯᠭ᠎ᠠ ᠶᠢᠨ | ᠬᠢᠨᠠᠨ ᠬᠠᠮᠢᠶᠠᠷᠬᠤ ᠨᠢᠬᠡᠴᠡ ᠪᠠᠷ ᠬᠢᠨᠠᠨ ᠬᠠᠮᠢᠶᠠᠷᠤᠭᠤᠯᠬᠤ ᠴᠢᠬᠤᠯᠠ ᠦᠬᠡᠢ ᠪᠠᠶᠢᠬᠤ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠬᠠᠮᠢᠶ᠎ᠠ ᠪᠦᠭᠦᠢ ᠬᠢᠨᠠᠨ ᠬᠠᠮᠢᠶᠠᠷᠬᠤ ᠠᠵᠢᠯ ᠢ ᠪᠦᠳᠦᠬᠡᠨ ᠪᠠᠶᠢᠭᠤᠯᠬᠤ ᠨᠢᠬᠡᠴᠡ ᠨᠢ ᠬᠠᠷᠢᠭᠤᠴᠠᠬᠤ | ᠬᠡᠷᠡᠭᠳᠡᠢ᠃ | ᠬᠤᠷᠢᠨ ᠲᠦᠷᠪᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ | ᠨᠢᠬᠡᠴᠡ ᠨᠢ ᠵᠠᠪᠠᠯ ᠬᠠᠤᠯᠢ ᠴᠠᠭᠠᠵᠠ᠂ ᠬᠠᠤᠯᠢ ᠲᠤᠨᠨᠳᠠᠭᠠᠯ ᠵᠢᠴᠢ ᠬᠤᠯᠪᠤᠨᠨᠳᠠᠯ ᠪᠦᠭᠦᠢ ᠮᠡᠷᠬᠡᠵᠢᠯ ᠤᠨ ᠪᠠᠷᠢᠮᠵᠢᠶ᠎ᠠ᠂ | ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠲᠠᠭᠠᠭᠠᠴᠢᠯᠬᠠᠰᠠᠨ | ᠬᠡᠷ᠎ᠡ ᠶᠤᠰᠤᠭᠠᠷ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠶᠢ ᠲᠦᠯᠦᠬᠡᠯᠡᠵᠦ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠬᠠᠮᠢᠶᠠᠷᠤᠯᠳᠠ ᠬᠡᠷᠡᠭᠵᠢᠬᠦᠯᠬᠦ ᠶᠢᠨ ᠬᠠᠮᠳᠤ᠂ ᠪᠠᠷᠢᠯᠭ᠎ᠠ ᠶᠢᠨ ᠶᠠᠰᠤ | ᠴᠢᠨᠠᠷ ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ | ᠬᠤᠷᠢᠨ ᠲᠠᠪᠤᠳᠤᠭᠠᠷ ᠵᠦᠢᠯ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠩᠰᠠᠯᠠᠭᠤᠯᠤᠨᠨᠰᠠᠨ | ᠬᠢᠨᠠᠨ ᠬᠠᠮᠢᠶᠠᠷᠬᠤ ᠢᠨᠵᠧᠨᠧᠷ ᠤᠨ ᠲᠠᠩᠰᠠᠯᠬᠠᠰᠠᠨ ᠠᠵᠢᠯ ᠡᠷᠬᠢᠯᠡᠬᠦ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢ | ᠭᠠᠷᠳ᠋ᠬᠠᠰᠠᠨ ᠦᠬᠡᠢ ᠭᠦᠮᠦᠰ ᠨᠢ ᠲᠠᠩᠰᠠᠯᠠᠭᠤᠯᠤᠨᠨᠰᠠᠨ ᠬᠢᠨᠠᠨ ᠬᠠᠮᠢᠶᠠᠷᠬᠤ ᠢᠨᠵᠧᠨᠧᠷ ᠤᠨ ᠨᠡᠷ᠎ᠡ ᠪᠠᠷ ᠴᠢᠯᠠᠭᠤᠨ | ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠤᠨᠨᠴᠢ ᠵᠢᠴᠢ ᠬᠠᠮᠢᠶ᠎ᠠ ᠪᠦᠭᠦᠢ ᠲᠤᠬᠠᠶᠢᠯᠬᠠᠰᠠᠨ ᠠᠵᠢᠯ ᠤᠨ | ᠠᠵᠢᠯᠯᠠᠭ᠎ᠠ ᠬᠢᠵᠦ ᠪᠤᠯᠬᠤ ᠦᠬᠡᠢ᠃ | ᠬᠤᠷᠢᠨ ᠵᠢᠷᠭᠤᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ | ᠵᠠᠪᠠᠯ ᠬᠠᠤᠯᠢ ᠳᠤ ᠲᠤᠨᠨᠳ᠋ᠬᠠᠰᠠᠨ ᠨᠦᠭᠦᠴᠡᠯ ᠲᠠᠢ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠪᠠ ᠬᠢᠨᠠᠨ ᠬᠠᠮᠢᠶᠠᠷᠬᠤ | ᠢᠨᠵᠧᠨᠧᠷ ᠢ ᠰᠤᠩᠭᠤᠨ ᠲᠤᠮᠢᠯᠠᠵᠦ ᠪᠠᠶᠢᠭᠠᠳ ᠪᠠᠷᠢᠯᠭ᠎ᠠ ᠪᠠᠷᠢᠬᠤ ᠠᠬᠤᠢ ᠲᠠᠯᠠᠪᠤᠷ ᠲᠤ ᠰᠠᠭᠤᠯᠭᠠᠬᠤ ᠬᠡᠷᠡᠭᠳᠡᠢ᠃ | ᠬᠢᠨᠠᠨ ᠬᠠᠮᠢᠶᠠᠷᠬᠤ ᠢᠨᠵᠧᠨᠧᠷ ᠨᠢ ᠪᠠᠷᠢᠯᠭ᠎ᠠ ᠶᠢ ᠬᠢᠨᠠᠨ ᠬᠠᠮᠢᠶᠠᠷᠬᠤ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ | ᠬᠠᠵᠠᠭᠤ ᠠᠴᠠ ᠬᠢᠨᠠᠬᠤ᠂ ᠲᠤᠭᠤᠷᠢᠨ ᠪᠠᠶᠢᠴᠠᠭᠠᠬᠤ ᠪᠠ ᠵᠢᠭᠳᠡ ᠳᠤᠨᠢ ᠪᠠᠶᠢᠴᠠᠭᠠᠨ ᠰᠢᠯᠭᠠᠬᠤ ᠵᠡᠷᠬᠡ ᠬᠡᠯᠪᠡᠷᠢ ᠶᠢ | ᠬᠡᠷᠡᠭᠯᠡᠵᠦ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠬᠢᠨᠠᠨ ᠬᠠᠮᠢᠶᠠᠷᠬᠤ ᠶᠢ ᠬᠡᠷᠡᠭᠵᠢᠬᠦᠯᠬᠦ ᠬᠡᠷᠡᠭᠳᠡᠢ᠃ | ᠬᠤᠷᠢᠨ ᠲᠤᠯᠤᠳᠤᠭᠠᠷ ᠵᠦᠢᠯ ᠬᠢᠨᠠᠨ ᠬᠠᠮᠢᠶᠠᠷᠬᠤ ᠢᠨᠵᠧᠨᠧᠷ ᠢᠶᠠᠷ ᠭᠠᠷ ᠤᠨ ᠦᠰᠦᠭ ᠵᠢᠷᠤᠭᠤᠯᠤᠨᠨᠰᠠᠨ | ᠦᠬᠡᠢ ᠪᠤᠯ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ | ᠲᠦᠭᠦᠬᠡᠷᠦᠮᠵᠢ ᠶᠢ ᠪᠠᠷᠢᠯᠭ᠎ᠠ ᠳᠤ ᠬᠡᠷᠡᠭᠯᠡᠵᠦ ᠪᠤᠯᠬᠤ ᠦᠬᠡᠢ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ | ᠪᠠᠷᠢᠬᠤ ᠨᠢᠬᠡᠴᠡ ᠨᠢ ᠲᠠᠷᠠᠭᠠᠴᠢ ᠶᠢᠨ ᠠᠵᠢᠯ ᠤᠨ ᠲᠠᠷᠠᠭᠠᠯᠠᠯ ᠳᠠᠬᠢ ᠪᠠᠷᠢᠯᠭ᠎ᠠ ᠶᠢ ᠬᠢᠵᠦ ᠪᠤᠯᠬᠤ ᠦᠬᠡᠢ᠃ ᠶᠡᠷᠦᠩᠬᠡᠢ | ᠬᠢᠨᠠᠨ ᠬᠠᠮᠢᠶᠠᠷᠬᠤ ᠢᠨᠵᠧᠨᠧᠷ ᠢᠶᠠᠷ ᠭᠠᠷ ᠤᠨ ᠦᠰᠦᠭ ᠵᠢᠷᠤᠭᠤᠯᠤᠨᠨᠰᠠᠨ ᠦᠬᠡᠢ ᠪᠤᠯ᠂ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠪᠠᠷᠢᠯᠭ᠎ᠠ ᠶᠢᠨ ᠵᠤᠭᠤᠰ ᠢ ᠰᠠᠯᠭᠠᠨ ᠦᠭᠴᠤ ᠪᠤᠯᠬᠤ ᠦᠬᠡᠢ᠂ | ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠨ ᠬᠤᠷᠢᠶᠠᠵᠦ ᠠᠪᠴᠤ ᠪᠤᠯᠬᠤ ᠦᠬᠡᠢ᠃ | ᠬᠤᠷᠢᠨ ᠨᠠᠢᠮᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ | ᠬᠢᠨᠠᠨ ᠬᠠᠮᠢᠶᠠᠷᠤᠭᠤᠯᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠶᠢ ᠲᠠᠭᠠᠭᠠᠴᠢᠯᠬᠠᠰᠠᠨ ᠨᠢᠬᠡᠴᠡ ᠵᠢᠴᠢ ᠪᠠᠷᠢᠯᠭ᠎ᠠ ᠶᠢᠨ | ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠬᠠᠩᠭᠠᠬᠤ ᠨᠢᠬᠡᠴᠡ ᠲᠠᠢ | ᠬᠠᠷᠢᠶᠠᠯᠬᠠᠳᠠᠬᠤ ᠬᠠᠷᠢᠴᠠᠭ᠎ᠠ ᠪᠤᠶᠤ ᠪᠤᠰᠤᠳ ᠠᠰᠢᠭ ᠲᠤᠰᠠ ᠶᠢᠨ ᠬᠠᠷᠢᠴᠠᠭ᠎ᠠ ᠲᠠᠢ ᠪᠤᠯ᠂ ᠴᠢᠯᠠᠭᠤᠨ ᠲᠤᠰᠤ | ᠬᠢᠮᠢ ᠶᠢᠨ ᠪᠠᠷᠢᠯᠭ᠎ᠠ ᠶᠢ ᠬᠢᠨᠠᠨ ᠬᠠᠮᠢᠶᠠᠷᠬᠤ ᠲᠤᠬᠠᠶᠢᠯᠬᠠᠰᠠᠨ ᠠᠵᠢᠯ ᠢ ᠡᠭᠦᠷᠬᠡᠯᠡᠵᠦ ᠪᠤᠯᠬᠤ ᠦᠬᠡᠢ᠃ | ᠬᠤᠷᠢ ᠶᠢᠰᠦᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ | ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠵᠠᠪᠠᠯ ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠲᠤ | ᠮᠡᠷᠬᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠮᠠᠭᠠᠳᠯᠠᠨ ᠲᠤᠨᠨᠳᠠᠭᠠᠯᠳᠠ ᠳᠤ ᠬᠢᠷᠢ ᠲᠡᠩᠴᠡᠭᠰᠡᠨ | ᠪᠠᠶᠢᠬᠤ ᠬᠡᠷᠡᠭᠳᠡᠢ᠃ | ᠭᠤᠴᠢᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ | ᠰᠢᠯᠭᠠᠨ ᠰᠢᠨᠵᠢᠬᠦ ᠪᠠᠶᠢᠭᠤᠯᠤᠮᠵᠢ ᠨᠢ ᠵᠠᠪᠠᠯ ᠮᠠᠭᠠᠳᠯᠠᠨ ᠲᠤᠨᠨᠳᠠᠭᠠᠯᠭᠠᠨᠨᠰᠠᠨ ᠰᠢᠯᠭᠠᠨ ᠪᠠᠶᠢᠴᠠᠭᠠᠵᠦ ᠰᠢᠯᠭᠠᠨ | ᠰᠢᠨᠵᠢᠬᠦ ᠴᠢᠳᠠᠪᠤᠷᠢ ᠶᠢᠨ ᠢᠶᠠᠨ ᠬᠡᠪᠴᠢᠶᠡᠨ ᠲᠤᠳᠤᠷ᠎ᠠ᠂ ᠬᠠᠮᠢᠶ᠎ᠠ ᠪᠦᠭᠦᠢ ᠪᠠᠷᠢᠮᠵᠢᠶ᠎ᠠ ᠪᠤᠶᠤ ᠮᠡᠷᠬᠡᠵᠢᠯ ᠤᠨ | ᠵᠢᠷᠤᠮᠵᠢᠯ ᠳᠤ ᠲᠤᠨᠨᠳᠠᠭᠠᠨᠨᠰᠠᠨ ᠲᠡᠰ ᠲᠠᠷᠠᠭᠠᠯᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠨ ᠪᠠᠶᠢᠴᠠᠭᠠᠵᠦ | ᠰᠢᠯᠭᠠᠨ ᠰᠢᠨᠵᠢᠵᠦ᠂ ᠰᠢᠯᠭᠠᠨ ᠪᠠᠶᠢᠴᠠᠭᠠᠵᠦ ᠰᠢᠯᠭᠠᠨ ᠰᠢᠨᠵᠢᠭᠰᠡᠨ ᠮᠡᠳᠡᠬᠦᠯᠦᠯᠳᠡ ᠭᠠᠷᠭᠠᠵᠤ ᠦᠭᠭᠦ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ | ᠪᠠᠶᠢᠭᠤᠯᠤᠮᠵᠢ ᠨᠢ ᠵᠠᠪᠠᠯ ᠰᠢᠯᠭᠠᠨ ᠪᠠᠶᠢᠴᠠᠭᠠᠵᠦ ᠰᠢᠯᠭᠠᠨ ᠰᠢᠨᠵᠢᠭᠰᠡᠨ ᠮᠡᠳᠡᠬᠦᠯᠦᠯᠳᠡ ᠶᠢᠨ ᠢᠶᠠᠨ ᠦᠨᠡᠨ ᠪᠤᠳᠠᠳᠤ | ᠴᠢᠨᠠᠷ ᠪᠠ ᠤᠨᠤᠪᠴᠢᠳᠤ ᠴᠢᠨᠠᠷ ᠲᠤ ᠬᠠᠷᠢᠭᠤᠴᠠᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ | ᠪᠠᠶᠢᠭᠤᠯᠤᠮᠵᠢ ᠨᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ | ᠰᠢᠨᠵᠢᠬᠦ ᠠᠵᠢᠯ ᠤᠨ ᠶᠠᠪᠤᠴᠠ ᠳᠤ ᠬᠠᠤᠯᠢ ᠴᠠᠭᠠᠵᠠ᠂ ᠬᠠᠤᠯᠢ ᠲᠤᠨᠨᠳᠠᠭᠠᠯ ᠪᠠ ᠪᠠᠷᠢᠯᠭ᠎ᠠ ᠶᠢᠨ ᠪᠦᠳᠦᠬᠡᠨ | ᠪᠠᠶᠢᠭᠤᠯᠤᠯᠳᠠ ᠶᠢᠨ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠠᠴᠠ ᠵᠦᠷᠢᠴᠡᠵᠦ᠂ ᠪᠤᠰᠤᠳ ᠲᠤ ᠬᠤᠬᠢᠷᠠᠯ | ᠤᠴᠠᠷᠠᠭᠤᠯᠪᠠᠯ᠂ ᠵᠠᠪᠠᠯ ᠵᠤᠬᠢᠬᠤ ᠲᠦᠯᠦᠪᠦᠷᠢᠯᠡᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠬᠡᠯᠡᠬᠦ ᠬᠡᠷᠡᠭᠳᠡᠢ᠃ | ᠭᠤᠴᠢᠨ ᠨᠢᠬᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ | ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠪᠠᠶᠢᠴᠠᠭᠠᠨ ᠰᠢᠨᠵᠢᠬᠦ ᠪᠠᠷ ᠪᠠᠶᠢᠭ᠎ᠠ ᠴᠢᠯᠠᠭᠤᠨ ᠲᠤᠰᠤ ᠬᠢᠮᠢ ᠶᠢᠨ | ᠪᠠᠷᠢᠯᠭ᠎ᠠ ᠶᠢᠨ ᠲᠦᠷᠦᠯ ᠵᠦᠢᠯ ᠯᠦᠭᠡ ᠬᠤᠯᠪᠤᠨᠨᠳᠠᠯ ᠲᠠᠢ ᠪᠦᠳᠦᠬᠡᠨ ᠪᠠᠶᠢᠭᠤᠯᠬᠤ ᠨᠢᠬᠡᠴᠡ᠂ ᠵᠢᠷᠤᠵᠦ ᠲᠦᠯᠦᠪᠯᠡᠭᠰᠡᠨ | ᠨᠢᠬᠡᠴᠡ᠂ ᠪᠠᠷᠢᠯᠭ᠎ᠠ ᠪᠠᠷᠢᠬᠤ ᠨᠢᠬᠡᠴᠡ᠂ ᠬᠢᠨᠠᠨ ᠬᠠᠮᠢᠶᠠᠷᠬᠤ ᠨᠢᠬᠡᠴᠡ ᠲᠠᠢ ᠬᠠᠷᠢᠶᠠᠯᠬᠠᠳᠠᠬᠤ ᠬᠠᠷᠢᠴᠠᠭ᠎ᠠ ᠪᠤᠶᠤ | ᠪᠤᠰᠤᠳ ᠠᠰᠢᠭ ᠲᠤᠰᠠ ᠶᠢᠨ ᠬᠠᠷᠢᠴᠠᠭ᠎ᠠ ᠪᠠᠶᠢᠵᠦ ᠪᠤᠯᠬᠤ ᠦᠬᠡᠢ᠃ | ᠭᠤᠴᠢᠨ ᠬᠤᠶᠠᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠨᠢ ᠶᠠᠰᠤ ᠴᠢᠨᠠᠷ ᠢ ᠪᠠᠳᠤᠯᠠᠨ | ᠵᠠᠰᠠᠬᠤ ᠲᠦᠷᠢᠮ ᠢ ᠬᠡᠷᠡᠭᠵᠢᠬᠦᠯᠦᠨ᠎ᠠ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠲᠠᠭᠠᠭᠠᠴᠢᠯᠬᠠᠰᠠᠨ ᠨᠢᠬᠡᠴᠡ ᠨᠢ ᠪᠦᠳᠦᠬᠡᠨ ᠪᠠᠶᠢᠭᠤᠯᠬᠤ | ᠨᠢᠬᠡᠴᠡ ᠳᠤ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠮᠡᠳᠡᠬᠦᠯᠦᠯᠳᠡ ᠲᠤᠰᠢᠶᠠᠬᠤ ᠳᠤ᠂ | ᠪᠦᠳᠦᠬᠡᠨ ᠪᠠᠶᠢᠭᠤᠯᠬᠤ ᠨᠢᠬᠡᠴᠡ ᠳᠤ ᠵᠠᠪᠠᠯ ᠶᠠᠰᠤ ᠴᠢᠨᠠᠷ ᠢ ᠪᠠᠳᠤᠯᠠᠨ ᠵᠠᠰᠠᠬᠤ ᠪᠢᠴᠢᠭ ᠭᠠᠷᠭᠠᠵᠦ ᠦᠭᠭᠦ ᠬᠡᠷᠡᠭᠳᠡᠢ᠃ | ᠶᠠᠰᠤ ᠴᠢᠨᠠᠷ ᠢ ᠪᠠᠳᠤᠯᠠᠨ ᠵᠠᠰᠠᠬᠤ ᠪᠢᠴᠢᠭ ᠲᠤ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠠᠬᠢ ᠪᠠᠳᠤᠯᠠᠨ | ᠵᠠᠰᠠᠬᠤ ᠬᠡᠪᠴᠢᠶ᠎ᠡ᠂ ᠪᠠᠳᠤᠯᠠᠨ ᠵᠠᠰᠠᠬᠤ ᠬᠤᠭᠤᠴᠠᠭ᠎ᠠ ᠪᠠ ᠪᠠᠳᠤᠯᠠᠨ ᠵᠠᠰᠠᠬᠤ ᠬᠠᠷᠢᠭᠤᠴᠠᠯᠭ᠎ᠠ ᠵᠡᠷᠬᠡ ᠶᠢ | ᠲᠤᠳᠤᠷᠬᠠᠶᠢᠯᠠᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠭᠠᠷᠳᠠᠮ ᠢ | ᠭᠦᠢᠴᠡᠳᠬᠡᠭᠰᠡᠨ ᠤ ᠲᠠᠷᠠᠭ᠎ᠠ᠂ ᠤᠯᠤᠰ ᠤᠨ ᠲᠤᠨᠨᠳᠠᠭᠠᠨᠨᠰᠠᠨ ᠪᠠᠳᠤᠯᠠᠨ ᠵᠠᠰᠬᠠᠤ ᠬᠤᠭᠤᠴᠠᠭ᠎ᠠ ᠪᠠ ᠪᠠᠳᠤᠯᠠᠨ ᠵᠠᠰᠠᠬᠤ | ᠬᠡᠪᠴᠢᠶᠡᠨ ᠲᠤᠳᠤᠷ᠎ᠠ ᠭᠠᠷᠤᠨᠨᠰᠠᠨ ᠶᠠᠰᠤ ᠴᠢᠨᠠᠷ ᠤᠨ ᠠᠰᠠᠭᠤᠳᠠᠯ ᠢ ᠪᠤᠯ᠂ ᠪᠠᠷᠢᠯᠭ᠎ᠠ ᠪᠠᠷᠢᠨᠨᠰᠠᠨ ᠨᠢᠬᠡᠴᠡ ᠨᠢ | ᠰᠠᠯᠪᠢᠨ ᠵᠠᠰᠠᠬᠤ ᠶᠢ ᠬᠠᠷᠢᠭᠤᠴᠠᠬᠤ ᠬᠡᠷᠡᠭᠳᠡᠢ᠃ ᠰᠠᠯᠪᠢᠨ ᠵᠠᠰᠠᠬᠤ ᠵᠠᠷᠤᠳᠠᠯ ᠢ ᠶᠠᠰᠤ ᠴᠢᠨᠠᠷ ᠤᠨ ᠠᠰᠠᠭᠤᠳᠠᠯ ᠲᠠᠢ | ᠪᠤᠯᠭᠠᠨᠨᠰᠠᠨ ᠬᠠᠷᠢᠭᠤᠴᠠᠯᠭ᠎ᠠ ᠲᠠᠢ ᠲᠠᠯ᠎ᠠ ᠠᠴᠠ ᠲᠠᠭᠠᠭᠠᠬᠤ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ | ᠲᠤᠨᠤᠭ ᠵᠢᠴᠢ ᠲᠦᠭᠦᠬᠡᠷᠦᠮᠵᠢ ᠶᠢᠨ ᠶᠠᠰᠤ ᠴᠢᠨᠠᠷ ᠨᠢ ᠬᠢᠷᠢ ᠲᠡᠩᠴᠡᠬᠦ ᠦᠬᠡᠢ ᠠᠴᠠ ᠪᠤᠯᠤᠨᠨᠰᠠᠨ ᠴᠢᠯᠠᠭᠤᠨ ᠲᠤᠰᠤ | ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠳᠤ᠂ ᠪᠠᠷᠢᠯᠭ᠎ᠠ ᠪᠠᠷᠢᠨᠨᠰᠠᠨ ᠨᠢᠬᠡᠴᠡ ᠠᠴᠠ ᠬᠤᠳᠠᠯᠳᠤᠨ | ᠠᠪᠤᠨᠨᠰᠠᠨ ᠪᠤᠯ᠂ ᠪᠠᠷᠢᠯᠭ᠎ᠠ ᠪᠠᠷᠢᠬᠤ ᠨᠢᠬᠡᠴᠡ ᠭᠤᠤᠯ ᠬᠠᠷᠢᠭᠤᠴᠠᠯᠭ᠎ᠠ ᠶᠢ ᠡᠭᠦᠷᠬᠡᠯᠡᠬᠦ ᠬᠡᠷᠡᠭᠳᠡᠢ︔ ᠪᠦᠳᠦᠬᠡᠨ | ᠪᠠᠶᠢᠭᠤᠯᠬᠤ ᠨᠢᠬᠡᠴᠡ ᠠᠴᠠ ᠬᠤᠳᠠᠯᠳᠤᠨ ᠠᠪᠴᠤ᠂ ᠪᠠᠷᠢᠯᠭ᠎ᠠ ᠪᠠᠷᠢᠬᠤ ᠨᠢᠬᠡᠴᠡ ᠨᠢ ᠪᠢᠴᠢᠭ ᠢᠶᠠᠷ ᠤᠨᠳᠤᠤ ᠰᠠᠨᠠᠯ | ᠲᠤᠷᠠᠳᠤᠨᠨᠰᠠᠨ ᠦᠬᠡᠢ ᠪᠤᠯ᠂ ᠪᠦᠳᠦᠬᠡᠨ ᠪᠠᠶᠢᠭᠤᠯᠬᠤ ᠨᠢᠬᠡᠴᠡ ᠪᠠ ᠪᠠᠷᠢᠯᠭ᠎ᠠ ᠪᠠᠷᠢᠬᠤ ᠨᠢᠬᠡᠴᠡ ᠨᠢ ᠬᠠᠮᠳᠤ ᠪᠠᠷ | ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ︔ ᠪᠦᠳᠦᠬᠡᠨ ᠪᠠᠶᠢᠭᠤᠯᠬᠤ ᠨᠢᠬᠡᠴᠡ ᠠᠴᠠ ᠬᠤᠳᠠᠯᠳᠤᠨ ᠠᠪᠴᠤ᠂ ᠪᠠᠷᠢᠯᠭ᠎ᠠ | ᠪᠠᠷᠢᠬᠤ ᠨᠢᠬᠡᠴᠡ ᠠᠴᠠ ᠪᠢᠴᠢᠭ ᠢᠶᠠᠷ ᠤᠨᠳᠤᠤ ᠰᠠᠨᠠᠯ ᠲᠤᠷᠠᠳᠤᠨᠨᠰᠠᠨ ᠪᠤᠯᠪᠠᠴᠤ ᠪᠦᠳᠦᠬᠡᠨ ᠪᠠᠶᠢᠭᠤᠯᠬᠤ ᠨᠢᠬᠡᠴᠡ ᠨᠢ | ᠲᠡᠳᠡᠬᠡᠷ ᠢ ᠬᠡᠷᠡᠭᠯᠡᠬᠦ ᠪᠠᠷ ᠪᠠᠷᠢᠮᠳᠠᠯᠬᠠᠰᠠᠨ ᠪᠤᠯ᠂ ᠪᠦᠳᠦᠬᠡᠨ ᠪᠠᠶᠢᠭᠤᠯᠬᠤ ᠨᠢᠬᠡᠴᠡ ᠨᠢ ᠭᠤᠤᠯ ᠬᠠᠷᠢᠭᠤᠴᠠᠯᠭ᠎ᠠ ᠶᠢ | ᠡᠭᠦᠷᠬᠡᠯᠡᠬᠦ ᠬᠡᠷᠡᠭᠳᠡᠢ᠃ | ᠭᠤᠴᠢᠨ ᠲᠦᠷᠪᠡᠳᠦᠬᠡᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠵᠤᠬᠢᠰ ᠦᠬᠡᠢ ᠬᠡᠷᠡᠭᠯᠡᠭᠰᠡᠨ | ᠪᠤᠶᠤ ᠦᠪᠡᠰᠦᠪᠡᠨ ᠵᠠᠰᠠᠵᠦ ᠦᠬᠡᠷᠡᠴᠢᠯᠡᠭᠰᠡᠨ ᠠᠴᠠ ᠪᠤᠯᠵᠦ ᠡᠪᠳᠡᠷᠡᠭᠰᠡᠨ ᠪᠠ ᠶᠠᠰᠤ ᠴᠢᠨᠠᠷ ᠤᠨ ᠬᠡᠮ ᠰᠤᠭᠤᠭ | ᠭᠠᠷᠤᠨᠨᠰᠠᠨ ᠪᠤᠯ᠂ ᠬᠠᠷᠢᠭᠤᠴᠠᠯᠭ᠎ᠠ ᠲᠠᠢ ᠲᠠᠯ᠎ᠠ ᠠᠴᠠ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ | ᠭᠤᠴᠢᠨ ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠪᠠᠷ ᠶᠠᠰᠤ ᠴᠢᠨᠠᠷ ᠢ ᠬᠠᠷᠭᠤᠭᠤᠯᠤᠨ ᠰᠢᠯᠭᠠᠭᠤᠯᠤᠨᠨᠰᠠᠨ ᠦᠬᠡᠢ ᠪᠤᠶᠤ ᠬᠠᠷᠭᠤᠭᠤᠯᠤᠨ ᠬᠢᠨᠠᠭᠤᠯᠤᠭᠠᠳ | ᠬᠢᠷᠢ ᠲᠡᠩᠴᠡᠭᠰᠡᠨ ᠦᠬᠡᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠪᠠᠷᠢᠯᠭ᠎ᠠ ᠪᠠᠷᠢᠨᠨᠰᠠᠨ ᠨᠢᠬᠡᠴᠡ ᠨᠢ ᠪᠠᠷᠢᠵᠦ | ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠤᠭᠤᠯᠬᠤ ᠪᠠᠷ ᠲᠤᠰᠢᠶᠠᠨ ᠦᠭᠴᠤ ᠪᠤᠯᠬᠤ ᠦᠬᠡᠢ᠂ | ᠪᠦᠳᠦᠬᠡᠨ ᠪᠠᠶᠢᠭᠤᠯᠬᠤ ᠨᠢᠬᠡᠴᠡ ᠨᠢ ᠲᠤᠷᠰᠢᠵᠦ ᠦᠢᠯᠡᠳᠪᠦᠷᠢᠯᠡᠬᠦ ᠪᠤᠶᠤ ᠪᠠᠷᠢᠵᠦ ᠲᠠᠭᠤᠰᠬᠠᠨᠨᠰᠠᠨ ᠪᠠᠷᠢᠯᠭ᠎ᠠ ᠶᠢ | ᠰᠢᠯᠭᠠᠵᠦ ᠬᠤᠷᠢᠶᠠᠨ ᠠᠪᠴᠤ ᠪᠤᠯᠬᠤ ᠦᠬᠡᠢ᠃ | ᠭᠤᠴᠢᠨ ᠵᠢᠷᠭᠤᠳᠤᠭᠠᠷ ᠵᠦᠢᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ | ᠨᠢᠬᠡᠴᠡ ᠨᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠪᠠᠷᠢᠯᠭ᠎ᠠ ᠶᠢᠨ ᠮᠡᠳᠡᠭᠦᠯᠦᠯᠳᠡ ᠶᠢ | ᠭᠠᠷᠳ᠋ᠬᠠᠰᠠᠨ ᠤ ᠲᠠᠷᠠᠭ᠎ᠠ᠂ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ᠂ ᠪᠠᠷᠢᠯᠭ᠎ᠠ | ᠪᠠᠷᠢᠨᠨᠰᠠᠨ᠂ ᠪᠠᠷᠢᠯᠭ᠎ᠠ ᠶᠢ ᠬᠢᠨᠠᠨ ᠬᠠᠮᠢᠶᠠᠷᠬᠤ ᠵᠡᠷᠬᠡ ᠬᠤᠯᠪᠤᠨᠨᠳᠠᠯ ᠪᠦᠭᠦᠢ ᠨᠢᠬᠡᠴᠡ ᠶᠢ ᠵᠤᠬᠢᠶᠠᠨ ᠪᠠᠶᠢᠭᠤᠯᠵᠦ | ᠪᠠᠶᠢᠭᠠᠳ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ | ᠠᠪᠬᠤ ᠳᠤ ᠵᠠᠪᠠᠯ ᠲᠤᠤᠷᠠᠬᠢ ᠨᠦᠭᠦᠴᠡᠯ ᠢ ᠪᠦᠷᠢᠯᠳᠦᠬᠦᠯᠬᠦ ᠬᠡᠷᠡᠭᠳᠡᠢ᠄ | ︵ᠨᠢᠬᠡ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ ᠪᠠ ᠬᠡᠷ᠎ᠡ ᠳᠤ ᠪᠤᠯᠵᠤᠨᠨᠰᠠᠨ | ᠡᠯ᠎ᠡ ᠵᠦᠢᠯ ᠤᠨ ᠠᠭᠤᠯᠭ᠎ᠠ ᠶᠢ ᠪᠡᠶᠡᠯᠡᠬᠦᠯᠬᠦ ᠬᠡᠷᠡᠭᠳᠡᠢ︔ | ︵ᠬᠤᠶᠠᠷ︶ ᠪᠦᠷᠢᠨ ᠲᠡᠭᠦᠯᠳᠡᠷ ᠮᠡᠷᠬᠡᠵᠢᠯ ᠤᠨ ᠲᠠᠩᠰᠠ ᠡᠪᠬᠡᠮᠡᠯ ᠪᠠ ᠪᠠᠷᠢᠯᠭ᠎ᠠ ᠪᠠᠷᠢᠨᠨᠰᠠᠨ | ᠬᠠᠮᠢᠶᠠᠷᠤᠯᠳᠠ ᠶᠢᠨ ᠮᠠᠲ᠋ᠧᠷᠢᠶᠠᠯ ᠪᠠᠶᠢᠬᠤ ᠬᠡᠷᠡᠭᠳᠡᠢ︔ | ︵ᠭᠤᠷᠪᠠ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠬᠡᠷᠡᠭᠯᠡᠭᠰᠡᠨ ᠭᠤᠤᠯ ᠪᠤᠯᠬᠤ ᠪᠠᠷᠢᠯᠭ᠎ᠠ ᠶᠢᠨ | ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ᠂ ᠲᠦᠭᠦᠬᠡᠷᠦᠮᠵᠢ ᠶᠢ ᠲᠠᠯᠠᠪᠠᠢ ᠳᠤ ᠤᠷᠤᠭᠤᠯᠬᠤ | ᠲᠤᠷᠰᠢᠯᠳᠠ ᠶᠢᠨ ᠮᠡᠳᠡᠭᠦᠯᠦᠯᠳᠡ ᠪᠠᠶᠢᠬᠤ ᠬᠡᠷᠡᠭᠳᠡᠢ︔ | ︵ᠲᠦᠷᠪᠡ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠠᠶᠢᠨ ᠪᠠᠶᠢᠴᠠᠭᠠᠨᠨᠰᠠᠨ᠂ ᠵᠢᠷᠤᠵᠦ | ᠲᠦᠯᠦᠪᠯᠡᠭᠰᠡᠨ᠂ ᠪᠠᠷᠢᠯᠭ᠎ᠠ ᠪᠠᠷᠢᠨᠨᠰᠠᠨ᠂ ᠪᠠᠷᠢᠯᠭ᠎ᠠ ᠶᠢ ᠬᠢᠨᠠᠵᠦ ᠬᠠᠮᠢᠶᠠᠷᠬᠤ ᠵᠡᠷᠬᠡ ᠨᠢᠬᠡᠴᠡ ᠠᠴᠠ ᠲᠤᠰ | ᠲᠤᠰ ᠲᠠᠭᠠᠨ ᠭᠠᠷ ᠤᠨ ᠦᠰᠦᠭ ᠵᠢᠷᠤᠨᠨᠰᠠᠨ ᠶᠠᠰᠤ ᠴᠢᠨᠠᠷ ᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠪᠠᠶᠢᠬᠤ | ᠬᠡᠷᠡᠭᠳᠡᠢ︔ | ︵ᠲᠠᠪᠤ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠨᠨᠰᠠᠨ ᠨᠢᠬᠡᠴᠡ ᠶᠢᠨ ᠭᠠᠷ ᠤᠨ | ᠦᠰᠦᠭ ᠵᠢᠷᠤᠨᠨᠰᠠᠨ ᠶᠠᠰᠤ ᠴᠢᠨᠠᠷ ᠤᠨ ᠪᠠᠳᠤᠯᠠᠨ ᠵᠠᠰᠠᠬᠤ ᠪᠢᠴᠢᠭ ᠪᠠᠶᠢᠬᠤ ᠬᠡᠷᠡᠭᠳᠡᠢ᠃ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠤᠭᠠᠳ ᠬᠢᠷᠢ ᠲᠡᠩᠴᠡᠭᠰᠡᠨ ᠪᠠᠶᠢᠪᠠᠯ | ᠲᠤᠰᠢᠶᠠᠨ ᠦᠭᠴᠤ ᠬᠡᠷᠡᠭᠯᠡᠬᠦᠯᠵᠦ ᠪᠤᠯᠤᠨ᠎ᠠ᠃ | | | ᠭᠤᠷᠪᠠᠳᠤᠭᠠᠷ ᠪᠦᠯᠦᠭ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ | ᠬᠠᠮᠢᠶᠠᠷᠤᠯᠳᠠ | | | ᠭᠤᠴᠢᠨ ᠲᠤᠯᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠨᠢ ᠵᠠᠪᠠᠯ ᠲᠤᠭᠤᠷᠢᠨ ᠬᠢᠨᠠᠬᠤ᠂ ᠰᠤᠭᠤᠴᠢᠨ ᠪᠠᠶᠢᠴᠠᠭᠠᠬᠤ ᠵᠡᠷᠬᠡ ᠠᠷᠭ᠎ᠠ ᠮᠠᠶ᠋ᠢᠭ ᠢ ᠬᠡᠷᠡᠭᠯᠡᠵᠦ᠂ | ᠪᠦᠳᠦᠬᠡᠨ ᠪᠠᠶᠢᠭᠤᠯᠬᠤ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠵᠡᠷᠬᠡ ᠨᠢᠬᠡᠴᠡ ᠶᠢᠨ ᠶᠠᠰᠤ ᠴᠢᠨᠠᠷ ᠢ ᠪᠠᠳᠤᠯᠠᠬᠤ ᠰᠢᠰᠲ᠋ᠧᠮᠵᠢ ᠶᠢᠨ ᠨᠠᠶᠢᠳᠠᠪᠤᠷᠢᠵᠢᠭᠤᠯᠤᠨᠨᠰᠠᠨ ᠪᠠᠶᠢᠳᠠᠯ ᠵᠢᠴᠢ | ᠪᠠᠷᠢᠯᠭ᠎ᠠ ᠪᠠᠷᠢᠨᠨᠰᠠᠨ ᠶᠠᠰᠤ ᠴᠢᠨᠠᠷ ᠲᠤ ᠬᠠᠤᠯᠢ ᠶᠤᠰᠤᠭᠠᠷ ᠬᠢᠨᠠᠯᠳᠠ ᠲᠠᠯᠪᠢᠨ ᠪᠠᠶᠢᠴᠠᠭᠠᠵᠦ᠂ ᠬᠠᠮᠢᠶ᠎ᠠ ᠪᠦᠭᠦᠢ | ᠢᠯᠡᠴᠢᠯᠡᠨ ᠮᠡᠳᠡᠬᠦᠯᠬᠦ᠂ ᠵᠠᠭᠠᠯᠳᠤᠯᠭ᠎ᠠ ᠶᠢ ᠭᠦᠯᠢᠶᠠᠨ ᠠᠪᠬᠤ ᠶᠢᠨ ᠬᠠᠮᠳᠤ ᠴᠠᠭ ᠲᠤᠬᠠᠢ ᠳᠤᠨᠢ ᠰᠶᠢᠳᠪᠦᠷᠢᠯᠡᠨ᠂ | ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ | ᠲᠤᠨᠨᠳᠠᠭᠠᠯ᠂ ᠲᠤᠨᠨᠳᠠᠭᠠᠯ ᠲᠦᠷᠢᠮ ᠪᠠ ᠤᠯᠤᠰ ᠤᠨ ᠬᠤᠯᠪᠤᠨᠨᠳᠠᠯ ᠪᠦᠭᠦᠢ ᠪᠠᠷᠢᠮᠵᠢᠶ᠎ᠠ ᠠᠴᠠ ᠵᠦᠷᠢᠴᠡᠭᠰᠡᠨ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠶᠢᠳᠪᠦᠷᠢᠯᠡᠬᠦ ᠬᠡᠷᠡᠭᠳᠡᠢ᠃ | ᠭᠤᠴᠢᠨ ᠨᠠᠢᠮᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ᠂ ᠲᠤᠤᠷᠠᠬᠢ | ᠠᠷᠭ᠎ᠠ ᠬᠡᠮᠵᠢᠶ᠎ᠡ ᠶᠢ ᠬᠡᠷᠡᠭᠯᠡᠵᠦ ᠪᠤᠯᠤᠨ᠎ᠠ᠄ | ︵ᠨᠢᠬᠡ︶ ᠪᠠᠶᠢᠴᠠᠭᠠᠨᠨᠳᠠᠬᠤ ᠨᠢᠬᠡᠴᠡ ᠶᠢᠨ ᠪᠠᠷᠢᠯᠭ᠎ᠠ ᠪᠠᠷᠢᠬᠤ ᠠᠬᠤᠢ ᠲᠠᠯᠠᠪᠤᠷ ᠪᠠ ᠪᠤᠰᠤᠳ ᠠᠵᠢᠯ ᠤᠨ | ᠲᠠᠯᠠᠪᠤᠷ ᠭᠠᠵᠠᠷ ᠲᠤ ᠭᠦᠷᠴᠤ ᠪᠠᠶᠢᠴᠠᠭᠠᠨ᠎ᠠ︔ | ︵ᠬᠤᠶᠠᠷ︶ ᠪᠠᠶᠢᠴᠠᠭᠠᠨᠨᠳᠠᠬᠤ ᠨᠢᠬᠡᠴᠡ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ | ᠬᠤᠯᠪᠤᠨᠨᠳᠠᠬᠤ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢᠶᠠᠨ ᠬᠠᠩᠭᠠᠵᠦ ᠦᠭᠭᠦ ᠶᠢ ᠱᠠᠭᠠᠷᠳᠠᠨ᠎ᠠ︔ | ︵ᠭᠤᠷᠪᠠ︶ ᠪᠠᠶᠢᠴᠠᠭᠠᠨᠨᠳᠠᠬᠤ ᠨᠢᠬᠡᠴᠡ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠪᠠ ᠤᠯᠤᠰ ᠤᠨ ᠬᠤᠯᠪᠤᠨᠨᠳᠠᠯ | ᠪᠦᠬᠦᠢ ᠪᠠᠷᠢᠮᠵᠢᠶ᠎ᠠ ᠠᠴᠠ ᠵᠦᠷᠢᠴᠡᠭᠰᠡᠨ ᠠᠵᠢᠯᠯᠠᠭ᠎ᠠ ᠪᠠᠨ ᠲᠠᠷᠦ᠋ᠢᠬᠠᠨ ᠵᠤᠨᠨᠰᠤᠭᠠᠯᠭᠠᠬᠤ ᠪᠠᠷ ᠵᠠᠷᠯᠢᠨᠨᠳᠠᠵᠦ᠂ ᠶᠠᠰᠤ | ᠴᠢᠨᠠᠷ ᠤᠨ ᠬᠠᠮᠢᠶᠠᠷᠤᠯᠳᠠ ᠶᠢᠨ ᠠᠵᠢᠯ ᠢ ᠨᠢ ᠬᠠᠯᠠᠨ ᠰᠠᠶᠢᠵᠢᠷᠠᠭᠤᠯᠤᠨ᠎ᠠ᠃ | ᠭᠤᠴᠢ ᠶᠢᠰᠦᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ᠂ | ᠪᠠᠶᠢᠴᠠᠭᠠᠨᠨᠳᠠᠬᠤ ᠨᠢᠬᠡᠴᠡ ᠨᠢ ᠵᠠᠪᠠᠯ ᠬᠠᠮᠵᠢᠯᠴᠠᠵᠦ᠂ ᠬᠤᠯᠪᠤᠨᠨᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ ᠦᠨᠡᠨ | ᠪᠤᠳᠠᠳᠠᠢ ᠪᠠᠷ ᠬᠠᠩᠭᠠᠬᠤ ᠶᠢᠨ ᠬᠠᠮᠳᠤ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠤᠷᠤᠰᠢᠵᠦ | ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠶᠠᠰᠤ | ᠴᠢᠨᠠᠷ ᠤᠨ ᠠᠮᠤᠷ ᠲᠦᠪᠰᠢᠨ ᠤ ᠬᠡᠮ ᠰᠤᠭᠤᠭ ᠢ ᠠᠷᠢᠯᠭᠠᠬᠤ ᠬᠡᠷᠡᠭᠳᠡᠢ᠃ | ᠲᠦᠴᠢᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠶᠢᠨ ᠠᠵᠢᠯᠳᠠᠳ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ | ᠤᠶᠢᠯᠠᠭᠠᠵᠦ ᠮᠡᠳᠡᠭᠰᠡᠨ ᠤᠯᠤᠰ ᠤᠨ ᠨᠢᠭᠤᠴᠠ ᠪᠠ ᠬᠤᠳᠠᠯᠳᠤᠭᠠᠨ ᠤ ᠨᠢᠭᠤᠴᠠ ᠢ ᠵᠠᠪᠠᠯ ᠬᠠᠮᠠᠭᠠᠯᠠᠬᠤ ᠬᠡᠷᠡᠭᠳᠡᠢ᠃ | | ᠲᠦᠷᠪᠡᠳᠦᠬᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | | ᠲᠦᠴᠢᠨ ᠨᠢᠬᠡᠳᠦᠬᠡᠷ ᠵᠦᠢᠯ ᠲᠤᠰ ᠠᠷᠭ᠎ᠠ ᠶᠢᠨ ᠶᠢᠰᠦᠳᠦᠬᠡᠷ ᠵᠦᠢᠯ᠂ ᠠᠷᠪᠠᠳᠤᠭᠠᠷ ᠵᠦᠢᠯ ᠤᠨ | ᠨᠢᠬᠡᠳᠦᠬᠡᠷ ᠵᠤᠷᠪᠤᠰ᠂ ᠠᠷᠪᠠᠨ ᠬᠤᠶᠠᠳᠤᠭᠠᠷ ᠵᠦᠢᠯ᠂ ᠠᠷᠪᠠᠨ ᠲᠦᠷᠪᠡᠳᠦᠬᠡᠷ ᠵᠦᠢᠯ ᠤᠨ ᠬᠤᠶᠠᠳᠤᠭᠠᠷ ᠵᠤᠷᠪᠤᠰ᠂ | ᠠᠷᠪᠠᠨ ᠲᠤᠯᠤᠳᠤᠭᠠᠷ ᠵᠦᠢᠯ᠂ ᠠᠷᠪᠠ ᠶᠢᠰᠦᠳᠦᠬᠡᠷ ᠵᠦᠢᠯ ᠤᠨ ᠨᠢᠬᠡᠳᠦᠬᠡᠷ ᠵᠤᠷᠪᠤᠰ᠂ ᠬᠤᠷᠢᠳᠤᠭᠠᠷ ᠵᠦᠢᠯ᠂ | ᠬᠤᠷᠢᠨ ᠨᠠᠢᠮᠠᠳᠤᠭᠠᠷ ᠵᠦᠢᠯ᠂ ᠭᠤᠴᠢᠳᠤᠭᠠᠷ ᠵᠦᠢᠯ ᠤᠨ ᠨᠢᠬᠡᠳᠦᠬᠡᠷ ᠵᠤᠷᠪᠤᠰ᠂ ᠭᠤᠴᠢᠨ ᠲᠠᠪᠤᠳᠤᠭᠠᠷ ᠵᠦᠢᠯ᠂ | ᠭᠤᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠤᠨᠨᠳᠠᠭᠠᠯ ᠢ ᠵᠦᠷᠢᠴᠡᠪᠡᠯ᠂ ᠦᠪᠡᠷᠳᠡᠬᠡᠨ ᠵᠠᠰᠠᠬᠤ | ᠤᠷᠤᠨ ᠤ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ | ᠴᠢᠨᠠᠷ ᠤᠨ ᠬᠠᠮᠢᠶᠠᠷᠤᠯᠳᠠ ᠶᠢᠨ ᠲᠦᠷᠢᠮ︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠦᠳᠦᠬᠡᠨ | ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠵᠡᠷᠬᠡ ᠬᠠᠤᠯᠢ ᠴᠠᠭᠠᠵᠠ᠂ | ᠬᠠᠤᠯᠢ ᠲᠤᠨᠨᠳᠠᠭᠠᠯ ᠤᠨ ᠲᠤᠨᠨᠳᠠᠭᠠᠯ ᠶᠤᠰᠤᠭᠠᠷ᠂ ᠰᠢᠳᠬᠡᠨ ᠲᠤᠷᠭᠤᠭᠠᠬᠤ ᠬᠡᠷᠡᠭᠳᠡᠢ᠃ | ᠲᠦᠴᠢᠨ ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ | ᠪᠠᠶᠢᠭᠤᠯᠤᠮᠵᠢ ᠪᠠ ᠪᠤᠰᠤᠳ ᠬᠤᠯᠪᠤᠨᠨᠳᠠᠯ ᠪᠦᠭᠦᠢ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠠᠵᠢᠯᠳᠠᠳ ᠨᠢ | ᠬᠢᠨᠠᠯᠳᠠ ᠬᠠᠮᠢᠶᠠᠷᠤᠯᠳᠠ ᠶᠢᠨ ᠶᠠᠪᠤᠴᠠ ᠳᠤ ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ᠂ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠳᠡᠢ︔ | ︵ᠨᠢᠬᠡ︶ ᠬᠢᠨᠠᠯᠳᠠ ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠶᠢ ᠬᠠᠤᠯᠢ ᠶᠤᠰᠤᠭᠠᠷ ᠭᠦᠢᠴᠡᠳᠬᠡᠭᠰᠡᠨ | ᠦᠬᠡᠢ ᠠᠴᠠ ᠪᠤᠯᠵᠦ ᠭᠦᠨᠳᠦ ᠨᠤᠴᠢᠳᠠᠢ ᠤᠷᠰᠢᠭ ᠳ᠋ᠦᠩ ᠭᠠᠷᠤᠨᠨᠰᠠᠨ︔ | ︵ᠬᠤᠶᠠᠷ︶ ᠲᠤᠬᠠᠶᠢᠳᠠᠢ ᠭᠦᠮᠦᠨ ᠤ ᠬᠡᠪ ᠤᠨ ᠦᠢᠯᠡᠳᠪᠦᠷᠢᠯᠡᠯ᠂ ᠡᠵᠡᠩᠨᠡᠯᠳᠡ ᠶᠢᠨ ᠠᠵᠢᠯᠯᠠᠭ᠎ᠠ ᠶᠢ | ᠬᠠᠷᠰᠢᠯᠬᠠᠰᠠᠨ︔ | ︵ᠭᠤᠷᠪᠠ︶ ᠬᠢᠨᠠᠯᠳᠠ ᠲᠠᠯᠪᠢᠵᠦ ᠪᠠᠶᠢᠴᠠᠭᠠᠬᠤ ᠶᠠᠪᠤᠴᠠ ᠳᠤ ᠤᠶᠢᠯᠠᠭᠠᠵᠦ ᠮᠡᠳᠡᠭᠰᠡᠨ ᠤᠯᠤᠰ ᠤᠨ ᠨᠢᠭᠤᠴᠠ | ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠤᠨᠨᠰᠠᠨ︔ | ︵ᠲᠦᠷᠪᠡ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠬᠠᠤᠯᠢ | ᠶᠤᠰᠤ ᠶᠢ ᠵᠦᠷᠢᠴᠡᠭᠰᠡᠨ᠂ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ ᠪᠤᠰᠤᠳ ᠠᠵᠢᠯᠯᠠᠭ᠎ᠠ᠃ | | | ᠲᠠᠪᠤᠳᠤᠭᠠᠷ ᠪᠦᠯᠦᠭ ᠲᠠᠭᠠᠯᠳᠤᠭᠤᠯᠤᠯ ᠲᠦᠷᠢᠮ | | | ᠲᠦᠴᠢᠨ ᠭᠤᠷᠪᠠᠳᠤᠭᠠᠷ ᠵᠦᠢᠯ ᠲᠤᠰ ᠠᠷᠭ᠎ᠠ ᠶᠢ 2018 ᠤᠨ ᠤ 2 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠬᠦᠯᠦᠨ᠎ᠠ᠃ |