ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠪᠠ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2018/4/11

 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ


                                     228 ᠳ᠋ᠤᠭᠠᠷ ᠲᠤᠭᠠᠳᠤ


     ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠪᠠ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ︾ ᠶᠢ 2017 ᠤᠨ ᠤ 11 ᠳ᠋ᠤᠬᠡᠷ ᠰᠠᠷ᠎ᠠ ᠶᠢᠨ 29 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠪᠠᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃


                     ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠥ᠋ ᠰᠢᠶᠤᠤ ᠯᠢᠨ
                                2017 ᠣᠨ ᠤ 12 ᠳ᠋ᠤᠭᠠᠷ ᠰᠠᠷ᠎ᠠ ᠶᠢᠨ 13 ᠤ ᠡᠳᠦᠷ



              ᠨᠢᠬᠡᠳᠦᠬᠡᠷ ᠪᠦᠯᠦᠭ  ᠶᠡᠷᠦᠩᠬᠡᠢ ᠲᠦᠷᠢᠮ


     ᠨᠢᠬᠡᠳᠦᠬᠡᠷ ᠵᠦᠢᠯ  ᠴᠢᠯᠠᠭᠤᠨ ᠲᠤᠰᠤ ᠪᠠ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ︵ᠲᠤᠷᠤᠨᠨᠰᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠬᠡᠵᠦ ᠲᠤᠪᠴᠢᠯᠠᠨ᠎ᠠ︶ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ᠂ ᠤᠯᠠᠨ ᠨᠡᠶᠢᠳᠡ ᠶᠢᠨ ᠠᠮᠤᠷ ᠲᠦᠪᠰᠢᠨ ᠪᠠ ᠠᠷᠠᠳ ᠢᠷᠬᠡᠨ ᠤ ᠠᠮᠢ ᠨᠠᠰᠤ᠂ ᠡᠳ᠋ ᠭᠦᠷᠦᠩᠬᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃
     ᠬᠤᠶᠠᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠰᠢᠨ᠎ᠠ ᠪᠠᠷ ᠪᠠᠶᠢᠭᠤᠯᠬᠤ᠂ ᠦᠷᠬᠡᠳᠬᠡᠨ ᠪᠠᠶᠢᠭᠤᠯᠬᠤ᠂ ᠦᠬᠡᠷᠡᠴᠢᠯᠡᠨ ᠪᠠᠶᠢᠭᠤᠯᠬᠤ ᠠᠵᠢᠯᠯᠠᠭ᠎ᠠ ᠡᠷᠬᠢᠯᠡᠵᠦ ᠪᠠᠶᠢᠭ᠎ᠠ ᠵᠢᠴᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠬᠠᠮᠢᠶᠠᠷᠤᠯᠳᠠ ᠬᠡᠷᠡᠭᠵᠢᠬᠦᠯᠬᠦ ᠳᠤ᠂ ᠲᠤᠰ ᠠᠷᠭ᠎ᠠ ᠶᠢ ᠬᠡᠷᠡᠭᠯᠡᠭᠳᠡᠨ᠎ᠡ᠃
     ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠦᠢᠯᠡᠳᠪᠦᠷᠢᠯᠡᠯ ᠤᠨ ᠵᠠᠭᠠᠨᠨᠯᠬᠠᠰᠠᠨ ᠲᠤᠭᠤᠷᠢᠭ ᠲᠠᠬᠢ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ᠂ ᠲᠦᠭᠦᠷ ᠪᠠᠷᠢᠯᠭ᠎ᠠ ᠪᠠ ᠲᠠᠭᠠᠯᠳᠠ ᠪᠠᠷᠢᠯᠭ᠎ᠠ ᠪᠠᠭᠳᠠᠨ᠎ᠠ᠃
     ᠭᠤᠷᠪᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠪᠦᠳᠦᠬᠡᠨ ᠪᠠᠶᠢᠭᠤᠯᠬᠤ ᠨᠢᠬᠡᠴᠡ ᠠᠴᠠ ᠬᠠᠷᠢᠭᠤᠴᠠᠬᠤ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠭᠰᠡᠨ ᠪᠠ ᠪᠠᠷᠢᠯᠭ᠎ᠠ ᠪᠠᠷᠢᠨᠨᠰᠠᠨ ᠨᠢᠬᠡᠴᠡ ᠠᠴᠠ ᠪᠠᠳᠤᠯᠠᠬᠤ᠂ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠠᠴᠠ ᠬᠢᠨᠠᠨ ᠬᠠᠮᠢᠶᠠᠷᠬᠤ᠂ ᠵᠠᠰᠠᠭ ᠤᠨ ᠤᠷᠳᠤᠨ ᠠᠴᠠ ᠬᠢᠨᠠᠯᠳᠠ ᠲᠠᠯᠪᠢᠬᠤ ᠶᠢᠨ ᠬᠠᠷᠢᠯᠴᠠᠨ ᠤᠶᠠᠯᠳᠤᠭᠤᠯᠤᠨᠨᠰᠠᠨ ᠲᠦᠷᠢᠮ ᠢ ᠬᠡᠷᠡᠭᠵᠢᠭᠦᠯᠦᠨ᠎ᠡ᠃      ᠲᠦᠷᠪᠡᠳᠦᠬᠡᠷ ᠵᠦᠢᠯ  ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠨᠢ ᠪᠦᠭᠦ ᠤᠷᠤᠨ ᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠦ᠂ ᠲᠡᠭᠦᠨ ᠤ ᠬᠠᠷᠢᠶ᠎ᠠ ᠪᠦᠭᠦᠢ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠪᠦᠭᠦ ᠤᠷᠤᠨ ᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠪᠤᠳᠠᠳᠠᠢ ᠬᠠᠷᠢᠭᠤᠴᠠᠨ᠎ᠠ᠃
     ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ᠂ ᠭᠦᠭᠵᠢᠬᠦᠯᠦᠯᠳᠡ ᠪᠠ ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ᠂ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ᠂ ᠠᠶᠤᠯ ᠦᠬᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ᠂ ᠡᠳ᠋ ᠤᠨ ᠵᠠᠰᠠᠭ᠂ ᠭᠠᠯ ᠤᠨᠳᠠᠷᠠᠭᠠᠬᠤ᠂ ᠤᠷᠴᠢᠨ ᠲᠤᠭᠤᠷᠢᠨ ᠤ ᠬᠠᠮᠠᠭᠠᠯᠠᠯᠳᠠ᠂ ᠲᠠᠩᠰᠠ ᠡᠪᠬᠡᠮᠡᠯ ᠵᠡᠷᠬᠡ ᠰᠠᠯᠠᠭ᠎ᠠ ᠮᠦᠴᠢᠷ ᠨᠢ ᠵᠠᠪᠠᠯ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠤᠰᠤᠭᠠᠷ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠬᠠᠮᠢᠶ᠎ᠠ ᠪᠦᠭᠦᠢ ᠠᠵᠢᠯ ᠢ ᠰᠠᠶᠢᠳᠤᠷ ᠬᠢᠬᠦ ᠬᠡᠷᠡᠭᠳᠡᠢ᠃
     ᠲᠠᠪᠤᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠲᠤᠰᠬᠠᠢ ᠮᠡᠷᠬᠡᠵᠢᠯᠳᠡᠨ ᠤ ᠭᠦᠮᠦᠷᠬᠡ ᠪᠠᠶᠢᠭᠤᠯᠵᠦ᠂ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠵᠦ ᠪᠠᠶᠢᠭᠠᠳ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠢ ᠵᠢᠷᠤᠵᠦ ᠲᠦᠯᠦᠪᠯᠡᠬᠦ ᠪᠢᠴᠢᠭ ᠮᠠᠲ᠋ᠧᠷᠢᠶᠠᠯ ᠢ ᠨᠢ ᠬᠢᠨᠠᠨ ᠪᠠᠶᠢᠴᠠᠭᠠᠬᠤ᠂ ᠶᠠᠰᠤ ᠴᠢᠨᠠᠷ ᠲᠤ ᠬᠢᠨᠠᠯᠳᠠ ᠲᠠᠯᠪᠢᠵᠦ ᠪᠠᠶᠢᠴᠠᠭᠠᠬᠤ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠵᠦ ᠬᠤᠷᠢᠶᠠᠨ ᠠᠪᠬᠤ ᠵᠡᠷᠬᠡ ᠠᠵᠢᠯ ᠳᠤ ᠤᠷᠤᠯᠴᠠᠭᠤᠯᠬᠤ ᠬᠡᠷᠡᠭᠳᠡᠢ᠃
     ᠵᠢᠷᠭᠤᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠦᠨᠡᠨᠴᠢ ᠢᠳᠡᠬᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠦ᠂ ᠮᠡᠳᠡᠭᠡ ᠵᠠᠩᠬᠢ ᠶᠢ ᠬᠠᠶᠢᠵᠦ ᠯᠠᠪᠯᠠᠬᠤ᠂ ᠰᠤᠯᠢᠯᠴᠠᠬᠤ ᠪᠠ ᠬᠠᠮᠳᠤ ᠪᠠᠷ ᠭᠦᠷᠳᠡᠬᠦ ᠶᠢ ᠪᠡᠶᠡᠯᠡᠬᠦᠯᠬᠦ ᠬᠡᠷᠡᠭᠳᠡᠢ᠃


            ᠬᠤᠶᠠᠳᠤᠭᠠᠷ ᠪᠦᠯᠦᠭ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ      ᠬᠠᠷᠢᠭᠤᠴᠠᠯᠭ᠎ᠠ


     ᠲᠤᠯᠤᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠠᠵᠢᠯᠯᠠᠭ᠎ᠠ ᠡᠷᠬᠢᠯᠡᠬᠦ ᠳᠤ᠂ ᠵᠠᠪᠠᠯ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠲᠡᠰ ᠲᠠᠷᠠᠭᠠᠯᠠᠯ ᠢ ᠴᠢᠩᠭ᠎ᠠ ᠬᠡᠷᠡᠭᠵᠢᠬᠦᠯᠵᠦ᠂ ᠤᠷᠢᠳᠠᠪᠡᠷ ᠬᠠᠶᠢᠨ ᠪᠠᠶᠢᠴᠠᠭᠠᠵᠦ᠂ ᠲᠠᠷᠠᠭ᠎ᠠ ᠨᠢ ᠵᠢᠷᠤᠵᠦ ᠲᠦᠯᠦᠪᠯᠡᠨ᠂ ᠰᠡᠬᠦᠯ ᠳᠤᠨᠢ ᠪᠠᠷᠢᠯᠭ᠎ᠠ ᠪᠠᠷᠢᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃
     ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠭᠦᠭᠵᠢᠬᠦᠯᠦᠯᠳᠡ ᠪᠠ ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠰᠠᠯᠠᠭ᠎ᠠ ᠮᠦᠴᠢᠷ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠬᠠᠷᠭᠤᠭᠤᠯᠤᠨ ᠵᠦᠪᠰᠢᠶᠡᠷᠡᠭᠦᠯᠦᠭᠰᠡᠨ ᠪᠤᠶᠤ ᠲᠠᠩᠰᠠᠯᠠᠭᠤᠯᠤᠨ ᠲᠡᠮᠳᠡᠭᠯᠡᠬᠦᠯᠦᠭᠰᠡᠨ ᠪᠢᠴᠢᠭ ᠮᠠᠲ᠋ᠧᠷᠢᠶᠠᠯ ᠢ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠬᠠᠭᠤᠯᠤᠨ ᠢᠯᠡᠭᠡᠬᠦ ᠬᠡᠷᠡᠭᠳᠡᠢ᠃
     ᠶᠢᠰᠦᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠠ ᠤᠨᠨᠰᠠᠷᠠᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠢ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠮᠡᠳᠡᠬᠦᠯᠵᠦ ᠬᠢᠨᠠᠨ ᠪᠠᠶᠢᠴᠠᠭᠠᠯᠭᠠᠬᠤ ᠬᠡᠷᠡᠭᠳᠡᠢ᠃ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠨᠢ ᠬᠢᠨᠠᠨ ᠪᠠᠶᠢᠴᠠᠭᠠᠯᠳᠠ ᠳᠤ ᠵᠦᠪᠰᠢᠶᠡᠷᠡᠭᠳᠡᠭᠰᠡᠨ ᠦᠬᠡᠢ ᠪᠤᠯ ᠬᠡᠷᠡᠭᠯᠡᠵᠦ ᠪᠤᠯᠬᠤ ᠦᠬᠡᠢ᠃
     ᠠᠷᠪᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠠᠵᠢᠯ ᠢ ᠡᠬᠢᠯᠡᠬᠦᠯᠬᠦ ᠠᠴᠠ ᠡᠮᠤᠨ᠎ᠠ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠦᠪᠡᠷᠳᠡᠬᠡᠨ ᠵᠠᠰᠬᠠᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠭᠦᠷᠴᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠭᠠᠷᠳᠠᠮ ᠢ ᠭᠦᠢᠴᠡᠳᠬᠡᠬᠦ ᠬᠡᠷᠡᠭᠳᠡᠢ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ᠂ ᠦᠪᠡᠷᠳᠡᠬᠡᠨ ᠵᠠᠰᠬᠠᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠠᠷᠭᠤᠭᠤᠯᠤᠨ ᠵᠦᠪᠰᠢᠶᠡᠷᠡᠭᠦᠯᠦᠭᠰᠡᠨ ᠪᠤᠶᠤ ᠲᠠᠩᠰᠠᠯᠠᠭᠤᠯᠤᠨ ᠲᠡᠮᠳᠡᠭᠯᠡᠬᠦᠯᠦᠭᠰᠡᠨ ᠪᠢᠴᠢᠭ ᠮᠠᠲ᠋ᠧᠷᠢᠶᠠᠯ ᠪᠠ ᠬᠠᠮᠢᠶ᠎ᠠ ᠪᠦᠭᠦᠢ ᠵᠦᠪᠰᠢᠶᠡᠷᠡᠯ᠂ ᠴᠤᠬᠤᠯᠠᠪᠤᠷᠢᠯᠬᠠᠰᠠᠨ ᠪᠢᠴᠢᠭ ᠮᠠᠲ᠋ᠧᠷᠢᠶᠠᠯ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠭᠰᠡᠨ᠂ ᠪᠠᠷᠢᠯᠭ᠎ᠠ ᠪᠠᠷᠢᠨᠨᠰᠠᠨ᠂ ᠬᠢᠨᠠᠨ ᠬᠠᠮᠢᠶᠠᠷᠬᠤ ᠵᠡᠷᠬᠡ ᠬᠠᠮᠢᠶ᠎ᠠ ᠪᠦᠭᠦᠢ ᠦᠨᠡᠮᠯᠡᠯ ᠮᠠᠲ᠋ᠧᠷᠢᠶᠠᠯ ᠵᠢᠴᠢ ᠪᠠᠷᠢᠯᠭ᠎ᠠ ᠶᠢᠨ ᠶᠠᠰᠤ ᠴᠢᠨᠠᠷ ᠲᠤ ᠬᠠᠷᠢᠭᠤᠴᠠᠬᠤ ᠠᠮᠠᠯᠳᠠᠭ᠎ᠠ ᠶᠢᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠳᠡᠢ᠃
     ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠬᠡᠯᠪᠡᠷᠢ ᠶᠢᠨ ᠬᠢᠨᠠᠨ ᠪᠠᠶᠢᠴᠠᠭᠠᠯᠳᠠ ᠬᠢᠵᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠮᠡᠳᠡᠭᠳᠡᠯ ᠤᠨ ᠪᠢᠴᠢᠭ ᠲᠤ ᠭᠠᠷ ᠤᠨ ᠦᠰᠦᠭ ᠵᠢᠷᠤᠵᠦ ᠤᠯᠭᠤᠬᠤ ᠬᠡᠷᠡᠭᠳᠡᠢ᠃
     ᠠᠷᠪᠠᠨ ᠨᠢᠬᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠪᠤᠶᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠠᠵᠢᠯᠳᠠᠨ ᠢ ᠲᠤᠬᠢᠷᠠᠭᠤᠯᠵᠦ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠬᠦ᠂ ᠪᠠᠷᠢᠯᠭ᠎ᠠ ᠪᠠᠷᠢᠬᠤ ᠪᠠ ᠲᠤᠷᠰᠢᠵᠦ ᠦᠢᠯᠡᠳᠪᠦᠷᠢᠯᠡᠬᠦ ᠱᠠᠳᠤᠨ ᠳᠠᠬᠢ ᠶᠠᠰᠤ ᠴᠢᠨᠠᠷ ᠤᠨ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠬᠤ ᠬᠡᠷᠡᠭᠳᠡᠢ᠃
     ᠠᠷᠪᠠᠨ ᠬᠤᠶᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠤᠯᠤᠰ ᠪᠠ ᠦᠪᠡᠷᠳᠡᠬᠡᠨ ᠵᠠᠰᠠᠬᠤ ᠤᠷᠤᠨ ᠤ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠬᠤᠯᠪᠤᠨᠨᠳᠠᠯ ᠪᠦᠭᠦᠢ ᠲᠤᠨᠨᠳᠠᠭᠠᠯ ᠢ ᠴᠢᠩᠭ᠎ᠠ ᠵᠢᠷᠤᠮᠯᠠᠵᠦ᠂ ᠪᠦᠳᠦᠬᠡᠨ ᠪᠠᠶᠢᠭᠤᠯᠬᠤ ᠲᠦᠷᠦᠯ ᠵᠦᠢᠯ ᠤᠨ ᠡᠯ᠎ᠡ ᠲᠠᠯ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠬᠤᠷᠢᠶᠠᠨ ᠴᠤᠨᠨᠯᠠᠭᠤᠯᠬᠤ ᠪᠠ ᠡᠮᠬᠢᠯᠡᠨ ᠲᠢᠭᠯᠡᠵᠦ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠲᠠᠩᠰᠠ ᠡᠪᠬᠡᠮᠡᠯ ᠢ ᠪᠠᠶᠢᠭᠤᠯᠬᠤ ᠪᠠ ᠪᠦᠷᠢᠨᠰᠢᠬᠦᠯᠬᠦ ᠶᠢᠨ ᠬᠠᠮᠳᠤ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠢ ᠰᠢᠯᠭᠠᠵᠦ ᠬᠤᠷᠢᠶᠠᠨ ᠠᠪᠤᠨᠨᠰᠠᠨ ᠤ ᠲᠠᠷᠠᠭ᠎ᠠ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠲᠠᠩᠰᠠ ᠡᠪᠬᠡᠮᠡᠯ ᠢ ᠴᠠᠭ ᠲᠤᠬᠠᠢ ᠳᠤᠨᠢ ᠰᠢᠯᠵᠢᠬᠦᠯᠦᠨ ᠲᠤᠰᠢᠶᠠᠬᠤ ᠬᠡᠷᠡᠭᠳᠡᠢ᠃      ᠠᠷᠪᠠᠨ ᠭᠤᠷᠪᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠦ ᠲᠦᠯᠦᠪᠯᠡᠬᠦ ᠨᠢᠬᠡᠴᠡ ᠨᠢ ᠵᠠᠪᠠᠯ ᠪᠠᠷᠢᠯᠭ᠎ᠠ ᠶᠢᠨ ᠪᠦᠳᠦᠬᠡᠨ ᠪᠠᠶᠢᠭᠤᠯᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠪᠠᠷ ᠬᠠᠶᠢᠨ ᠪᠠᠶᠢᠴᠠᠭᠠᠵᠦ᠂ ᠵᠢᠷᠤᠵᠦ ᠲᠦᠯᠦᠪᠯᠡᠬᠦ ᠶᠢᠨ ᠬᠠᠮᠳᠤ᠂ ᠬᠠᠶᠢᠨ ᠪᠠᠶᠢᠴᠠᠭᠠᠵᠦ᠂ ᠵᠢᠷᠤᠵᠦ ᠲᠦᠯᠦᠪᠯᠡᠭᠰᠡᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃
     ᠠᠷᠪᠠᠨ ᠲᠦᠷᠪᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ ᠨᠢᠬᠡᠴᠡ ᠨᠢ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠳᠤ ᠰᠤᠩᠭᠤᠨ ᠬᠡᠷᠡᠭᠯᠡᠭᠰᠡᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠳᠤ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ᠂ ᠴᠢᠳᠠᠪᠬᠢ ᠵᠡᠷᠬᠡ ᠮᠡᠷᠬᠡᠵᠢᠯ ᠤᠨ ᠭᠦᠢᠴᠡᠳᠬᠡᠯ ᠲᠤᠭ᠎ᠠ ᠶᠢ ᠵᠠᠪᠠᠯ ᠲᠤᠳᠤᠷᠬᠠᠶᠢᠯᠠᠵᠦ᠂ ᠲᠡᠳᠡᠬᠡᠷ ᠤᠨ ᠶᠠᠰᠤ ᠴᠢᠨᠠᠷ ᠤᠨ ᠱᠠᠭᠠᠷᠳᠠᠯᠭ᠎ᠠ ᠶᠢ ᠵᠠᠪᠠᠯ ᠤᠯᠤᠰ ᠤᠨ ᠲᠤᠨᠨᠳᠠᠭᠠᠨᠨᠰᠠᠨ ᠪᠠᠷᠢᠮᠵᠢᠶ᠎ᠠ ᠳᠤ ᠨᠡᠶᠢᠴᠡᠬᠦᠯᠬᠦ ᠬᠡᠷᠡᠭᠳᠡᠢ᠃
     ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ ᠨᠢᠬᠡᠴᠡ ᠨᠢ ᠦᠢᠯᠡᠳᠪᠦᠷᠢᠯᠡᠬᠦ ᠦᠢᠯᠡᠳᠪᠦᠷᠢ᠂ ᠬᠠᠩᠭᠠᠬᠤ ᠬᠤᠳᠠᠯᠳᠤᠭᠠᠴᠢᠳ ᠢ ᠵᠢᠭᠠᠨ ᠲᠤᠨᠨᠳᠠᠭᠠᠵᠦ ᠪᠤᠯᠬᠤ ᠦᠬᠡᠢ᠂ ᠬᠡᠪᠡᠴᠤ ᠤᠨᠴᠤᠭᠤᠢ ᠱᠠᠭᠠᠷᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ᠂ ᠲᠤᠰᠬᠠᠢ ᠬᠡᠷᠡᠭᠯᠡᠬᠡᠨ ᠤ ᠲᠦᠭᠦᠬᠡᠷᠦᠮᠵᠢ᠂ ᠤᠷᠠᠯᠠᠵᠦ ᠦᠢᠯᠡᠳᠪᠦᠷᠢᠯᠡᠬᠦ ᠱᠤᠭᠤᠮ ᠵᠡᠷᠬᠡ ᠨᠢ ᠪᠠᠭᠳᠠᠬᠤ ᠦᠬᠡᠢ᠃
      ᠠᠷᠪᠠᠨ ᠲᠠᠪᠤᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠦ ᠲᠦᠯᠦᠪᠯᠡᠬᠦ ᠨᠢᠬᠡᠴᠡ ᠨᠢ ᠵᠠᠪᠠᠯ ᠪᠦᠳᠦᠬᠡᠨ ᠪᠠᠶᠢᠭᠤᠯᠬᠤ ᠨᠢᠬᠡᠴᠡ ᠪᠤᠶᠤ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠠᠴᠠ ᠵᠤᠬᠢᠶᠠᠨ ᠪᠠᠶᠢᠭᠤᠯᠤᠨᠨᠰᠠᠨ ᠪᠠᠷᠢᠯᠭ᠎ᠠ ᠪᠠᠷᠢᠬᠤ ᠵᠢᠷᠤᠭ ᠲᠦᠰᠦᠯ ᠢ ᠬᠠᠮᠳᠤ ᠪᠠᠷ ᠬᠢᠨᠠᠬᠤ ᠳᠤ ᠤᠷᠤᠯᠴᠠᠬᠤ ᠶᠢᠨ ᠬᠠᠮᠳᠤ᠂ ᠵᠢᠷᠤᠭ ᠲᠦᠯᠦᠪᠯᠡᠭᠡ ᠶᠢᠨ ᠭᠦᠢᠴᠡᠳ ᠤᠶᠢᠯᠠᠭᠠᠭᠤᠯᠬᠤ ᠶᠢ ᠬᠠᠷᠢᠭᠤᠴᠠᠬᠤ ᠬᠡᠷᠡᠭᠳᠡᠢ︔ ᠪᠠᠷᠢᠯᠭ᠎ᠠ ᠶᠢᠨ ᠭᠠᠵᠠᠷ ᠤᠨ ᠲᠠᠯᠠᠪᠠᠢ ᠶᠢᠨ ᠰᠠᠭᠤᠷᠢ᠂ ᠭᠤᠤᠯ ᠴᠤᠨᠨᠴᠠ ᠶᠢᠨ ᠪᠦᠳᠦᠴᠡ ᠪᠠ ᠪᠠᠷᠢᠵᠦ ᠲᠠᠭᠤᠰᠬᠠᠨᠨᠰᠠᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠬᠤᠷᠢᠶᠠᠵᠦ ᠠᠪᠬᠤ ᠳᠤ ᠤᠷᠤᠯᠴᠠᠬᠤ ᠬᠡᠷᠡᠭᠳᠡᠢ︔ ᠪᠠᠷᠢᠯᠭ᠎ᠠ ᠪᠠᠷᠢᠬᠤ ᠶᠠᠪᠤᠴᠠ ᠳᠤ ᠡᠭᠦᠰᠦᠭᠰᠡᠨ ᠵᠢᠷᠤᠵᠦ ᠲᠦᠯᠦᠪᠯᠡᠬᠦ ᠯᠦᠭᠡ ᠬᠤᠯᠪᠤᠨᠨᠳ᠋ᠬᠠᠰᠠᠨ ᠮᠡᠷᠬᠡᠵᠢᠯ ᠤᠨ ᠠᠰᠠᠭᠤᠳᠠᠯ ᠪᠠ ᠶᠠᠰᠤ ᠴᠢᠨᠠᠷ ᠤᠨ ᠠᠰᠠᠭᠤᠳᠠᠯ ᠢ ᠴᠠᠭ ᠲᠤᠬᠠᠢ ᠳᠤᠨᠢ ᠰᠶᠢᠳᠪᠦᠷᠢᠯᠡᠬᠦ ᠬᠡᠷᠡᠭᠳᠡᠢ︔ ᠪᠠᠷᠢᠯᠭ᠎ᠠ ᠶᠢᠨ ᠶᠠᠰᠤ ᠴᠢᠨᠠᠷ ᠤᠨ ᠠᠳᠠᠯ ᠤᠨ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠤ᠂ ᠮᠡᠷᠬᠡᠵᠢᠯ ᠢᠶᠠᠷ ᠰᠶᠢᠳᠪᠦᠷᠢᠯᠡᠬᠦ ᠲᠦᠰᠦᠯ ᠢ ᠲᠤᠷᠠᠳᠤᠨ ᠭᠠᠷᠭᠠᠬᠤ ᠬᠡᠷᠡᠭᠳᠡᠢ᠃
     ᠠᠷᠪᠠᠨ ᠵᠢᠷᠭᠤᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠠᠷᠢᠨᠨᠰᠠᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠶᠠᠰᠤ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠪᠠᠶᠢᠭᠤᠯᠵᠦ᠂ ᠪᠠᠷᠢᠯᠭ᠎ᠠ ᠶᠢᠨ ᠲᠦᠷᠦᠯ ᠵᠦᠢᠯ ᠤᠨ ᠲᠠᠭᠠᠭᠠᠮᠠᠯ᠂ ᠮᠡᠷᠬᠡᠵᠢᠯ ᠤᠨ ᠬᠠᠷᠢᠭᠤᠴᠠᠯᠭᠠᠳᠠᠨ ᠪᠠ ᠪᠠᠷᠢᠯᠭ᠎ᠠ ᠪᠠᠷᠢᠬᠤ ᠶᠢ ᠬᠠᠮᠢᠶᠠᠷᠬᠤ ᠬᠠᠷᠢᠭᠤᠴᠠᠯᠭᠠᠳᠠᠨ ᠢ ᠲᠤᠨᠨᠳᠠᠭᠠᠬᠤ ᠬᠡᠷᠡᠭᠳᠡᠢ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠳᠤ ᠶᠡᠷᠦᠩᠬᠡᠢ ᠲᠠᠭᠠᠭᠠᠴᠢᠯᠠᠯᠳᠠ ᠶᠢ ᠬᠡᠷᠡᠭᠵᠢᠬᠦᠯᠦᠭᠰᠡᠨ ᠪᠤᠯ᠂ ᠶᠡᠷᠦᠩᠬᠡᠢ ᠲᠠᠭᠠᠭᠠᠴᠢᠯᠬᠠᠰᠠᠨ ᠨᠢᠬᠡᠴᠡ ᠨᠢ ᠵᠠᠪᠠᠯ ᠪᠦᠭᠦ᠋ᠢᠯᠡ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ︔ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠦᠵᠦ ᠲᠦᠯᠦᠪᠯᠡᠬᠦ᠂ ᠪᠠᠷᠢᠯᠭ᠎ᠠ ᠪᠠᠷᠢᠬᠤ᠂ ᠲᠦᠭᠦᠬᠡᠷᠦᠮᠵᠢ ᠬᠤᠳᠠᠯᠳᠤᠨ ᠠᠪᠬᠤ ᠶᠢᠨ ᠨᠢᠬᠡ ᠵᠦᠢᠯ ᠪᠤᠶᠤ ᠤᠯᠠᠨ ᠵᠦᠢᠯ ᠳᠤ ᠶᠡᠷᠦᠩᠬᠡᠢ ᠲᠠᠭᠠᠭᠠᠴᠢᠯᠠᠯᠳᠠ ᠶᠢ ᠬᠡᠷᠡᠭᠵᠢᠬᠦᠯᠦᠭᠰᠡᠨ ᠪᠤᠯ᠂ ᠶᠡᠷᠦᠩᠬᠡᠢ ᠲᠠᠭᠠᠭᠠᠴᠢᠯᠬᠠᠰᠠᠨ ᠨᠢᠬᠡᠴᠡ ᠨᠢ ᠲᠡᠳᠡᠬᠡᠷ ᠲᠠᠭᠠᠭᠠᠴᠢᠯᠬᠠᠰᠠᠨ ᠴᠢᠯᠠᠭᠤᠨ ᠲᠤᠰᠤ ᠬᠢᠮᠢ ᠶᠢᠨ ᠪᠠᠷᠢᠯᠭ᠎ᠠ ᠪᠤᠶᠤ ᠬᠤᠳᠠᠯᠳᠤᠨ ᠠᠪᠤᠨᠨᠰᠠᠨ ᠲᠦᠭᠦᠬᠡᠷᠦᠮᠵᠢ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠳᠡᠢ᠃
      ᠠᠷᠪᠠᠨ ᠲᠤᠯᠤᠳᠤᠭᠠᠷ ᠵᠦᠢᠯ  ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠮᠠᠰᠲ᠋ᠧᠷ ᠤᠨ ᠲᠠᠩᠰᠠᠯᠠᠭᠤᠯᠤᠨᠨᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢ ᠭᠠᠷᠳ᠋ᠬᠠᠰᠠᠨ ᠦᠬᠡᠢ ᠭᠦᠮᠦᠰ ᠨᠢ ᠲᠤᠮᠤ ᠲᠤᠮᠳᠠ ᠬᠡᠯᠪᠡᠷᠢ ᠶᠢᠨ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠨᠢᠬᠡᠴᠡ ᠶᠢᠨ ᠲᠦᠷᠦᠯ ᠵᠦᠢᠯ ᠤᠨ ᠬᠠᠷᠢᠭᠤᠴᠠᠯᠭᠠᠳᠠᠨ ᠪᠤᠯᠵᠦ ᠪᠤᠯᠬᠤ ᠦᠬᠡᠢ᠂ ᠲᠠᠩᠰᠠᠯᠠᠭᠤᠯᠤᠨᠨᠰᠠᠨ ᠪᠠᠷᠢᠯᠭ᠎ᠠ ᠶᠢᠨ ᠮᠠᠰᠲ᠋ᠧᠷ ᠤᠨ ᠨᠡᠷ᠎ᠡ ᠪᠠᠷ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶ᠎ᠠ ᠪᠦᠭᠦᠢ ᠠᠵᠢᠯᠯᠠᠭ᠎ᠠ ᠶᠢ ᠡᠷᠬᠢᠯᠡᠵᠦ ᠪᠤᠯᠬᠤ ᠦᠬᠡᠢ᠃
      ᠠᠷᠪᠠᠨ ᠨᠠᠢᠮᠠᠳᠤᠭᠠᠷ ᠵᠦᠢᠯ  ᠶᠡᠷᠦᠩᠬᠡᠢ ᠲᠠᠭᠠᠭᠠᠴᠢᠯᠬᠠᠰᠠᠨ ᠨᠢᠬᠡᠴᠡ ᠨᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠪᠤᠰᠤᠳ ᠨᠢᠬᠡᠴᠡ ᠳᠤ ᠬᠠᠤᠯᠢ ᠶᠤᠰᠤᠭᠠᠷ ᠬᠤᠪᠢᠶᠠᠨ ᠲᠠᠭᠠᠭᠠᠴᠢᠯᠠᠭᠤᠯᠤᠨᠨᠰᠠᠨ ᠪᠤᠯ᠂ ᠬᠤᠪᠢᠶᠠᠨ ᠲᠠᠭᠠᠭᠠᠴᠢᠯᠬᠠᠰᠠᠨ ᠨᠢᠬᠡᠴᠡ ᠨᠢ ᠵᠠᠪᠠᠯ ᠬᠤᠪᠢᠶᠠᠨ ᠲᠠᠭᠠᠭᠠᠴᠢᠯᠠᠬᠤ ᠬᠡᠷ᠎ᠡ ᠶᠢᠨ ᠪᠤᠯᠵᠤᠭ᠎ᠠ ᠶᠤᠰᠤᠭᠠᠷ ᠬᠤᠪᠢᠶᠠᠨ ᠲᠠᠭᠠᠭᠠᠴᠢᠯᠬᠠᠰᠠᠨ ᠪᠠᠷᠢᠯᠭ᠎ᠠ ᠶᠢᠨ ᠢᠶᠠᠨ ᠶᠠᠰᠤ ᠴᠢᠨᠠᠷ ᠤᠨ ᠲᠠᠯ᠎ᠠ ᠪᠠᠷ ᠶᠡᠷᠦᠩᠬᠡᠢ ᠲᠠᠭᠠᠭᠠᠴᠢᠯᠬᠠᠰᠠᠨ ᠨᠢᠬᠡᠴᠡ ᠳᠤ ᠬᠠᠷᠢᠭᠤᠴᠠᠬᠤ ᠬᠡᠷᠡᠭᠳᠡᠢ᠃ ᠶᠡᠷᠦᠩᠬᠡᠢ ᠲᠠᠭᠠᠭᠠᠴᠢᠯᠬᠠᠰᠠᠨ ᠨᠢᠬᠡᠴᠡ ᠬᠢᠬᠡᠳ ᠬᠤᠪᠢᠶᠠᠨ ᠲᠠᠭᠠᠭᠠᠴᠢᠯᠬᠠᠰᠠᠨ ᠨᠢᠬᠡᠴᠡ ᠨᠢ ᠬᠤᠪᠢᠶᠠᠨ ᠲᠠᠭᠠᠭᠠᠴᠢᠯᠠᠬᠤ ᠪᠠᠷᠢᠯᠭ᠎ᠠ ᠶᠢᠨ ᠶᠠᠰᠤ ᠴᠢᠨᠠᠷ ᠲᠤ ᠲᠤᠬᠢᠷᠠᠯᠴᠠᠬᠰᠠᠨ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃
      ᠠᠷᠪᠠ ᠶᠢᠰᠦᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ᠪᠠᠷᠢᠯᠭ᠎ᠠ ᠪᠠᠷᠢᠬᠤ ᠮᠡᠷᠬᠡᠵᠢᠯ ᠤᠨ ᠪᠠᠷᠢᠮᠵᠢᠶ᠎ᠠ ᠶᠤᠰᠤᠭᠠᠷ ᠪᠠᠷᠢᠯᠭ᠎ᠠ ᠪᠠᠷᠢᠬᠤ ᠬᠡᠷᠡᠭᠳᠡᠢ᠂ ᠪᠠᠷᠢᠯᠭ᠎ᠠ ᠶᠢᠨ ᠵᠢᠷᠤᠭ ᠲᠦᠯᠦᠪᠯᠡᠭᠡ ᠶᠢ ᠲᠤᠷ᠎ᠠ ᠪᠠᠷ ᠵᠠᠰᠠᠨ ᠦᠬᠡᠷᠡᠴᠢᠯᠡᠵᠦ ᠪᠤᠯᠬᠤ ᠦᠬᠡᠢ᠂ ᠬᠠᠭᠤᠷᠮᠬᠠᠯᠠᠨ ᠬᠠᠰᠢ ᠶᠠᠰᠢ ᠪᠠᠷ ᠦᠢᠯᠡᠳᠴᠤ ᠪᠤᠯᠬᠤ ᠦᠬᠡᠢ᠃       ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠪᠠᠷᠢᠯᠭ᠎ᠠ ᠪᠠᠷᠢᠬᠤ ᠶᠠᠪᠤᠴᠠ ᠳᠤ ᠪᠠᠷᠢᠯᠭ᠎ᠠ ᠪᠠᠷᠢᠬᠤ ᠵᠢᠷᠤᠭ ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠳᠠᠬᠢ ᠲᠠᠰᠢᠶ᠎ᠠ ᠪᠤᠷᠤᠭᠤ ᠶᠢ ᠤᠯᠵᠦ ᠮᠡᠳᠡᠪᠡᠯ᠂ ᠰᠠᠨᠠᠯ ᠪᠠ ᠰᠠᠨᠠᠭᠤᠯᠭ᠎ᠠ ᠪᠠᠨ ᠵᠠᠪᠠᠯ ᠴᠠᠭ ᠲᠤᠬᠠᠢ ᠳᠤᠨᠢ ᠲᠤᠷᠠᠳᠬᠤ ᠬᠡᠷᠡᠭᠳᠡᠢ᠃
      ᠬᠤᠷᠢᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠪᠠᠷᠢᠯᠭ᠎ᠠ ᠶᠢᠨ ᠵᠢᠷᠤᠵᠦ ᠲᠦᠯᠦᠪᠯᠡᠭᠰᠡᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠮᠡᠷᠬᠡᠵᠢᠯ ᠤᠨ ᠪᠠᠷᠢᠮᠵᠢᠶ᠎ᠠ ᠪᠠ ᠬᠡᠷ᠎ᠡ ᠶᠢᠨ ᠪᠤᠯᠵᠤᠭ᠎ᠠ ᠶᠤᠰᠤᠭᠠᠷ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ᠂ ᠲᠦᠭᠦᠬᠡᠷᠦᠮᠵᠢ ᠶᠢ ᠪᠠᠶᠢᠴᠠᠭᠠᠨ ᠰᠢᠯᠭᠠᠬᠤ ᠬᠡᠷᠡᠭᠳᠡᠢ︔ ᠪᠠᠶᠢᠴᠠᠭᠠᠨ ᠰᠢᠯᠭᠠᠨᠨᠰᠠᠨ ᠦᠬᠡᠢ ᠪᠤᠶᠤ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠬᠡᠢ ᠪᠤᠯ᠂ ᠬᠡᠷᠡᠭᠯᠡᠵᠦ ᠪᠤᠯᠬᠤ ᠦᠬᠡᠢ᠃
      ᠪᠦᠳᠦᠴᠡ ᠶᠢᠨ ᠠᠮᠤᠷ ᠲᠦᠪᠰᠢᠨ ᠳᠤ ᠬᠤᠯᠪᠤᠨᠨᠳᠠᠬᠤ ᠲᠤᠷᠰᠢᠨ ᠰᠢᠯᠭᠠᠬᠤ ᠬᠡᠰᠡᠭ᠂ ᠲᠤᠷᠰᠢᠨ ᠰᠢᠯᠭᠠᠬᠤ ᠲᠤᠨᠤᠭ ᠵᠢᠴᠢ ᠬᠤᠯᠪᠤᠨᠨᠳᠠᠯ ᠪᠦᠭᠦᠢ ᠮᠠᠲ᠋ᠧᠷᠢᠶᠠᠯ ᠢ ᠪᠤᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠪᠦᠳᠦᠬᠡᠨ ᠪᠠᠶᠢᠭᠤᠯᠬᠤ ᠨᠢᠬᠡᠴᠡ ᠪᠤᠶᠤ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠶᠢᠨ ᠬᠢᠨᠠᠯᠳᠠ ᠲᠠᠯᠪᠢᠯᠳᠠ ᠲᠠᠢ ᠪᠠᠷ ᠲᠤᠬᠠᠢ ᠶᠢᠨ ᠲᠠᠯᠠᠪᠤᠷ ᠲᠤ ᠦᠯᠢᠬᠡᠷ ᠬᠡᠪ ᠠᠪᠬᠤ ᠶᠢᠨ ᠬᠠᠮᠳᠤ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠦ ᠪᠠᠶᠢᠴᠠᠭᠠᠨ ᠰᠢᠨᠵᠢᠬᠦ ᠪᠠᠶᠢᠭᠤᠯᠤᠮᠵᠢ ᠳᠤ ᠭᠦᠷᠬᠡᠵᠦ ᠪᠠᠶᠢᠴᠠᠭᠠᠨ ᠰᠢᠨᠵᠢᠬᠦᠯᠬᠦ ᠬᠡᠷᠡᠭᠳᠡᠢ᠃
      ᠬᠤᠷᠢᠨ ᠨᠢᠬᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠪᠠᠷᠢᠬᠤ ᠪᠠᠷᠢᠯᠭ᠎ᠠ ᠶᠢᠨ ᠶᠠᠰᠤ ᠴᠢᠨᠠᠷ ᠲᠤ ᠰᠢᠯᠭᠠᠨ ᠪᠠᠶᠢᠴᠠᠭᠠᠬᠤ ᠲᠦᠷᠢᠮ ᠢ ᠪᠠᠶᠢᠭᠤᠯᠬᠤ ᠪᠠ ᠪᠦᠷᠢᠨᠰᠢᠬᠦᠯᠵᠦ᠂ ᠠᠵᠢᠯ ᠤᠨ ᠲᠠᠷᠠᠭᠠᠯᠠᠯ ᠤᠨ ᠬᠠᠮᠢᠶᠠᠷᠤᠯᠳᠠ ᠶᠢ ᠴᠢᠩᠳᠠᠯᠠᠨ᠂ ᠲᠠᠯᠳᠠ ᠪᠠᠷᠢᠯᠭ᠎ᠠ ᠶᠢᠨ ᠶᠠᠰᠤ ᠴᠢᠨᠠᠷ ᠤᠨ ᠪᠠᠶᠢᠴᠠᠭᠠᠯᠳᠠ ᠪᠠ ᠲᠡᠮᠳᠡᠭᠯᠡᠯ ᠢ ᠰᠠᠶᠢᠳᠤᠷ ᠬᠢᠬᠦ ᠬᠡᠷᠡᠭᠳᠡᠢ᠃ ᠲᠠᠯᠳᠠ ᠪᠠᠷᠢᠯᠭ᠎ᠠ ᠶᠢ ᠲᠠᠯᠳᠠᠯᠠᠬᠤ ᠠᠴᠠ ᠡᠮᠤᠨ᠎ᠠ᠂ ᠪᠠᠷᠢᠯᠭ᠎ᠠ ᠪᠠᠷᠢᠬᠤ ᠨᠢᠬᠡᠴᠡ ᠨᠢ ᠪᠦᠳᠦᠬᠡᠨ ᠪᠠᠶᠢᠭᠤᠯᠬᠤ ᠨᠢᠬᠡᠴᠡ ᠪᠠ ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠳᠤ ᠵᠠᠪᠠᠯ ᠪᠢᠴᠢᠭ ᠢᠶᠠᠷ ᠮᠡᠳᠡᠭᠳᠡᠬᠦ ᠬᠡᠷᠡᠭᠳᠡᠢ᠃
      ᠬᠤᠷᠢᠨ ᠬᠤᠶᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠵᠠᠪᠠᠯ ᠭᠦᠮᠦᠵᠢᠯ ᠪᠤᠯᠪᠠᠰᠤᠷᠠᠭᠤᠯᠤᠯ ᠤᠨ ᠲᠦᠷᠢᠮ ᠢ ᠪᠠᠶᠢᠭᠤᠯᠬᠤ ᠪᠠ ᠪᠦᠷᠢᠨᠰᠢᠬᠦᠯᠬᠦ ᠬᠡᠷᠡᠭᠳᠡᠢ᠃ ᠭᠦᠮᠦᠵᠢᠬᠦᠯᠵᠦ ᠪᠤᠯᠪᠠᠰᠤᠷᠠᠭᠤᠯᠤᠨᠨᠰᠠᠨ ᠦᠬᠡᠢ ᠪᠤᠶᠤ ᠰᠢᠯᠭᠠᠵᠦ ᠬᠢᠨᠠᠯᠳᠠ ᠳᠤ ᠬᠢᠷᠢ ᠲᠡᠩᠴᠡᠭᠰᠡᠨ ᠦᠬᠡᠢ ᠪᠤᠯ᠂ ᠠᠵᠢᠯ ᠤᠨ ᠪᠠᠶᠢᠷᠢ ᠳᠤ ᠭᠠᠷᠴᠤ ᠠᠵᠢᠯᠯᠠᠵᠦ ᠪᠤᠯᠬᠤ ᠦᠬᠡᠢ᠃
      ᠤᠨᠴᠠ ᠲᠦᠷᠦᠯ ᠤᠨ ᠲᠦᠭᠦᠬᠡᠷᠦᠮᠵᠢ ᠳᠤ ᠠᠵᠢᠯᠯᠬᠠᠴᠢᠳ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠢᠨᠠᠨ ᠰᠢᠯᠭᠠᠯᠳᠠ ᠳᠤ ᠬᠢᠷᠢ ᠲᠡᠩᠴᠡᠵᠦ᠂ ᠤᠨᠴᠠ ᠲᠦᠷᠦᠯ ᠤᠨ ᠠᠵᠢᠯᠯᠬᠠᠴᠢᠳ ᠤᠨ ᠦᠨᠡᠮᠯᠡᠯ ᠢ ᠭᠠᠷᠳ᠋ᠬᠠᠰᠠᠨ ᠪᠠᠶᠢᠪᠠᠯ᠂ ᠵᠤᠬᠢᠬᠤ ᠠᠵᠢᠯ ᠪᠤᠶᠤ ᠬᠠᠮᠢᠶᠠᠷᠤᠯᠳᠠ ᠶᠢᠨ ᠠᠵᠢᠯ ᠢ ᠬᠢᠵᠦ ᠪᠤᠯᠤᠨ᠎ᠠ᠃
      ᠬᠤᠷᠢᠨ ᠭᠤᠷᠪᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠵᠠᠪᠠᠯ ᠬᠠᠤᠯᠢ ᠳᠤ ᠲᠤᠨᠨᠳ᠋ᠬᠠᠰᠠᠨ ᠨᠦᠭᠦᠴᠡᠯ ᠪᠦᠭᠦᠢ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠳᠤ ᠨᠠᠶᠢᠳᠠᠵᠦ ᠪᠠᠶᠢᠭᠠᠳ ᠬᠢᠨᠠᠨ ᠬᠠᠮᠢᠶᠠᠷᠤᠭᠤᠯᠬᠤ ᠬᠡᠷᠡᠭᠳᠡᠢ᠃ ᠤᠯᠤᠰ ᠤᠨ ᠲᠤᠨᠨᠳᠠᠭᠠᠯ ᠶᠤᠰᠤᠭᠠᠷ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠪᠠᠷ ᠬᠢᠨᠠᠨ ᠬᠠᠮᠢᠶᠠᠷᠤᠭᠤᠯᠬᠤ ᠴᠢᠬᠤᠯᠠ ᠦᠬᠡᠢ ᠪᠠᠶᠢᠬᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠠᠮᠢᠶ᠎ᠠ ᠪᠦᠭᠦᠢ ᠬᠢᠨᠠᠨ ᠬᠠᠮᠢᠶᠠᠷᠬᠤ ᠠᠵᠢᠯ ᠢ ᠪᠦᠳᠦᠬᠡᠨ ᠪᠠᠶᠢᠭᠤᠯᠬᠤ ᠨᠢᠬᠡᠴᠡ ᠨᠢ ᠬᠠᠷᠢᠭᠤᠴᠠᠬᠤ ᠬᠡᠷᠡᠭᠳᠡᠢ᠃
      ᠬᠤᠷᠢᠨ ᠲᠦᠷᠪᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ ᠵᠠᠪᠠᠯ ᠬᠠᠤᠯᠢ ᠴᠠᠭᠠᠵᠠ᠂ ᠬᠠᠤᠯᠢ ᠲᠤᠨᠨᠳᠠᠭᠠᠯ ᠵᠢᠴᠢ ᠬᠤᠯᠪᠤᠨᠨᠳᠠᠯ ᠪᠦᠭᠦᠢ ᠮᠡᠷᠬᠡᠵᠢᠯ ᠤᠨ ᠪᠠᠷᠢᠮᠵᠢᠶ᠎ᠠ᠂ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠲᠠᠭᠠᠭᠠᠴᠢᠯᠬᠠᠰᠠᠨ ᠬᠡᠷ᠎ᠡ ᠶᠤᠰᠤᠭᠠᠷ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠶᠢ ᠲᠦᠯᠦᠬᠡᠯᠡᠵᠦ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠬᠠᠮᠢᠶᠠᠷᠤᠯᠳᠠ ᠬᠡᠷᠡᠭᠵᠢᠬᠦᠯᠬᠦ ᠶᠢᠨ ᠬᠠᠮᠳᠤ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃
     ᠬᠤᠷᠢᠨ ᠲᠠᠪᠤᠳᠤᠭᠠᠷ ᠵᠦᠢᠯ  ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠩᠰᠠᠯᠠᠭᠤᠯᠤᠨᠨᠰᠠᠨ ᠬᠢᠨᠠᠨ ᠬᠠᠮᠢᠶᠠᠷᠬᠤ ᠢᠨᠵᠧᠨᠧᠷ ᠤᠨ ᠲᠠᠩᠰᠠᠯᠬᠠᠰᠠᠨ ᠠᠵᠢᠯ ᠡᠷᠬᠢᠯᠡᠬᠦ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢ ᠭᠠᠷᠳ᠋ᠬᠠᠰᠠᠨ ᠦᠬᠡᠢ ᠭᠦᠮᠦᠰ ᠨᠢ ᠲᠠᠩᠰᠠᠯᠠᠭᠤᠯᠤᠨᠨᠰᠠᠨ ᠬᠢᠨᠠᠨ ᠬᠠᠮᠢᠶᠠᠷᠬᠤ ᠢᠨᠵᠧᠨᠧᠷ ᠤᠨ ᠨᠡᠷ᠎ᠡ ᠪᠠᠷ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠤᠨᠨᠴᠢ ᠵᠢᠴᠢ ᠬᠠᠮᠢᠶ᠎ᠠ ᠪᠦᠭᠦᠢ ᠲᠤᠬᠠᠶᠢᠯᠬᠠᠰᠠᠨ ᠠᠵᠢᠯ ᠤᠨ ᠠᠵᠢᠯᠯᠠᠭ᠎ᠠ ᠬᠢᠵᠦ ᠪᠤᠯᠬᠤ ᠦᠬᠡᠢ᠃
     ᠬᠤᠷᠢᠨ ᠵᠢᠷᠭᠤᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ ᠵᠠᠪᠠᠯ ᠬᠠᠤᠯᠢ ᠳᠤ ᠲᠤᠨᠨᠳ᠋ᠬᠠᠰᠠᠨ ᠨᠦᠭᠦᠴᠡᠯ ᠲᠠᠢ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠪᠠ ᠬᠢᠨᠠᠨ ᠬᠠᠮᠢᠶᠠᠷᠬᠤ ᠢᠨᠵᠧᠨᠧᠷ ᠢ ᠰᠤᠩᠭᠤᠨ ᠲᠤᠮᠢᠯᠠᠵᠦ ᠪᠠᠶᠢᠭᠠᠳ ᠪᠠᠷᠢᠯᠭ᠎ᠠ ᠪᠠᠷᠢᠬᠤ ᠠᠬᠤᠢ ᠲᠠᠯᠠᠪᠤᠷ ᠲᠤ ᠰᠠᠭᠤᠯᠭᠠᠬᠤ ᠬᠡᠷᠡᠭᠳᠡᠢ᠃ ᠬᠢᠨᠠᠨ ᠬᠠᠮᠢᠶᠠᠷᠬᠤ ᠢᠨᠵᠧᠨᠧᠷ ᠨᠢ ᠪᠠᠷᠢᠯᠭ᠎ᠠ ᠶᠢ ᠬᠢᠨᠠᠨ ᠬᠠᠮᠢᠶᠠᠷᠬᠤ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ ᠬᠠᠵᠠᠭᠤ ᠠᠴᠠ ᠬᠢᠨᠠᠬᠤ᠂ ᠲᠤᠭᠤᠷᠢᠨ ᠪᠠᠶᠢᠴᠠᠭᠠᠬᠤ ᠪᠠ ᠵᠢᠭᠳᠡ ᠳᠤᠨᠢ ᠪᠠᠶᠢᠴᠠᠭᠠᠨ ᠰᠢᠯᠭᠠᠬᠤ ᠵᠡᠷᠬᠡ ᠬᠡᠯᠪᠡᠷᠢ ᠶᠢ ᠬᠡᠷᠡᠭᠯᠡᠵᠦ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠬᠢᠨᠠᠨ ᠬᠠᠮᠢᠶᠠᠷᠬᠤ ᠶᠢ ᠬᠡᠷᠡᠭᠵᠢᠬᠦᠯᠬᠦ ᠬᠡᠷᠡᠭᠳᠡᠢ᠃
     ᠬᠤᠷᠢᠨ ᠲᠤᠯᠤᠳᠤᠭᠠᠷ ᠵᠦᠢᠯ  ᠬᠢᠨᠠᠨ ᠬᠠᠮᠢᠶᠠᠷᠬᠤ ᠢᠨᠵᠧᠨᠧᠷ ᠢᠶᠠᠷ ᠭᠠᠷ ᠤᠨ ᠦᠰᠦᠭ ᠵᠢᠷᠤᠭᠤᠯᠤᠨᠨᠰᠠᠨ ᠦᠬᠡᠢ ᠪᠤᠯ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠶᠢ ᠪᠠᠷᠢᠯᠭ᠎ᠠ ᠳᠤ ᠬᠡᠷᠡᠭᠯᠡᠵᠦ ᠪᠤᠯᠬᠤ ᠦᠬᠡᠢ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠨᠢᠬᠡᠴᠡ ᠨᠢ ᠲᠠᠷᠠᠭᠠᠴᠢ ᠶᠢᠨ ᠠᠵᠢᠯ ᠤᠨ ᠲᠠᠷᠠᠭᠠᠯᠠᠯ ᠳᠠᠬᠢ ᠪᠠᠷᠢᠯᠭ᠎ᠠ ᠶᠢ ᠬᠢᠵᠦ ᠪᠤᠯᠬᠤ ᠦᠬᠡᠢ᠃ ᠶᠡᠷᠦᠩᠬᠡᠢ ᠬᠢᠨᠠᠨ ᠬᠠᠮᠢᠶᠠᠷᠬᠤ ᠢᠨᠵᠧᠨᠧᠷ ᠢᠶᠠᠷ ᠭᠠᠷ ᠤᠨ ᠦᠰᠦᠭ ᠵᠢᠷᠤᠭᠤᠯᠤᠨᠨᠰᠠᠨ ᠦᠬᠡᠢ ᠪᠤᠯ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠪᠠᠷᠢᠯᠭ᠎ᠠ ᠶᠢᠨ ᠵᠤᠭᠤᠰ ᠢ ᠰᠠᠯᠭᠠᠨ ᠦᠭᠴᠤ ᠪᠤᠯᠬᠤ ᠦᠬᠡᠢ᠂ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠨ ᠬᠤᠷᠢᠶᠠᠵᠦ ᠠᠪᠴᠤ ᠪᠤᠯᠬᠤ ᠦᠬᠡᠢ᠃
     ᠬᠤᠷᠢᠨ ᠨᠠᠢᠮᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠬᠡᠴᠡ ᠨᠢ ᠬᠢᠨᠠᠨ ᠬᠠᠮᠢᠶᠠᠷᠤᠭᠤᠯᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠶᠢ ᠲᠠᠭᠠᠭᠠᠴᠢᠯᠬᠠᠰᠠᠨ ᠨᠢᠬᠡᠴᠡ ᠵᠢᠴᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠬᠠᠩᠭᠠᠬᠤ ᠨᠢᠬᠡᠴᠡ ᠲᠠᠢ ᠬᠠᠷᠢᠶᠠᠯᠬᠠᠳᠠᠬᠤ ᠬᠠᠷᠢᠴᠠᠭ᠎ᠠ ᠪᠤᠶᠤ ᠪᠤᠰᠤᠳ ᠠᠰᠢᠭ ᠲᠤᠰᠠ ᠶᠢᠨ ᠬᠠᠷᠢᠴᠠᠭ᠎ᠠ ᠲᠠᠢ ᠪᠤᠯ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠬᠢᠨᠠᠨ ᠬᠠᠮᠢᠶᠠᠷᠬᠤ ᠲᠤᠬᠠᠶᠢᠯᠬᠠᠰᠠᠨ ᠠᠵᠢᠯ ᠢ ᠡᠭᠦᠷᠬᠡᠯᠡᠵᠦ ᠪᠤᠯᠬᠤ ᠦᠬᠡᠢ᠃
     ᠬᠤᠷᠢ ᠶᠢᠰᠦᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠵᠠᠪᠠᠯ ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠮᠠᠭᠠᠳᠯᠠᠨ ᠲᠤᠨᠨᠳᠠᠭᠠᠯᠳᠠ ᠳᠤ ᠬᠢᠷᠢ ᠲᠡᠩᠴᠡᠭᠰᠡᠨ ᠪᠠᠶᠢᠬᠤ ᠬᠡᠷᠡᠭᠳᠡᠢ᠃
     ᠭᠤᠴᠢᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠵᠠᠪᠠᠯ ᠮᠠᠭᠠᠳᠯᠠᠨ ᠲᠤᠨᠨᠳᠠᠭᠠᠯᠭᠠᠨᠨᠰᠠᠨ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠴᠢᠳᠠᠪᠤᠷᠢ ᠶᠢᠨ ᠢᠶᠠᠨ ᠬᠡᠪᠴᠢᠶᠡᠨ ᠲᠤᠳᠤᠷ᠎ᠠ᠂ ᠬᠠᠮᠢᠶ᠎ᠠ ᠪᠦᠭᠦᠢ ᠪᠠᠷᠢᠮᠵᠢᠶ᠎ᠠ ᠪᠤᠶᠤ ᠮᠡᠷᠬᠡᠵᠢᠯ ᠤᠨ ᠵᠢᠷᠤᠮᠵᠢᠯ ᠳᠤ ᠲᠤᠨᠨᠳᠠᠭᠠᠨᠨᠰᠠᠨ ᠲᠡᠰ ᠲᠠᠷᠠᠭᠠᠯᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠨ ᠪᠠᠶᠢᠴᠠᠭᠠᠵᠦ ᠰᠢᠯᠭᠠᠨ ᠰᠢᠨᠵᠢᠵᠦ᠂ ᠰᠢᠯᠭᠠᠨ ᠪᠠᠶᠢᠴᠠᠭᠠᠵᠦ ᠰᠢᠯᠭᠠᠨ ᠰᠢᠨᠵᠢᠭᠰᠡᠨ ᠮᠡᠳᠡᠬᠦᠯᠦᠯᠳᠡ ᠭᠠᠷᠭᠠᠵᠤ ᠦᠭᠭᠦ ᠬᠡᠷᠡᠭᠳᠡᠢ᠃ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠵᠠᠪᠠᠯ ᠰᠢᠯᠭᠠᠨ ᠪᠠᠶᠢᠴᠠᠭᠠᠵᠦ ᠰᠢᠯᠭᠠᠨ ᠰᠢᠨᠵᠢᠭᠰᠡᠨ ᠮᠡᠳᠡᠬᠦᠯᠦᠯᠳᠡ ᠶᠢᠨ ᠢᠶᠠᠨ ᠦᠨᠡᠨ ᠪᠤᠳᠠᠳᠤ ᠴᠢᠨᠠᠷ ᠪᠠ ᠤᠨᠤᠪᠴᠢᠳᠤ ᠴᠢᠨᠠᠷ ᠲᠤ ᠬᠠᠷᠢᠭᠤᠴᠠᠬᠤ ᠬᠡᠷᠡᠭᠳᠡᠢ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠠᠵᠢᠯ ᠤᠨ ᠶᠠᠪᠤᠴᠠ ᠳᠤ ᠬᠠᠤᠯᠢ ᠴᠠᠭᠠᠵᠠ᠂ ᠬᠠᠤᠯᠢ ᠲᠤᠨᠨᠳᠠᠭᠠᠯ ᠪᠠ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠠᠴᠠ ᠵᠦᠷᠢᠴᠡᠵᠦ᠂ ᠪᠤᠰᠤᠳ ᠲᠤ ᠬᠤᠬᠢᠷᠠᠯ ᠤᠴᠠᠷᠠᠭᠤᠯᠪᠠᠯ᠂ ᠵᠠᠪᠠᠯ ᠵᠤᠬᠢᠬᠤ ᠲᠦᠯᠦᠪᠦᠷᠢᠯᠡᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠬᠡᠯᠡᠬᠦ ᠬᠡᠷᠡᠭᠳᠡᠢ᠃
      ᠭᠤᠴᠢᠨ ᠨᠢᠬᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠠᠶᠢᠭᠤᠯᠤᠮᠵᠢ ᠨᠢ ᠪᠠᠶᠢᠴᠠᠭᠠᠨ ᠰᠢᠨᠵᠢᠬᠦ ᠪᠠᠷ ᠪᠠᠶᠢᠭ᠎ᠠ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠲᠦᠷᠦᠯ ᠵᠦᠢᠯ ᠯᠦᠭᠡ ᠬᠤᠯᠪᠤᠨᠨᠳᠠᠯ ᠲᠠᠢ ᠪᠦᠳᠦᠬᠡᠨ ᠪᠠᠶᠢᠭᠤᠯᠬᠤ ᠨᠢᠬᠡᠴᠡ᠂ ᠵᠢᠷᠤᠵᠦ ᠲᠦᠯᠦᠪᠯᠡᠭᠰᠡᠨ ᠨᠢᠬᠡᠴᠡ᠂ ᠪᠠᠷᠢᠯᠭ᠎ᠠ ᠪᠠᠷᠢᠬᠤ ᠨᠢᠬᠡᠴᠡ᠂ ᠬᠢᠨᠠᠨ ᠬᠠᠮᠢᠶᠠᠷᠬᠤ ᠨᠢᠬᠡᠴᠡ ᠲᠠᠢ ᠬᠠᠷᠢᠶᠠᠯᠬᠠᠳᠠᠬᠤ ᠬᠠᠷᠢᠴᠠᠭ᠎ᠠ ᠪᠤᠶᠤ ᠪᠤᠰᠤᠳ ᠠᠰᠢᠭ ᠲᠤᠰᠠ ᠶᠢᠨ ᠬᠠᠷᠢᠴᠠᠭ᠎ᠠ ᠪᠠᠶᠢᠵᠦ ᠪᠤᠯᠬᠤ ᠦᠬᠡᠢ᠃
      ᠭᠤᠴᠢᠨ ᠬᠤᠶᠠᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠨᠢ ᠶᠠᠰᠤ ᠴᠢᠨᠠᠷ ᠢ ᠪᠠᠳᠤᠯᠠᠨ ᠵᠠᠰᠠᠬᠤ ᠲᠦᠷᠢᠮ ᠢ ᠬᠡᠷᠡᠭᠵᠢᠬᠦᠯᠦᠨ᠎ᠠ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠲᠠᠭᠠᠭᠠᠴᠢᠯᠬᠠᠰᠠᠨ ᠨᠢᠬᠡᠴᠡ ᠨᠢ ᠪᠦᠳᠦᠬᠡᠨ ᠪᠠᠶᠢᠭᠤᠯᠬᠤ ᠨᠢᠬᠡᠴᠡ ᠳᠤ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠮᠡᠳᠡᠬᠦᠯᠦᠯᠳᠡ ᠲᠤᠰᠢᠶᠠᠬᠤ ᠳᠤ᠂ ᠪᠦᠳᠦᠬᠡᠨ ᠪᠠᠶᠢᠭᠤᠯᠬᠤ ᠨᠢᠬᠡᠴᠡ ᠳᠤ ᠵᠠᠪᠠᠯ ᠶᠠᠰᠤ ᠴᠢᠨᠠᠷ ᠢ ᠪᠠᠳᠤᠯᠠᠨ ᠵᠠᠰᠠᠬᠤ ᠪᠢᠴᠢᠭ ᠭᠠᠷᠭᠠᠵᠦ ᠦᠭᠭᠦ ᠬᠡᠷᠡᠭᠳᠡᠢ᠃ ᠶᠠᠰᠤ ᠴᠢᠨᠠᠷ ᠢ ᠪᠠᠳᠤᠯᠠᠨ ᠵᠠᠰᠠᠬᠤ ᠪᠢᠴᠢᠭ ᠲᠤ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠠᠬᠢ ᠪᠠᠳᠤᠯᠠᠨ ᠵᠠᠰᠠᠬᠤ ᠬᠡᠪᠴᠢᠶ᠎ᠡ᠂ ᠪᠠᠳᠤᠯᠠᠨ ᠵᠠᠰᠠᠬᠤ ᠬᠤᠭᠤᠴᠠᠭ᠎ᠠ ᠪᠠ ᠪᠠᠳᠤᠯᠠᠨ ᠵᠠᠰᠠᠬᠤ ᠬᠠᠷᠢᠭᠤᠴᠠᠯᠭ᠎ᠠ ᠵᠡᠷᠬᠡ ᠶᠢ ᠲᠤᠳᠤᠷᠬᠠᠶᠢᠯᠠᠬᠤ ᠬᠡᠷᠡᠭᠳᠡᠢ᠃
      ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠭᠠᠷᠳᠠᠮ ᠢ ᠭᠦᠢᠴᠡᠳᠬᠡᠭᠰᠡᠨ ᠤ ᠲᠠᠷᠠᠭ᠎ᠠ᠂ ᠤᠯᠤᠰ ᠤᠨ ᠲᠤᠨᠨᠳᠠᠭᠠᠨᠨᠰᠠᠨ ᠪᠠᠳᠤᠯᠠᠨ ᠵᠠᠰᠬᠠᠤ ᠬᠤᠭᠤᠴᠠᠭ᠎ᠠ ᠪᠠ ᠪᠠᠳᠤᠯᠠᠨ ᠵᠠᠰᠠᠬᠤ ᠬᠡᠪᠴᠢᠶᠡᠨ ᠲᠤᠳᠤᠷ᠎ᠠ ᠭᠠᠷᠤᠨᠨᠰᠠᠨ ᠶᠠᠰᠤ ᠴᠢᠨᠠᠷ ᠤᠨ ᠠᠰᠠᠭᠤᠳᠠᠯ ᠢ ᠪᠤᠯ᠂ ᠪᠠᠷᠢᠯᠭ᠎ᠠ ᠪᠠᠷᠢᠨᠨᠰᠠᠨ ᠨᠢᠬᠡᠴᠡ ᠨᠢ ᠰᠠᠯᠪᠢᠨ ᠵᠠᠰᠠᠬᠤ ᠶᠢ ᠬᠠᠷᠢᠭᠤᠴᠠᠬᠤ ᠬᠡᠷᠡᠭᠳᠡᠢ᠃ ᠰᠠᠯᠪᠢᠨ ᠵᠠᠰᠠᠬᠤ ᠵᠠᠷᠤᠳᠠᠯ ᠢ ᠶᠠᠰᠤ ᠴᠢᠨᠠᠷ ᠤᠨ ᠠᠰᠠᠭᠤᠳᠠᠯ ᠲᠠᠢ ᠪᠤᠯᠭᠠᠨᠨᠰᠠᠨ ᠬᠠᠷᠢᠭᠤᠴᠠᠯᠭ᠎ᠠ ᠲᠠᠢ ᠲᠠᠯ᠎ᠠ ᠠᠴᠠ ᠲᠠᠭᠠᠭᠠᠬᠤ ᠬᠡᠷᠡᠭᠳᠡᠢ᠃
     ᠭᠤᠴᠢᠨ ᠭᠤᠷᠪᠠᠳᠤᠭᠠᠷ ᠵᠦᠢᠯ  ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ ᠵᠢᠴᠢ ᠲᠦᠭᠦᠬᠡᠷᠦᠮᠵᠢ ᠶᠢᠨ ᠶᠠᠰᠤ ᠴᠢᠨᠠᠷ ᠨᠢ ᠬᠢᠷᠢ ᠲᠡᠩᠴᠡᠬᠦ ᠦᠬᠡᠢ ᠠᠴᠠ ᠪᠤᠯᠤᠨᠨᠰᠠᠨ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠳᠤ᠂ ᠪᠠᠷᠢᠯᠭ᠎ᠠ ᠪᠠᠷᠢᠨᠨᠰᠠᠨ ᠨᠢᠬᠡᠴᠡ ᠠᠴᠠ ᠬᠤᠳᠠᠯᠳᠤᠨ ᠠᠪᠤᠨᠨᠰᠠᠨ ᠪᠤᠯ᠂ ᠪᠠᠷᠢᠯᠭ᠎ᠠ ᠪᠠᠷᠢᠬᠤ ᠨᠢᠬᠡᠴᠡ ᠭᠤᠤᠯ ᠬᠠᠷᠢᠭᠤᠴᠠᠯᠭ᠎ᠠ ᠶᠢ ᠡᠭᠦᠷᠬᠡᠯᠡᠬᠦ ᠬᠡᠷᠡᠭᠳᠡᠢ︔ ᠪᠦᠳᠦᠬᠡᠨ ᠪᠠᠶᠢᠭᠤᠯᠬᠤ ᠨᠢᠬᠡᠴᠡ ᠠᠴᠠ ᠬᠤᠳᠠᠯᠳᠤᠨ ᠠᠪᠴᠤ᠂ ᠪᠠᠷᠢᠯᠭ᠎ᠠ ᠪᠠᠷᠢᠬᠤ ᠨᠢᠬᠡᠴᠡ ᠨᠢ ᠪᠢᠴᠢᠭ ᠢᠶᠠᠷ ᠤᠨᠳᠤᠤ ᠰᠠᠨᠠᠯ ᠲᠤᠷᠠᠳᠤᠨᠨᠰᠠᠨ ᠦᠬᠡᠢ ᠪᠤᠯ᠂ ᠪᠦᠳᠦᠬᠡᠨ ᠪᠠᠶᠢᠭᠤᠯᠬᠤ ᠨᠢᠬᠡᠴᠡ ᠪᠠ ᠪᠠᠷᠢᠯᠭ᠎ᠠ ᠪᠠᠷᠢᠬᠤ ᠨᠢᠬᠡᠴᠡ ᠨᠢ ᠬᠠᠮᠳᠤ ᠪᠠᠷ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ︔ ᠪᠦᠳᠦᠬᠡᠨ ᠪᠠᠶᠢᠭᠤᠯᠬᠤ ᠨᠢᠬᠡᠴᠡ ᠠᠴᠠ ᠬᠤᠳᠠᠯᠳᠤᠨ ᠠᠪᠴᠤ᠂ ᠪᠠᠷᠢᠯᠭ᠎ᠠ ᠪᠠᠷᠢᠬᠤ ᠨᠢᠬᠡᠴᠡ ᠠᠴᠠ ᠪᠢᠴᠢᠭ ᠢᠶᠠᠷ ᠤᠨᠳᠤᠤ ᠰᠠᠨᠠᠯ ᠲᠤᠷᠠᠳᠤᠨᠨᠰᠠᠨ ᠪᠤᠯᠪᠠᠴᠤ ᠪᠦᠳᠦᠬᠡᠨ ᠪᠠᠶᠢᠭᠤᠯᠬᠤ ᠨᠢᠬᠡᠴᠡ ᠨᠢ ᠲᠡᠳᠡᠬᠡᠷ ᠢ ᠬᠡᠷᠡᠭᠯᠡᠬᠦ ᠪᠠᠷ ᠪᠠᠷᠢᠮᠳᠠᠯᠬᠠᠰᠠᠨ ᠪᠤᠯ᠂ ᠪᠦᠳᠦᠬᠡᠨ ᠪᠠᠶᠢᠭᠤᠯᠬᠤ ᠨᠢᠬᠡᠴᠡ ᠨᠢ ᠭᠤᠤᠯ ᠬᠠᠷᠢᠭᠤᠴᠠᠯᠭ᠎ᠠ ᠶᠢ ᠡᠭᠦᠷᠬᠡᠯᠡᠬᠦ ᠬᠡᠷᠡᠭᠳᠡᠢ᠃
     ᠭᠤᠴᠢᠨ ᠲᠦᠷᠪᠡᠳᠦᠬᠡᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠵᠤᠬᠢᠰ ᠦᠬᠡᠢ ᠬᠡᠷᠡᠭᠯᠡᠭᠰᠡᠨ ᠪᠤᠶᠤ ᠦᠪᠡᠰᠦᠪᠡᠨ ᠵᠠᠰᠠᠵᠦ ᠦᠬᠡᠷᠡᠴᠢᠯᠡᠭᠰᠡᠨ ᠠᠴᠠ ᠪᠤᠯᠵᠦ ᠡᠪᠳᠡᠷᠡᠭᠰᠡᠨ ᠪᠠ ᠶᠠᠰᠤ ᠴᠢᠨᠠᠷ ᠤᠨ ᠬᠡᠮ ᠰᠤᠭᠤᠭ ᠭᠠᠷᠤᠨᠨᠰᠠᠨ ᠪᠤᠯ᠂ ᠬᠠᠷᠢᠭᠤᠴᠠᠯᠭ᠎ᠠ ᠲᠠᠢ ᠲᠠᠯ᠎ᠠ ᠠᠴᠠ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃
     ᠭᠤᠴᠢᠨ ᠲᠠᠪᠤᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠪᠠᠷ ᠶᠠᠰᠤ ᠴᠢᠨᠠᠷ ᠢ ᠬᠠᠷᠭᠤᠭᠤᠯᠤᠨ ᠰᠢᠯᠭᠠᠭᠤᠯᠤᠨᠨᠰᠠᠨ ᠦᠬᠡᠢ ᠪᠤᠶᠤ ᠬᠠᠷᠭᠤᠭᠤᠯᠤᠨ ᠬᠢᠨᠠᠭᠤᠯᠤᠭᠠᠳ ᠬᠢᠷᠢ ᠲᠡᠩᠴᠡᠭᠰᠡᠨ ᠦᠬᠡᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠪᠠᠷᠢᠯᠭ᠎ᠠ ᠪᠠᠷᠢᠨᠨᠰᠠᠨ ᠨᠢᠬᠡᠴᠡ ᠨᠢ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠤᠭᠤᠯᠬᠤ ᠪᠠᠷ ᠲᠤᠰᠢᠶᠠᠨ ᠦᠭᠴᠤ ᠪᠤᠯᠬᠤ ᠦᠬᠡᠢ᠂ ᠪᠦᠳᠦᠬᠡᠨ ᠪᠠᠶᠢᠭᠤᠯᠬᠤ ᠨᠢᠬᠡᠴᠡ ᠨᠢ ᠲᠤᠷᠰᠢᠵᠦ ᠦᠢᠯᠡᠳᠪᠦᠷᠢᠯᠡᠬᠦ ᠪᠤᠶᠤ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠴᠤ ᠪᠤᠯᠬᠤ ᠦᠬᠡᠢ᠃
     ᠭᠤᠴᠢᠨ ᠵᠢᠷᠭᠤᠳᠤᠭᠠᠷ ᠵᠦᠢᠯ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠨᠢᠬᠡᠴᠡ ᠨᠢ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠪᠠᠷᠢᠯᠭ᠎ᠠ ᠶᠢᠨ ᠮᠡᠳᠡᠭᠦᠯᠦᠯᠳᠡ ᠶᠢ ᠭᠠᠷᠳ᠋ᠬᠠᠰᠠᠨ ᠤ ᠲᠠᠷᠠᠭ᠎ᠠ᠂ ᠵᠠᠪᠠᠯ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ᠂ ᠪᠠᠷᠢᠯᠭ᠎ᠠ ᠪᠠᠷᠢᠨᠨᠰᠠᠨ᠂ ᠪᠠᠷᠢᠯᠭ᠎ᠠ ᠶᠢ ᠬᠢᠨᠠᠨ ᠬᠠᠮᠢᠶᠠᠷᠬᠤ ᠵᠡᠷᠬᠡ ᠬᠤᠯᠪᠤᠨᠨᠳᠠᠯ ᠪᠦᠭᠦᠢ ᠨᠢᠬᠡᠴᠡ ᠶᠢ ᠵᠤᠬᠢᠶᠠᠨ ᠪᠠᠶᠢᠭᠤᠯᠵᠦ ᠪᠠᠶᠢᠭᠠᠳ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠬᠡᠷᠡᠭᠳᠡᠢ᠃
     ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠵᠦ ᠲᠠᠭᠤᠰᠬᠠᠨᠨᠰᠠᠨ ᠪᠠᠷᠢᠯᠭ᠎ᠠ ᠶᠢ ᠰᠢᠯᠭᠠᠵᠦ ᠬᠤᠷᠢᠶᠠᠨ ᠠᠪᠬᠤ ᠳᠤ ᠵᠠᠪᠠᠯ ᠲᠤᠤᠷᠠᠬᠢ ᠨᠦᠭᠦᠴᠡᠯ ᠢ ᠪᠦᠷᠢᠯᠳᠦᠬᠦᠯᠬᠦ ᠬᠡᠷᠡᠭᠳᠡᠢ᠄
     ︵ᠨᠢᠬᠡ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠵᠢᠷᠤᠵᠦ ᠲᠦᠯᠦᠪᠯᠡᠭᠰᠡᠨ ᠪᠠ ᠬᠡᠷ᠎ᠡ ᠳᠤ ᠪᠤᠯᠵᠤᠨᠨᠰᠠᠨ ᠡᠯ᠎ᠡ ᠵᠦᠢᠯ ᠤᠨ ᠠᠭᠤᠯᠭ᠎ᠠ ᠶᠢ ᠪᠡᠶᠡᠯᠡᠬᠦᠯᠬᠦ ᠬᠡᠷᠡᠭᠳᠡᠢ︔
     ︵ᠬᠤᠶᠠᠷ︶ ᠪᠦᠷᠢᠨ ᠲᠡᠭᠦᠯᠳᠡᠷ ᠮᠡᠷᠬᠡᠵᠢᠯ ᠤᠨ ᠲᠠᠩᠰᠠ ᠡᠪᠬᠡᠮᠡᠯ ᠪᠠ ᠪᠠᠷᠢᠯᠭ᠎ᠠ ᠪᠠᠷᠢᠨᠨᠰᠠᠨ ᠬᠠᠮᠢᠶᠠᠷᠤᠯᠳᠠ ᠶᠢᠨ ᠮᠠᠲ᠋ᠧᠷᠢᠶᠠᠯ ᠪᠠᠶᠢᠬᠤ ᠬᠡᠷᠡᠭᠳᠡᠢ︔
     ︵ᠭᠤᠷᠪᠠ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠳᠤ ᠬᠡᠷᠡᠭᠯᠡᠭᠰᠡᠨ ᠭᠤᠤᠯ ᠪᠤᠯᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠤᠨᠤᠨᠨᠯᠠᠭᠠᠰᠤ ᠪᠠ ᠰᠡᠯᠪᠢᠭ ᠲᠤᠨᠤᠭ᠂ ᠲᠦᠭᠦᠬᠡᠷᠦᠮᠵᠢ ᠶᠢ ᠲᠠᠯᠠᠪᠠᠢ ᠳᠤ ᠤᠷᠤᠭᠤᠯᠬᠤ ᠲᠤᠷᠰᠢᠯᠳᠠ ᠶᠢᠨ ᠮᠡᠳᠡᠭᠦᠯᠦᠯᠳᠡ ᠪᠠᠶᠢᠬᠤ ᠬᠡᠷᠡᠭᠳᠡᠢ︔
     ︵ᠲᠦᠷᠪᠡ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠬᠠᠶᠢᠨ ᠪᠠᠶᠢᠴᠠᠭᠠᠨᠨᠰᠠᠨ᠂ ᠵᠢᠷᠤᠵᠦ ᠲᠦᠯᠦᠪᠯᠡᠭᠰᠡᠨ᠂ ᠪᠠᠷᠢᠯᠭ᠎ᠠ ᠪᠠᠷᠢᠨᠨᠰᠠᠨ᠂ ᠪᠠᠷᠢᠯᠭ᠎ᠠ ᠶᠢ ᠬᠢᠨᠠᠵᠦ ᠬᠠᠮᠢᠶᠠᠷᠬᠤ ᠵᠡᠷᠬᠡ ᠨᠢᠬᠡᠴᠡ ᠠᠴᠠ ᠲᠤᠰ ᠲᠤᠰ ᠲᠠᠭᠠᠨ ᠭᠠᠷ ᠤᠨ ᠦᠰᠦᠭ ᠵᠢᠷᠤᠨᠨᠰᠠᠨ ᠶᠠᠰᠤ ᠴᠢᠨᠠᠷ ᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠪᠠᠶᠢᠬᠤ ᠬᠡᠷᠡᠭᠳᠡᠢ︔
     ︵ᠲᠠᠪᠤ︶ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠨᠨᠰᠠᠨ ᠨᠢᠬᠡᠴᠡ ᠶᠢᠨ ᠭᠠᠷ ᠤᠨ ᠦᠰᠦᠭ ᠵᠢᠷᠤᠨᠨᠰᠠᠨ ᠶᠠᠰᠤ ᠴᠢᠨᠠᠷ ᠤᠨ ᠪᠠᠳᠤᠯᠠᠨ ᠵᠠᠰᠠᠬᠤ ᠪᠢᠴᠢᠭ ᠪᠠᠶᠢᠬᠤ ᠬᠡᠷᠡᠭᠳᠡᠢ᠃
     ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢ ᠰᠢᠯᠭᠠᠵᠦ ᠬᠤᠷᠢᠶᠠᠨ ᠠᠪᠤᠭᠠᠳ ᠬᠢᠷᠢ ᠲᠡᠩᠴᠡᠭᠰᠡᠨ ᠪᠠᠶᠢᠪᠠᠯ ᠲᠤᠰᠢᠶᠠᠨ ᠦᠭᠴᠤ ᠬᠡᠷᠡᠭᠯᠡᠬᠦᠯᠵᠦ ᠪᠤᠯᠤᠨ᠎ᠠ᠃


              ᠭᠤᠷᠪᠠᠳᠤᠭᠠᠷ ᠪᠦᠯᠦᠭ  ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ


     ᠭᠤᠴᠢᠨ ᠲᠤᠯᠤᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠵᠠᠪᠠᠯ ᠲᠤᠭᠤᠷᠢᠨ ᠬᠢᠨᠠᠬᠤ᠂ ᠰᠤᠭᠤᠴᠢᠨ ᠪᠠᠶᠢᠴᠠᠭᠠᠬᠤ ᠵᠡᠷᠬᠡ ᠠᠷᠭ᠎ᠠ ᠮᠠᠶ᠋ᠢᠭ ᠢ ᠬᠡᠷᠡᠭᠯᠡᠵᠦ᠂ ᠪᠦᠳᠦᠬᠡᠨ ᠪᠠᠶᠢᠭᠤᠯᠬᠤ᠂ ᠬᠠᠶᠢᠨ ᠪᠠᠶᠢᠴᠠᠭᠠᠵᠦ ᠵᠢᠷᠤᠵᠦ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠬᠡ ᠨᠢᠬᠡᠴᠡ ᠶᠢᠨ ᠶᠠᠰᠤ ᠴᠢᠨᠠᠷ ᠢ ᠪᠠᠳᠤᠯᠠᠬᠤ ᠰᠢᠰᠲ᠋ᠧᠮᠵᠢ ᠶᠢᠨ ᠨᠠᠶᠢᠳᠠᠪᠤᠷᠢᠵᠢᠭᠤᠯᠤᠨᠨᠰᠠᠨ ᠪᠠᠶᠢᠳᠠᠯ ᠵᠢᠴᠢ ᠪᠠᠷᠢᠯᠭ᠎ᠠ ᠪᠠᠷᠢᠨᠨᠰᠠᠨ ᠶᠠᠰᠤ ᠴᠢᠨᠠᠷ ᠲᠤ ᠬᠠᠤᠯᠢ ᠶᠤᠰᠤᠭᠠᠷ ᠬᠢᠨᠠᠯᠳᠠ ᠲᠠᠯᠪᠢᠨ ᠪᠠᠶᠢᠴᠠᠭᠠᠵᠦ᠂ ᠬᠠᠮᠢᠶ᠎ᠠ ᠪᠦᠭᠦᠢ ᠢᠯᠡᠴᠢᠯᠡᠨ ᠮᠡᠳᠡᠬᠦᠯᠬᠦ᠂ ᠵᠠᠭᠠᠯᠳᠤᠯᠭ᠎ᠠ ᠶᠢ ᠭᠦᠯᠢᠶᠠᠨ ᠠᠪᠬᠤ ᠶᠢᠨ ᠬᠠᠮᠳᠤ ᠴᠠᠭ ᠲᠤᠬᠠᠢ ᠳᠤᠨᠢ ᠰᠶᠢᠳᠪᠦᠷᠢᠯᠡᠨ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠪᠠ ᠤᠯᠤᠰ ᠤᠨ ᠬᠤᠯᠪᠤᠨᠨᠳᠠᠯ ᠪᠦᠭᠦᠢ ᠪᠠᠷᠢᠮᠵᠢᠶ᠎ᠠ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠶᠢᠳᠪᠦᠷᠢᠯᠡᠬᠦ ᠬᠡᠷᠡᠭᠳᠡᠢ᠃
      ᠭᠤᠴᠢᠨ ᠨᠠᠢᠮᠠᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ᠂ ᠲᠤᠤᠷᠠᠬᠢ ᠠᠷᠭ᠎ᠠ ᠬᠡᠮᠵᠢᠶ᠎ᠡ ᠶᠢ ᠬᠡᠷᠡᠭᠯᠡᠵᠦ ᠪᠤᠯᠤᠨ᠎ᠠ᠄
      ︵ᠨᠢᠬᠡ︶ ᠪᠠᠶᠢᠴᠠᠭᠠᠨᠨᠳᠠᠬᠤ ᠨᠢᠬᠡᠴᠡ ᠶᠢᠨ ᠪᠠᠷᠢᠯᠭ᠎ᠠ ᠪᠠᠷᠢᠬᠤ ᠠᠬᠤᠢ ᠲᠠᠯᠠᠪᠤᠷ ᠪᠠ ᠪᠤᠰᠤᠳ ᠠᠵᠢᠯ ᠤᠨ ᠲᠠᠯᠠᠪᠤᠷ ᠭᠠᠵᠠᠷ ᠲᠤ ᠭᠦᠷᠴᠤ ᠪᠠᠶᠢᠴᠠᠭᠠᠨ᠎ᠠ︔
      ︵ᠬᠤᠶᠠᠷ︶ ᠪᠠᠶᠢᠴᠠᠭᠠᠨᠨᠳᠠᠬᠤ ᠨᠢᠬᠡᠴᠡ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠤᠯᠪᠤᠨᠨᠳᠠᠬᠤ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢᠶᠠᠨ ᠬᠠᠩᠭᠠᠵᠦ ᠦᠭᠭᠦ ᠶᠢ ᠱᠠᠭᠠᠷᠳᠠᠨ᠎ᠠ︔
      ︵ᠭᠤᠷᠪᠠ︶ ᠪᠠᠶᠢᠴᠠᠭᠠᠨᠨᠳᠠᠬᠤ ᠨᠢᠬᠡᠴᠡ ᠳᠤ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠪᠠ ᠤᠯᠤᠰ ᠤᠨ ᠬᠤᠯᠪᠤᠨᠨᠳᠠᠯ ᠪᠦᠬᠦᠢ ᠪᠠᠷᠢᠮᠵᠢᠶ᠎ᠠ ᠠᠴᠠ ᠵᠦᠷᠢᠴᠡᠭᠰᠡᠨ ᠠᠵᠢᠯᠯᠠᠭ᠎ᠠ ᠪᠠᠨ ᠲᠠᠷᠦ᠋ᠢᠬᠠᠨ ᠵᠤᠨᠨᠰᠤᠭᠠᠯᠭᠠᠬᠤ ᠪᠠᠷ ᠵᠠᠷᠯᠢᠨᠨᠳᠠᠵᠦ᠂ ᠶᠠᠰᠤ ᠴᠢᠨᠠᠷ ᠤᠨ ᠬᠠᠮᠢᠶᠠᠷᠤᠯᠳᠠ ᠶᠢᠨ ᠠᠵᠢᠯ ᠢ ᠨᠢ ᠬᠠᠯᠠᠨ ᠰᠠᠶᠢᠵᠢᠷᠠᠭᠤᠯᠤᠨ᠎ᠠ᠃
      ᠭᠤᠴᠢ ᠶᠢᠰᠦᠳᠦᠬᠡᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ᠂ ᠪᠠᠶᠢᠴᠠᠭᠠᠨᠨᠳᠠᠬᠤ ᠨᠢᠬᠡᠴᠡ ᠨᠢ ᠵᠠᠪᠠᠯ ᠬᠠᠮᠵᠢᠯᠴᠠᠵᠦ᠂ ᠬᠤᠯᠪᠤᠨᠨᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ ᠦᠨᠡᠨ ᠪᠤᠳᠠᠳᠠᠢ ᠪᠠᠷ ᠬᠠᠩᠭᠠᠬᠤ ᠶᠢᠨ ᠬᠠᠮᠳᠤ᠂ ᠴᠢᠯᠠᠭᠤᠨ ᠲᠤᠰᠤ ᠬᠢᠮᠢ ᠶᠢᠨ ᠪᠠᠷᠢᠯᠭ᠎ᠠ ᠶᠢᠨ ᠶᠠᠰᠤ ᠴᠢᠨᠠᠷ ᠲᠤ ᠤᠷᠤᠰᠢᠵᠦ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠶᠠᠰᠤ ᠴᠢᠨᠠᠷ ᠤᠨ ᠠᠮᠤᠷ ᠲᠦᠪᠰᠢᠨ ᠤ ᠬᠡᠮ ᠰᠤᠭᠤᠭ ᠢ ᠠᠷᠢᠯᠭᠠᠬᠤ ᠬᠡᠷᠡᠭᠳᠡᠢ᠃
     ᠲᠦᠴᠢᠳᠦᠬᠡᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠶᠢᠨ ᠠᠵᠢᠯᠳᠠᠳ ᠨᠢ ᠬᠢᠨᠠᠯᠳᠠ ᠲᠠᠯᠪᠢᠵᠦ ᠪᠠᠶᠢᠴᠠᠭᠠᠬᠤ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠬᠦ ᠳᠤ ᠤᠶᠢᠯᠠᠭᠠᠵᠦ ᠮᠡᠳᠡᠭᠰᠡᠨ ᠤᠯᠤᠰ ᠤᠨ ᠨᠢᠭᠤᠴᠠ ᠪᠠ ᠬᠤᠳᠠᠯᠳᠤᠭᠠᠨ ᠤ ᠨᠢᠭᠤᠴᠠ ᠢ ᠵᠠᠪᠠᠯ ᠬᠠᠮᠠᠭᠠᠯᠠᠬᠤ ᠬᠡᠷᠡᠭᠳᠡᠢ᠃


           ᠲᠦᠷᠪᠡᠳᠦᠬᠡᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ


      ᠲᠦᠴᠢᠨ ᠨᠢᠬᠡᠳᠦᠬᠡᠷ ᠵᠦᠢᠯ  ᠲᠤᠰ ᠠᠷᠭ᠎ᠠ ᠶᠢᠨ ᠶᠢᠰᠦᠳᠦᠬᠡᠷ ᠵᠦᠢᠯ᠂ ᠠᠷᠪᠠᠳᠤᠭᠠᠷ ᠵᠦᠢᠯ ᠤᠨ ᠨᠢᠬᠡᠳᠦᠬᠡᠷ ᠵᠤᠷᠪᠤᠰ᠂ ᠠᠷᠪᠠᠨ ᠬᠤᠶᠠᠳᠤᠭᠠᠷ ᠵᠦᠢᠯ᠂ ᠠᠷᠪᠠᠨ ᠲᠦᠷᠪᠡᠳᠦᠬᠡᠷ ᠵᠦᠢᠯ ᠤᠨ ᠬᠤᠶᠠᠳᠤᠭᠠᠷ ᠵᠤᠷᠪᠤᠰ᠂ ᠠᠷᠪᠠᠨ ᠲᠤᠯᠤᠳᠤᠭᠠᠷ ᠵᠦᠢᠯ᠂ ᠠᠷᠪᠠ ᠶᠢᠰᠦᠳᠦᠬᠡᠷ ᠵᠦᠢᠯ ᠤᠨ ᠨᠢᠬᠡᠳᠦᠬᠡᠷ ᠵᠤᠷᠪᠤᠰ᠂ ᠬᠤᠷᠢᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ᠂ ᠭᠤᠴᠢᠳᠤᠭᠠᠷ ᠵᠦᠢᠯ ᠤᠨ ᠨᠢᠬᠡᠳᠦᠬᠡᠷ ᠵᠤᠷᠪᠤᠰ᠂ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠤᠨᠨᠳᠠᠭᠠᠯ ᠢ ᠵᠦᠷᠢᠴᠡᠪᠡᠯ᠂ ᠦᠪᠡᠷᠳᠡᠬᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠨᠨᠳᠠᠭᠠᠯ ᠤᠨ ᠲᠤᠨᠨᠳᠠᠭᠠᠯ ᠶᠤᠰᠤᠭᠠᠷ᠂ ᠰᠢᠳᠬᠡᠨ ᠲᠤᠷᠭᠤᠭᠠᠬᠤ ᠬᠡᠷᠡᠭᠳᠡᠢ᠃
      ᠲᠦᠴᠢᠨ ᠬᠤᠶᠠᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠪᠠᠶᠢᠭᠤᠯᠤᠮᠵᠢ ᠪᠠ ᠪᠤᠰᠤᠳ ᠬᠤᠯᠪᠤᠨᠨᠳᠠᠯ ᠪᠦᠭᠦᠢ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠠᠵᠢᠯᠳᠠᠳ ᠨᠢ ᠬᠢᠨᠠᠯᠳᠠ ᠬᠠᠮᠢᠶᠠᠷᠤᠯᠳᠠ ᠶᠢᠨ ᠶᠠᠪᠤᠴᠠ ᠳᠤ ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠳᠡᠢ︔
     ︵ᠨᠢᠬᠡ︶ ᠬᠢᠨᠠᠯᠳᠠ ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠶᠢ ᠬᠠᠤᠯᠢ ᠶᠤᠰᠤᠭᠠᠷ ᠭᠦᠢᠴᠡᠳᠬᠡᠭᠰᠡᠨ ᠦᠬᠡᠢ ᠠᠴᠠ ᠪᠤᠯᠵᠦ ᠭᠦᠨᠳᠦ ᠨᠤᠴᠢᠳᠠᠢ ᠤᠷᠰᠢᠭ ᠳ᠋ᠦᠩ ᠭᠠᠷᠤᠨᠨᠰᠠᠨ︔
     ︵ᠬᠤᠶᠠᠷ︶ ᠲᠤᠬᠠᠶᠢᠳᠠᠢ ᠭᠦᠮᠦᠨ ᠤ ᠬᠡᠪ ᠤᠨ ᠦᠢᠯᠡᠳᠪᠦᠷᠢᠯᠡᠯ᠂ ᠡᠵᠡᠩᠨᠡᠯᠳᠡ ᠶᠢᠨ ᠠᠵᠢᠯᠯᠠᠭ᠎ᠠ ᠶᠢ ᠬᠠᠷᠰᠢᠯᠬᠠᠰᠠᠨ︔
     ︵ᠭᠤᠷᠪᠠ︶ ᠬᠢᠨᠠᠯᠳᠠ ᠲᠠᠯᠪᠢᠵᠦ ᠪᠠᠶᠢᠴᠠᠭᠠᠬᠤ ᠶᠠᠪᠤᠴᠠ ᠳᠤ ᠤᠶᠢᠯᠠᠭᠠᠵᠦ ᠮᠡᠳᠡᠭᠰᠡᠨ ᠤᠯᠤᠰ ᠤᠨ ᠨᠢᠭᠤᠴᠠ ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠤᠨᠨᠰᠠᠨ︔
     ︵ᠲᠦᠷᠪᠡ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠬᠠᠤᠯᠢ ᠶᠤᠰᠤ ᠶᠢ ᠵᠦᠷᠢᠴᠡᠭᠰᠡᠨ᠂ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ ᠪᠤᠰᠤᠳ ᠠᠵᠢᠯᠯᠠᠭ᠎ᠠ᠃


             ᠲᠠᠪᠤᠳᠤᠭᠠᠷ ᠪᠦᠯᠦᠭ  ᠲᠠᠭᠠᠯᠳᠤᠭᠤᠯᠤᠯ ᠲᠦᠷᠢᠮ


     ᠲᠦᠴᠢᠨ ᠭᠤᠷᠪᠠᠳᠤᠭᠠᠷ ᠵᠦᠢᠯ  ᠲᠤᠰ ᠠᠷᠭ᠎ᠠ ᠶᠢ 2018 ᠤᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ