ᠦᠪᠦᠷ ᠮᠣᠩᠭᠤᠯ ᠤᠨ ᠶᠠᠳᠠᠭᠤ ᠶᠢ ᠲᠡᠳᠬᠦᠬᠦ ᠶᠠᠳᠠᠭᠤ ᠠᠴᠠ ᠠᠩᠭᠢᠵᠢᠷᠠᠭᠤᠯᠬᠤ ᠲᠤᠬᠠᠶ ᠣᠷᠣᠨ ᠨᠤᠲᠤᠭ ᠤᠨ ᠪᠠᠷᠢᠮᠵᠢᠶ᠎ᠠ ᠨᠢ ᠬᠢᠨᠠᠨ ᠲᠣᠭᠲᠠᠭᠠᠯᠲᠠ ᠳᠤ ᠪᠠᠲᠤᠯᠠᠭᠳᠠᠪᠠ
ᠨᠡᠶᠢᠲᠡᠯᠡᠭᠰᠡᠨ ᠴᠠᠭ᠄
2018/4/12
      ᠦᠢᠷ᠎ᠠ ᠳᠤ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠣᠯᠤᠨ ᠥᠪᠥᠷ ᠮᠣᠩᠭᠤᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠭᠡᠷ ᠠᠴᠠ ᠬᠠᠮᠲᠤᠷᠠᠨ ᠲᠤᠭᠤᠷᠪᠢᠭᠰᠠᠨ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠲᠤᠬᠠᠶ ᠵᠢᠷᠤᠮᠵᠢᠯ︾ ︽ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ︾ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ︾ ︽ᠶᠠᠳᠠᠭᠤ ᠶᠢ ᠲᠡᠳᠬᠦᠬᠦ ᠲᠤᠰᠠᠯᠠᠨ ᠳᠡᠮᠵᠢᠬᠦ ᠠᠷᠭ᠎ᠠ ᠬᠡᠮᠵᠢᠶ᠎ᠡ ᠶᠢᠨ ᠵᠢᠷᠤᠮᠵᠢᠯ︾᠂ ︽ᠺᠠᠳ᠋ᠷᠴᠤᠳ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠵᠢᠷᠤᠮᠵᠢᠯ︾ ︽ᠶᠠᠳᠠᠭᠤ ᠶᠢᠨ ᠠᠩᠬᠢᠵᠢᠷᠠᠭᠤᠯᠤᠯᠲᠠ ᠠᠴᠠ ᠤᠬᠤᠷᠢᠨ ᠭᠠᠷᠬᠤ ᠬᠠᠮᠢᠶᠠᠷᠤᠯᠲᠠ ᠶᠢᠨ ᠵᠢᠷᠤᠮᠵᠢᠯ︾᠂ ︽ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠦᠨᠡᠯᠡᠨ ᠵᠢᠱᠢᠬᠦ ᠵᠢᠷᠤᠮᠵᠢᠯ︾ ︽ᠶᠠᠳᠠᠭᠤ ᠶᠢ ᠲᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠢᠨᠠᠨ ᠲᠣᠭᠲᠠᠭᠠᠬᠤ ᠬᠤᠷᠠᠯ ᠬᠤᠷᠠᠯᠳᠤᠵᠠᠶ᠃      ᠲᠤᠰᠬᠠᠶ ᠮᠡᠷᠭᠡᠵᠢᠯᠲᠡᠳ ᠶᠠᠷᠢᠯᠴᠠᠬᠤ ᠪᠠᠷ ᠳᠠᠮᠵᠢᠭᠠᠳ᠄ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠰᠡᠳᠦᠪ  ᠲᠤᠭᠲᠠᠭᠠᠯᠲᠠ ᠨᠢ ᠣᠨᠣᠪᠴᠢᠲᠠᠶ᠂ ᠠᠭᠤᠯᠭ᠎ᠠ ᠨᠢ ᠰᠢᠨᠵᠢᠯᠡᠬᠦ ᠤᠬᠠᠭᠠᠨᠴᠢ ᠪᠦᠭᠡᠳ ᠬᠡᠷᠡᠭᠵᠢᠬᠦᠯᠬᠦ ᠪᠣᠯᠤᠮᠵᠢᠲᠤ ᠴᠢᠨᠠᠷ ᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠶᠠᠳᠠᠭᠤ ᠶᠢ ᠲᠡᠳᠬᠦᠬᠦ ᠠᠵᠢᠯ ᠤᠨ ᠪᠤᠳᠠᠲᠠᠢ ᠲᠠᠢ ᠨᠡᠶᠢᠴᠡᠵᠤ᠂ ᠶᠠᠳᠠᠭᠤ ᠶᠢ ᠲᠡᠳᠬᠦᠬᠦ ᠠᠵᠢᠯ ᠢ ᠵᠢᠷᠤᠮᠵᠢᠭᠤᠯᠬᠤ ᠪᠠ ᠶᠠᠳᠠᠭᠤ ᠶᠢ ᠲᠡᠳᠬᠦᠬᠦ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠎ ᠲᠠᠢ ᠶᠤᠮ ᠬᠡᠵᠤ ᠦᠵᠡᠭᠰᠡᠨ ᠪᠦᠭᠡᠳ ︽ᠶᠠᠳᠠᠭᠤ ᠬᠦᠴᠢᠷᠳᠡᠯᠲᠡᠶ ᠲᠡᠳᠭᠦᠭᠦᠯᠦᠭᠰᠡᠳ ᠢ ᠢᠯᠭᠠᠬᠤ ᠵᠢᠷᠤᠮᠵᠢᠯ︾ ᠵᠡᠷᠭᠡ 8 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠢᠨᠠᠨ ᠲᠣᠭᠲᠠᠭᠠᠯᠲᠠ ᠶᠢ  ᠰᠠᠨᠠᠯ ᠨᠢᠭᠡᠲᠠᠢ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号