2013—2017 ᠣᠨ ᠪᠣᠯᠲᠠᠯ᠎ᠠ᠂ ᠮᠠᠨ ᠤ ᠣᠷᠣᠨ ᠨᠡᠶᠢᠳᠡ 5003 ᠲᠦᠮᠡᠨ ᠮᠦ ᠣᠶᠢᠵᠢᠭᠤᠯᠵᠦ᠂ | ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠨᠡᠶᠢᠳᠡ 5454 ᠲᠦᠮᠡᠨ ᠬᠥᠮᠦᠨ ᠤᠳᠠᠭ᠎ᠠ ᠣᠷᠣᠯᠴᠠᠵᠦ᠂ | ᠨᠡᠶᠢᠲᠡ 3.25 ᠳ᠋ᠦᠩᠰᠢᠭᠤᠷ ᠰᠠᠭᠤᠷᠢ ᠮᠣᠳᠣ ᠲᠠᠷᠢᠪᠠ᠃ | 5 ᠵᠢᠯ ᠤᠨ ᠲᠤᠷᠰᠢ᠂ ᠮᠠᠨ ᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠠᠯᠪᠠᠨ | ᠵᠢᠷᠤᠮ ᠤᠨ ᠮᠣᠳᠣ ᠲᠠᠷᠢᠬᠤ ᠵᠡᠷᠭᠡ ᠠᠵᠢᠯ ᠢ ᠲᠦᠷᠭᠡᠨ ᠠᠬᠢᠭᠤᠯᠵᠤ᠂ ᠤᠳᠤᠷᠢᠳᠬᠤ ᠺᠠᠳ᠋ᠷ ᠤᠨ ᠲᠤᠰᠢᠶᠠᠯ ᠳᠤ | ᠪᠠᠶᠢᠭ᠎ᠠ ᠬᠤᠭᠤᠴᠠᠭᠠᠨ ᠤ ᠨᠣᠭᠤᠭᠠᠷᠠᠭᠤᠯᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠨᠢᠭᠡᠳᠦᠭᠡᠷ ᠭᠠᠷ | ᠬᠠᠷᠢᠭᠤᠴᠠᠬᠤ ᠲᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠵᠣᠬᠢᠶᠠᠨ ᠪᠠᠶᠢᠭᠤᠯᠵᠤ ᠪᠠᠶᠢᠭᠠᠳ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠭᠤᠯᠵᠤ᠂ ᠤᠯᠠᠨ ᠶᠠᠩᠵᠤ ᠬᠡᠯᠪᠡᠷᠢ ᠶᠢᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃ | ᠡᠭᠦᠨ ᠤ ᠬᠠᠮᠲᠤ᠂ ᠪᠥᠬᠦ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠣᠭᠤᠭᠠᠷᠠᠭᠤᠯᠬᠤ ᠠᠵᠢᠯ | ᠤᠨ ᠬᠤᠪᠢᠶᠠᠨ ᠬᠠᠷᠢᠭᠤᠴᠠᠬᠤ ᠳᠦᠷᠢᠮ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠠᠵᠢᠯ ᠢ ᠢᠳᠡᠪᠬᠢᠲᠡᠶ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠤᠳᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠮᠠᠨ ᠤ ᠣᠷᠣᠨ ᠤ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠨ ᠭᠠᠵᠠᠷ ᠲᠡᠯᠡᠪᠡᠢ ᠶᠢ 19.7 ᠲᠡᠭᠰᠢ ᠳᠥᠷᠪᠡᠯᠵᠢᠨ ᠮᠧᠲᠷ ᠪᠣᠯᠲᠠᠯ᠎ᠠ ᠨᠡᠮᠡᠭᠳᠡᠭᠦᠯᠪᠡ︔ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠯᠤᠰ ᠤᠨ ᠪᠡᠯᠴᠢᠭᠡᠷᠯᠡᠭᠦᠯᠬᠦ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ | ᠵᠡᠷᠭᠡ ᠢᠨᠵᠧᠨᠧᠷᠢᠩ ᠤᠨ ᠲᠦᠯᠬᠢᠴᠡ ᠳᠣᠣᠷ᠎ᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠪᠥᠬᠦ ᠣᠷᠣᠨ ᠤ ᠨᠤᠲᠤᠭ | ᠪᠡᠯᠴᠢᠭᠡᠷ ᠤᠨ ᠠᠮᠢ ᠠᠬᠤᠶ ᠶᠢᠨ ᠮᠠᠭᠤᠳᠠᠯ ᠤᠨ ᠬᠠᠨᠳᠤᠰᠢ ᠶᠢ ᠶᠡᠷᠦᠩᠬᠡᠶ ᠳᠤᠨᠢ ᠬᠤᠷᠢᠭᠯᠠᠵᠤ᠂ ᠨᠤᠲᠤᠭ ᠪᠡᠯᠴᠢᠭᠡᠷ | ᠤᠨ ᠠᠮᠢ ᠠᠬᠤᠶ ᠶᠢᠨ ᠰᠡᠷᠭᠦᠭᠡᠯᠲᠡ ᠶᠢ ᠳᠡᠭᠡᠷ᠎ᠡ ᠵᠠᠭᠤᠨ ᠤ ᠨᠠᠶᠠᠭᠠᠳ ᠣᠨ ᠤ ᠳᠤᠮᠳᠠᠴᠢ ᠦᠶ᠎ᠡ ᠶᠢᠨ ᠬᠠᠮᠤᠭ ᠤᠨ | ᠰᠠᠶᠢᠨ ᠬᠡᠮᠵᠢᠶ᠎ᠡ ᠳᠤ ᠬᠦᠷᠭᠡᠪᠡ︔ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠢᠯ | ᠪᠦᠷᠢ ᠡᠯ᠎ᠡ ᠠᠶᠢᠮᠠᠭ ᠬᠤᠲᠠ ᠲᠠᠢ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ 5 | ᠵᠢᠯ ᠳᠤ ᠤᠰᠤ ᠶᠢ ᠬᠠᠮᠠᠭᠠᠯᠠᠬᠤ ᠤᠢ ᠶᠢ ᠨᠡᠶᠢᠳᠡ 1727 ᠲᠦᠮᠡᠨ ᠮᠦ ᠪᠠᠶᠢᠭᠤᠯᠵᠤ᠂ 4083 ᠲᠦᠮᠡᠨ ᠮᠦ | ᠬᠥᠷᠥᠰᠥ ᠰᠢᠷᠣᠶ ᠶᠢᠨ ᠢᠳᠡᠭᠳᠡᠯ ᠢ ᠵᠠᠰᠠᠪᠠ︔ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠵᠠᠷ ᠵᠦᠢ | ᠶᠢᠨ ᠣᠷᠴᠢᠨ ᠲᠣᠭᠤᠷᠢᠨ ᠢ ᠵᠠᠰᠠᠬᠤ ᠠᠷᠭ᠎ᠠ︾ ᠳᠤ ᠵᠠᠰᠠᠪᠤᠷᠢ ᠣᠷᠣᠭᠤᠯᠵᠤ᠂ 594.4 ᠲᠡᠭᠰᠢ ᠳᠥᠷᠪᠡᠯᠵᠢᠨ | ᠺᠢᠯᠣᠮᠧᠲᠷ ᠭᠠᠵᠠᠷ ᠵᠦᠢ ᠶᠢᠨ ᠣᠷᠴᠢᠨ ᠲᠣᠭᠤᠷᠢᠨ ᠢ ᠵᠠᠰᠠᠵᠠᠢ︔ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠶᠢᠨ ᠲᠢᠩᠬᠢᠮ ᠵᠠᠰᠠᠮᠠᠯ ᠵᠠᠮ ᠤᠨ ᠨᠣᠭᠤᠭᠠᠷᠠᠭᠤᠯᠤᠯᠲᠠ ᠳᠤ 22.1 ᠳ᠋ᠦᠩᠰᠢᠭᠤᠷ ᠲᠥᠭᠦᠷᠢᠭ ᠪᠡᠯᠡ | ᠣᠷᠣᠭᠤᠯᠵᠤ᠂ ᠵᠠᠰᠠᠮᠠᠯ ᠵᠠᠮ ᠤᠨ ᠨᠣᠭᠤᠭᠠᠷᠠᠭᠤᠯᠤᠯᠲᠠ ᠶᠢ ᠰᠢᠨ᠎ᠡ ᠪᠠᠷ 1.1 ᠲᠦᠮᠡᠨ ᠺᠢᠯᠣᠮᠧᠲᠷ ᠪᠡᠶᠡᠯᠡᠭᠦᠯᠵᠠᠢ᠃ | ᠡᠳᠦᠭᠡ᠂ ᠪᠦᠬᠦ ᠣᠷᠣᠨ ᠳᠤ ᠳᠠᠷᠢᠵᠦ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ | ᠨᠣᠭᠤᠭᠠᠷᠠᠭᠤᠯᠳᠠ ᠶᠢ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠪᠣᠢ ᠪᠣᠯᠵᠤ᠂ ᠣᠶ ᠰᠢᠭᠤᠶ ᠶᠢᠨ ᠲᠠᠯᠠᠪᠠᠶ 3. | 73 ᠳ᠋ᠦᠩᠰᠢᠭᠤᠷ ᠮᠥ ᠳᠤ ᠬᠦᠷᠴᠦ᠂ ᠪᠦᠬᠦ ᠤᠯᠤᠰ ᠲᠤ ᠣᠷᠣᠶᠢᠯᠠᠪᠠ︔ ᠤᠢ ᠰᠢᠭᠤᠶ ᠶᠢᠨ ᠪᠦᠷᠬᠦᠴᠡ ᠶᠢᠨ | ᠨᠤᠷᠮ᠎ᠠ 21.5% ᠳᠤ ᠬᠦᠷᠴᠦ᠂ ᠤᠢ ᠮᠣᠳᠣ ᠶᠢᠨ ᠨᠣᠭᠤᠭᠠᠷᠠᠭᠤᠯᠤᠯᠲᠠ ᠶᠢᠨ ᠨᠤᠷᠮ᠎ᠠ 23.6% ᠳᠤ ᠬᠦᠷᠴᠡᠢ᠃ | |