2017 ᠣᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠷᠴᠢᠨ ᠲᠣᠭᠤᠷᠢᠨ ᠤ ᠬᠠᠤᠯᠢ | ᠬᠡᠷᠡᠭᠵᠢᠭᠦᠯᠬᠦ ᠰᠢᠰᠲ᠋ᠧᠮ ᠤᠨ ᠬᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠨ ᠪᠠᠶᠢᠴᠠᠭᠠᠬᠤ ᠬᠠᠤᠯᠢ | ᠬᠡᠷᠡᠭᠵᠢᠭᠦᠯᠦᠯᠲᠡ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠲᠥᠪᠰᠢᠨ ᠢ ᠶᠡᠬᠡᠪᠡᠷ ᠳᠡᠭᠡᠭᠰᠢᠯᠡᠭᠦᠯᠵᠦ᠂ ᠣᠷᠴᠢᠨ | ᠲᠣᠭᠤᠷᠢᠨ ᠢ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠯ᠎ᠡ ᠵᠦᠢᠯ ᠤᠨ ᠠᠵᠢᠯ ᠨᠡᠯᠢᠶᠡᠳ ᠰᠠᠶᠢᠨ ᠦᠷ᠎ᠡ | ᠪᠦᠲᠦᠮᠵᠢ ᠤᠯᠪᠠ᠃ | ᠨᠢᠭᠡ ᠵᠢᠯ ᠤᠨ ᠲᠤᠷᠰᠢ᠂ ᠪᠥᠬᠦ ᠣᠷᠣᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 2852 | ᠬᠡᠷᠡᠭ ᠢ ᠰᠢᠢᠳᠪᠦᠷᠢᠯᠡᠵᠦ᠂ ᠰᠢᠨ᠎ᠡ ︽ᠣᠷᠴᠢᠨ ᠠᠬᠤᠶ ᠶᠢ ᠬᠠᠮᠠᠭᠠᠯᠠᠬᠤ ᠬᠠᠤᠯᠢ︾ ᠵᠢᠴᠢ 4 ᠢᠵᠢ ᠪᠦᠷᠢᠳᠦᠭᠰᠡᠨ | ᠠᠷᠭ᠎ᠠ ᠳᠤ ᠲᠣᠬᠢᠷᠠᠭᠰᠠᠨ ᠬᠡᠷᠡᠭ ᠢ ᠰᠢᠢᠳᠪᠦᠷᠢᠯᠡᠭᠰᠡᠨ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ | ᠰᠡᠵᠢᠭᠯᠡᠯᠲᠡᠶ 541 ᠶᠠᠯᠠᠲᠤ ᠬᠡᠷᠡᠭ ᠢ ᠰᠢᠯᠵᠢᠭᠦᠯᠦᠨ ᠬᠦᠷᠭᠡᠪᠡ᠃ ᠣᠷᠴᠢᠨ ᠲᠣᠭᠤᠷᠢᠨ ᠢ ᠬᠠᠮᠠᠭᠠᠯᠠᠬᠤ ᠬᠠᠤᠯᠢ | ᠬᠡᠷᠡᠭᠵᠢᠭᠦᠯᠬᠦ ᠰᠤᠷᠭᠠᠭᠤᠯᠢᠯᠠᠯ ᠬᠢᠬᠦ ᠠᠵᠢᠯᠯᠠᠭ᠎ᠠ ᠶᠢᠨ ᠬᠤᠭᠤᠴᠠᠭᠠᠨ ᠳᠤ᠂ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ 2180 ᠬᠡᠷᠡᠭ ᠢ ᠪᠠᠶᠢᠴᠠᠭᠠᠨ ᠰᠢᠶᠳᠪᠦᠷᠢᠯᠡᠵᠦ᠂ 393 ᠬᠦᠨᠳᠦ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠪᠡ᠃ 12369 ᠬᠠᠯᠠᠮᠰᠢᠯ ᠤᠲᠠᠰᠤ ᠪᠠ ᠸᠢᠴᠠᠲ ᠤᠨ ᠲᠠᠪᠴᠠᠩ ᠤᠨ ᠢᠯᠡᠴᠢᠯᠡᠨ ᠮᠡᠳᠡᠭᠦᠯᠦᠭᠰᠡᠨ | 5378 ᠬᠡᠷᠡᠭ ᠢ ᠰᠢᠢᠳᠪᠦᠷᠢᠯᠡᠵᠡᠢ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ 91 ᠠᠵᠤ | ᠠᠬᠤᠶᠢᠯᠠᠯ᠂ ᠲᠦᠩᠯᠢᠶᠣᠣ ᠬᠤᠲᠠ ᠶᠢᠨ5 ᠠᠵᠤ ᠠᠬᠤᠶᠢᠯᠠᠯ ᠪᠣᠯᠤᠨ ᠠᠯᠠᠱᠠ ᠠᠶᠢᠮᠠᠭ ᠤᠨ 2 ᠠᠵᠤ ᠠᠬᠤᠶᠢᠯᠠᠯ ᠢ | ᠴᠦᠮ ᠨᠡᠷᠡᠯᠡᠨ ᠵᠢᠭᠠᠵᠤ ᠰᠢᠮᠳᠠᠭᠤᠯᠤᠨ ᠰᠢᠢᠳᠪᠦᠷᠢᠯᠡᠬᠦ ᠶᠢ ᠨᠢ ᠵᠣᠭᠰᠣᠭᠠᠪᠠ᠃ ᠪᠦᠬᠦ ᠵᠢᠯ ᠳᠤ ᠣᠷᠴᠢᠨ | ᠲᠣᠭᠤᠷᠢᠨ ᠤ ᠭᠡᠨᠡᠳᠲᠡ ᠤᠨ ᠬᠡᠷᠡᠭ ᠢ ᠪᠠᠴᠢᠮ ᠠᠷᠭᠠᠴᠠᠬᠤ ᠰᠣᠷᠢᠯᠲᠠ ᠶᠢ 128 ᠤᠳᠠᠭ᠎ᠠ ᠦᠷᠨᠢᠭᠦᠯᠦᠨ᠂ ᠬᠦᠨᠳᠦ | ᠶᠡᠭᠡ ᠠᠴᠠ ᠳᠡᠭᠡᠭᠰᠢᠬᠢ ᠲᠠᠰ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠭᠠᠷᠤᠭᠰᠠᠨ ᠦᠭᠡᠢ ᠶᠤᠮ᠃ ︽ | ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ | ᠲᠥᠯᠥᠪᠯᠡᠭᠡ ︾ ᠶᠢ ᠡᠬᠢᠯᠡᠭᠦᠯᠦᠨ ᠬᠡᠷᠡᠭᠵᠢᠭᠦᠯᠵᠦ᠂ ᠪᠤᠯᠤᠳ ᠲᠡᠮᠦᠷ᠂ ᠨᠡᠭᠦᠷᠡᠰᠦ ᠵᠡᠷᠭᠡ ᠨᠠᠢᠮᠠᠨ ᠠᠵᠢᠯ | ᠲᠦᠷᠦᠯ ᠤᠨ 1077 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠶᠢ ᠪᠦᠬᠦ ᠲᠠᠯ᠎ᠠ ᠪᠠᠷ | ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠪᠡ᠃ |