ᠡᠨᠡ ᠵᠢᠯ ᠳᠤ᠂ ᠪᠦᠬᠦ ᠣᠷᠣᠨ ᠡᠷᠡᠭᠦᠯ ᠡᠩᠭᠡ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠠᠬᠢᠭᠤᠯᠵᠤ᠂ ᠪᠦᠬᠦ ᠠᠷᠠᠳ ᠤᠨ ᠡᠷᠡᠭᠦᠯ ᠮᠡᠨᠳᠥ ᠶᠢᠨ ᠪᠠᠲᠤᠯᠠᠭ᠎ᠠ ᠶᠢᠨ ᠢᠨᠵᠧᠨᠧᠷᠢᠩ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠪᠠᠷ ᠪᠤᠢ᠃ ᠪᠦᠬᠦ ᠣᠷᠣᠨ ᠢᠶᠠᠷ ᠢᠶᠠᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠬᠦᠷᠢᠶᠡᠨ ᠤ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠠᠰᠠᠭᠤᠳᠠᠯ ᠢ ᠰᠢᠶᠳᠪᠦᠷᠢᠯᠡᠬᠦ ᠶᠠᠪᠤᠳᠠᠯ ᠢᠶᠠᠷ | ᠭᠤᠣᠯᠳᠠᠯᠭ᠎ᠠ ᠪᠣᠯᠭᠠᠨ᠂ ᠴᠢᠨᠠᠷ ᠰᠠᠶᠢᠲᠠᠶ ᠪᠦᠭᠡᠳ ᠦᠷ᠎ᠡ ᠠᠰᠢᠭ ᠶᠡᠬᠡᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠦᠬᠦ ᠠᠷᠠᠳ ᠤᠨ ᠡᠷᠡᠭᠦᠯ ᠮᠡᠨᠳᠥ ᠶᠢᠨ ᠪᠠᠲᠤᠯᠠᠭ᠎ᠠ ᠶᠢᠨ | ᠢᠨᠵᠧᠨᠧᠷᠢᠩ ᠢ ᠨᠠᠶᠢᠳᠠᠪᠤᠷᠢᠵᠢᠭᠤᠯᠬᠤ ᠪᠤᠯᠤᠨ᠎ᠠ᠃ ᠤᠯᠤᠰ ᠤᠨ ︽ᠪᠦᠬᠦ ᠠᠷᠠᠳ ᠤᠨ ᠡᠷᠡᠭᠦᠯ ᠮᠡᠨᠳᠥ ᠶᠢᠨ | ᠪᠠᠲᠤᠯᠠᠭ᠎ᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ 8 ᠲᠥᠷᠥᠯ | ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠯᠤᠭ᠎ᠠ ᠬᠠᠮᠵᠢᠯᠴᠠᠨ 2018 ᠣᠨ ᠤ ᠲᠥᠪ ᠤᠨ ᠲᠥᠰᠦᠪ ᠤᠨ | ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠡᠯ᠎ᠡ | ᠠᠶᠢᠮᠠᠭ ᠬᠤᠳᠠ ᠶᠢ ᠰᠢᠮᠳᠠᠭᠤᠯᠤᠨ ᠲᠦᠷᠭᠡᠬᠡᠨ ᠠᠵᠢᠯ ᠡᠬᠢᠯᠡᠭᠦᠯᠵᠦ᠂ ᠠᠵᠢᠯ ᠳᠠᠭᠤᠰᠬᠠᠨ᠎ᠠ︔ ᠥᠪᠡᠷᠲᠡᠭᠡᠨ | ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠷᠢᠮᠵᠢᠶᠠᠵᠢᠭᠤᠯᠬᠤ | ᠪᠥᠳᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ︔ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠴᠢᠳᠠᠮᠵᠢ ᠶᠢ | ᠳᠡᠭᠡᠭᠰᠢᠯᠡᠭᠦᠯᠬᠦ ᠢᠨᠵᠧᠨᠧᠷᠢᠩ᠂ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠢᠨᠵᠧᠨᠧᠷᠢᠩ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠢᠨᠵᠧᠨᠧᠷᠢᠩ᠂ ᠬᠦᠴᠢᠷ | ᠲᠦᠪᠡᠭᠲᠡᠶ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠦᠳᠦᠬᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠦᠪᠯᠡᠯ ᠤᠨ ᠱᠠᠭᠠᠷᠳᠠᠯᠭ᠎ᠠ ᠶᠣᠰᠣᠭᠠᠷ᠂ ᠲᠥᠪ ᠤᠨ ᠲᠥᠷᠥᠯ ᠵᠦᠢᠯ ᠤᠨ ᠰᠢᠮᠳᠠᠭᠤᠯᠤᠨ ᠪᠠᠶᠢᠴᠠᠭᠠᠬᠤ ᠠᠵᠢᠯ ᠢ | ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠥᠪᠵᠢᠭᠦᠯᠭᠡ ᠪᠤᠯᠤᠨ | ᠪᠦᠬᠦ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠢᠨᠵᠧᠨᠧᠷᠢᠩ ᠢ ᠪᠦᠳᠤᠭᠡᠨ ᠪᠠᠶᠢᠭᠤᠯᠬᠤ | ᠲᠥᠯᠥᠪᠵᠢᠭᠦᠯᠭᠡ ᠶᠢᠨ ᠤᠷᠲᠤᠪᠲᠤᠷ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠡᠬᠢᠯᠡᠬᠦᠯᠦᠨ᠎ᠡ᠃ 2018 | ᠣᠨ ᠤ ᠡᠴᠦᠰ ᠪᠤᠯᠬᠤ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠤᠭᠰᠠᠨ 2018 | ᠣᠨ ᠤ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 50% ᠳᠤ ᠬᠦᠷᠦᠬᠦᠯᠬᠦ ᠪᠠᠷ ᠴᠢᠷᠮᠠᠶᠢᠨ᠎ᠠ︔ | 2017 ᠣᠨ ᠠᠴᠠ ᠡᠮᠦᠨᠡᠬᠢ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ 100% ᠳᠤ ᠬᠦᠷᠴᠦ᠂ | ᠠᠵᠢᠯ ᠳᠠᠭᠤᠰᠤᠭᠰᠠᠨ ᠨᠣᠷᠮ᠎ᠠ 80% ᠳᠤ ᠬᠦᠷᠴᠡᠶ᠃ |