ᠦᠪᠦᠷ ᠮᠣᠩᠭᠤᠯ ᠪᠥᠬᠦ ᠣᠷᠣᠨ ᠤ ᠠᠯᠤᠰ ᠵᠠᠶ ᠶᠢᠨ ᠡᠮᠴᠢᠯᠡᠭᠡᠨ ᠤ ᠬᠠᠮᠵᠢᠯᠴᠠᠬᠤ ᠲᠤᠤᠷ ᠢ ᠬᠦᠴᠦᠯᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2018/4/16
     4 ᠳ᠋ᠤᠭᠡᠷ ᠰᠠᠷ᠎ᠠ ᠶᠢᠨ 15᠎ ᠤ ᠡᠳᠦᠷ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠤᠰ ᠵᠠᠶ ᠶᠢᠨ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠲᠥᠪ ᠤᠨ ᠠᠵᠢᠯ ᠤᠨ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠣᠷᠣᠨ ᠣᠳᠣᠬᠠᠨ ᠳᠤ ᠪᠥᠬᠦ ᠣᠷᠣᠨ ᠤ ᠠᠯᠤᠰ ᠵᠠᠶ ᠶᠢᠨ ᠡᠮᠴᠢᠯᠡᠭᠡᠨ ᠤ ᠬᠠᠮᠵᠢᠯᠴᠠᠬᠤ ᠲᠣᠤᠷ ᠢ ᠬᠦᠴᠦᠯᠡᠨ ᠪᠠᠶᠢᠭᠤᠯᠵᠤ ᠪᠤᠢ᠃      ᠣᠶᠢᠯᠠᠭᠠᠭᠰᠠᠨ ᠢᠶᠠᠷ᠂ 2011 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠨᠢ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠯᠤᠰ ᠵᠠᠶ ᠶᠢᠨ ᠡᠮᠴᠢᠯᠡᠭᠡᠨ ᠤ ᠲᠦᠪ ᠢᠶᠠᠷ ᠰᠠᠭᠤᠷᠢ ᠪᠣᠯᠭᠠᠵᠤ᠂ ᠣᠷᠣᠨ ᠪᠦᠰᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠲᠡᠷᠡᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠪᠥᠬᠦ ᠣᠷᠣᠨ ᠤ ᠠᠯᠤᠰ ᠵᠠᠶ ᠶᠢᠨ ᠡᠮᠴᠢᠯᠡᠭᠡᠨ ᠤ ᠬᠠᠮᠵᠢᠯᠴᠠᠬᠤ ᠲᠣᠤᠷ ᠢ ᠳᠡᠰ ᠳᠠᠪᠬᠤᠷᠭ᠎ᠠ ᠪᠤᠯᠤᠨ ᠱᠠᠳᠤ ᠬᠤᠪᠢᠶᠠᠨ ᠪᠠᠶᠢᠭᠤᠯᠵᠤ᠂ ᠣᠳᠣᠬᠠᠨ ᠳᠤ ᠨᠢᠭᠡᠨᠲᠡ ᠪᠦᠬᠦ ᠣᠷᠣᠨ ᠢ ᠬᠠᠮᠤᠷᠤᠭᠰᠠᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ ᠰᠢᠶᠠᠩ ᠪᠠᠯᠭᠠᠰᠤ ᠳᠥᠷᠪᠡᠨ ᠱᠠᠲᠤᠨ ᠤ ᠠᠯᠤᠰ ᠵᠠᠶ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠬᠦᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号