| | 4 ᠳ᠋ᠦ᠋ᠭᠡᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ | ᠮᠣᠩᠭᠤᠯ ᠤᠨ ᠬᠤᠪᠢᠶᠠᠷᠢ ᠺᠣᠮᠫᠠᠨᠢ ᠶᠢᠨ ᠬᠤᠷᠠᠯᠳᠤᠭᠤᠯᠤᠭᠰᠠᠨ ︽ᠡᠭᠦᠯᠡᠨ ᠭᠡᠷᠡᠯᠯᠢᠭ ᠤᠶᠤᠨᠴᠢ ᠠᠵᠤ ᠠᠬᠤᠶᠢᠯᠠᠯ︾ | ᠤᠨ ᠦᠢᠯᠡᠳᠬᠦᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ 2018 ᠣᠨ ᠳᠤ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ 12345 ︽ᠠᠵᠤ | ᠠᠬᠤᠶᠢᠯᠠᠯ ᠤᠨ ᠡᠭᠦᠯᠡᠨ ᠳᠤ ᠭᠠᠷᠬᠤ︾ ᠲᠥᠯᠥᠪᠯᠡᠭᠡ ᠶᠢ ᠬᠡᠷᠡᠭᠵᠢᠭᠦᠯᠬᠦ ᠪᠠᠷ ᠪᠠᠶᠢᠨ᠎ᠠ᠃ ᠲᠤᠬᠠᠶᠢᠯᠠᠪᠠᠯ ᠨᠢᠭᠡ | ᠭᠤᠤᠯ ᠰᠡᠳᠦᠪ᠂ ᠬᠤᠶᠠᠷ ᠶᠡᠭᠡ ᠬᠠᠷᠠᠯᠲᠠ᠂ ᠭᠤᠷᠪᠠᠨ ᠶᠡᠭᠡ ᠣᠷᠣᠭᠤᠯᠤᠯᠲᠠ᠂ ᠳᠥᠷᠪᠡᠨ ᠶᠡᠭᠡ ᠬᠠᠷᠠᠭᠠᠯᠵᠠᠯ᠂ | ᠲᠠᠪᠤᠨ ᠶᠡᠭᠡ ᠠᠵᠢᠯᠯᠠᠭ᠎ᠠ ᠪᠣᠯᠤᠨ᠎ᠠ᠃ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ 5000 ᠲᠦᠮᠡᠨ ᠲᠦᠬᠦᠷᠢᠭ ᠤᠨ ᠪᠡᠯᠡ ᠤᠷᠤᠭᠤᠯᠤᠨ ᠡᠭᠦᠯᠡᠨ ᠰᠦᠯᠵᠢᠶᠡᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ 2000 ᠲᠦᠮᠡᠨ ᠲᠥᠭᠦᠷᠢᠭ ᠤᠨ ᠪᠡᠯᠡ | ᠤᠷᠤᠭᠤᠯᠤᠨ ᠠᠵᠤ ᠠᠬᠤᠶᠢᠯᠠᠯ ᠤᠨ ᠡᠭᠦᠯᠡᠨ ᠳᠤ ᠭᠠᠷᠬᠤ ᠲᠤᠰᠬᠠᠶ ᠵᠦᠢᠯ ᠤᠨ ᠨᠥᠬᠦᠪᠥᠷᠢ ᠶᠢᠨ ᠬᠠᠷᠠᠭᠠᠯᠵᠠᠯ ᠳᠤ | ᠬᠡᠷᠡᠭᠯᠡᠵᠦ᠂ ᠡᠭᠦᠨ ᠠᠴᠠ ᠭᠠᠳᠠᠨ᠎ᠠ ᠪᠠᠰᠠ 500 ᠲᠦᠮᠡᠨ ᠲᠥᠭᠦᠷᠢᠭ ᠤᠨ ᠪᠡᠯᠡ ᠤᠷᠤᠭᠤᠯᠤᠨ ︽ᠸᠧ ᠶᠦᠨ | ᠲᠠᠯ᠎ᠠ ᠨᠤᠲᠤᠭ ᠤᠨ ᠲᠦᠮᠡᠨ ᠭᠠᠵᠠᠷ ᠤᠨ ᠠᠶᠠᠯᠠᠯ︾ ᠤᠨ ᠠᠵᠤ ᠠᠬᠤᠶᠢᠯᠠᠯ ᠤᠨ ᠡᠭᠦᠯᠡᠨ ᠳᠤ ᠭᠠᠷᠬᠤ | ᠦᠢᠯᠡᠳᠬᠦᠨ ᠢ ᠳᠡᠯᠭᠡᠷᠡᠭᠦᠯᠬᠦ ᠳᠤ ᠬᠡᠷᠡᠭᠯᠡᠵᠦ᠂ ᠭᠤᠷᠪᠠᠨ ᠵᠦᠢᠯ ᠤᠨ ᠪᠡᠯᠡ ᠣᠷᠣᠭᠤᠯᠤᠯᠲᠠ ᠨᠢ ᠨᠡᠶᠢᠲᠡ 7500 | ᠲᠦᠮᠡᠨ ᠲᠥᠭᠦᠷᠢᠭ ᠪᠤᠯᠤᠨ᠎ᠠ᠃ ᠠᠵᠤ ᠠᠬᠤᠶᠢᠯᠠᠯ ᠡᠭᠦᠯᠡᠨ ᠳᠤ ᠭᠠᠷᠬᠤ ᠳᠤ ᠬᠤᠷᠢᠭ᠎ᠠ ᠴᠠᠭᠠᠵᠠ ᠦᠭᠡᠢ | ᠰᠦᠢᠳᠬᠡᠯ ᠦᠭᠡᠢ ᠪᠠᠷ ᠲᠤᠷᠰᠢᠨ ᠬᠡᠷᠡᠭᠯᠡᠬᠦ᠂ ᠡᠭᠦᠯᠡ ᠰᠦᠯᠵᠢᠶ᠎ᠡ ᠶᠢ ᠨᠢᠭᠡ ᠴᠤᠭᠴᠠᠵᠢᠭᠤᠯᠬᠤ ᠬᠠᠷᠠᠭᠠᠯᠵᠠᠯ᠂ ᠠᠮᠢ | ᠠᠬᠤᠶ ᠶᠢ ᠬᠠᠷᠢᠯᠴᠠᠨ ᠨᠥᠬᠦᠪᠥᠷᠢᠯᠡᠬᠦ ᠣᠨᠴᠠ ᠡᠷᠬᠡ ᠵᠢᠴᠢ ᠲᠤᠤᠷ ᠰᠦᠯᠵᠢᠶ᠎ᠡ ᠶᠢᠨ ᠵᠠᠯᠭᠠᠨ ᠣᠷᠣᠭᠤᠯᠬᠤ | ᠬᠤᠷᠳᠤᠴᠠ ᠶᠢ ᠨᠡᠮᠡᠭᠳᠡᠭᠦᠯᠬᠦ ᠵᠡᠷᠭᠡ ᠲᠦᠷᠪᠡᠨ ᠵᠦᠢᠯ ᠤᠨ ᠬᠠᠷᠠᠭᠠᠯᠵᠠᠯ ᠢ ᠡᠳ᠋ᠯᠡᠬᠦ ᠪᠤᠯᠤᠨ᠎ᠠ᠃ ᠳᠤᠮᠳᠠᠳᠤ | ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠠᠰᠠ ᠨᠢᠭᠡ ᠬᠦᠷᠢᠶᠡᠯᠡᠩ ᠨᠢᠭᠡ | ᠺᠤᠮᠫᠠᠨᠢ ᠨᠢᠭᠡ ᠰᠠᠭᠤᠷᠢᠨ ᠭᠠᠵᠠᠷ ᠪᠠᠶᠢᠭᠤᠯᠵᠤ᠂ ᠠᠵᠤ ᠠᠬᠤᠶᠢᠯᠠᠯ ᠳᠤ ᠲᠤᠰᠬᠠᠶᠢᠵᠢᠭᠰᠠᠨ ᠡᠭᠦᠯᠡᠨ ᠳᠤ ᠭᠠᠷᠬᠤ | ᠦᠢᠯᠡᠴᠢᠯᠡᠭᠡ ᠬᠠᠩᠭᠠᠬᠤ ᠪᠤᠯᠤᠨ᠎ᠠ᠃ | 2017 ᠤᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠭᠤᠯᠤᠯᠲᠠ ᠶᠢᠨ | ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠤᠯᠤᠨ ᠮᠡᠳᠡᠭᠡ | ᠵᠠᠩᠭᠢᠵᠢᠭᠤᠯᠤᠯᠲᠠ ᠶᠢᠨ ᠵᠥᠪᠯᠡᠯ ᠤᠨ ︿ᠲᠦᠮᠡᠨ ᠡᠷᠦᠬᠡ ᠠᠵᠤ ᠠᠬᠤᠶᠢᠯᠠᠯ ᠤᠨ ᠡᠭᠦᠯᠡᠨ ᠳᠤ ᠭᠠᠷᠬᠤ﹀ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ︵2018 — 2020︶︾ ᠶᠢ ᠳᠠᠷᠤᠮᠠᠯᠯᠠᠨ ᠲᠠᠷᠬᠠᠭᠠᠵᠤ᠂ ᠥᠪᠥᠷ | ᠮᠣᠩᠭᠤᠯ ᠤᠨ ᠨᠢᠭᠡᠳᠦᠮᠡᠯ ᠬᠤᠯᠪᠤᠭ᠎ᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠡᠭᠦᠯᠡᠨ | ᠭᠡᠷᠡᠯᠯᠢᠭ ᠤᠶᠤᠨᠴᠢ ᠠᠵᠤ ᠠᠬᠤᠶᠢᠯᠠᠯ︾ ᠤᠨ ᠲᠤᠰᠬᠠᠶ ᠠᠵᠢᠯᠯᠠᠭ᠎ᠠ ᠶᠢ ᠳᠠᠷᠤᠶᠢᠬᠠᠨ ᠡᠬᠢᠯᠡᠭᠦᠯᠵᠦ᠂ ᠠᠵᠤ | ᠠᠬᠤᠶᠢᠯᠠᠯ ᠤᠨ ᠡᠭᠦᠯᠡᠨ ᠳᠤ ᠭᠠᠷᠬᠤ ᠦᠢᠯᠡᠳᠬᠦᠨ ᠢ ᠰᠤᠳᠤᠯᠤᠨ ᠨᠡᠭᠡᠭᠡᠬᠦ᠂ ᠬᠠᠮᠢᠶ᠎ᠠ ᠪᠦᠬᠦᠢ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠶᠢ ᠲᠤᠭᠲᠠᠭᠠᠬᠤ ᠳᠤ ᠠᠩᠬᠠᠷᠤᠯ ᠢᠶᠠᠨ ᠬᠠᠨᠳᠤᠭᠤᠯᠵᠤ᠂ ᠡᠯ᠎ᠡ ᠱᠠᠲᠤᠨ ᠤ ᠮᠡᠷᠭᠡᠵᠢᠯᠲᠡᠨ ᠤ | ᠡᠩᠨᠡᠭᠡ ᠶᠢ ᠵᠣᠬᠢᠶᠠᠨ ᠪᠠᠶᠢᠭᠤᠯᠤᠨ᠂ ᠠᠵᠤ ᠠᠬᠤᠶᠢᠯᠠᠯ᠂ ᠬᠦᠷᠢᠶᠡᠯᠡᠩ ᠲᠤᠭᠤᠷᠢᠭ ᠲᠤ ᠭᠦᠨᠵᠡᠭᠡᠶᠢᠷᠡᠨ᠂ ᠠᠵᠤ | ᠠᠬᠤᠶᠢᠯᠠᠯ ᠤᠨ ᠡᠭᠦᠯᠡᠨ ᠳᠤ ᠭᠠᠷᠬᠤ ᠬᠠᠮᠢᠶ᠎ᠠ ᠪᠦᠬᠦᠢ ᠤᠨᠤᠯᠵᠢᠬᠤᠨ ᠪᠠ ᠮᠡᠷᠭᠡᠵᠢᠯ ᠢ ᠤᠬᠠᠭᠤᠯᠤᠨ ᠲᠠᠶᠢᠯᠪᠤᠷᠢᠯᠠᠵᠠᠢ᠃ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠨᠢ ᠬᠤᠯᠢᠮᠠᠭ ᠳᠦᠷᠢᠮ ᠤᠨ ᠥᠭᠡᠷᠡᠴᠢᠯᠡᠯᠲᠡ ᠶᠢᠨ ᠲᠠᠷᠠᠭ᠎ᠠ | ᠠᠯᠢ᠂ ᠲᠧᠩ ᠰᠢᠶᠦ᠋ᠨ ᠲᠠᠢ ᠭᠦᠨᠵᠡᠭᠡᠶ ᠬᠠᠮᠲᠤᠷᠠᠨ ᠠᠵᠢᠯᠯᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ | ᠸᠧ ᠶᠦᠨ︾ ᠨᠡᠷᠡᠲᠦ ᠳᠡᠮᠳᠡᠭᠲᠦ ᠶᠢ ᠬᠠᠮᠲᠤᠪᠠᠷ ᠪᠠᠶᠢᠭᠤᠯᠵᠤ᠂ ᠵᠠᠬ᠎ᠠ ᠳᠡᠯᠭᠡᠭᠦᠷ ᠤᠨ 60% ᠶᠢ ᠡᠵᠡᠯᠡᠬᠦ ᠨᠤᠷᠮ᠎ᠠ | ᠪᠦᠬᠦᠢ ᠠᠯᠢ ᠡᠭᠦᠯᠡ᠂ ᠲᠧᠩ ᠰᠢᠶᠦ᠋ᠨ ᠡᠭᠦᠯᠡ ᠵᠢᠴᠢ ᠦᠪᠡᠷ ᠲᠡᠭᠡᠨ ᠰᠤᠳᠤᠯᠤᠭᠰᠠᠨ 4.0 ᠢ ᠪᠠᠭᠲᠠᠭᠠᠭᠰᠠᠨ | ᠪᠦᠬᠦ ᠲᠠᠯ᠎ᠠ ᠶᠢᠨ ᠤᠯᠠᠨ ᠳᠡᠰ ᠳᠠᠪᠬᠤᠷᠭ᠎ᠠ ᠪᠦᠬᠦᠢ ᠨᠡᠶᠢᠲᠡ ᠪᠠᠷ ᠦᠮᠴᠢᠯᠡᠬᠦ ᠡᠭᠦᠯᠡᠨ ᠦᠢᠯᠡᠳᠬᠦᠨ ᠤ | ᠰᠢᠰᠲ᠋ᠧᠮᠵᠢ ᠶᠢ ᠪᠠᠶᠢᠭᠤᠯᠵᠠᠢ᠃ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠨᠢ ᠰᠠᠭᠤᠷᠢ ᠲᠣᠣᠷ ᠰᠦᠯᠵᠢᠶᠡᠨ ᠤ | ᠡᠬᠢ ᠪᠠᠶᠠᠯᠢᠭ᠂ ᠬᠠᠮᠠᠭᠠᠯᠠᠬᠤ ᠡᠩᠨᠡᠭᠡ ᠵᠡᠷᠭᠡ ᠤᠯᠠᠮᠵᠢᠯᠠᠯᠲᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠡᠭᠦᠯᠡ ᠪᠠᠷ ᠤᠷᠤᠬᠤ ᠡᠭᠦᠳᠡ ᠪᠤᠯᠭᠠᠨ᠂ ᠡᠭᠦᠯᠡ ᠰᠦᠯᠵᠢᠶ᠎ᠡ ᠶᠢ | ᠤᠶᠠᠯᠳᠤᠭᠤᠯᠵᠤ᠂ ᠡᠭᠦᠯᠡᠴᠢᠯᠡᠭᠰᠡᠨ᠂ ᠦᠷᠭᠡᠨᠴᠢᠯᠡᠭᠰᠡᠨ᠂ ᠤᠶᠤᠨᠴᠢᠯᠠᠭᠰᠠᠨ᠂ ᠨᠡᠭᠡᠭᠡᠴᠢᠯᠡᠭᠰᠡᠨ ᠡᠭᠦᠯᠡ | ᠰᠦᠯᠵᠢᠶᠡᠨ ᠤ ᠨᠢᠭᠡ ᠴᠤᠭᠴᠠᠵᠢᠭᠤᠯᠤᠭᠰᠠᠨ ᠦᠢᠯᠡᠳᠬᠦᠨ ᠢ ᠪᠠᠶᠢᠭᠤᠯᠪᠠ᠃ | ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠶᠢᠨ ᠵᠠᠰᠠᠭ | ᠵᠠᠬᠢᠷᠭ᠎ᠠ ᠪᠠ ᠠᠵᠤ ᠠᠬᠤᠶᠢᠯᠠᠯ ᠬᠡᠷᠡᠭᠯᠡᠭᠴᠢᠳ ᠤᠨ ᠬᠠᠷᠢᠭᠤᠴᠠᠯᠭᠠᠲᠠᠨ ᠤ ᠢᠯᠡᠳᠬᠡᠭᠰᠡᠨ ᠨᠢ᠂ 2018 ᠣᠨ ᠳᠤ | ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠨᠢ ᠲᠡᠷᠢᠭᠦᠨ ᠤ ᠡᠭᠦᠯᠡᠨ ᠦᠶᠯᠡᠴᠢᠯᠡᠭᠡ᠂ ᠲᠡᠷᠢᠭᠦᠨ ᠤ ᠭᠡᠷᠡᠯᠯᠢᠭ | ᠰᠦᠯᠵᠢᠶ᠎ᠡ᠂ ᠡᠭᠦᠯᠡ ᠰᠦᠯᠵᠢᠶ᠎ᠡ ᠶᠢᠨ ᠨᠢᠭᠡ ᠴᠤᠭᠴᠠᠵᠢᠭᠤᠯᠤᠯᠲᠠ ᠪᠠᠷ ᠳᠤᠮᠳᠠ ᠵᠢᠵᠢᠭ ᠠᠵᠤ ᠠᠬᠤᠶᠢᠯᠠᠯ ᠤᠨ | ᠤᠶᠤᠨᠴᠢ ᠬᠦᠭᠵᠢᠯᠲᠡ ᠳᠤ ᠲᠤᠰᠠᠯᠠᠨ᠎ᠠ︔ ᠡᠭᠦᠯᠡ ᠪᠠᠷ ᠤᠷᠤᠬᠤ ᠡᠭᠦᠳᠡ ᠪᠤᠯᠭᠠᠨ᠂ ᠡᠮᠬᠢᠯᠡᠨ ᠨᠡᠶᠢᠯᠡᠭᠦᠯᠵᠦ᠂ | ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠯᠲᠠ ᠶᠢ ᠬᠡᠷᠡᠭᠴᠡᠭᠡᠯᠡᠬᠦ | ᠦᠢᠯᠡᠳᠬᠦᠨ ᠪᠠ ᠦᠢᠯᠡᠴᠢᠯᠡᠭᠡ ᠶᠢ ᠡᠮᠬᠢᠯᠡᠨ ᠨᠡᠶᠢᠯᠡᠭᠦᠯᠦᠨ ᠬᠠᠩᠭᠠᠵᠤ᠂ ᠲᠦᠮᠡᠨ ᠡᠷᠦᠬᠡ ᠠᠵᠤ ᠠᠬᠤᠶᠢᠯᠠᠯ ᠤᠨ | ᠡᠭᠦᠯᠡᠨ ᠳᠤ ᠭᠠᠷᠬᠤ ᠳᠤ ᠲᠤᠰᠠᠯᠠᠨ᠎ᠠ ᠭᠡᠵᠡᠢ᠃ |