ᠨᠢᠳᠤᠨᠤᠨ ᠮᠠᠨ ᠤ ᠣᠷᠣᠨ ᠤ ᠶᠡᠬᠡᠩᠬᠢ ᠬᠡᠰᠡᠭ ᠲᠤ ᠥᠨᠳᠥᠷ ᠳᠤᠯᠠᠭᠠᠨ ᠬᠤᠷ᠎ᠠ ᠲᠤᠨᠳᠠᠰᠤ ᠪᠠᠭ᠎ᠠ | ᠮᠥᠷᠲᠡᠭᠡᠨ ᠭᠠᠩ ᠬᠠᠭᠤᠷᠠᠶ ᠠᠭᠤᠷ ᠠᠮᠢᠰᠬᠤᠯ ᠢᠶᠠᠷ ᠭᠤᠣᠯᠯᠠᠨ᠂ ᠳᠤᠮᠳᠠ ᠵᠡᠭᠦᠨ ᠬᠡᠰᠡᠭ ᠲᠤ ᠬᠠᠪᠤᠷ | ᠵᠤᠨ ᠵᠠᠯᠭᠠᠯᠳᠤᠨ ᠭᠠᠩ ᠬᠠᠭᠰᠠᠷᠠᠭᠠᠨ ᠪᠣᠯᠵᠤ᠂ ᠪᠠᠷᠠᠭᠤᠨ ᠬᠡᠰᠡᠭ ᠨᠢ ᠬᠠᠷᠢᠴᠠᠩᠭᠤᠶ ᠪᠠᠷ ᠨᠡᠯᠢᠶᠡᠳ ᠰᠠᠶᠢᠨ | ᠪᠠᠶᠢᠪᠠ᠃ | ᠨᠢᠳᠤᠨᠤᠨ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠬᠡᠪ ᠲᠡᠭᠡᠨ ᠬᠠᠪᠤᠷᠰᠢᠭᠰᠠᠨ ᠪᠤᠶᠤ ᠡᠷᠲᠡ | ᠰᠢᠭ ᠬᠠᠪᠤᠷᠰᠢᠵᠤ᠂ ᠭᠤᠣᠯ ᠪᠣᠯᠬᠤ ᠲᠠᠷᠢᠮᠠᠯ ᠢ ᠵᠣᠬᠢᠬᠤ ᠬᠤᠭᠤᠴᠠᠭᠠᠨ ᠳᠤᠨᠢ ᠲᠡᠷᠢᠬᠤ ᠪᠠ ᠴᠢᠬᠢᠯᠡᠬᠦ ᠳᠤᠨᠢ | ᠠᠰᠢᠭᠲᠠᠶ ᠪᠠᠶᠢᠪᠠ᠃ ᠤᠷᠭᠤᠯᠲᠠ ᠶᠢᠨ ᠤᠯᠠᠷᠢᠯ ᠳᠤ ᠬᠠᠯᠠᠭᠤᠨ ᠤ ᠬᠡᠮᠵᠢᠶ᠎ᠡ ᠨᠢ ᠪᠠᠭ᠋ᠠᠨ ᠢᠯᠡᠭᠦᠦ ᠪᠠᠶᠢᠵᠤ᠂ ᠠᠮᠢᠳᠤ | ᠪᠣᠳᠠᠰ ᠤᠨ ᠬᠡᠮᠵᠢᠶ᠎ᠡ ᠶᠢᠨ ᠬᠤᠷᠠᠮᠳᠤᠭᠤᠯᠤᠯ ᠳᠤ ᠠᠰᠢᠭᠲᠠᠶ ᠪᠠᠶᠢᠪᠠ︔ ᠬᠤᠷ᠎ᠠ ᠲᠤᠨᠳᠠᠰᠤ ᠨᠢ ᠵᠡᠭᠦᠨ ᠪᠡᠶ᠎ᠡ ᠶᠢᠨ | ᠡᠮᠦᠨᠡᠭᠦᠷ ᠬᠡᠰᠡᠭ ᠲᠤ ᠬᠡᠪ ᠤᠨ ᠪᠤᠶᠤ ᠪᠠᠭ᠋ᠠᠨ ᠢᠯᠡᠭᠦᠦ ᠰᠢᠭ ᠪᠣᠯᠵᠤ᠂ ᠨᠠᠮᠤᠷ ᠤᠨ ᠬᠤᠷᠢᠶᠠᠯᠲᠠ ᠶᠢᠨ ᠲᠠᠷᠢᠮᠠᠯ ᠤᠨ | ᠤᠷᠭᠤᠯᠲᠠ ᠳᠤ ᠠᠰᠢᠭᠲᠠᠶ ᠤᠰᠤᠨ ᠨᠥᠬᠦᠴᠡᠯ ᠢ ᠪᠦᠷᠢᠯᠳᠦᠭᠦᠯᠦᠨ ᠥᠭᠴᠥ᠂ ᠳᠤᠮᠳᠠ ᠪᠠᠷᠠᠭᠤᠨ ᠬᠡᠰᠡᠭ ᠪᠣᠯᠣᠨ | ᠵᠡᠭᠦᠨ ᠬᠤᠶᠢᠲᠤ ᠶᠢᠨ ᠶᠡᠬᠡᠩᠬᠢ ᠭᠠᠵᠠᠷ ᠲᠤ ᠬᠤᠷ᠎ᠠ ᠲᠣᠨᠣᠳᠠᠰᠤ ᠳᠤᠲᠠᠮᠠᠭ ᠪᠠᠶᠢᠵᠤ᠂ ᠱᠠᠳᠤ ᠦᠶ᠎ᠡ ᠶᠢᠨ ᠴᠢᠨᠠᠷᠲᠠᠶ | ᠭᠠᠩ ᠬᠠᠭᠰᠠᠷᠠᠭᠠᠨ ᠨᠢ ᠬᠠᠭᠤᠷᠠᠶ ᠶᠢᠨ ᠲᠠᠷᠢᠶᠠᠯᠠᠩ ᠤᠨ ᠣᠷᠣᠨ ᠤ ᠲᠠᠷᠢᠮᠠᠯ ᠤᠨ ᠬᠡᠪ ᠤᠨ ᠤᠷᠭᠤᠯᠲᠠ ᠶᠢ | ᠨᠥᠯᠥᠭᠡᠯᠡᠪᠡ︔ ᠪᠦᠬᠦ ᠣᠷᠣᠨ ᠤ ᠡᠷᠳᠡᠨᠢ ᠰᠢᠰᠢ ᠶᠢᠨ ᠳᠤᠮᠳᠠᠴᠢ ᠲᠠᠷᠢᠶᠠᠯᠠᠩ ᠤᠨ ᠠᠭᠤᠷ ᠠᠮᠢᠰᠬᠤᠯ ᠤᠨ | ᠲᠣᠬᠢᠷᠠᠮᠵᠢ ᠶᠢᠨ ᠬᠡᠮᠵᠢᠶ᠎ᠡ ᠨᠢ ᠣᠶᠢᠷ᠎ᠠ ᠶᠢᠨ 5 ᠵᠢᠯ ᠤᠨ ᠳᠤᠮᠳᠠᠴᠢ ᠬᠡᠮᠵᠢᠭᠳᠡᠯ ᠲᠠᠢ ᠣᠶᠢᠷᠠᠲᠤᠵᠤ᠂ ᠤᠷᠭᠤᠯᠲᠠ | ᠪᠣᠶᠢᠵᠢᠯᠲᠠ ᠪᠠ ᠤᠨᠠᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠶ ᠪᠣᠯᠪᠠ᠂ ᠲᠥᠮᠥᠰᠥ ᠶᠢᠨ ᠭᠤᠣᠯ | ᠭᠠᠷᠤᠯᠲᠠ ᠶᠢᠨ ᠣᠷᠣᠨ ᠤ ᠠᠭᠠᠷ ᠤᠨ ᠳᠤᠯᠠᠭᠠᠨ ᠪᠠᠭ᠋ᠠᠨ ᠥᠨᠳᠥᠷ ᠪᠣᠯᠵᠤ᠂ ᠬᠤᠷ᠎ᠠ ᠲᠣᠨᠣᠳᠠᠰᠤ ᠪᠠᠭᠠᠳᠠᠵᠤ᠂ | ᠤᠰᠤᠨ ᠤ ᠬᠠᠯᠠᠭᠤᠨ ᠤ ᠲᠣᠬᠢᠷᠠᠮᠵᠢ ᠶᠢᠨ ᠬᠡᠮᠵᠢᠶ᠎ᠡ ᠨᠢ ᠣᠶᠢᠷ᠎ᠠ ᠶᠢᠨ 5 ᠵᠢᠯ ᠤᠨ ᠳᠤᠮᠳᠠᠴᠢ ᠬᠡᠮᠵᠢᠭᠳᠡᠯ ᠠᠴᠠ | ᠳᠣᠣᠷ᠎ᠠ ᠪᠣᠯᠵᠤ᠂ ᠲᠥᠮᠥᠰᠥ ᠶᠢᠨ ᠤᠷᠭᠤᠯᠲᠠ ᠪᠤᠶᠢᠵᠢᠯᠲᠠ ᠪᠣᠯᠣᠨ ᠤᠨᠠᠯᠲᠠ ᠳᠤ ᠠᠰᠢᠭ ᠦᠭᠡᠢ ᠪᠣᠯᠪᠠ︔ ᠪᠥᠬᠦ | ᠣᠷᠣᠨ ᠤ ᠶᠡᠬᠡᠩᠬᠢ ᠬᠡᠰᠡᠭ ᠤᠨ ᠮᠠᠯᠵᠢᠬᠤ ᠣᠷᠣᠨ ᠤ ᠠᠭᠠᠷ ᠤᠨ ᠳᠤᠯᠠᠭᠠᠨ ᠪᠠᠭ᠋ᠠᠨ ᠥᠨᠳᠥᠷ ᠪᠣᠯᠵᠤ᠂ ᠬᠤᠷ᠎ᠠ | ᠲᠣᠨᠣᠳᠠᠰᠤ ᠪᠠᠭᠠᠳᠠᠵᠤ᠂ ᠲᠦᠢᠯ ᠤᠨ ᠬᠠᠯᠠᠭᠤᠨ ᠠᠭᠤᠷ ᠠᠮᠢᠰᠬᠤᠯ ᠣᠯᠠᠨᠲᠠ ᠢᠯᠡᠷᠡᠪᠡ︔ ᠪᠦᠬᠦ ᠣᠷᠣᠨ ᠳᠤ | ᠬᠠᠪᠤᠷ ᠤᠨ ᠰᠡᠭᠦᠯᠴᠢ ᠵᠤᠨ ᠤ ᠡᠬᠢ ᠪᠠᠷ ᠬᠦᠨᠳᠦ ᠨᠣᠴᠢᠲᠠᠢ ᠭᠠᠩᠳᠠᠵᠤ᠂ ᠬᠦᠨᠳᠦ ᠨᠣᠴᠢᠲᠠᠢ ᠭᠠᠩᠳᠠᠭᠰᠠᠨ ᠣᠷᠣᠨ | ᠪᠦᠰᠡ ᠨᠢ ᠪᠥᠬᠦ ᠣᠷᠣᠨ ᠤ ᠶᠡᠷᠦᠩᠬᠡᠶ ᠲᠠᠯᠠᠪᠠᠶ ᠶᠢᠨ 50% ᠠᠴᠠ ᠳᠡᠭᠡᠭᠰᠢ ᠳᠤ ᠬᠦᠷᠴᠦ᠂ ᠳᠤᠮᠳᠠ ᠵᠡᠭᠦᠨ | ᠪᠡᠶ᠎ᠡ ᠶᠢᠨ ᠬᠤᠶᠢᠲᠤ ᠬᠡᠰᠡᠭ ᠵᠢᠴᠢ ᠵᠡᠭᠦᠨ ᠬᠤᠶᠢᠲᠤ ᠬᠡᠰᠡᠭ ᠤᠨ ᠭᠠᠩ ᠬᠠᠭᠰᠠᠷᠠᠭᠠᠨ ᠨᠢ ᠪᠠᠷᠠᠭᠤᠨ ᠬᠡᠰᠡᠭ ᠠᠴᠠ | ᠬᠦᠨᠳᠦ ᠪᠠᠶᠢᠵᠤ᠂ ᠲᠠᠷᠢᠮᠠᠯ ᠪᠣᠯᠣᠨ ᠲᠡᠵᠢᠭᠡᠯ ᠡᠪᠡᠰᠦᠨ ᠤ ᠤᠷᠭᠤᠯᠲᠠ ᠶᠢ ᠬᠦᠨᠳᠦ ᠨᠣᠴᠢᠲᠠᠶ ᠨᠥᠯᠥᠭᠡᠯᠡᠪᠡ᠃ |