ᠥᠪᠥᠷ ᠮᠣᠩᠭᠤᠯ 135 ᠵᠦᠢᠯ ᠤᠨ ᠭᠠᠶᠢᠯᠢ ᠭᠦᠢᠴᠡᠳᠬᠡᠬᠦ ᠵᠦᠢᠯᠡᠰ ᠢ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ ᠪᠣᠯᠭᠠᠪᠠ
ᠨᠡᠶᠢᠲᠡᠯᠡᠭᠰᠡᠨ ᠴᠠᠭ᠄
2018/4/17
     4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ 7 ᠲᠥᠷᠥᠯ ᠤᠨ 135 ᠵᠦᠢᠯ ᠤᠨ ᠭᠠᠶᠢᠯᠢ ᠭᠦᠢᠴᠡᠳᠬᠡᠬᠦ ᠵᠦᠢᠯᠡᠰ ᠢ ᠨᠢᠭᠡ ᠯᠠ ᠤᠳᠠᠭ᠎ᠠ ᠳᠤ ᠭᠦᠢᠴᠡᠳᠬᠡᠬᠦ ᠨᠠᠷᠢᠨ ᠳᠠᠩᠰᠨ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠠᠶᠢᠯᠢ ᠲᠤᠰᠢᠶᠠᠭᠴᠢ ᠨᠠᠷᠢᠨ ᠳᠠᠩᠰᠡᠨ ᠶᠢᠨ ᠬᠡᠪᠴᠢᠶᠡᠨ ᠳᠠᠬᠢ ᠵᠦᠢᠯᠡᠰ ᠢ ᠭᠦᠢᠴᠡᠳᠬᠡᠬᠦ ᠳᠡᠭᠡᠨ᠂ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠭᠠᠷᠳᠠᠨ ᠭᠦᠢᠴᠡᠳᠬᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠶᠢᠯᠢ ᠶᠢᠨ ᠪᠠᠶᠢᠭᠤᠯᠭ᠎ᠠ ᠳᠤ ᠨᠢᠭᠡ ᠤᠳᠠᠭ᠎ᠠ ᠣᠴᠢᠪᠠᠯ ᠪᠦᠷᠢᠨ ᠭᠦᠢᠴᠡᠳᠬᠡᠵᠦ ᠪᠣᠯᠬᠤ ᠪᠣᠯᠭᠠᠵᠠᠢ᠃      ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠥᠬᠦ ᠣᠷᠣᠨ ᠤ ᠪᠣᠳᠠᠲᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ᠂ ᠭᠡᠷ ᠲᠤᠨᠢ ᠬᠦᠷᠴᠦ ᠭᠠᠶᠢᠯᠢ ᠭᠦᠢᠴᠡᠳᠬᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠱᠠᠭᠠᠷᠳᠠᠭᠰᠠᠨ ᠭᠠᠶᠢᠯᠢ ᠶᠢᠨ ᠵᠦᠢᠯᠡᠰ ᠢ ᠨᠢᠭᠡ ᠯᠠ ᠤᠳᠠᠭ᠎ᠠ ᠳᠤ ᠭᠦᠢᠴᠡᠳᠬᠡᠬᠦ ᠨᠠᠷᠢᠨ ᠳᠠᠩᠰᠡᠨ ᠳᠠᠬᠢ 5 ᠲᠥᠷᠥᠯ ᠤᠨ 105 ᠵᠦᠢᠯᠡᠰ ᠳᠡᠭᠡᠷ᠎ᠡ ᠨᠡᠮᠡᠯᠲᠡ ᠣᠷᠣᠭᠤᠯᠵᠤ᠂ ᠨᠠᠷᠢᠯᠢᠬᠵᠢᠭᠤᠯᠤᠨ ᠥᠷᠭᠡᠳᠬᠡᠭᠡᠳ 7 ᠲᠥᠷᠥᠯ ᠤᠨ 135 ᠭᠠᠶᠢᠯᠢ ᠶᠢᠨ ᠵᠦᠢᠯᠡᠰ ᠪᠣᠯᠭᠠᠵᠤ᠂ ᠲᠤᠰ ᠭᠠᠵᠠᠷ ᠣᠷᠣᠨ ᠤ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ ᠤᠯᠠᠮ ᠣᠶᠢᠷᠠᠲᠤᠭᠤᠯᠵᠠᠢ᠃ ᠲᠤᠰ ᠨᠠᠷᠢᠨ ᠳᠠᠩᠰᠡᠨ ᠳᠠᠬᠢ ᠮᠡᠳᠡᠭᠦᠯᠦᠯᠲᠡ ᠶᠢᠨ ᠲᠦᠷᠦᠯ ᠤᠨ 13 ᠵᠦᠢᠯ ᠂ ᠳᠠᠩᠰᠠᠯᠠᠯᠲᠠ ᠶᠢᠨ ᠲᠥᠷᠥᠯ ᠤᠨ 11 ᠵᠦᠢᠯ᠂ ᠪᠠᠷᠢᠮᠲᠠ ᠶᠢᠨ ᠲᠥᠷᠥᠯ ᠤᠨ 16 ᠵᠦᠢᠯ᠂ ᠭᠤᠶᠤᠴᠢᠯᠠᠯᠲᠠ ᠶᠢᠨ ᠲᠥᠷᠥᠯ ᠤᠨ 54 ᠵᠦᠢᠯ᠂ ᠳᠠᠩᠰᠠᠨ ᠳᠤ ᠲᠡᠮᠳᠡᠭᠯᠡᠬᠦ ᠲᠦᠷᠦᠯ ᠤᠨ 28 ᠵᠦᠢᠯ᠂ ᠭᠡᠷᠡᠴᠢᠯᠡᠬᠦ ᠲᠥᠷᠥᠯ ᠤᠨ 7 ᠵᠦᠢᠯ᠂ ᠵᠥᠪᠰᠢᠶᠡᠷᠡᠯ ᠤᠨ ᠲᠥᠷᠥᠯ ᠤᠨ 6 ᠵᠦᠢᠯ ᠪᠠᠭᠲᠠᠵᠤ ᠪᠠᠶᠢᠨ᠎ᠠ᠂ ᠡᠭᠦᠨ ᠳᠤ 33 ᠵᠦᠢᠯ ᠤᠨ ᠪᠦᠬᠦᠨ ᠢ ᠪᠤᠶᠤ ᠬᠡᠰᠡᠭ ᠢ ᠨᠢ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ ᠪᠣᠯᠭᠠᠵᠠᠢ᠃ ᠨᠠᠷᠢᠨ ᠳᠠᠩᠰᠠ ᠳᠠᠬᠢ ᠮᠡᠳᠡᠭᠦᠯᠦᠯᠲᠡ ᠶᠢᠨ ᠲᠦᠷᠦᠯ᠂ ᠳᠠᠩᠰᠠᠯᠠᠯᠲᠠ ᠶᠢᠨ ᠲᠥᠷᠥᠯ᠂ ᠪᠠᠷᠢᠮᠲᠠ ᠶᠢᠨ ᠲᠥᠷᠥᠯ᠂ ᠭᠤᠶᠤᠴᠢᠯᠠᠯᠲᠠ ᠶᠢᠨ ᠲᠥᠷᠥᠯ᠂ ᠳᠠᠩᠰᠠᠨ ᠳᠤ ᠲᠡᠮᠳᠡᠭᠯᠡᠬᠦ ᠲᠦᠷᠦᠯ ᠪᠠ ᠭᠡᠷᠡᠴᠢᠯᠡᠬᠦ ᠲᠦᠷᠦᠯ ᠤᠨ ᠨᠠᠶᠢᠳᠡ 129 ᠵᠦᠢᠯᠡᠰ ᠢ ᠲᠡᠷᠡ ᠳᠠᠷᠤᠢ ᠳᠤᠨᠢ ᠭᠦᠢᠴᠡᠳᠬᠡᠬᠦ ᠪᠣᠯᠭᠠᠵᠠᠢ᠃ ᠵᠥᠪᠰᠢᠶᠡᠷᠡᠯ ᠤᠨ ᠲᠥᠷᠥᠯ ᠤᠨ 6 ᠵᠦᠢᠯᠡᠰ ᠢ ᠭᠠᠶᠢᠯᠢ ᠲᠤᠰᠢᠶᠠᠭᠴᠢ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠠᠩᠬᠢᠮ ᠪᠤᠶᠤ ᠭᠠᠶᠢᠯᠢ ᠭᠦᠢᠴᠡᠳᠬᠡᠬᠦ  ᠦᠢᠯᠡᠴᠢᠯᠡᠭᠡᠨ ᠤ ᠲᠠᠩᠬᠢᠮ ᠢᠶᠠᠷ ᠳᠠᠮᠵᠢᠭᠤᠯᠤᠨ ᠭᠤᠶᠤᠴᠢᠯᠠᠵᠦ᠂ ᠬᠠᠤᠯᠢ ᠪᠠᠷ ᠲᠣᠭᠲᠠᠭᠠᠭᠰᠠᠨ ᠮᠠᠲ᠋ᠧᠷᠢᠶᠠᠯ ᠢᠶᠠᠨ ᠲᠣᠰᠢᠶᠠᠪᠡᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠭᠦᠢᠴᠡᠳᠬᠡᠵᠦ ᠳᠠᠭᠤᠰᠤᠭᠰᠠᠨ ᠤ ᠪᠠᠨ ᠳᠠᠷᠠᠭ᠎ᠠ ᠭᠦᠢᠴᠡᠳᠬᠡᠭᠰᠡᠨ ᠮᠠᠲ᠋ᠧᠷᠢᠶᠠᠯ ᠢ ᠰᠢᠦᠳᠠᠨ ᠢᠶᠠᠷ ᠭᠤᠪᠢᠭᠤᠯᠵᠤ ᠥᠭᠬᠦ ᠪᠣᠯᠭᠠᠵᠠᠢ᠃      ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ︽ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ ᠭᠠᠶᠢᠯᠢ ᠶᠢᠨ ᠵᠦᠢᠯᠡᠰ ᠤᠨ ᠵᠢᠭᠠᠯᠲᠠ︾᠎ ᠶᠢ ᠨᠠᠶᠢᠷᠠᠭᠤᠯᠤᠨ ᠪᠢᠴᠢᠵᠦ᠂ ᠭᠠᠶᠢᠯᠢ ᠶᠢᠨ ᠵᠦᠢᠯᠡᠰ ᠢ ᠭᠦᠢᠴᠡᠳᠬᠡᠬᠦ ᠨᠥᠬᠦᠴᠡᠯ᠂ ᠭᠦᠢᠴᠡᠳᠬᠡᠬᠦ ᠮᠠᠲ᠋ᠧᠷᠢᠶᠠᠯ ᠪᠠ ᠭᠦᠢᠴᠡᠳᠬᠡᠬᠦ ᠴᠤᠪᠤᠷᠠᠯ ᠢ ᠲᠣᠳᠣᠷᠬᠠᠶᠢᠯᠠᠵᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠦᠨᠳᠦᠰᠦ ᠪᠠᠷᠢᠮᠲᠠ ᠪᠣᠯᠭᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号