ᠡᠨᠡ ᠵᠢᠯ ᠥᠪᠥᠷ ᠮᠣᠩᠭᠤᠯ ︽ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠤᠨᠴᠠ ᠬᠥᠮᠦᠵᠢᠭᠦᠯᠬᠦ ᠲᠥᠯᠥᠪᠯᠡᠭᠡ︾ ᠶᠢᠨ ᠠᠵᠢᠯ ︵ᠳᠣᠷᠣᠭᠰᠢ ᠣᠨᠴᠠ | ᠬᠥᠮᠦᠵᠢᠭᠦᠯᠬᠦ ᠠᠵᠢᠯ ᠭᠡᠵᠦ ᠲᠣᠪᠴᠢᠯᠠᠨ᠎ᠠ︶ ᠢ ᠦᠷᠭᠦᠯᠵᠢᠯᠡᠨ ᠥᠷᠨᠢᠭᠦᠯᠵᠦ᠂ ᠲᠥᠯᠥᠪᠯᠡᠭᠡ ᠶᠣᠰᠣᠭᠠᠷ᠂ 2018 | ᠣᠨ ᠳᠤ ᠪᠦᠬᠦ ᠣᠷᠣᠨ 80 ᠰᠤᠷᠤᠭᠴᠢ ᠬᠦᠮᠦᠵᠢᠭᠦᠯᠬᠦ ᠪᠠᠷ ᠪᠠᠶᠢᠨ᠎ᠠ᠂ ᠡᠭᠦᠨ ᠳᠤ᠂ ᠣᠷᠣᠨ ᠤ ᠭᠠᠳᠠᠨ᠎ᠠ | ᠰᠤᠷᠤᠭᠴᠢ 40 ᠬᠥᠮᠦᠨ᠂ ᠣᠷᠣᠨ ᠤ ᠳᠤᠲᠤᠷ᠎ᠠ ᠰᠤᠷᠤᠭᠴᠢ 40 ᠬᠦᠮᠦᠨ ᠪᠠᠶᠢᠨ᠎ᠠ᠃ | ᠣᠶᠢᠯᠠᠭᠠᠭᠰᠠᠨ ᠢᠶᠠᠷ᠂ ᠣᠨᠴᠠ ᠬᠦᠮᠦᠵᠢᠭᠦᠯᠬᠦ ᠰᠤᠷᠤᠭᠴᠢ ᠶᠢ ᠪᠤᠯ ᠭᠤᠤᠯᠳᠠᠭᠤ ᠳᠤᠮᠳᠠ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠲᠠᠢ ᠪᠤᠶᠤ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠴᠥᠭᠡᠨ ᠲᠣᠭᠠᠲᠤ ᠦᠨᠳᠦᠰᠦᠲᠡᠨ ᠤ ᠲᠤᠰᠬᠠᠶ ᠮᠡᠷᠭᠡᠵᠢᠯ ᠤᠨ | ᠴᠢᠳᠠᠪᠤᠷᠢᠲᠠᠨ ᠠᠴᠠ ᠰᠤᠩᠭᠤᠬᠤ ᠪᠠ ᠳᠣᠣᠷᠠᠬᠢ ᠬᠦᠷᠢᠶᠡᠨ ᠠᠴᠠ ᠭᠤᠣᠯᠳᠠᠯᠭ᠎ᠠ ᠲᠠᠢ ᠰᠤᠩᠭᠤᠨ᠎ᠠ᠄ ᠰᠢᠨᠵᠢᠯᠡᠬᠦ | ᠤᠬᠠᠭᠠᠨᠴᠢ ᠬᠥᠭᠵᠢᠯᠲᠡ ᠪᠣᠯᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠤᠰᠬᠠᠶ ᠮᠡᠷᠭᠡᠵᠢᠯ ᠤᠨ ᠬᠦᠷᠢᠶ᠎ᠡ᠂ | ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠳᠣᠲᠣᠷᠠᠬᠢ ᠴᠥᠭᠡᠨ ᠲᠣᠭᠠᠲᠤ ᠦᠨᠳᠦᠰᠦᠲᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ︔ ᠪᠠᠷᠢᠯᠭ᠎ᠠ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ | ᠠᠬᠤᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠴᠢᠮ ᠬᠡᠷᠡᠭᠰᠡᠬᠦ ᠬᠤᠪᠣᠷ ᠴᠤᠬᠠᠭ ᠴᠥᠭᠡᠨ ᠲᠣᠭᠠᠲᠤ | ᠦᠨᠳᠦᠰᠦᠲᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ︔ ᠪᠤᠰᠤᠳ ᠲᠤᠰᠬᠠᠶ ᠮᠡᠷᠭᠡᠵᠢᠯ ᠪᠣᠯᠤᠨ ᠬᠦᠷᠢᠶ᠎ᠡ ᠨᠢ | ᠬᠥᠭᠵᠢᠯᠲᠡ ᠶᠢᠨ ᠢᠷᠡᠭᠡᠳᠦᠶ ᠲᠠᠢ ᠴᠥᠭᠡᠨ ᠲᠣᠭᠠᠲᠤ ᠦᠨᠳᠦᠰᠦᠲᠡᠨ ᠤ ᠲᠤᠰᠬᠠᠶ ᠮᠡᠷᠭᠡᠵᠢᠯ ᠤᠨ ᠰᠢᠯᠢᠳᠡᠭ | ᠴᠢᠳᠠᠪᠤᠷᠢᠲᠠᠨ ᠵᠡᠷᠭᠡ ᠠᠴᠠ ᠰᠤᠩᠭᠤᠨ᠎ᠠ᠃ ᠣᠨᠴᠠ ᠬᠥᠮᠦᠵᠢᠭᠦᠯᠬᠦ ᠠᠵᠢᠯ ᠨᠢ ᠣᠷᠣᠨ ᠤ ᠭᠠᠳᠠᠨ᠎ᠠ ᠬᠥᠮᠦᠵᠢᠭᠦᠯᠬᠦ | ᠪᠠ ᠤᠷᠤᠨ ᠤ ᠳᠤᠲᠤᠷ᠎ᠠ ᠬᠥᠮᠦᠵᠢᠭᠦᠯᠬᠦ ᠬᠤᠶᠠᠷ ᠵᠦᠢᠯ ᠤᠨ ᠠᠷᠭ᠎ᠠ ᠬᠡᠯᠪᠡᠷᠢ ᠶᠢ ᠠᠪᠴᠤ᠂ ᠴᠦᠮ 1 ᠵᠢᠯ ᠤᠨ | ᠬᠤᠭᠤᠴᠠᠭ᠎ᠠ ᠲᠠᠢ ᠪᠤᠯᠪᠠᠰᠤᠷᠠᠭᠤᠯᠤᠨ᠎ᠠ᠃ ᠱᠠᠭᠠᠷᠳᠠᠬᠤ ᠨᠢ᠂ ᠡᠯ᠎ᠡ ᠠᠶᠢᠮᠠᠭ ᠬᠤᠳᠠ᠂ ᠡᠯ᠎ᠡ ᠰᠠᠯᠠᠭ᠎ᠠ ᠮᠥᠴᠢᠷ 4 | ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠰᠤᠩᠭᠤᠨ ᠲᠤᠮᠢᠯᠠᠬᠤ ᠰᠤᠷᠤᠭᠴᠢ ᠶᠢᠨ ᠮᠠᠲ᠋ᠧᠷᠢᠶᠠᠯ ᠢᠶᠠᠨ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ | ᠲᠦᠪ ᠲᠤ ᠮᠡᠳᠡᠭᠦᠯᠦᠨ ᠬᠦᠷᠭᠡᠬᠦ ᠬᠡᠷᠡᠭᠲᠡᠢ᠃ |