ᠪᠦ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠢᠶᠠᠨ ᠪᠠᠶᠢᠭ᠎ᠠ ᠨᠠᠮ ᠤᠨ ᠡᠭᠦᠷ ᠤᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠬᠤ ᠳᠠᠭᠠᠨ ᠵᠢᠭᠠᠵᠦ ᠭᠠᠷᠭᠠᠬᠰᠠᠨ ᠨᠢ ᠬᠠᠷᠢᠴᠠᠯᠠᠰᠢᠬᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠪᠠᠷᠢᠮᠳᠠᠯᠠᠬᠤ ᠬᠡᠷᠡᠭᠳᠡᠢ
ᠨᠡᠶᠢᠲᠡᠯᠡᠭᠰᠡᠨ ᠴᠠᠭ᠄
2018/4/2
      3 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠢᠶᠠᠨ ᠪᠠᠶᠢᠭ᠎ᠠ ᠨᠠᠮ ᠤᠨ ᠡᠭᠦᠷ ᠤᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠲᠢᠩᠭᠢᠮ ᠤᠨ ᠨᠠᠷᠢᠨ ᠪᠢᠴᠢᠭ ᠤᠨ ᠨᠢᠭᠡᠲᠦᠭᠡᠷ ᠭᠠᠵᠠᠷ ᠤᠨ ᠨᠠᠮ ᠤᠨ ᠡᠭᠦᠷ ᠤᠨ ᠪᠠᠬ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠳᠣᠭᠤᠷᠢᠨ ᠳᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠣᠶᠠᠯᠳᠣᠭᠤᠯᠵᠣ᠂ ᠤᠷᠤᠰᠢᠵᠦ ᠪᠠᠶᠢᠬᠤ ᠳᠤᠪᠤᠶᠢᠮ᠎ᠠ ᠠᠰᠠᠭᠤᠳᠠᠯ ᠢᠶᠠᠨ ᠬᠦᠨᠵᠡᠭᠡᠢ ᠬᠠᠷᠢᠴᠠᠭᠤᠯᠣᠨ ᠪᠠᠶᠢᠴᠠᠭᠠᠵᠤ᠂ ᠠᠰᠠᠭᠤᠳᠠᠯ ᠤᠨ ᠦᠨᠳᠦᠰᠦ ᠰᠣᠷᠪᠣᠯᠵᠢ ᠶᠢ ᠵᠠᠳᠠᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠢᠷᠮᠠᠶᠢᠬᠤ ᠴᠢᠭᠯᠡᠯ ᠢᠶᠠᠨ ᠲᠤᠲᠤᠷᠬᠠᠶᠢᠯᠠᠵᠤ᠂ ᠲᠦᠪ ᠴᠢᠩᠭ᠎ᠠ ᠨᠠᠷᠢᠨ ᠬᠢᠨᠠᠮᠠᠭᠠᠢ ᠪᠠᠷ ᠰᠢᠭᠦᠮᠵᠢᠯᠠᠯ ᠪᠠ ᠦᠪᠡᠷ ᠤᠨ ᠰᠢᠬᠦᠮᠵᠢᠯᠡᠯ ᠦᠷᠨᠢᠬᠦᠯᠪᠡ᠃      ᠪᠦ᠋ ᠰᠢᠶᠤᠤ ᠯᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠠᠨ ᠢᠶᠠᠷ ᠢᠶᠠᠨ ᠤᠯᠤᠰ ᠲᠦᠷᠦ ᠶᠢᠨ ᠪᠠᠶᠢᠷᠢ ᠵᠤᠬᠰᠤᠴᠠ ᠪᠠᠨ ᠲᠡᠭᠡᠭᠰᠢᠯᠡᠭᠦᠯᠵᠦ᠂ ᠡᠨᠡ ᠣᠳᠠᠭ᠎ᠠ ᠶᠢᠨ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠠ ᠪᠦᠲᠦᠭᠡᠯ ᠢ ᠰᠠᠶᠢᠲᠤᠷ ᠬᠡᠷᠡᠭᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠢ ᠠᠳᠬᠤᠵᠦ᠂ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠪᠤᠯᠤᠨ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠭᠤᠶᠢᠪᠢᠰᠢ ᠦᠭᠡᠢ ᠴᠢᠩᠭᠠᠳᠬᠠᠬᠤ ᠬᠡᠷᠡᠭᠳᠡᠢ᠃ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠪᠠᠷᠢᠮᠳᠠᠯᠠᠵᠦ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢ ᠪᠠᠳᠤ ᠪᠠᠭᠢ ᠪᠣᠢ ᠪᠣᠯᠭᠠᠵᠣ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠭᠦᠢ ᠨᠢᠭᠡᠲᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ᠃ ᠰᠢᠨ᠎ᠠ ᠴᠠᠭ ᠦᠶ᠎ᠠ ᠶᠢᠨ ᠰᠢᠨ᠎ᠠ ᠱᠠᠭᠠᠷᠳᠠᠯᠭ᠎ᠠ ᠳᠤ ᠵᠤᠬᠢᠴᠠᠵᠦ᠂ ᠰᠤᠷᠤᠯᠴᠠᠬᠤ ᠴᠢᠳᠠᠪᠤᠷᠢ ᠪᠠᠨ ᠳᠡᠭᠡᠭᠰᠢᠯᠡᠬᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠠᠨ ᠬᠦᠨᠵᠡᠭᠡᠢ ᠰᠤᠷᠤᠯᠴᠠᠨ ᠲᠤᠤᠱᠯᠠᠭᠤᠯᠵᠦ᠂ ᠪᠦᠭᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠰᠤᠷᠤᠯᠴᠠᠨ ᠮᠡᠳᠡᠵᠦ ᠨᠡᠪᠳᠡᠷᠡᠳᠡᠯ᠎ᠡ ᠤᠶᠢᠯᠠᠭᠠᠵᠤ ᠪᠤᠳᠠᠲᠠᠶᠢᠵᠢᠭᠤᠯᠬᠤ ᠬᠡᠷᠡᠭᠳᠡᠢ᠃ ᠪᠠᠶᠢᠴᠠᠭᠠᠨ ᠰᠤᠳᠤᠯᠬᠤ ᠴᠢᠳᠠᠪᠤᠷᠢ ᠪᠠᠨ ᠳᠡᠭᠡᠭᠰᠢᠯᠡᠬᠦᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠦᠨᠳᠦᠰᠦᠨ ᠱᠠᠳᠤᠨ ᠳᠤ ᠬᠦᠨᠵᠡᠭᠡᠶᠢᠷᠡᠨ ᠪᠤᠳᠠᠳᠠᠢ ᠪᠠᠶᠢᠳᠠᠯ ᠢ ᠡᠵᠡᠮᠰᠢᠵᠦ᠂ ᠴᠢᠳᠠᠮᠠᠭᠠᠢ ᠪᠠᠷ ᠠᠰᠠᠭᠤᠳᠠᠯ ᠢ ᠢᠯᠡᠷᠡᠭᠦᠯᠦᠨ ᠠᠰᠠᠭᠤᠳᠠᠯ ᠢ ᠰᠢᠢᠳᠪᠤᠷᠢᠯᠡᠵᠦ᠂ ᠰᠢᠢᠳᠪᠤᠷᠢᠳᠤ ᠪᠤᠳᠤᠯᠭ᠎ᠠ ᠳᠣᠭᠳᠠᠭᠠᠬᠤ ᠵᠦᠪᠯᠡᠭᠴᠢ ᠶᠢᠨ ᠦᠢᠯᠡᠳᠤᠯ ᠢᠶᠠᠨ ᠰᠠᠶᠢᠲᠤᠷ ᠪᠠᠳᠠᠷᠠᠭᠤᠯᠵᠦ᠂ ᠠᠵᠢᠯ ᠤᠨ ᠴᠢᠨᠠᠷ ᠴᠢᠨᠰᠠᠭ᠎ᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠤᠯᠤᠰ ᠲᠦᠷᠦ ᠶᠢᠨ ᠰᠡᠷᠭᠡᠭ ᠴᠢᠨᠠᠷ ᠢᠶᠠᠨ ᠳᠡᠭᠡᠭᠰᠢᠯᠡᠬᠦᠯᠵᠤ᠂ ᠦᠨᠡᠨ ᠠᠴᠠ ᠵᠦᠪ ᠢ ᠡᠷᠢᠭᠦ ᠵᠤᠷᠢᠭ ᠰᠠᠨᠠᠭ᠎ᠠ ᠶᠢ ᠪᠠᠳᠠᠷᠠᠭᠤᠯᠵᠦ᠂ ︽ᠲᠦᠷᠪᠡᠨ ᠰᠤᠷᠳᠠᠯ︾᠎ ᠢ ᠦᠷᠭᠦᠯᠵᠢᠯᠠᠨ ᠬᠦᠨᠵᠡᠭᠡᠢ ᠡᠰᠡᠷᠭᠦᠴᠡᠭᠦ ᠪᠠ ᠴᠡᠭᠴᠡᠯᠡᠨ ᠵᠠᠰᠠᠵᠣ᠂ ᠰᠢᠨ᠎ᠠ ᠴᠠᠬ ᠦᠶ᠎ᠠ ᠳᠤ ᠪᠠᠶᠢᠪᠠᠰᠤ ᠵᠤᠬᠢᠬᠤ ᠰᠢᠨ᠎ᠠ ᠳᠦᠷᠢ ᠲᠦᠷᠭᠦ ᠰᠢᠨ᠎ᠠ ᠵᠢᠳᠭᠦᠯ ᠴᠢᠷᠮᠠᠶᠢᠯᠭ᠎ᠠ ᠶᠢ ᠢᠯᠡᠷᠡᠭᠦᠯᠭᠦ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号