ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠥᠪᠳᠡᠨ ᠬᠡᠯᠡᠯᠴᠡᠬᠦ ᠴᠤᠭᠯᠠᠭᠠᠨ ᠠᠴᠠ 4 ᠲᠦᠮᠡ ᠭᠠᠷᠤᠶ ᠠᠵᠢᠯ ᠣᠯᠭᠤᠯᠲᠠ ᠶᠢᠨ ᠠᠵᠢᠯ ᠤᠨ ᠪᠠᠶᠢᠷᠢ ᠣᠯᠭᠤᠬᠤ ᠎ ᠪᠠᠷ ᠪᠠᠶᠢᠨ᠎ᠠ
ᠨᠡᠶᠢᠲᠡᠯᠡᠭᠰᠡᠨ ᠴᠠᠭ᠄
2018/4/2
     ᠬᠤᠶᠠᠷ ᠡᠳᠦᠷ ᠶᠠᠪᠤᠭᠳᠠᠭᠰᠠᠨ 2018 ᠣᠨ ᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠥᠪᠳᠡᠨ ᠬᠡᠯᠡᠯᠴᠡᠬᠦ ᠬᠤᠷᠠᠯ ᠵᠢᠴᠢ ᠬᠠᠪᠤᠷ ᠤᠨ ᠤᠯᠠᠷᠢᠯ ᠤᠨ ᠴᠢᠳᠠᠪᠤᠷᠢᠲᠠᠨ ᠎ ᠤ ᠡᠭᠦᠯᠠᠡ ᠦᠢᠯᠡᠴᠢᠯᠡᠭᠡᠨ ᠤ ᠰᠣᠯᠢᠯᠴᠠᠭ᠎ᠠ ᠶᠢᠨ ᠶᠡᠭᠡ ᠬᠤᠷᠠᠯ 3 ᠳ᠋ᠤᠭᠠᠷ ᠰᠠᠷ᠎ᠠ ᠶᠢᠨ 31᠎ ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠤᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠪᠠ᠃      ᠥᠪᠥᠷ ᠮᠣᠩᠭᠤᠯ ᠤᠨ 2018 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠰᠤᠷᠤᠭᠴᠢ 13 ᠲᠦᠮᠡ ᠬᠦᠷᠬᠦ ᠪᠠᠷ ᠵᠢᠱᠢᠵᠦ᠂ ᠪᠦᠲᠦᠴᠡ ᠶᠢᠨ ᠴᠢᠨᠠᠷᠲᠠᠶ ᠵᠥᠷᠢᠴᠡᠯ ᠨᠢ ᠤᠯᠠᠮ ᠢᠶᠠᠷ ᠠᠵᠢᠯ ᠣᠯᠭᠤᠬᠤ ᠭᠤᠣᠯ ᠵᠥᠷᠢᠴᠡᠯ ᠪᠤᠯᠵᠤ᠂ ᠵᠠᠷᠢᠮ ᠠᠵᠢᠯ ᠣᠯᠭᠤᠬᠤ ᠬᠦᠷᠢᠶ᠎ᠡ ᠳᠤ ︽ᠠᠵᠢᠯᠴᠢᠨ ᠡᠯᠰᠡᠬᠦ ᠳᠤ ᠬᠦᠴᠢᠷᠲᠡᠶ᠂ ᠠᠵᠢᠯ ᠣᠯᠭᠤᠬᠤ ᠳᠤ ᠬᠦᠴᠢᠷᠲᠡᠶ︾ ᠶᠠᠪᠤᠳᠠᠯ ᠣᠷᠣᠰᠢᠵᠤ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠬᠤᠷᠠᠯ ᠨᠢ ᠨᠡᠶᠢᠲᠡ 960 ᠳᠡᠯᠭᠡᠨ ᠦᠵᠡᠭᠦᠯᠬᠦ ᠲᠠᠪᠴᠠᠩ ᠲᠣᠬᠢᠷᠠᠭᠤᠯᠤᠨ᠂ 1465 ᠡᠷᠦᠬᠡ ᠬᠥᠮᠦᠨ ᠬᠡᠷᠡᠭᠯᠡᠬᠦ ᠨᠢᠭᠡᠴᠡ ᠵᠣᠬᠢᠶᠠᠨ ᠪᠠᠶᠢᠭᠤᠯᠵᠤ᠂ 43158 ᠠᠵᠢᠯ ᠤᠨ ᠪᠠᠶᠢᠷᠢ ᠣᠯᠭᠤᠪᠠ᠃ ᠡᠭᠦᠨ ᠳᠤ᠄ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠭ᠎ᠠ᠂ ᠣᠯᠠᠨ ᠨᠡᠶᠢᠲᠡ ᠶᠢᠨ ᠬᠠᠷᠢᠴᠠᠭ᠎ᠠ᠂ ᠪᠣᠷᠣᠯᠠᠭᠤᠯᠬᠤ ᠲᠤᠰᠬᠠᠶ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ 3465 ᠠᠵᠢᠯ ᠤᠨ ᠪᠠᠶᠢᠷᠢ︔ ᠺᠣᠮᠫᠢᠦ᠋ᠲ᠋ᠧᠷ᠂ ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠲᠤᠰᠬᠠᠶ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ 3006 ᠠᠵᠢᠯ ᠤᠨ ᠪᠠᠶᠢᠷᠢ︔ ᠦᠢᠯᠡᠳᠪᠦᠷᠢᠯᠡᠬᠦ᠂ ᠡᠵᠡᠩᠨᠡᠬᠦ᠂ ᠶᠠᠰᠤ ᠴᠢᠨᠠᠷ᠂ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ 1213 ᠠᠵᠢᠯ ᠤᠨ ᠪᠠᠶᠢᠷᠢ ᠪᠠᠶᠢᠨ᠎ᠠ᠃ ᠲᠤᠰ ᠤᠳᠠᠭᠠᠨ ᠤ ᠡᠯᠰᠡᠯᠲᠡ ᠶᠢᠨ ᠴᠤᠭᠯᠠᠭᠠᠨ ᠨᠢ ᠲᠤᠰᠬᠠᠶᠢᠯᠠᠨ ᠴᠢᠳᠠᠪᠤᠷᠢᠲᠠᠨ ᠤ ᠰᠣᠯᠢᠯᠴᠠᠭ᠎ᠠ ᠶᠢᠨ ᠡᠭᠦᠯᠡᠨ ᠲᠠᠪᠴᠠᠩ ᠎ ᠢ ᠪᠠᠶᠢᠭᠤᠯᠵᠤ᠂ ᠠᠵᠢᠯ ᠡᠷᠢᠭᠴᠢ ᠲᠤᠬᠠᠶ ᠶᠢᠨ ᠲᠠᠯᠠᠪᠤᠷ ᠠᠴᠠ ᠬᠠᠩᠭᠠᠭᠰᠠᠨ ᠲᠣᠣᠷ ᠰᠦᠯᠵᠢᠶᠡᠨ ᠤ ᠳ᠋ᠠᠶᠢᠲ᠋ᠠ ᠪᠠ ᠬᠠᠷᠠᠭᠠᠨ ᠳᠠᠪᠲᠠᠮᠵᠢ ᠪᠠᠷ ᠳᠠᠮᠵᠢᠭᠤᠯᠤᠨ᠂ ᠰᠦᠢᠳᠬᠡᠯ ᠲᠣᠰᠢᠶᠠᠬᠤ ᠦᠭᠡᠢ ᠪᠠᠷ ᠠᠵᠢᠯᠲᠠᠨ ᠡᠯᠰᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠲᠣᠪᠴᠢ ᠨᠠᠮᠲᠠᠷ ᠢᠶᠠᠨ ᠬᠦᠷᠭᠡᠵᠦ ᠥᠭᠬᠦ ᠪᠠ ᠬᠠᠷᠠᠭᠠᠨ ᠳᠠᠪᠲᠠᠮᠵᠢ ᠶᠢᠨ ᠵᠥᠪᠯᠡᠨ ᠬᠡᠯᠡᠯᠴᠡᠬᠦ ᠳᠤ ᠣᠷᠣᠯᠴᠠᠵᠤ᠂ ᠰᠢᠯᠢᠳᠡᠭ ᠬᠥᠮᠦᠰ ᠢ ᠲᠤᠬᠠᠶ ᠶᠢᠨ ᠲᠠᠯᠠᠪᠤᠷ ᠲᠤ ᠠᠯᠤᠰ ᠠᠴᠠ ᠨᠢᠭᠤᠷᠲᠠᠨ ᠰᠢᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠢᠯᠡᠳᠲᠡ ᠢᠯᠡᠷᠡᠭᠦᠯᠵᠡᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ︽ᠢᠨᠲ᠋ᠧᠷ ᠰᠦᠯᠵᠢᠶ᠎ᠡ +︾᠎ ᠶᠢ ᠡᠮᠬᠢᠯᠡᠨ ᠨᠡᠶᠢᠯᠡᠭᠦᠯᠵᠦ ᠰᠦᠯᠵᠢᠶ᠎ᠡ ᠳᠡᠭᠡᠷ᠎ᠡ ᠠᠵᠢᠯᠲᠠᠨ ᠡᠯᠰᠡᠬᠦ ᠠᠵᠢᠯᠯᠠᠭ᠎ᠠ ᠶᠢ ᠠᠪᠴᠤ᠂ ︽138 ᠰᠦᠯᠵᠢᠶ᠎ᠡ + 7 ᠵᠦᠢᠯ ᠤᠨ ᠦᠵᠦᠭᠦᠷᠯᠢᠭ + 23 ᠲᠥᠷᠥᠯ ᠤᠨ ᠪᠦᠲᠦᠭᠡᠭᠳᠦᠬᠦᠨ ︾᠎ ᠢᠶᠠᠷ ᠠᠴᠢᠶᠠᠯᠠᠪᠤᠷᠢ ᠪᠣᠯᠭᠠᠨ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ᠂ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠰᠦᠯᠵᠢᠶ᠎ᠡ ᠵᠢᠴᠢ ᠡᠯ᠎ᠡ ᠠᠶᠢᠮᠠᠭ ᠬᠤᠳᠠ ᠶᠢᠨ ᠠᠵᠢᠯᠲᠠᠨ ᠡᠯᠰᠡᠬᠦ ᠰᠦᠯᠵᠢᠶ᠎ᠡ ᠲᠠᠢ ᠵᠠᠯᠭᠠᠵᠤ᠂ ᠵᠡᠷᠭᠡᠪᠡᠷ ᠨᠡᠶᠢᠲᠡᠯᠡᠵᠦ᠂ ᠪᠢᠴᠢᠯ ᠪᠦᠷᠭᠡ᠂ ᠸᠢᠴᠠᠲ᠂ ᠳᠥᠭᠦᠮ ᠵᠠᠬᠢᠶ᠎ᠠ ᠵᠡᠷᠭᠡ ᠨᠡᠶᠢᠭᠡᠮ ᠤᠨ ᠬᠠᠷᠢᠯᠴᠠᠭᠠᠨ ᠤ ᠠᠴᠢᠶᠠᠯᠠᠭᠴᠢ ᠪᠠᠷ ᠤᠯᠠᠮᠵᠢᠯᠠᠭ᠎ᠠ ᠪᠠᠨ ᠥᠷᠭᠡᠳᠬᠡᠵᠦ᠂ ᠰᠦᠯᠵᠢᠶᠡᠨ ᠳᠡᠭᠡᠷᠡᠬᠢ ᠰᠦᠯᠵᠢᠶᠡᠨ ᠭᠠᠳᠠᠨᠠᠬᠢ᠂ ᠲᠠᠯᠠᠪᠤᠷ ᠤᠨ ᠳᠣᠲᠣᠷᠠᠬᠢ ᠲᠠᠯᠠᠪᠤᠷ ᠤᠨ ᠭᠠᠳᠠᠨᠠᠬᠢ᠂ ᠣᠷᠣᠨ ᠤ ᠳᠣᠲᠣᠷᠠᠬᠢ ᠣᠷᠣᠨ ᠤ ᠭᠠᠳᠠᠨᠠᠬᠢ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠯᠴᠡᠬᠦ ᠶᠢ ᠪᠡᠶᠡᠯᠡᠭᠦᠯᠵᠦ᠂ ᠠᠵᠢᠯ ᠡᠷᠢᠭᠴᠢ᠂ ᠠᠵᠢᠯᠴᠢᠨ ᠬᠡᠷᠡᠭᠯᠡᠭᠴᠢ ᠬᠤᠶᠠᠷ ᠲᠠᠯ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号