ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2018/4/20
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠬᠤᠩ ᠮᠤᠤ ᠡᠮᠳᠦ ᠠᠷᠢᠬᠢ︾᠎ ᠶᠢᠨ ᠬᠤᠯᠪᠣᠭᠳᠠᠯ ᠪᠦᠬᠦᠢ ᠬᠡᠷᠡᠭ ᠶᠠᠪᠤᠳᠠᠯ ᠤᠨ ᠲᠣᠬᠠᠢ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ  ᠮᠡᠳᠡᠭᠳᠡᠯ ᠎ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤᠨᠢ ᠣᠴᠢᠭᠤᠯᠵᠤ᠂ ᠠᠵᠤ ᠠᠬᠤᠶᠢᠯᠠᠯ ᠢ  ᠵᠠᠷᠯᠢᠭᠳᠠᠵᠤ ᠪᠠᠶᠢᠭᠠᠡᠳ ᠣᠶᠢᠷ᠎ᠠ ᠶᠢᠨ ᠲᠠᠪᠤᠨ ᠵᠢᠯ ᠤᠨ  ᠲᠤᠷᠰᠢᠬᠢ ᠡᠯ᠎ᠡ ᠭᠠᠵᠠᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠳᠡᠨ ᠢ ᠲᠣᠷᠭᠠᠭᠰᠠᠨ ᠬᠤᠳᠠᠯ ᠬᠠᠭᠤᠷᠮᠠᠭ ᠵᠠᠷ ᠤᠨ ᠪᠠᠶᠢᠳᠠᠯ ᠵᠢᠴᠢ ᠡᠭᠦᠰᠦᠭᠰᠡᠨ ᠰᠢᠯᠲᠠᠭᠠᠨ᠂ ᠮᠠᠭᠤ ᠲᠤᠰᠬᠠᠯ ᠭᠠᠷᠭᠠᠭᠰᠠᠨ ᠵᠡᠷᠭᠡ ᠪᠠᠶᠢᠳᠠᠯ ᠢ ᠨᠡᠶᠢᠭᠡᠮ ᠨᠡᠶᠢᠲᠡ ᠳᠤ ᠲᠠᠶᠢᠯᠪᠤᠷᠢ ᠬᠢᠯᠭᠡᠬᠦ ᠪᠠ ᠢᠯᠡ ᠨᠡᠶᠢᠲᠡᠯᠡᠭᠦᠯᠬᠦ ᠪᠠ ᠠᠵᠤ ᠠᠬᠤᠶᠢᠯᠠᠯ ᠢ  ᠰᠢᠮᠳᠠᠭᠤᠯᠵᠤ ᠪᠠᠶᠢᠭᠠᠳ ᠡᠮ ᠤᠨ ᠵᠦᠢᠯ ᠤᠨ ᠠᠮᠤᠷ ᠲᠥᠪᠰᠢᠨ ᠴᠢᠨᠠᠷ ᠪᠣᠯᠤᠨ ᠪᠦᠲᠦᠮᠵᠢᠲᠦ ᠴᠢᠨᠠᠷ ᠤᠨ ᠪᠠᠶᠢᠳᠠᠯ ᠳᠤ ᠲᠠᠶᠢᠯᠪᠤᠷᠢ ᠭᠢᠯᠭᠡᠬᠦ︔ ᠠᠵᠤ ᠠᠬᠤᠶᠢᠯᠠᠯ ᠨᠢ ᠡᠮ ᠤᠨ ᠵᠦᠢᠯ ᠦᠢᠯᠡᠳᠪᠦᠷᠢᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠶᠣᠰᠣᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠤᠭᠰᠠᠨ ᠪᠠᠶᠢᠬᠤ ᠡᠰᠡᠬᠦ ᠶᠢ ᠨᠢ ᠤᠯᠠᠮ ᠨᠢᠭᠡ ᠠᠯᠬᠤᠮ ᠬᠠᠷᠭᠤᠭᠤᠯᠤᠨ ᠪᠠᠶᠢᠴᠠᠭᠠᠬᠤ︔ ᠨᠢᠭᠡᠨᠲᠡ ᠬᠢᠨᠠᠨ ᠵᠥᠪᠰᠢᠶᠡᠷᠡᠭᠰᠡᠨ ︽ᠬᠤᠩ ᠮᠤᠤ ᠡᠮᠲᠦ ᠠᠷᠢᠬᠢ︾᠎ ᠶᠢᠨ ᠡᠮ ᠤᠨ ᠵᠡᠷ ᠲᠤ ᠳᠠᠬᠢᠨ ᠬᠠᠷᠭᠤᠭᠤᠯᠤᠯᠲᠠ ᠬᠢᠬᠦ︔ ᠠᠵᠤ ᠠᠬᠤᠶᠢᠯᠠᠯ ᠳᠤ ᠬᠢᠨᠠᠯᠲᠠ ᠲᠠᠯᠪᠢᠵᠤ ᠡᠮ ᠤᠨ ᠵᠦᠢᠯ ᠤᠨ ᠠᠮᠤᠷ ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠪᠣᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号