︽ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠤᠯ︾ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠵᠢᠴᠢ ︽ᠬᠦᠬᠡᠬᠤᠳᠠ ᠶᠢᠨ ᠡᠷᠡᠬᠦᠯ ᠡᠩᠬᠡ ᠶᠢᠨ ᠠᠶᠠᠯᠠᠯ︾ ᠬᠡᠷ ᠤᠨ ᠭᠠᠳᠠᠨᠠᠬᠢ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠶᠠᠪᠤᠭᠳᠠᠵᠡᠢ
ᠨᠡᠶᠢᠲᠡᠯᠡᠭᠰᠡᠨ ᠴᠠᠭ᠄
2018/4/23
     4 ᠳ᠋ᠦ᠋ᠭᠡᠷ ᠰᠠᠷ᠎ᠠ ᠶᠢᠨ 21᠎ ᠤ ᠡᠳᠤᠷ᠂ ︽ᠪᠠᠶᠠᠰᠬᠤᠯᠠᠩᠳᠤ ᠲᠠᠯ᠎ᠠ ᠨᠤᠳᠤᠭ · ᠡᠷᠡᠬᠦᠯ ᠡᠩᠬᠡ ᠦᠪᠤᠷ ᠮᠤᠩᠭᠤᠯ︾ ᠠᠷᠪᠠᠨ ᠨᠢᠬᠡᠳᠤᠭᠡᠷ ᠬᠤᠭᠤᠴᠠᠭᠠᠨ ᠤ ᠪᠦᠬᠦ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠵᠢᠴᠢ ︽ᠬᠦᠬᠡᠬᠤᠳᠠ ᠶᠢᠨ ᠡᠷᠡᠬᠦᠯ ᠡᠩᠬᠡ ᠶᠢᠨ ᠠᠶᠠᠯᠠᠯ︾ ᠬᠡᠷ ᠤᠨ ᠭᠠᠳᠠᠨᠠᠬᠢ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠦᠪᠤᠷ ᠮᠤᠩᠭᠤᠯ ᠤᠨ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨᠴᠢ ᠰᠤᠶᠤᠯ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠲᠦᠪ ᠲᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠶᠤᠰᠤᠯᠠᠯ ᠳᠤ ᠤᠷᠤᠯᠴᠠᠵᠥ ᠠᠵᠢᠯᠯᠠᠭ᠎ᠠ ᠡᠬᠢᠯᠡᠭᠰᠡᠡ ᠢ ᠵᠠᠷᠯᠠᠪᠠ᠃      ︽ᠪᠠᠶᠠᠰᠬᠤᠯᠠᠩᠳᠤ ᠲᠠᠯ᠎ᠠ ᠨᠤᠳᠤᠭ · ᠡᠷᠡᠬᠦᠯ ᠡᠩᠬᠡ ᠦᠪᠤᠷ ᠮᠤᠩᠭᠤᠯ︾ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠪᠤᠯ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠪᠠ ᠪᠦᠬᠦ ᠠᠷᠠᠳ ᠤᠨ ᠡᠷᠡᠬᠦᠯ ᠡᠩᠬᠡ ᠶᠢᠨ ᠬᠦᠨ ᠠᠭᠤᠰᠤᠯᠴᠠᠯ ᠢ ᠠᠬᠢᠭᠤᠯᠬᠤ ᠶᠢᠨ ᠲᠦᠯᠥᠬᠡ ᠨᠠᠷᠢᠯᠢᠭ ᠤᠬᠠᠭᠠᠯᠠᠨ ᠵᠤᠬᠢᠶᠠᠨ ᠪᠠᠶᠢᠭᠤᠯᠤᠭᠰᠠᠠ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠪᠤᠯᠤᠨ᠎ᠠ᠃ 10 ᠵᠢᠯ ᠤᠨ ᠬᠦᠭᠵᠢᠯᠳᠡ ᠪᠠᠷ ᠲᠠᠮᠵᠢᠨ᠂ ᠡᠨᠡᠬᠦ ᠠᠵᠢᠯᠯᠠᠭ᠎ᠠ ᠨᠢ ᠮᠠᠨ ᠤ ᠤᠷᠤᠨ ᠤ ᠤᠨᠴᠠᠯᠢᠭ ᠲᠠᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠨᠡᠷᠡᠳᠬᠦᠨ ᠪᠦᠬᠦᠢ ᠠᠵᠢᠯᠯᠠᠭ᠎ᠠ ᠪᠤᠯᠤᠭᠰᠠᠠ ᠪᠠᠶᠢᠨ᠎ᠠ᠃      ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠬᠠᠷᠪᠤᠭ᠎ᠠ᠂ ᠮᠤᠩᠭᠤᠯ ᠰᠢᠳᠠᠷ᠎ᠠ᠂ ᠠᠭᠤᠳᠠᠮ ᠲᠠᠯᠠᠪᠠᠢ ᠎ ᠶᠢᠨ ᠡᠷᠡᠬᠦᠯᠵᠢᠯ ᠤᠨ ᠲᠠᠮᠢᠷ ᠵᠡᠷᠬᠡ 15 ᠵᠦᠢᠯ ᠤᠨ ᠤᠯᠠᠨ ᠲᠦᠮᠡᠨᠴᠢ ᠪᠠᠶ᠎ᠠ ᠶᠢᠨ ᠲᠠᠮᠢᠷ ᠤᠨ ᠠᠵᠢᠯᠯᠠᠭ᠎ᠠ ᠲᠤᠬᠢᠷᠠᠭᠤᠯᠵᠥ᠂ ᠠᠵᠢᠯᠯᠠᠭ᠎ᠠ ᠨᠢ 4 ᠳ᠋ᠦ᠋ᠭᠡᠷ ᠰᠠᠷ᠎ᠠ ᠶᠢᠨ 21᠎ ᠤ ᠡᠳᠦᠷ ᠠᠴᠠ 12 ᠳ᠋ᠤᠭᠠᠷ ᠰᠠᠷ᠎ᠠ ᠶᠢᠨ ᠰᠡᠬᠦᠯᠴᠢ ᠪᠤᠯᠳᠠᠯ᠎ᠠ ᠬᠦᠬᠡᠬᠤᠳᠠ᠂ ᠪᠤᠭᠤᠳᠤ ᠬᠤᠳᠠ᠂ ᠲᠦᠩᠯᠢᠶᠤᠤ ᠬᠤᠳᠠ ᠵᠡᠷᠬᠡ 12 ᠠᠶᠢᠮᠠᠭ ᠬᠤᠳᠠ ᠪᠤᠯᠤᠨ ᠡᠷᠢᠶᠠᠨ ᠬᠤᠳᠠ᠂ ᠮᠠᠨᠵᠤᠤᠷ ᠬᠤᠳᠠ ᠳᠤ ᠵᠠᠯᠭᠠᠪᠡᠷ ᠶᠠᠪᠤᠭᠳᠠᠵᠥ᠂ ᠤᠯᠠᠨ ᠲᠦᠮᠡᠨ ᠤ ᠤᠢᠢᠷ᠎ᠡ ᠬᠠᠪᠢ ᠳᠠᠭᠠᠨ ᠤᠷᠤᠯᠴᠠᠬᠤ ᠳᠤ ᠲᠦᠬᠦᠮ ᠦᠵᠡᠬᠦᠯᠭᠦ ᠪᠤᠯᠥᠨ᠎ᠡ᠃      ᠲᠤᠰ ᠤᠳᠠᠭ᠎ᠠ ᠶᠢᠨ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠵᠥ᠂ ᠦᠪᠡᠷᠳᠡᠭᠡᠨ ᠵᠠᠰᠠᠬᠤ ᠤᠷᠤᠨ ᠤ ᠨᠡᠶᠢᠬᠡᠮ ᠤᠨ ᠪᠠᠶ᠎ᠠ ᠶᠢᠨ ᠲᠠᠮᠢᠷ ᠤᠨ ᠦᠢᠯᠡᠴᠢᠯᠡᠬᠡᠨ ᠤ ᠲᠦᠪ᠂ ᠬᠦᠬᠡᠬᠤᠳᠠ ᠶᠢᠨ ᠪᠠᠶ᠎ᠠ ᠶᠢᠨ ᠲᠠᠮᠢᠷ ᠤᠨ ᠲᠤᠪᠴᠢᠶ᠎ᠠ ᠲᠠᠭᠠᠭᠠᠴᠢᠯᠠᠨ ᠡᠷᠬᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号