4 ᠳ᠋ᠦ᠋ᠭᠡᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠥᠪᠥᠷ ᠮᠣᠩᠭᠤᠯ ᠤᠨ 2017 ᠣᠨ ᠤ | ᠲᠤᠰᠬᠠᠶ ᠠᠰᠢᠭ ᠤᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢ ᠨᠡᠶᠢᠲᠡᠯᠡᠪᠡ᠃ | 2017 ᠣᠨ ᠳᠤ ᠥᠪᠥᠷ ᠮᠣᠩᠭᠤᠯ ᠤᠨ ᠪᠥᠬᠦ ᠣᠷᠣᠨ ᠤ ᠲᠤᠰᠬᠠᠶ ᠠᠰᠢᠭ ᠤᠨ ᠭᠤᠶᠤᠴᠢᠯᠠᠯᠲᠠ | 11701 ᠬᠤᠪᠢ ᠪᠣᠯᠵᠤ᠂ ᠠᠳᠠᠯᠢ ᠬᠤᠭᠤᠴᠠᠭᠠᠨ ᠤ ᠬᠢ ᠠᠴᠠ 20.70% ᠢᠶᠠᠷ ᠨᠡᠮᠡᠭᠳᠡᠵᠡᠶ᠃ ᠡᠭᠦᠨ ᠳᠤ᠄ | ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ 2845 ᠬᠤᠪᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 18.30% ᠢᠶᠠᠷ ᠨᠡᠮᠡᠭᠳᠡᠵᠡᠶ︔ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ | ᠠᠰᠢᠭ ᠤᠨ ᠭᠤᠶᠤᠴᠢᠯᠠᠯ 7468 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24.57% ᠪᠠᠷ | ᠨᠡᠮᠡᠭᠳᠡᠵᠡᠶ︔ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ ᠤᠨ ᠭᠤᠶᠤᠴᠢᠯᠠᠯ 1388 ᠬᠤᠪᠢ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.26% ᠪᠠᠷ ᠨᠡᠮᠡᠭᠳᠡᠵᠡᠢ᠃ ᠡᠭᠦᠳᠦᠯᠲᠡ ᠶᠢᠨ ᠲᠤᠰᠬᠠᠶ | ᠠᠰᠢᠭ ᠤᠨ ᠭᠤᠶᠤᠴᠢᠯᠠᠯ ᠳᠤ᠂ ᠲᠤᠰᠢᠶᠠᠯ ᠤᠨ ᠡᠭᠦᠳᠦᠯᠲᠡ ᠶᠢᠨ ᠭᠤᠶᠤᠴᠢᠯᠠᠯ 2188 ᠬᠤᠪᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 27.59% ᠪᠠᠷ ᠨᠡᠮᠡᠭᠳᠡᠵᠡᠶ︔ ᠲᠤᠰᠢᠶᠠᠯ ᠤᠨ ᠪᠤᠰᠤ ᠡᠭᠦᠳᠦᠯᠲᠡ ᠶᠢᠨ ᠭᠤᠶᠤᠴᠢᠯᠠᠯ | 657 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.56% ᠪᠠᠷ ᠨᠡᠮᠡᠭᠳᠡᠵᠡᠶ᠃ ᠲᠤᠰᠢᠶᠠᠯ ᠤᠨ | ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠳᠤ᠂ ᠠᠵᠤ ᠠᠬᠤᠶᠢᠯᠠᠯ ᠤᠨ ᠭᠤᠶᠤᠴᠢᠯᠠᠯ 1453 ᠬᠤᠪᠢ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.90% ᠢᠶᠠᠷ ᠨᠡᠮᠡᠭᠳᠡᠵᠡᠶ︔ ᠶᠡᠭᠡ ᠳᠡᠭᠡᠳᠦ ᠲᠤᠰᠬᠠᠢ | ᠮᠡᠷᠭᠡᠵᠢᠯ ᠤᠨ ᠰᠤᠷᠭᠠᠭᠤᠯᠢ ᠶᠢᠨ ᠭᠤᠶᠤᠴᠢᠯᠠᠯ 415 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12. | 16% ᠪᠠᠷ ᠨᠡᠮᠡᠭᠳᠡᠵᠡᠶ︔ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠤᠶᠤᠴᠢᠯᠠᠯ 243 | ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 44.64% ᠪᠠᠷ ᠨᠡᠮᠡᠭᠳᠡᠵᠡᠶ︔ ᠪᠠᠶᠢᠭᠤᠯᠭ᠎ᠠ ᠪᠦᠯᠬᠦᠮ ᠤᠨ | ᠭᠤᠶᠤᠴᠢᠯᠠᠯ 77 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 185.19% ᠨᠡᠮᠡᠭᠳᠡᠵᠡᠶ᠃ | 2017 ᠣᠨ ᠳᠤ ᠥᠪᠥᠷ ᠮᠣᠩᠭᠤᠯ ᠤᠨ ᠪᠥᠬᠦ ᠣᠷᠣᠨ ᠤ ᠲᠤᠰᠬᠠᠶ ᠠᠰᠢᠭ ᠤᠨ ᠡᠷᠬᠡ ᠣᠯᠭᠤᠯᠲᠠ | 6271 ᠬᠤᠪᠢ ᠪᠣᠯᠵᠤ᠂ ᠠᠳᠠᠯᠢ ᠬᠤᠭᠤᠴᠠᠭᠠᠨ ᠤ ᠬᠢ ᠠᠴᠠ 9.04% ᠪᠠᠷ ᠨᠡᠮᠡᠭᠳᠡᠵᠡᠶ᠃ ᠡᠭᠦᠨ ᠳᠤ᠄ | ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠣᠯᠭᠤᠭᠰᠠᠨ ᠨᠢ 848 ᠬᠤᠪᠢ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 2.79% ᠪᠠᠷ ᠨᠡᠮᠡᠭᠳᠡᠵᠡᠶ︔ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠡᠷᠬᠡ | ᠣᠯᠭᠤᠯᠲᠠ 4453 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.82% ᠢᠶᠠᠷ ᠨᠡᠮᠡᠭᠳᠡᠵᠦ᠂ | ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ ᠤᠨ ᠡᠷᠬᠡ ᠣᠯᠭᠤᠯᠲᠠ 970 ᠬᠤᠪᠢ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ — 0.92% ᠨᠡᠮᠡᠭᠳᠡᠵᠡᠶ᠃ ᠡᠭᠦᠳᠦᠯᠲᠡ ᠶᠢᠨ ᠲᠤᠰᠬᠠᠶ ᠠᠰᠢᠭ ᠤᠨ ᠡᠷᠬᠡ | ᠣᠯᠭᠤᠯᠲᠠ ᠳᠣᠲᠣᠷ᠎ᠠ᠂ ᠲᠤᠰᠢᠶᠠᠯ ᠤᠨ ᠡᠭᠦᠳᠦᠯᠲᠡ ᠶᠢᠨ ᠡᠷᠬᠡ ᠣᠯᠭᠤᠯᠲᠠ 692 ᠬᠤᠪᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 3.28% ᠪᠠᠷ ᠨᠡᠮᠡᠭᠳᠡᠵᠡᠶ︔ ᠲᠤᠰᠢᠶᠠᠯ ᠤᠨ ᠪᠤᠰᠤ ᠡᠭᠦᠳᠦᠯᠲᠡ ᠶᠢᠨ ᠡᠷᠬᠡ | ᠣᠯᠭᠤᠯᠲᠠ 156 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.65% ᠪᠠᠷ ᠨᠡᠮᠡᠭᠳᠡᠵᠡᠢ᠃ | ᠲᠤᠰᠢᠶᠠᠯ ᠤᠨ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠣᠯᠭᠤᠯᠲᠠ ᠳᠣᠲᠣᠷ᠎ᠠ᠂ ᠠᠵᠤ ᠠᠬᠤᠶᠢᠯᠠᠯ ᠳᠠᠬᠢ | ᠡᠷᠬᠡ ᠣᠯᠭᠤᠯᠲᠠ 462 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.96% ᠪᠠᠷ ᠨᠡᠮᠡᠭᠳᠡᠵᠡᠶ︔ | ᠶᠡᠭᠡ ᠳᠡᠭᠡᠳᠦ ᠲᠤᠰᠬᠠᠢ ᠮᠡᠷᠭᠡᠵᠢᠯ ᠤᠨ ᠰᠤᠷᠭᠠᠭᠤᠯᠢ ᠳᠠᠬᠢ ᠡᠷᠬᠡ ᠣᠯᠭᠤᠯᠲᠠ 159 ᠬᠤᠪᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ — 2.45% ᠨᠡᠮᠡᠭᠳᠡᠵᠡᠶ︔ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠳᠠᠬᠢ ᠡᠷᠬᠡ ᠣᠯᠭᠤᠯᠲᠠ 57 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 29. | 55% ᠪᠠᠷ ᠨᠡᠮᠡᠭᠳᠡᠵᠡᠶ︔ ᠪᠠᠶᠢᠭᠤᠯᠭ᠎ᠠ ᠪᠦᠯᠬᠦᠮ ᠳᠠᠬᠢ ᠡᠷᠬᠡ ᠣᠯᠭᠤᠯᠲᠠ 14 ᠬᠤᠪᠢ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ — 48.15% ᠨᠡᠮᠡᠭᠳᠡᠵᠡᠶ᠃ | 2017 ᠣᠨ ᠳᠤ ᠥᠪᠥᠷ ᠮᠣᠩᠭᠤᠯ ᠤᠨ ᠪᠥᠬᠦ ᠣᠷᠣᠨ ᠤ ᠬᠦᠴᠦᠨ ᠪᠦᠬᠦᠢ ᠡᠭᠦᠳᠦᠯᠲᠡ ᠶᠢᠨ ᠲᠤᠰᠬᠠᠶ | ᠠᠰᠢᠭ 4505 ᠬᠤᠪᠢ ᠪᠠᠶᠢᠵᠤ᠂ ᠲᠦᠮᠡᠨ ᠬᠥᠮᠦᠨ ᠪᠦᠷᠢ ᠶᠢᠨ ᠲᠤᠰᠬᠠᠶ ᠠᠰᠢᠭ ᠢ ᠡᠵᠡᠮᠰᠢᠭᠰᠡᠨ ᠬᠡᠮᠵᠢᠶ᠎ᠡ ︵ | ᠬᠥᠮᠦᠨ ᠠᠮᠠ ᠶᠢᠨ ᠲᠤᠭ᠎ᠠ ᠶᠢ 2511 ᠲᠦᠮᠡ ᠪᠠᠷ ᠪᠣᠳᠣᠪᠠ︶1.79 ᠬᠤᠪᠢ ᠪᠠᠶᠢᠵᠤ᠂ 2016 | ᠣᠨ ᠳᠤ ᠲᠦᠮᠡᠨ ᠬᠥᠮᠦᠨ ᠪᠦᠷᠢ 1.49 ᠬᠤᠪᠢ ᠪᠠᠶᠢᠭᠰᠠᠨ ᠠᠴᠠ ᠪᠠᠨ 20.13% ᠪᠠᠷ ᠨᠡᠮᠡᠭᠳᠡᠵᠡᠶ᠃ | 2017 ᠣᠨ ᠳᠤ ᠥᠪᠥᠷ ᠮᠣᠩᠭᠤᠯ ᠤᠨ ᠲᠤᠰᠬᠠᠶ ᠠᠰᠢᠭ ᠤᠨ ᠭᠤᠶᠤᠴᠢᠯᠠᠯ ᠪᠠ ᠡᠷᠬᠡ ᠣᠯᠭᠤᠯᠲᠠ | ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠨ ᠪᠦᠲᠦᠭᠡᠬᠦ ᠭᠤᠣᠯ ᠴᠣᠭᠴᠠ ᠪᠣᠯᠬᠤ ᠶᠢᠨ ᠰᠠᠭᠤᠷᠢ ᠦᠷᠭᠦᠯᠵᠢᠯᠡᠨ ᠲᠣᠭᠲᠠᠭᠤᠨ ᠪᠠᠶᠢᠵᠤ᠂ ᠠᠵᠤ | ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠯᠡᠬᠦ ᠴᠢᠳᠠᠪᠤᠷᠢ ᠢᠳᠡᠭ | ᠢᠳᠡᠭ ᠢᠶᠠᠷ ᠨᠡᠮᠡᠭᠳᠡᠨ᠂ ᠪᠥᠬᠦ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠵᠢᠴᠢ ᠡᠭᠦᠳᠦᠯᠲᠡ ᠪᠠ | ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ | ᠤᠯᠠᠨ ᠨᠡᠶᠢᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠲᠤᠬᠠᠶ ᠤᠬᠠᠮᠰᠠᠷ ᠲᠠᠰᠤᠷᠠᠯᠲᠠ ᠦᠭᠡᠢ | ᠳᠡᠭᠡᠭᠰᠢᠯᠡᠵᠡᠶ᠃ ᠭᠡᠪᠡᠴᠦ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠯᠦᠭᠡ ᠠᠳᠠᠯᠢᠳᠬᠠᠪᠠᠯ᠂ ᠮᠥᠨ ᠨᠡᠯᠢᠶᠡᠳ | ᠶᠡᠭᠡ ᠵᠥᠷᠢᠶ᠎ᠡ ᠲᠠᠢ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠮᠥᠨ ᠯᠡ | ᠮᠠᠰᠢ ᠤᠯᠡᠨ ᠰᠢᠯᠭᠠᠯᠲᠠ ᠳᠤ ᠲᠤᠯᠭᠠᠷᠠᠵᠤ ᠪᠠᠶᠢᠨ᠎ᠠ᠂ ᠥᠪᠥᠷ ᠮᠣᠩᠭᠤᠯ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠤᠨ | ᠪᠦᠲᠦᠭᠡᠨ ᠪᠠᠶᠢᠭᠤᠯᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠤ | ᠪᠠᠶᠢᠭᠤᠯᠤᠯᠲᠠ ᠶᠢ ᠲᠦᠷᠭᠡᠳᠬᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ | ᠬᠡᠷᠡᠭᠵᠢᠭᠦᠯᠬᠦ᠂ ᠬᠠᠮᠠᠭᠠᠯᠠᠬᠤ ᠪᠠ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ | ᠨᠡᠶᠢᠭᠡᠮ ᠤᠨ ᠰᠢᠨ᠎ᠡ ᠶᠢ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠤᠷᠮᠠᠰᠢᠭᠤᠯᠤᠨ ᠵᠣᠷᠢᠭᠵᠢᠭᠤᠯᠵᠤ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ︽ᠰᠢᠨᠵᠢᠯᠡᠬᠦ ᠤᠬᠠᠭᠠᠨ ᠢ ᠡᠷᠬᠢᠮᠯᠡᠬᠦ᠂ ᠡᠷᠳᠡᠮ ᠮᠡᠳᠡᠯᠭᠡ ᠶᠢ ᠬᠦᠨᠳᠦᠳᠬᠡᠬᠦ᠂ ᠰᠢᠨ᠎ᠡ ᠡᠭᠦᠳᠦᠯᠲᠡ ᠶᠢ ᠬᠠᠮᠠᠭᠠᠯᠠᠬᠤ︾ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠶ ᠪᠠᠶᠢᠨ᠎ᠠ᠃ |