ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶ᠎ᠠ ᠪᠦᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ ᠲᠤᠬᠠᠶ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠨᠡᠶᠢᠲᠡᠯᠢᠭ ᠵᠢᠱᠢᠶ᠎ᠡ ᠶᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018/4/26
      4 ᠳ᠋ᠦ᠋ᠭᠡᠷ ᠰᠠᠷ᠎ᠠ ᠶᠢᠨ 23᠎ ᠤ ᠡᠳᠦᠷ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠪᠦᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ ᠲᠤᠬᠠᠶ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶᠠᠨ ᠤ ᠳᠠᠷᠤᠭ᠎ᠠ ᠮᠠ ᠰᠢᠶᠠᠩ ᠬᠤᠢ ᠬᠤᠷᠠᠯ ᠡᠷᠬᠢᠯᠡᠨ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠸᠠᠩ ᠵᠢᠶᠠᠩ ᠫᠢᠩ ᠭᠤᠣᠯ ᠬᠤᠷᠠᠯ ᠤᠨ ᠲᠠᠯᠠᠪᠠᠢ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠎ ᠤᠨ ᠲᠣᠪᠴᠢᠶ᠎ᠠ ᠨᠡᠶᠢᠲᠡᠯᠢᠭ ᠵᠢᠱᠢᠶ᠎ᠡ ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠭᠠᠵᠠᠷ ᠠᠯᠪᠠᠨ ᠭᠡᠷ᠂ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶ᠎ᠠ ᠶᠢᠨ ᠪᠦᠬᠦ ᠺᠠᠳ᠋ᠷᠴᠤᠳ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠡᠨᠡ ᠤᠳᠠᠭ᠎ᠠ ᠶᠢᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ ᠤ ᠲᠠᠯᠳᠠ ᠬᠦᠴᠦᠨ ᠢ ᠠᠭᠤᠳᠠᠯᠤᠨ᠂ ᠦᠢᠯᠡᠴᠢᠯᠡᠭᠡᠨ ᠤ ᠬᠡᠪ ᠵᠠᠭᠪᠤᠷ ᠢᠶᠠᠨ ᠰᠢᠨᠡᠴᠢᠯᠡᠵᠦ᠂ ᠡᠪᠯᠡᠭᠦᠯᠬᠦ ᠠᠵᠢᠯᠯᠠᠭᠠᠨ ᠢ ᠪᠠᠶᠢᠩᠭᠤᠵᠢᠭᠤᠯᠬᠤ᠂ ᠰᠦᠯᠵᠢᠶᠡᠵᠢᠭᠦᠯᠬᠦ ᠶᠢ ᠲᠦᠯᠬᠢᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠬᠢᠭᠡᠳ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠭᠦᠨᠵᠡᠭᠡᠶ ᠨᠡᠶᠢᠯᠡᠯ ᠢ ᠠᠬᠢᠭᠤᠯᠵᠤ᠂ ᠪᠦᠬᠦ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ︽ᠬᠦᠴᠦᠷᠬᠡᠭᠵᠢᠬᠦ︾ ᠪᠠ ᠴᠢᠨᠠᠷ ᠰᠠᠶᠢᠲᠠᠶ ᠬᠥᠭᠵᠢᠯᠳ᠋ᠨ ᠳᠤ ᠨᠡᠩ ᠣᠨᠤᠪᠴᠢᠲᠠᠢ ᠪᠥᠭᠡᠳ ᠪᠦᠲᠦᠮᠵᠢᠲᠡᠢ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号