| | ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ 2018 ᠤᠨ ᠤ 4 ᠳ᠋ᠦ᠋ᠭᠡᠷ | ᠰᠠᠷ᠎ᠠ ᠶᠢᠨ 25 ᠤ ᠡᠳᠦᠷ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ 67 ᠬᠦᠮᠦᠨ᠂ ᠤᠷᠤᠯᠠᠬᠴᠢ ᠬᠡᠰᠢᠭᠦᠨ | 12 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ | ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠨ | ᠤᠷᠤᠯᠴᠠᠵᠠᠢ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ | ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ | ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ | ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠠᠨᠠᠯ︾ ᠢ ᠬᠢᠨᠠᠨ ᠵᠦᠪᠯᠡᠵᠤ | ᠪᠠᠳᠤᠯᠠᠪᠠ᠃ | ᠪᠦᠬᠦᠳᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ | ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠪᠤᠯ ᠶᠡᠷᠦᠩᠬᠡᠢ ᠱᠦᠵᠢ ᠠᠴᠠ | 2014 ᠤᠨ ᠳᠤ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠤ ᠶᠠᠷᠢᠭᠰᠠᠨ ᠴᠢᠬᠤᠯᠠ ᠶᠠᠷᠢᠶ᠎ᠠ ᠶᠢᠨ | ᠲᠠᠷᠠᠭ᠎ᠠ ᠲᠠᠬᠢᠨᠳᠠ ᠮᠠᠨ ᠤ ᠤᠷᠤᠨ ᠤ ᠪᠠᠶᠢᠳᠠᠯ ᠢ ᠦᠨᠳᠦᠰᠦᠯᠡᠨ ᠲᠤᠬᠳᠠᠭᠠᠵᠦ ᠦᠭᠭᠦᠭᠰᠡᠨ ᠠᠵᠢᠯᠯᠠᠭᠠᠨ ᠤ | ᠬᠦᠳᠦᠯᠪᠤᠷᠢ ᠪᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠠᠷᠠᠭ᠎ᠠ ᠨᠠᠮ ᠤᠨ ᠲᠦᠪ ᠬᠤᠷᠢᠶ᠎ᠠ ᠠᠴᠠ | ᠮᠠᠨ ᠤ ᠤᠷᠤᠨ ᠳᠤ ᠨᠠᠷᠢᠨ ᠨᠢᠮᠪᠠᠢ ᠵᠢᠷᠤᠬᠯᠠᠨ ᠦᠭᠭᠦᠭᠰᠡᠨ ᠬᠦᠭᠵᠢᠯᠳᠡ ᠶᠢᠨ ᠠᠤᠭ᠎ᠠ ᠵᠢᠷᠤᠭ ᠲᠦᠯᠦᠪᠯᠡᠭᠡ | ᠪᠤᠯᠤᠨ᠎ᠠ᠂ ᠡᠨᠡ ᠨᠢ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠠᠵᠢᠯ ᠢ ᠰᠠᠶᠢᠲᠤᠷ ᠬᠢᠭᠦ ᠳᠤ | ᠤᠷᠤᠬᠰᠢᠯᠠᠯᠳᠠ ᠶᠢᠨ ᠴᠢᠭᠯᠡᠯ ᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠤᠷᠤᠨ ᠤ ᠡᠯ᠎ᠠ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ | ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠦᠷᠭᠦᠯᠵᠢᠯᠡᠨ ᠰᠤᠷᠤᠯᠴᠠᠨ ᠮᠡᠳᠡᠵᠤ ᠨᠡᠪᠳᠡᠷᠡᠳᠡᠯ᠎ᠠ | ᠤᠶᠢᠯᠠᠭᠠᠵᠤ ᠪᠤᠲᠠᠲᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ | ᠯᠠᠪᠳᠠᠭᠤᠨ ᠪᠠᠳᠤᠳᠠᠢ ᠠᠬᠢᠭᠤᠯᠵᠤ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠣᠷ ᠲᠤᠬᠳᠠᠭᠤᠨ ᠢ | ᠯᠠᠪᠳᠠᠭᠤᠨ ᠪᠠᠳᠤᠳᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠠᠬᠢᠨ ᠰᠢᠨ᠎ᠠ ᠲᠡᠭᠳᠡᠷ ᠲᠤ | ᠭᠠᠷᠬᠤ ᠶᠢ ᠠᠬᠢᠭᠤᠯᠬᠤ ᠬᠡᠷᠡᠭᠳᠡᠢ ᠭᠡᠵᠦ ᠦᠵᠡᠪᠡ᠃ | ᠪᠦᠬᠦᠳᠡ ᠬᠤᠷᠠᠯ ᠠᠴᠠ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠭᠦ ᠪᠤᠯ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠣᠯᠬᠤ ᠳᠤ ᠬᠠᠨᠳᠣᠭᠤᠯᠵᠣ ᠭᠠᠷᠭᠠᠬᠰᠠᠨ ᠴᠢᠬᠤᠯᠠ ᠶᠡᠭᠡ | ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠲᠠ ᠪᠣᠯᠬᠤ ᠪᠦᠭᠡᠳ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠭᠦᠯᠭᠦ ᠳᠤ | ᠵᠠᠪᠠᠯ ᠲᠠᠪᠠᠭ᠋ᠤ ᠴᠢᠬᠤᠯᠠ ᠶᠡᠭᠡ ᠪᠤᠭᠤᠮᠳᠠ ᠪᠤᠯᠤᠨ᠎ᠠ᠃ ︽ᠲᠦᠷᠪᠡᠨ ᠤᠬᠠᠮᠰᠠᠷ︾ ᠢᠶᠠᠨ ᠴᠢᠨᠠᠬᠰᠢᠳᠠ ᠴᠢᠩᠭᠠᠳᠬᠠᠨ | ︽ᠲᠦᠷᠪᠡᠨ ᠢᠳᠡᠭᠡᠯ︾ ᠢᠶᠠᠨ ᠤᠯᠠᠮ ᠪᠠᠳᠤᠳᠬᠠᠵᠤ᠂ ᠤᠯᠤᠰ ᠲᠦᠷᠦ ᠶᠢᠨ ᠵᠤᠬᠰᠤᠴᠠ ᠪᠠᠨ ᠦᠨᠡᠨᠭᠦ | ᠲᠡᠭᠡᠭᠰᠢᠯᠡᠭᠦᠯᠵᠤ᠂ ᠦᠵᠡᠯ ᠰᠠᠨᠠᠭ᠎ᠠ ᠲᠠᠨᠢᠯᠳᠠ ᠪᠠᠨ ᠭᠦᠨᠵᠡᠭᠡᠶᠢᠷᠡᠭᠦᠯᠦᠨ᠂ ︽ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ︾ ᠢ ᠰᠠᠶᠢᠲᠤᠷ ᠬᠢᠬᠦ ᠶᠢ ᠤᠳᠤᠬᠠᠨ ᠤ ᠠᠵᠢᠯ ᠤᠨ ᠢᠶᠠᠨ ᠭᠤᠤᠯᠳᠠᠯᠭ᠎ᠠ ᠶᠢᠨ ᠲᠤᠳᠤᠷᠠᠬᠢ | ᠭᠤᠤᠯᠳᠠᠯᠭ᠎ᠠ ᠪᠤᠯᠭᠠᠵᠤ᠂ ᠳᠤᠪᠤᠶᠢᠮ᠎ᠠ ᠠᠰᠠᠭᠤᠳᠠᠯ ᠢ ᠶᠡᠭᠡ ᠬᠦᠴᠦ ᠤᠷᠤᠭᠤᠯᠣᠨ ᠴᠡᠭᠴᠡᠯᠡᠨ ᠰᠠᠶᠢᠵᠢᠷᠠᠭᠤᠯᠵᠤ᠂ | ᠡᠭᠦᠷᠭᠡ ᠶᠢ ᠪᠤᠲᠠᠲᠠᠶᠢᠵᠢᠭᠤᠯᠤᠨ ᠬᠠᠷᠠᠯᠳᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠡᠷᠭᠡ ᠰᠦᠷ ᠪᠤᠯᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ | ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ | ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠭᠡᠵᠦ ᠦᠵᠡᠪᠡ᠃ | ᠪᠦᠬᠦᠳᠡ ᠬᠤᠷᠠᠯ ᠠᠴᠠ᠂ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠭᠦ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠭᠦ ᠶᠢᠨ ᠴᠢᠬᠤᠯᠠ ᠪᠠᠳᠤᠯᠠᠭ᠎ᠠ ᠪᠤᠯᠤᠨ᠎ᠠ᠃ ᠦᠷᠢ ᠦᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠡᠨᠡᠭᠦ ᠬᠦᠪᠴᠢ ᠶᠢ ᠢᠮᠠᠬᠳᠠ ᠴᠢᠩᠭᠠᠯᠠᠵᠣ᠂ ᠦᠷᠢ ᠦᠭᠴᠡᠭᠡ ᠶᠢᠨ ᠠᠶᠤᠯ ᠲᠦᠭᠰᠢᠭᠦᠷᠢ ᠶᠢᠨ ᠪᠠᠶᠢᠳᠠᠯ ᠢ | ᠴᠠᠭ ᠲᠤᠬᠠᠢ ᠳᠤᠨᠢ ᠤᠨᠤᠪᠴᠢᠳᠠᠢ ᠡᠵᠡᠮᠰᠢᠵᠤ᠂ ᠤᠯᠠᠨ ᠵᠦᠢᠯ ᠤᠨ ᠠᠷᠭ᠎ᠠ ᠶᠢ ᠵᠡᠷᠭᠡᠪᠡᠷ ᠬᠡᠷᠡᠭᠯᠡᠨ ᠲᠠᠷᠤᠬᠳᠠᠵᠤ | ᠪᠠᠶᠢᠭ᠎ᠠ ᠦᠷᠢ ᠦᠭᠴᠡᠭᠡ ᠶᠢ ᠨᠠᠮᠳᠠᠭᠤᠯᠵᠤ᠂ ᠰᠢᠰᠲ᠋ᠧᠮᠲᠦ ᠴᠢᠨᠠᠷᠳᠠᠢ ᠤᠷᠤᠨ ᠪᠦᠰᠨ ᠶᠢᠨ ᠴᠢᠨᠠᠷᠳᠠᠢ ᠠᠶᠤᠯ | ᠲᠦᠭᠰᠢᠭᠦᠷᠢ ᠦᠯᠦ ᠡᠭᠦᠰᠭᠦ ᠶᠢ ᠦᠨᠡᠨᠬᠦ ᠪᠠᠳᠤᠯᠠᠬᠤ ᠬᠡᠷᠡᠭᠳᠡᠢ᠃ ᠰᠢᠨ᠎ᠡ ᠪᠠᠷ ᠨᠡᠮᠡᠭᠳᠡᠭᠦ ᠦᠷᠢ ᠦᠭᠴᠡᠭᠡ ᠶᠢᠨ | ᠬᠡᠪᠴᠢᠶ᠎ᠠ ᠶᠢ ᠴᠢᠩᠭ᠎ᠠ ᠡᠵᠡᠮᠳᠡᠨ ᠬᠢᠵᠠᠭᠠᠷᠯᠠᠵᠤ᠂ ᠬᠠᠤᠯᠢ ᠲᠤᠬᠳᠠᠭᠠᠯ ᠠᠴᠠ ᠵᠦᠷᠢᠴᠡᠨ ᠦᠷᠢᠳᠦᠭᠦ ︽ᠠᠷᠤ ᠡᠭᠦᠳᠡ | ︾ ᠶᠢ ᠬᠠᠭᠠᠵᠤ᠂ ᠵᠢᠷᠤᠮᠵᠢᠯ ᠲᠠᠢ ᠦᠷᠢᠳᠦᠭᠦ ︽ᠡᠮᠦᠨ᠎ᠠ ᠡᠭᠦᠳᠡ︾ ᠶᠢ ᠰᠠᠶᠢᠲᠤᠷ ᠨᠡᠭᠡᠭᠡᠵᠤ᠂ ᠭᠤᠤᠯᠳᠠᠯᠭ᠎ᠠ ᠲᠠᠢ | ᠬᠦᠷᠢᠶ᠎ᠠ᠂ ᠭᠤᠤᠯᠳᠠᠯᠭ᠎ᠠ ᠲᠠᠢ ᠲᠦᠷᠦᠯ ᠵᠦᠢᠯ ᠳᠤ ᠵᠦᠢ ᠵᠤᠬᠢᠰᠳᠠᠢ ᠪᠠᠷ ᠪᠡᠯᠡ ᠬᠤᠷᠠᠮᠳᠤᠭᠤᠯᠬᠤ ᠬᠡᠷᠡᠭᠴᠡᠭᠡ ᠶᠢ | ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠭᠦ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠭᠦ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠤᠨ᠎ᠠ᠃ ᠶᠠᠳᠠᠭᠤ ᠬᠦᠴᠢᠷᠳᠡᠯᠳᠡᠢ ᠬᠦᠮᠦᠨ ᠠᠮᠠ | ᠲᠦᠪᠯᠡᠷᠡᠭᠰᠡᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠦ ᠪᠠ ᠭᠠᠴᠠᠭ᠎ᠠ ᠲᠤᠰᠬᠤᠨ ᠳᠤ ᠠᠩᠬᠠᠷᠣᠯ ᠢᠶᠠᠨ | ᠳᠠᠯᠪᠢᠵᠣ᠂ ᠨᠡᠩ ᠬᠦᠴᠦᠳᠡᠢ ᠠᠷᠭ᠎ᠠ ᠬᠡᠮᠵᠢᠶ᠎ᠠ ᠠᠪᠴᠤ᠂ ᠨᠡᠩ ᠤᠨᠤᠪᠴᠢᠳᠠᠢ ᠠᠷᠭ᠎ᠠ ᠬᠡᠮᠵᠢᠶ᠎ᠠ ᠳᠣᠭᠳᠠᠭᠠᠵᠣ᠂ | ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠡᠢ᠃ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ | ᠳᠤᠪᠤᠶᠢᠯᠭᠠᠨ ᠠᠳᠬᠤᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠴᠠᠬᠤ ᠨᠤᠷᠮ᠎ᠠ ᠪᠠᠷ ᠦᠨᠳᠦᠷ᠂ | ᠶᠠᠳᠠᠭᠤ ᠠᠴᠠ ᠨᠢ ᠠᠩᠬᠢᠵᠢᠷᠠᠭᠤᠯᠵᠤ ᠤᠷᠤᠯᠭ᠎ᠠ ᠶᠢ ᠨᠢ ᠨᠡᠮᠡᠭᠳᠡᠭᠦᠯᠬᠦ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ | ᠪᠦᠯᠦᠭ ᠤᠨᠴᠠᠯᠢᠬᠳᠦ ᠠᠵᠤ ᠦᠢᠯᠡᠰ ᠤᠨ ᠲᠦᠷᠦᠯ ᠵᠦᠢᠯ ᠪᠠ ᠰᠠᠭᠤᠷᠢᠨ ᠢ ᠬᠦᠭᠵᠢᠭᠦᠯᠵᠤ᠂ ᠶᠠᠳᠠᠭᠤ ᠠᠴᠠ | ᠠᠩᠬᠢᠵᠢᠷᠠᠭᠤᠯᠬᠤ ᠲᠤᠳᠤᠭᠠᠳᠦ ᠬᠦᠳᠡᠯᠭᠡᠬᠦ ᠬᠦᠴᠦᠨ ᠪᠠ ᠴᠢᠰᠦ ᠪᠦᠳᠦᠭᠡᠭᠦ ᠴᠢᠳᠠᠪᠬᠢ ᠶᠢ ᠨᠢ ᠴᠢᠩᠭᠠᠳᠬᠠᠬᠤ | ᠬᠡᠷᠡᠭᠳᠡᠢ᠃ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠶᠢ ᠬᠦᠨᠵᠡᠭᠡᠢ ᠠᠬᠢᠭᠤᠯᠵᠤ᠂ ︽ᠭᠤᠷᠪᠠᠨ ᠨᠢᠭᠡ ᠪᠦᠯᠦᠭ︾ | ᠤᠨ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠵᠤ᠂ ᠨᠢᠭᠡ ᠪᠦᠯᠦᠭ ᠶᠡᠭᠡ ᠡᠪᠡᠳᠴᠢᠨ ᠲᠠᠢ ᠬᠦᠮᠦᠰ ᠢ | ᠲᠦᠪᠯᠡᠷᠡᠭᠦᠯᠦᠨ ᠡᠮᠨᠡᠨ ᠵᠠᠰᠠᠵᠤ᠂ ᠨᠢᠭᠡ ᠪᠦᠯᠦᠭ ᠤᠳᠠᠭᠠᠨ ᠴᠢᠨᠠᠷᠳᠠᠢ ᠡᠪᠡᠳᠴᠢᠨ ᠲᠠᠢ ᠬᠦᠮᠦᠰ ᠢ ᠬᠡᠷ᠎ᠠ ᠲᠤᠬᠳᠠᠨ | ᠦᠢᠯᠡᠴᠢᠯᠡᠨ ᠬᠠᠮᠢᠶᠠᠷᠴᠤ᠂ ᠨᠢᠭᠡ ᠪᠦᠯᠦᠭ ᠬᠦᠨᠳᠦ ᠡᠪᠡᠳᠴᠢᠨ ᠲᠠᠢ ᠬᠦᠮᠦᠰ ᠢ ᠪᠦᠬᠦᠨ ᠢ ᠳᠠᠭᠠᠭᠠᠨ ᠠᠪᠴᠣ | ᠪᠠᠳᠤᠯᠠᠵᠤ᠂ ᠡᠪᠡᠳᠴᠢᠨ ᠠᠴᠠ ᠪᠤᠯᠵᠤ ᠶᠠᠳᠠᠭᠤᠷᠠᠬᠤ ᠪᠤᠶᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ | ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠬᠤ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢ ᠲᠦᠪᠯᠡᠷᠡᠭᠦᠯᠦᠨ ᠴᠡᠭᠴᠡᠯᠨᠨ ᠵᠠᠰᠠᠬᠤ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠤ᠂ ᠠᠵᠢᠯ ᠤᠨ | ᠲᠤᠮᠳᠠᠬᠢ ᠵᠦᠷᠢᠶ᠎ᠠ ᠪᠤᠯᠤᠨ ᠲᠤᠳᠠᠬᠳᠠᠯ ᠢᠶᠠᠨ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠤ᠂ ᠠᠰᠠᠭᠤᠳᠠᠯ ᠤᠨ ᠨᠠᠷᠢᠨ | ᠲᠠᠩᠰᠨ ᠵᠣᠬᠢᠶᠠᠵᠣ᠂ ᠴᠡᠭᠴᠡᠯᠡᠨ ᠰᠠᠶᠢᠵᠢᠷᠠᠭᠤᠯᠬᠤ ᠲᠦᠰᠦᠯ ᠲᠤᠬᠳᠠᠭᠠᠵᠣ᠂ ᠬᠠᠷᠢᠭᠤᠴᠠᠯᠭᠠᠳᠦ ᠰᠠᠯᠠᠭ᠎ᠠ ᠮᠦᠴᠢᠷ | ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠤᠳᠤᠷᠬᠠᠶᠢᠯᠠᠵᠤ᠂ ᠭᠤᠤᠯ ᠬᠠᠷᠢᠭᠤᠴᠠᠯᠭᠠᠳᠠᠨ ᠨᠦᠬᠦᠳ | ᠪᠡᠶ᠎ᠡ ᠪᠠᠷ ᠢᠶᠠᠨ ᠠᠳᠬᠤᠵᠤ᠂ ᠬᠦᠴᠢᠷ ᠪᠡᠷᠭᠡ ᠠᠴᠠ ᠠᠶᠤᠬᠤ ᠦᠭᠡᠢ ᠦᠨᠡᠨ ᠪᠤᠳᠠᠳᠠᠢ ᠠᠵᠢᠯᠯᠠᠬᠤ ᠵᠤᠷᠢᠭ | ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠳᠡᠢ᠃ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠬᠠᠮᠤᠭ ᠤᠨ | ᠴᠢᠩᠭ᠎ᠠ ᠬᠢᠨᠠᠨ ᠰᠢᠯᠭᠠᠵᠤ ᠦᠨᠡᠯᠡᠭᠦ ᠲᠦᠷᠢᠮ ᠢ ᠬᠡᠷᠡᠭᠵᠢᠭᠦᠯᠦᠨ᠂ ᠵᠠᠷᠯᠢᠭ ᠤᠨ ᠪᠢᠴᠢᠭ ᠪᠠᠭᠤᠯᠭᠠᠵᠣ᠂ ᠴᠠᠭ ᠤᠨ | ᠬᠦᠰᠦᠨᠦᠭᠳᠦ ᠶᠢ ᠳᠣᠩᠭᠤᠷᠠᠭᠤᠯᠣᠨ ᠳᠣᠬᠢᠷᠠᠭᠤᠯᠵᠣ᠂ ᠳᠠᠶᠢᠯᠠᠯᠳᠤᠭᠠᠨ ᠤ ᠵᠢᠷᠤᠭ ᠢ ᠵᠢᠷᠤᠬᠯᠠᠵᠤ᠂ ᠨᠢᠭᠡ ᠵᠢᠯ ᠳᠤ | ᠨᠢᠭᠡ ᠰᠢᠨ᠎ᠠ ᠠᠬᠢᠴᠠ ᠲᠠᠢ ᠪᠠᠶᠢᠬᠤ᠂ ᠭᠤᠷᠪᠠᠨ ᠵᠢᠯ ᠳᠤ ᠡᠭᠦᠷᠭᠡ ᠪᠠᠨ ᠲᠡᠭᠦᠰ ᠠᠮᠵᠢᠯᠳᠡ ᠲᠠᠢ ᠪᠡᠶᠡᠯᠡᠭᠦᠯᠭᠦ ᠶᠢ | ᠦᠨᠡᠨᠬᠦ ᠪᠠᠳᠤᠯᠠᠬᠤ ᠬᠡᠷᠡᠭᠳᠡᠢ᠃ ᠠᠵᠢᠯ ᠤᠨ ᠰᠤᠷᠳᠠᠯ ᠢᠶᠠᠨ ᠶᠡᠭᠡᠪᠡᠷ ᠬᠤᠪᠢᠷᠠᠭᠤᠯᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠰᠤᠷᠳᠠᠯ ᠤᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢ ᠯᠠᠪᠳᠠᠭᠤᠨ | ᠪᠠᠳᠤᠳᠠᠢ ᠦᠷᠨᠢᠭᠦᠯᠵᠤ᠂ ᠬᠡᠯᠪᠡᠷᠢᠴᠢ ᠦᠵᠡᠯ᠂ ᠨᠤᠶᠠᠨᠴᠢ ᠰᠣᠷᠳᠠᠯ᠂ ᠬᠤᠳᠠᠯ ᠬᠡᠯᠡᠵᠤ ᠬᠤᠯᠤ ᠲᠠᠷᠢᠬᠤ ᠦᠵᠡᠭᠳᠡᠯ ᠢ | ᠴᠢᠩᠭ᠎ᠠ ᠴᠡᠭᠴᠡᠯᠡᠨ ᠵᠠᠰᠠᠵᠤ᠂ ᠰᠤᠷᠳᠠᠯ ᠲᠦᠪ ᠬᠠᠷᠢᠭᠤᠴᠠᠯᠭ᠎ᠠ ᠪᠤᠳᠠᠳᠠᠢ ᠪᠠᠶᠢᠬᠤ ᠪᠠᠷ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠶᠠᠪᠤᠴᠠ ᠪᠤᠳᠠᠳᠠᠢ᠂ ᠦᠷ᠎ᠠ ᠪᠦᠳᠦᠭᠡᠯ ᠪᠤᠳᠠᠳᠠᠢ ᠪᠠᠶᠢᠬᠤ ᠶᠢ ᠪᠠᠳᠤᠯᠠᠬᠤ | ᠬᠡᠷᠡᠭᠳᠡᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠪᠤᠬᠢᠷᠳᠦᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠭᠦ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢ ᠠᠷᠠᠳ ᠲᠦᠮᠡᠨ ᠳᠤ ᠮᠡᠳᠡᠷᠡᠭᠦᠯᠬᠦ ᠶᠢᠨ | ᠵᠠᠩᠬᠢᠯᠠᠭ᠎ᠠ ᠪᠤᠯᠤᠨ᠎ᠠ᠃ ᠬᠠᠮᠤᠭ ᠤᠨ ᠴᠢᠩᠭ᠎ᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ | ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠵᠤ᠂ ᠬᠦᠭᠡ ᠣᠭᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠳᠤ ᠡᠷᠡᠰ | ᠢᠯᠠᠯᠳᠠ ᠤᠯᠵᠤ᠂ ᠴᠠᠶᠢᠶ᠋ᠢᠦ ᠲᠤᠰᠤ ᠰᠢᠳᠠᠭᠠᠬᠤ ᠪᠠᠷᠠᠭᠠᠨ ᠤ ᠮᠠᠰᠢᠨ ᠲᠡᠷᠭᠡ ᠶᠢᠨ ᠪᠤᠬᠢᠷᠳᠦᠯ ᠢ ᠵᠠᠰᠠᠬᠤ᠂ | ᠬᠤᠳᠠ ᠶᠢᠨ ᠪᠣᠵᠠᠷ ᠦᠮᠡᠬᠡᠢ ᠤᠰᠤᠨ ᠤ ᠴᠤᠬᠴᠠ ᠶᠢ ᠵᠠᠰᠠᠬᠤ᠂ ᠤᠰᠤᠨ ᠤ ᠰᠤᠷᠪᠤᠯᠵᠢ ᠭᠠᠵᠠᠷ ᠢ ᠬᠠᠮᠠᠭᠠᠯᠠᠬᠤ᠂ | ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠪᠤᠬᠢᠷᠳᠦᠯ ᠢ ᠵᠠᠰᠠᠬᠤ ᠶᠢ ᠰᠠᠶᠢᠲᠤᠷ ᠠᠳᠬᠤᠵᠤ᠂ | ᠴᠢᠬᠤᠯᠠ ᠶᠡᠭᠡ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠬᠤ ᠪᠠ ᠰᠡᠯᠪᠢᠨ ᠰᠡᠷᠬᠦᠬᠡᠬᠦ ᠢᠨᠵᠧᠨᠧᠷᠢᠩ ᠢ ᠬᠦᠨᠵᠡᠭᠡᠢ | ᠬᠡᠷᠡᠭᠵᠢᠭᠦᠯᠵᠤ᠂ ᠪᠤᠬᠢᠷᠳᠦᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠡᠷᠬᠢᠯᠳᠡᠳᠦ ᠬᠦᠭᠵᠢᠯᠳᠡ ᠶᠢ ᠶᠡᠭᠡᠪᠡᠷ | ᠠᠬᠢᠭᠤᠯᠦᠨ᠂ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ | ᠬᠡᠷᠡᠮ ᠢ ᠴᠤᠬᠴᠠᠯᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠤᠯ ᠤᠳᠤᠬᠠᠨ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠬᠦᠭᠵᠢᠯᠳᠡ ᠶᠢᠨ ᠰᠡᠳᠬᠢᠴᠡ ᠪᠠᠨ ᠲᠤᠬᠳᠠᠭᠠᠬᠤ᠂ ᠠᠵᠤ ᠠᠬᠤᠢ ᠶᠢᠨ | ᠲᠦᠷᠦ ᠶᠢᠨ ᠪᠤᠳᠤᠯᠭ᠎ᠠ ᠶᠢ ᠲᠤᠬᠳᠠᠭᠠᠬᠤ ᠪᠠ ᠠᠵᠤ ᠠᠬᠤᠢ ᠶᠢᠨ ᠠᠵᠢᠯ ᠢ ᠰᠠᠶᠢᠲᠤᠷ ᠬᠢᠭᠦ ᠶᠢᠨ ᠦᠨᠳᠦᠰᠦᠨ | ᠭᠠᠷᠤᠭ᠎ᠠ ᠪᠤᠯᠤᠨ᠎ᠠ᠃ ᠵᠦᠪ ᠬᠦᠭᠵᠢᠯᠳᠡ ᠶᠢᠨ ᠦᠵᠡᠯᠳᠡ ᠪᠤᠯᠤᠨ ᠠᠵᠢᠯ ᠤᠨ ᠪᠦᠳᠦᠮᠵᠢ ᠶᠢᠨ ᠦᠵᠡᠯᠳᠡ ᠶᠢ ᠪᠠᠳᠤ | ᠪᠠᠬᠢ ᠪᠤᠢ ᠪᠤᠯᠭᠠᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ | ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠣ᠂ | ᠰᠠᠨᠠᠭᠠᠴᠢᠯᠠᠭ᠎ᠠ ᠠᠴᠠ ᠪᠠᠨ ᠴᠢᠨᠠᠷ ᠰᠠᠶᠢᠲᠠᠢ ᠬᠦᠭᠵᠢᠯᠳᠡ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ | ᠪᠤᠳᠠᠳᠠᠢ ᠠᠴᠠ ᠪᠠᠨ ᠡᠭᠦᠰᠴᠤ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠠᠷᠭ᠎ᠠ ᠵᠠᠮ ᠢ ᠰᠦᠪᠡᠭᠴᠢᠯᠡᠵᠦ᠂ | ᠦᠪᠦᠷ ᠮᠤᠩᠭᠤᠯ ᠤᠨ ᠠᠵᠢᠯ ᠢᠶᠠᠨ ᠨᠡᠩ ᠰᠡᠷᠭᠡᠭ ᠢᠶᠠᠷ᠂ ᠨᠡᠩ ᠤᠶᠤᠨᠴᠢ ᠪᠠᠷ᠂ ᠨᠡᠩ ᠦᠨᠡᠨ ᠪᠤᠳᠠᠳᠠᠢ ᠪᠠᠷ | ᠰᠠᠶᠢᠲᠤᠷ ᠬᠢᠭᠦ ᠬᠡᠷᠡᠭᠳᠡᠢ᠃ ᠠᠵᠤ ᠦᠢᠯᠡᠰ ᠤᠨ ᠪᠦᠳᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠲᠡᠪᠰᠢᠭᠦᠯᠬᠦ ᠶᠢ ᠲᠦᠷᠭᠡᠳᠭᠡᠨ ᠠᠬᠢᠭᠤᠯᠵᠤ᠂ ᠳᠠᠪᠠᠭᠤᠯᠢᠬ ᠢᠶᠠᠨ ᠪᠠᠳᠠᠷᠠᠭᠤᠯᠤᠨ ᠰᠢᠭᠠᠷᠤ ᠪᠠᠨ ᠲᠠᠶᠠᠭᠳᠠᠵᠤ᠂ | ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠳᠠᠯ ᠢᠶᠠᠨ ᠲᠡᠪᠴᠢᠵᠤ᠂ ᠲᠠᠪᠠᠭᠤᠯᠢᠭ ᠢᠶᠠᠨ ᠪᠠᠳᠠᠷᠠᠭᠤᠯᠤᠨ | ᠲᠤᠳᠠᠭᠤᠳᠠᠯ ᠢᠶᠠᠨ ᠨᠦᠬᠦᠪᠦᠷᠢᠯᠡᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ | ᠭᠤᠤᠯ ᠰᠢᠵᠢᠮ ᠪᠤᠯᠭᠠᠨ᠂ ︽ᠬᠠᠭᠤᠴᠢᠨ ᠲᠦᠷᠦᠯ ᠲᠡᠮᠳᠡᠭ︾ ᠢ ᠦᠭᠡᠷᠡᠴᠢᠯᠡᠨ ᠲᠡᠰ ᠲᠡᠪᠰᠢᠭᠦᠯᠵᠤ᠂ ︽ᠤᠤᠭᠠᠯ | ᠲᠦᠷᠦᠯ ᠲᠡᠮᠳᠡᠭ︾ ᠢ ᠬᠦᠨᠵᠡᠭᠡᠢ ᠨᠡᠭᠡᠭᠡᠨ ᠬᠦᠭᠵᠢᠭᠦᠯᠵᠤ᠂ ︽ᠰᠢᠨ᠎ᠠ ᠲᠦᠷᠦᠯ ᠲᠡᠮᠳᠡᠭ︾ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠬᠤᠴᠤᠷᠤᠩᠭᠤᠢ᠂ ᠲᠤᠤᠷ᠎ᠠ ᠲᠡᠰ ᠤᠨ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠡᠷᠡᠰ ᠰᠢᠭᠰᠢᠭᠳᠡᠭᠦᠯᠵᠦ᠂ ᠨᠡᠭᠦᠷᠡᠰᠦ ᠮᠠᠯᠳᠠᠨ ᠨᠡᠭᠦᠷᠡᠰᠦ ᠬᠤᠳᠠᠯᠳᠤᠬᠤ᠂ ᠬᠤᠪᠣᠷ ᠰᠢᠷᠤᠢ ᠮᠠᠯᠳᠠᠨ ᠬᠤᠪᠣᠷ ᠰᠢᠷᠤᠢ | ᠬᠤᠳᠠᠯᠳᠤᠬᠤ ᠪᠦᠳᠦᠭᠦᠯᠢᠭ ᠬᠡᠯᠪᠡᠷᠢ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠵᠠᠬᠪᠤᠷ ᠢ ᠬᠦᠴᠦᠯᠡᠨ | ᠬᠤᠪᠢᠷᠠᠭᠤᠯᠬᠤ ᠬᠡᠷᠡᠭᠳᠡᠢ᠃ ᠬᠠᠷᠢᠴᠠᠭᠤᠯᠣᠭᠰᠠᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠤᠳᠤ ᠦᠶ᠎ᠠ ᠶᠢᠨ | ᠡᠨᠧᠷᠬᠢ ᠶᠢᠨ ᠠᠵᠤ ᠠᠬᠤᠢ ᠶᠢ ᠶᠡᠭᠡᠪᠡᠷ ᠬᠦᠭᠵᠢᠭᠦᠯᠵᠤ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ | ᠤᠨ ᠬᠡᠯᠪᠡᠷᠢ ᠶᠢᠨ ᠪᠤᠰᠤ ᠠᠵᠤ ᠦᠢᠯᠡᠰ ᠢ ᠬᠦᠭᠵᠢᠭᠦᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ | ᠮᠠᠨᠳᠤᠵᠣ ᠪᠠᠶᠢᠭ᠎ᠠ ᠠᠵᠤ ᠦᠢᠯᠡᠰ ᠪᠠ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠵᠤ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠣ᠂ ᠵᠦᠢ ᠵᠤᠬᠢᠰᠳᠠᠢ ᠦᠷ᠎ᠠ ᠪᠦᠳᠦᠮᠵᠢᠳᠡᠢ ᠪᠡᠯᠡ | ᠤᠷᠤᠭᠤᠯᠣᠯᠳᠠ ᠶᠢ ᠦᠷᠭᠡᠳᠭᠡᠵᠤ᠂ ᠪᠤᠳᠠᠳᠤ ᠴᠤᠬᠴᠠ ᠶᠢᠨ ᠠᠵᠤ ᠠᠬᠤᠢ ᠶᠢ ᠪᠤᠲᠠᠲᠠᠶᠢᠵᠢᠭᠤᠯᠵᠤ | ᠬᠦᠴᠦᠷᠬᠡᠭᠵᠢᠭᠦᠯᠦᠨ ᠰᠢᠯᠢᠳᠡᠭᠵᠢᠭᠦᠯᠭᠦ ᠬᠡᠷᠡᠭᠳᠡᠢ᠃ ᠰᠢᠨ᠎ᠠ ᠬᠦᠳᠡᠯᠭᠡᠭᠦ ᠡᠨᠧᠷᠬᠢ ᠰᠢᠨ᠎ᠡ ᠨᠡᠮᠡᠭᠳᠡᠯ ᠤᠨ ᠲᠤᠶᠢᠯ ᠢ | ᠲᠦᠷᠭᠡᠳᠭᠡᠨ ᠪᠤᠶᠢᠵᠢᠭᠤᠯᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠳᠡ ᠶᠢᠨ ᠪᠠᠶᠢᠯᠳᠤᠬᠤ | ᠪᠤᠳᠤᠯᠭ᠎ᠠ ᠪᠠ ᠴᠢᠳᠠᠪᠤᠷᠢᠳᠠᠨ ᠢᠶᠠᠷ ᠤᠷᠤᠨ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢ ᠬᠦᠨᠵᠡᠭᠡᠢ | ᠬᠡᠷᠡᠭᠵᠢᠭᠦᠯᠵᠤ᠂ ᠦᠢᠯᠡᠳᠪᠦᠷᠢᠯᠡᠯ ᠤᠨ ᠬᠦᠴᠦᠨ ᠤ ᠤᠷᠤᠨ ᠵᠠᠢ ᠶᠢᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠵᠤ᠂ | ᠬᠦᠬᠡᠬᠤᠳᠠ ᠪᠤᠭᠤᠳᠤ ᠤᠷᠳᠤᠰ ᠤᠨ ᠨᠦᠯᠦᠬᠡᠯᠡᠨ ᠳᠠᠶᠢᠴᠢᠯᠠᠬᠤ ᠴᠢᠳᠠᠪᠤᠷᠢ ᠶᠢ ᠴᠢᠩᠭᠠᠳᠬᠠᠵᠤ᠂ ᠬᠤᠷᠢᠨᠬᠡᠷ | ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠠᠳᠤᠨ ᠭᠤᠤᠯ ᠲᠠᠭᠠᠤ ᠶᠢᠨ ᠠᠮᠢ | ᠠᠬᠤᠢ ᠶᠢᠨ ᠠᠵᠤ ᠠᠬᠤᠢ ᠶᠢᠨ ᠪᠦᠰᠡ ᠶᠢ ᠴᠤᠬᠴᠠᠯᠠᠵᠤ᠂ ᠵᠡᠭᠦᠨ ᠬᠡᠰᠡᠭ ᠤᠨ ᠠᠶᠢᠮᠠᠭ ᠬᠤᠳᠠ ᠶᠢᠨ ᠲᠠᠪᠠᠯᠳᠠᠳᠤ | ᠬᠦᠭᠵᠢᠯᠳᠡ ᠶᠢ ᠠᠬᠢᠭᠤᠯᠬᠤ ᠬᠡᠷᠡᠭᠳᠡᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠭᠦ᠂ ᠪᠤᠳᠠᠳᠠᠢ ᠶᠢ | ᠡᠷᠬᠢᠮᠯᠡᠨ ᠠᠬᠢᠭᠤᠯᠬᠤ ᠶᠢ ᠪᠠᠷᠢᠮᠳᠠᠯᠠᠵᠤ᠂ ᠠᠵᠤ ᠦᠢᠯᠡᠰ ᠢᠶᠠᠷ ᠬᠦᠭᠵᠢᠭᠦᠯᠦᠨ ᠮᠠᠨᠳᠤᠭᠤᠯᠬᠤ᠂ ᠴᠢᠳᠠᠪᠤᠷᠢᠳᠠᠨ ᠢᠶᠠᠷ | ᠬᠦᠭᠵᠢᠭᠦᠯᠦᠨ ᠮᠠᠨᠳᠤᠭᠤᠯᠬᠤ᠂ ᠰᠤᠶᠤᠯ ᠢᠶᠠᠷ ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠪᠠᠷ ᠬᠦᠭᠵᠢᠭᠦᠯᠦᠨ | ᠮᠠᠨᠳᠤᠭᠤᠯᠬᠤ᠂ ᠵᠤᠬᠢᠶᠠᠨ ᠪᠠᠶᠢᠭᠤᠯᠤᠯᠲᠠ ᠪᠠᠷ ᠬᠦᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠡᠭᠦᠷᠭᠡ ᠪᠠ | ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠶᠢ ᠳᠤᠪᠤᠶᠢᠯᠭᠠᠨ ᠰᠠᠶᠢᠲᠤᠷ ᠠᠳᠬᠤᠵᠤ᠂ ᠠᠮᠢ ᠠᠬᠤᠢ ᠶᠢᠨ ᠤᠷᠤᠰᠢᠨ | ᠰᠠᠭᠤᠷᠢᠰᠢᠬᠤ ᠳᠤ ᠲᠤᠬᠢᠷᠠᠮᠵᠢᠳᠠᠢ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠢ ᠰᠠᠶᠢᠲᠤᠷ ᠪᠦᠳᠦᠭᠡᠨ | ᠪᠠᠶᠢᠭᠤᠯᠬᠤ ᠬᠡᠷᠡᠭᠳᠡᠢ᠃ ᠰᠠᠭᠤᠷᠢ ᠴᠢᠨᠠᠷᠳᠠᠢ ᠵᠠᠩᠬᠢᠯᠠᠭ᠎ᠠ ᠶᠢᠨ ᠬᠦᠷᠢᠶᠡᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ | ᠂ ︽ᠲᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠪᠡᠯᠡ ᠤᠷᠤᠭᠤᠯᠵᠤ | ᠪᠡᠯᠡ ᠬᠤᠷᠠᠮᠳᠤᠭᠤᠯᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠭᠦ | ᠤᠷᠴᠢᠨ ᠲᠤᠭᠤᠷᠢᠨ ᠢ ᠰᠢᠯᠢᠳᠡᠭᠵᠢᠭᠦᠯᠦᠨ᠂ ᠠᠵᠤ ᠠᠬᠤᠶᠢᠯᠠᠯᠲᠠᠨ ᠤ ᠵᠤᠷᠢᠭ ᠰᠠᠨᠠᠭ᠎ᠠ ᠶᠢ ᠬᠦᠭᠵᠢᠭᠡᠨ ᠬᠠᠮᠠᠭᠠᠯᠠᠵᠤ᠂ | ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠠᠶᠢᠭᠤᠯᠤᠮᠵᠢ ᠲᠤᠬᠳᠠᠴᠠ ᠶᠢ ᠪᠠᠶᠢᠭᠤᠯᠬᠤ ᠬᠡᠷᠡᠭᠳᠡᠢ᠃ ᠲᠤᠳᠤᠭᠠᠳᠤ | ᠭᠠᠳᠠᠭᠠᠳᠦ ᠨᠡᠭᠡᠭᠡᠯᠳᠡ ᠶᠢ ᠪᠦᠬᠦ ᠲᠠᠯ᠎ᠠ ᠪᠠᠷ ᠦᠷᠭᠡᠨ ᠬᠡᠪᠴᠢᠶ᠎ᠠ ᠪᠠᠷ ᠤᠯᠠᠨ ᠲᠡᠰ ᠲᠠᠪᠬᠤᠷᠭ᠎ᠠ ᠪᠠᠷ ᠦᠷᠭᠡᠳᠭᠡᠵᠤ᠂ | ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠬᠤ ᠶᠢ ᠴᠢᠩᠭᠠᠳᠬᠠᠵᠤ᠂ ᠬᠦᠴᠦᠨ ᠵᠦᠢᠯ ᠤᠨ ᠤᠤᠯ | ᠪᠦᠳᠦᠴᠡ ᠶᠢ ᠲᠡᠭᠦᠯᠳᠡᠷᠵᠢᠭᠦᠯᠦᠨ᠂ ᠨᠡᠭᠡᠭᠡᠯᠳᠡᠳᠦ ᠬᠡᠯᠪᠡᠷᠢ ᠶᠢᠨ ᠠᠵᠤ ᠠᠬᠤᠢ ᠶᠢᠨ ᠰᠢᠨ᠎ᠠ ᠲᠠᠪᠠᠭᠤᠯᠢᠭ ᠢ ᠪᠤᠢ | ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠦᠪᠦᠷ ᠮᠤᠩᠭᠤᠯ ᠳᠤ ᠦᠨᠳᠦᠰᠦᠳᠡᠨ ᠤ ᠪᠦᠯᠬᠦᠮᠳᠡᠯ ᠤᠨ ᠢᠷᠠᠭᠤ ᠠᠯᠳᠠᠷᠳᠦ | ᠤᠯᠠᠮᠵᠢᠯᠠᠯ ᠲᠠᠢ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠵᠤ᠂ ᠦᠨᠳᠦᠰᠦᠳᠡᠨ | ᠤ ᠪᠦᠯᠬᠦᠮᠳᠡᠯ ᠢ ᠴᠢᠩᠭᠠᠳᠬᠠᠬᠤ ᠶᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ᠂ ᠠᠯᠣᠰ | ᠬᠡᠳᠦ ᠶᠢᠨ ᠴᠢᠨᠠᠷᠳᠠᠢ ᠠᠵᠢᠯ ᠪᠤᠯᠭᠠᠨ ᠠᠳᠬᠤᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ | ᠦᠵᠡᠯᠳᠡ ᠶᠢ ᠶᠡᠭᠡᠪᠡᠷ ᠪᠣᠢ ᠪᠣᠯᠭᠠᠨ ᠦᠢᠯᠡᠳᠦᠯᠭᠡᠵᠢᠭᠦᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠤᠨᠤᠯᠵᠢᠬᠤᠨ ᠢ ᠬᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ | ᠭᠦᠨᠵᠡᠭᠡᠶᠢᠷᠡᠭᠦᠯᠦᠨ᠂ ᠦᠨᠳᠦᠰᠦᠳᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠦᠭᠵᠢᠭᠦᠯᠵᠤ᠂ ︽ | ᠵᠢᠱᠢᠶᠡᠴᠢ ᠦᠪᠡᠷᠳᠡᠭᠡᠨ ᠵᠠᠰᠠᠬᠤ ᠤᠷᠤᠨ︾ ᠤ ᠡᠷᠬᠢᠮ ᠲᠡᠭᠡᠳᠦ ᠢᠷᠠᠭᠤ ᠠᠯᠳᠠᠷ ᠢ ᠰᠢᠨ᠎ᠠ ᠴᠠᠭ ᠦᠶ᠎ᠠ ᠳᠤ ᠨᠡᠩ | ᠬᠡᠷᠡᠯ ᠬᠢᠯᠪᠠᠭ᠎ᠠ ᠰᠠᠴᠤᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠦᠪᠦᠷ ᠮᠤᠩᠭᠤᠯ ᠪᠤᠯ ᠡᠭᠡ ᠤᠯᠤᠰ ᠤᠨ ᠤᠮᠠᠷᠠᠳᠦ ᠬᠢᠵᠠᠭᠠᠷ ᠤᠨ ᠠᠮᠤᠷ | ᠲᠤᠬᠳᠠᠭᠤᠨ ᠤ ᠬᠠᠯᠬᠠᠪᠴᠢ ᠪᠤᠯᠤᠨ᠎ᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠮᠳᠤᠪᠡᠷ | ᠪᠠᠶᠢᠭᠤᠯᠤᠨ ᠬᠠᠮᠳᠤᠪᠡᠷ ᠵᠠᠰᠠᠵᠤ ᠬᠠᠮᠳᠤᠪᠡᠷ ᠡᠳ᠋ᠯᠡᠭᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠢᠳᠡᠪᠬᠢᠳᠡᠢ | ᠴᠤᠬᠴᠠᠯᠠᠵᠤ᠂ ᠠᠮᠤᠷ ᠠᠮᠤᠭᠤᠯᠠᠩ ᠦᠪᠦᠷ ᠮᠤᠩᠭᠤᠯ᠂ ᠬᠠᠤᠯᠢᠵᠢᠯ ᠤᠨ ᠦᠪᠦᠷ ᠮᠤᠩᠭᠤᠯ ᠤᠨ ᠪᠦᠳᠦᠬᠡᠨ | ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ ᠡᠯ᠎ᠠ ᠵᠦᠢᠯ ᠤᠨ ᠨᠡᠶᠢᠭᠡᠮ ᠤᠨ ᠵᠦᠷᠢᠴᠡᠯ ᠵᠢᠭᠤᠷᠠᠭᠠᠨ ᠢ ᠲᠤᠬᠢᠳᠠᠢ | ᠰᠢᠢᠳᠪᠦᠷᠢᠯᠡᠵᠤ᠂ ᠤᠯᠤᠰ ᠤᠨ ᠠᠮᠤᠷ ᠲᠦᠪᠰᠢᠨ ᠢ ᠪᠦᠳᠦᠮᠵᠢᠳᠡᠢ ᠬᠠᠮᠠᠭᠠᠯᠠᠵᠣ᠂ ᠨᠠᠮ ᠵᠠᠰᠠᠭ ᠴᠡᠷᠢᠭ ᠴᠠᠬᠳᠠᠭ᠎ᠠ | ᠠᠷᠠᠳ ᠬᠦᠴᠦ ᠪᠠᠨ ᠬᠠᠮᠳᠤᠳᠬᠠᠨ ᠬᠢᠯᠢ ᠬᠢᠵᠠᠭᠠᠷ ᠢ ᠬᠦᠴᠦᠷᠭᠡᠭᠵᠢᠭᠦᠯᠦᠨ ᠬᠠᠮᠠᠭᠠᠯᠠᠯᠳᠠ ᠶᠢ ᠪᠠᠬᠢᠵᠢᠭᠦᠯᠵᠤ᠂ ᠡᠭᠡ | ᠤᠯᠤᠰ ᠤᠨ ᠤᠮᠠᠷᠠᠳᠦ ᠬᠢᠵᠠᠭᠠᠷ ᠤᠨ ᠡᠩᠬᠡ ᠲᠠᠶᠢᠪᠤᠩ ᠠᠮᠣᠷ ᠳᠣᠭᠳᠠᠭᠤᠨ᠂ ᠬᠠᠲᠠ ᠮᠡᠳᠦ ᠪᠠᠳᠤ ᠪᠠᠬᠢ | ᠪᠠᠶᠢᠬᠤ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠠᠵᠤ ᠠᠬᠤᠢ ᠨᠡᠶᠢᠭᠡᠮ ᠤᠨ ᠬᠦᠭᠵᠢᠯᠳᠡ ᠳᠠᠬᠢ ᠨᠠᠮ ᠤᠨ ᠬᠤᠷᠢᠶ᠎ᠠ ᠶᠢᠨ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠤᠯᠴᠠᠬᠤ ᠪᠠ ᠪᠠᠶᠢᠴᠠᠭᠠᠨ ᠰᠤᠳᠤᠯᠬᠤ ᠰᠤᠷᠳᠠᠯ ᠢ | ᠶᠡᠭᠡᠪᠡᠷ ᠪᠠᠳᠠᠷᠠᠭᠤᠯᠵᠣ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠢ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ᠠᠵᠢᠯ ᠤᠨ ᠵᠤᠬᠰᠤᠯᠳᠠ ᠪᠠᠨ ᠦᠨᠡᠨᠭᠦ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ | ᠲᠡᠭᠡᠷ᠎ᠠ ᠰᠢᠯᠵᠢᠭᠦᠯᠬᠦ ᠬᠡᠷᠡᠭᠳᠡᠢ᠃ ᠠᠵᠤ ᠠᠬᠤᠢ ᠨᠡᠶᠢᠭᠡᠮ ᠤᠨ ᠬᠦᠭᠵᠢᠯᠳᠡ ᠪᠠ ᠨᠠᠮ ᠤᠨ ᠪᠠᠶᠢᠭᠤᠯᠤᠯᠲᠠ ᠶᠢᠨ ᠡᠯ᠎ᠠ | ᠵᠦᠢᠯ ᠤᠨ ᠡᠭᠦᠷᠭᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠤᠳᠤᠬᠠᠨ ᠤ ᠭᠤᠤᠯᠳᠠᠯᠭ᠎ᠠ ᠲᠠᠢ ᠠᠵᠢᠯ ᠢ | ᠯᠠᠪᠳᠠᠭᠤᠨ ᠪᠠᠳᠤᠳᠠᠢ ᠰᠠᠶᠢᠲᠤᠷ ᠬᠢᠵᠤ᠂ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠤᠬᠳᠠᠪᠤᠷᠢᠵᠢᠭᠤᠯᠵᠤ᠂ ᠠᠵᠤ | ᠠᠬᠤᠢ ᠶᠢᠨ ᠬᠦᠭᠵᠢᠯᠳᠡ᠂ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠲᠤᠬᠳᠠᠭᠤᠨ᠂ ᠬᠢᠯᠢ ᠬᠢᠵᠠᠭᠠᠷ ᠤᠨ | ᠠᠮᠤᠷ ᠲᠠᠶᠢᠪᠤᠩ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠦᠷᠭᠡᠳᠭᠡᠭᠦ ᠬᠡᠷᠡᠭᠳᠡᠢ ᠬᠡᠵᠤ | ᠵᠢᠭᠠᠵᠤ ᠭᠠᠷᠭᠠᠪᠠ᠃ | ᠪᠦᠬᠦᠳᠡ ᠬᠤᠷᠠᠯ ᠠᠴᠠ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠴᠢᠯᠦᠭᠡᠯᠡᠨ᠂ | ᠦᠵᠡᠯᠳᠡ ᠳᠠᠨᠢᠯᠳᠠ ᠪᠠᠨ ᠰᠢᠨᠡᠴᠢᠯᠡᠵᠤ᠂ ᠵᠠᠪᠠᠯ ᠢᠯᠠᠬᠤ ᠢᠳᠡᠭᠡᠯ ᠵᠣᠷᠢᠭ ᠢᠶᠠᠨ ᠪᠠᠳᠤᠳᠬᠠᠨ᠂ ᠵᠤᠷᠢᠬᠳᠠᠢ ᠪᠠᠷ | ᠬᠦᠴᠢᠷ ᠢ ᠢᠯᠠᠨ ᠪᠠᠷᠭᠡ ᠶᠢ ᠲᠠᠪᠠᠵᠤ᠂ ᠴᠠᠭ ᠮᠦᠴᠡ ᠪᠢᠳᠡᠨ ᠢ ᠦᠯᠦ ᠬᠦᠯᠢᠶᠡᠡ ᠴᠠᠭ ᠮᠦᠴᠡ ᠲᠠᠢ ᠤᠷᠤᠯᠳᠤᠨ | ᠴᠢᠷᠮᠠᠶᠢᠨ ᠠᠵᠢᠯᠯᠠᠵᠤ᠂ ᠡᠷᠡᠰ ᠰᠢᠭᠤᠷᠬᠠᠢ ᠪᠠᠷ ᠱᠠᠯᠠᠮᠠᠭᠠᠶᠢᠯᠠᠨ ᠠᠵᠢᠯᠯᠠᠵᠣ᠂ ᠭᠤᠶᠠᠴᠢ ᠦᠭᠡᠢ ᠵᠤᠷᠢᠬᠳᠠᠢ ᠪᠠᠷ | ᠬᠠᠷᠢᠭᠤᠴᠠᠯᠭ᠎ᠠ ᠡᠭᠦᠷᠬᠡᠯᠡᠵᠤ᠂ ᠬᠡᠵᠢᠶᠡᠳᠡ ᠴᠦᠭᠦᠷᠡᠯ ᠦᠭᠡᠢ ᠴᠢᠷᠮᠠᠶᠢᠬᠤ ᠤᠶᠤᠨ ᠰᠠᠨᠠᠭᠠᠠ ᠤ ᠲᠦᠷᠰᠦ ᠪᠠᠶᠢᠳᠠᠯ | ᠪᠤᠯᠤᠨ ᠴᠤᠴᠠᠯᠳᠠ ᠦᠭᠡᠢ ᠲᠡᠮᠡᠴᠡᠭᠦ ᠲᠦᠷᠰᠦ ᠪᠠᠶᠢᠳᠠᠯ ᠢᠶᠠᠷ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠨᠠᠮ | ᠪᠤᠯᠤᠨ ᠠᠷᠠᠳ ᠲᠦᠮᠡᠨ ᠤ ᠠᠵᠢᠯ ᠦᠢᠯᠡᠰ ᠲᠤ ᠤᠷᠤᠯᠴᠠᠵᠤ᠂ ︽ᠦᠵᠡᠰᠭᠦᠯᠡᠩᠳᠦ ᠰᠠᠶᠢᠬᠠᠨ ᠦᠪᠦᠷ | ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ | ᠳᠤ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠤ ᠱᠠᠭᠠᠷᠳᠠᠪᠠ᠃ | ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ | ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ | ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ | ᠲᠤᠭ ᠢ ᠦᠨᠳᠦᠷ ᠮᠠᠨᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ | ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠶᠠᠷᠢᠭᠰᠠᠨ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ | ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠦᠴᠢᠷ ᠢ ᠲᠡᠰᠪᠤᠷᠢᠯᠡᠨ ᠪᠡᠷᠬᠡ ᠶᠢ ᠳᠠᠪᠠᠭ᠋ᠣ᠂ ᠴᠤᠴᠠᠯᠳᠠ ᠦᠭᠡᠢ ᠤᠷᠤᠬᠰᠢᠯᠠᠬᠤ ᠮᠤᠩᠭᠤᠯ | ᠮᠤᠷᠢᠨ ᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠤ᠂ ᠵᠤᠷᠢᠬᠳᠠᠢ ᠪᠠᠷ ᠰᠢᠨ᠎ᠠ ᠶᠢ ᠡᠭᠦᠳᠦᠨ᠂ ᠰᠢᠷᠭᠠᠭᠤ ᠬᠠᠳᠠᠭᠤᠵᠢᠯᠳᠡᠢ ᠠᠵᠢᠯᠯᠠᠵᠤ᠂ ᠡᠭᠡ | ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ | ᠴᠤᠬᠴᠠᠯᠠᠬᠤ ᠶᠢᠨ ᠲᠦᠯᠦᠭᠡ ᠴᠦᠭᠦᠷᠡᠯ ᠦᠭᠡᠢ ᠲᠡᠮᠡᠴᠡᠵᠡᠭᠡᠶ᠎ᠠ ᠬᠡᠵᠤ ᠤᠷᠢᠶᠠᠯᠠᠪᠠ᠃ |