ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠲᠤᠪᠡᠷ ᠬᠦᠷᠲᠡᠬᠦ ᠲᠠᠪᠴᠠᠩ ᠢ ᠣᠶᠢᠷ᠎ᠠ ᠶᠢᠨ ᠡᠳᠦᠷ ᠪᠠᠶᠢᠭᠤᠯᠵᠤ ᠳᠠᠭᠤᠰᠬᠠᠭᠰᠠᠨ ᠤ ᠬᠠᠮᠲᠤ | ᠵᠢᠩᠬᠢᠨᠢ ᠪᠠᠷ ᠰᠦᠯᠵᠢᠶᠡᠨ ᠳᠤ ᠭᠠᠷᠭᠠᠵᠤ ᠲᠤᠷᠰᠢᠨ ᠠᠵᠢᠯᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠡᠯᠧᠺᠲᠷᠣᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠬᠥᠬᠡᠬᠤᠲᠠ ᠳᠤ ᠪᠥᠬᠦ ᠣᠷᠣᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠡᠷ ᠬᠦᠷᠲᠡᠬᠦ ᠲᠠᠪᠴᠠᠩ ᠤᠨ | ᠪᠠᠶᠢᠭᠤᠯᠤᠯᠲᠠ ᠶᠢᠨ ᠪᠣᠯᠪᠠᠰᠤᠷᠠᠭᠤᠯᠤᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠬᠠᠮᠲᠤᠪᠠᠷ ᠬᠦᠷᠲᠡᠬᠦ ᠰᠣᠯᠢᠯᠴᠠᠭᠠᠨ ᠤ ᠲᠠᠪᠴᠠᠩ ᠤᠨ ᠴᠢᠳᠠᠮᠵᠢ ᠶᠢ ᠰᠦᠯᠵᠢᠶᠡᠨ ᠳᠡᠭᠡᠷ᠎ᠡ ᠦᠵᠡᠭᠦᠯᠬᠦ ᠶᠢᠨ ᠬᠠᠮᠲᠤ | ᠲᠤᠬᠠᠶ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠡᠷ | ᠬᠦᠷᠲᠡᠬᠦ ᠲᠠᠪᠴᠠᠩ ᠢ ᠨᠢᠭᠡᠳᠦᠯᠲᠡᠶ ᠴᠣᠭᠴᠠᠯᠠᠵᠤ᠂ ᠬᠤᠶᠠᠷ ᠱᠠᠲᠤ ᠠᠴᠠ ᠪᠠᠶᠢᠷᠢᠯᠠᠭᠤᠯᠬᠤ ᠠᠷᠭ᠎ᠠ ᠮᠠᠶ᠋ᠢᠭ ᠢᠶᠠᠷ | ᠪᠦᠳᠦᠭᠡᠨ ᠪᠠᠶᠢᠭᠤᠯᠤᠭᠰᠠᠨ ᠪᠠᠶᠢᠨ᠎ᠠ᠃ ᠲᠠᠪᠴᠠᠩ ᠤᠨ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ 1 | ᠮᠡᠳᠡᠭᠡ ᠵᠠᠩᠭᠢ ᠶᠢᠨ ᠡᠬᠢ ᠰᠤᠷᠪᠤᠯᠵᠢ ᠶᠢᠨ ᠲᠥᠪ᠂ 1 ᠬᠡᠷᠡᠭᠯᠡᠭᠡᠨ ᠤ ᠲᠤᠯᠭᠠᠭᠤᠷᠢᠯᠠᠬᠤ ᠲᠠᠪᠴᠠᠩ᠂ 2 | ᠬᠡᠷᠡᠭᠯᠡᠭᠡᠨ ᠤ ᠲᠠᠪᠴᠠᠩ 2 ᠦᠢᠯᠡᠴᠢᠯᠡᠭᠡᠨ ᠤ ᠢᠨᠲ᠋ᠧᠷ ᠢ ᠪᠠᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠳᠠ ᠭᠤᠷᠪᠠᠨ ᠱᠠᠲᠤᠨ ᠤ ᠲᠠᠪᠴᠠᠩ ᠤᠨ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠨᠢᠭᠡᠨ ᠢᠵᠢ | ᠪᠦᠷᠢᠨ ᠲᠡᠭᠦᠯᠳᠡᠷ ᠬᠠᠮᠲᠤᠪᠡᠷ ᠬᠦᠷᠲᠡᠬᠦ ᠨᠡᠬᠡᠬᠡᠯᠲᠡᠲᠡᠢ ᠪᠠᠶᠢᠬᠤ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢ | ᠪᠡᠶᠡᠯᠡᠭᠦᠯᠵᠡᠢ᠃ | ᠣᠳᠣᠬᠠᠨ ᠪᠣᠯᠲᠠᠯ᠎ᠠ᠂ ᠮᠠᠨ ᠤ ᠣᠷᠣᠨ ᠤᠯᠤᠰ ᠤᠨ ᠲᠠᠪᠴᠠᠩ ᠯᠤᠭ᠎ᠠ ᠶᠢᠨ ᠠᠩᠬᠠᠨ ᠤ ᠱᠠᠲᠤ ︵2017 | ᠣᠨ ᠤ 12 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ︶᠂ ᠬᠤᠶᠠᠳᠤᠭᠠᠷ ᠱᠠᠲᠤ ︵2018 ᠣᠨ ᠤ 2 | ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ︶ ᠶᠢᠨ ᠰᠣᠯᠢᠯᠴᠠᠭ᠎ᠠ ᠬᠤᠯᠪᠣᠭ᠎ᠠ᠂ ᠬᠠᠮᠲᠤᠪᠡᠷ ᠬᠦᠷᠲᠡᠬᠦ ᠭᠠᠷᠴᠠᠭ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠪᠦᠬᠦ ᠴᠣᠪᠤᠷᠠᠯ ᠵᠡᠷᠭᠡ ᠡᠯ᠎ᠡ ᠵᠤᠯᠭᠠᠭᠤᠯᠤᠯᠲᠠ ᠶᠢ ᠬᠢᠨᠠᠨ ᠲᠤᠷᠰᠢᠬᠤ | ᠠᠵᠢᠯ ᠢ ᠬᠤᠭᠤᠴᠠᠭ᠎ᠠ ᠶᠣᠰᠤᠭᠠᠷ ᠪᠡᠶᠡᠯᠡᠭᠦᠯᠪᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠡᠴᠦᠰ ᠲᠤ ᠮᠠᠨ ᠤ | ᠣᠷᠣᠨ 12 ᠠᠶᠢᠮᠠᠭ ᠬᠤᠲᠠ᠂ ᠲᠥᠯᠥᠪᠯᠡᠭᠡ ᠳᠤ ᠠᠰ ᠲᠤᠨᠢ ᠵᠢᠭᠰᠭᠠᠭᠰᠠᠨ 2 ᠬᠤᠳᠠ ᠶᠢᠨ ᠨᠢᠭᠡᠳᠦᠯᠲᠡᠶ | ᠬᠠᠮᠲᠤᠪᠡᠷ ᠬᠦᠷᠲᠡᠬᠦ ᠰᠣᠯᠢᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠥᠪᠡᠷᠲᠡᠭᠡᠨ | ᠵᠠᠰᠠᠬᠤ ᠣᠷᠣᠨ ᠤ ᠲᠤᠮᠤ ᠳ᠋ᠠᠶᠢᠲ᠋ᠠ ᠶᠢᠨ ᠲᠣᠪᠴᠢᠶ᠎ᠠ ᠶᠢᠨ ᠢᠯᠭᠠᠷᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠲᠦᠷᠦᠭᠦᠦ ᠪᠦᠯᠦᠭ ᠤᠨ 47 ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ 796 | ᠲᠤᠬᠠᠶᠢᠯᠠᠭᠰᠠᠨ ᠠᠵᠢᠯ ᠤᠨ ᠰᠢᠰᠲ᠋ᠧᠮ᠂ 10143 ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠨᠠᠷᠢᠨ ᠳᠠᠩᠰᠠ ᠶᠢ | ᠲᠤᠰ ᠲᠤᠰ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠬᠠᠮᠲᠤᠪᠡᠷ ᠬᠦᠷᠲᠡᠬᠦ ᠰᠣᠯᠢᠯᠴᠠᠭᠠᠨ ᠤ ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠲᠤ ᠤᠯᠤᠰ ᠤᠨ ᠬᠠᠮᠲᠤᠪᠡᠷ | ᠬᠦᠷᠲᠡᠬᠦ ᠰᠣᠯᠢᠯᠴᠠᠭᠠᠨ ᠤ ᠲᠠᠪᠴᠠᠩ ᠯᠤᠭ᠎ᠠ ᠵᠤᠯᠭᠠᠭᠤᠯᠵᠤ᠂ ᠤᠯᠤᠰ ᠠᠴᠠ ᠱᠠᠭᠠᠷᠳᠠᠭᠰᠠᠨ ᠭᠤᠷᠪᠠᠨ ᠱᠠᠲᠤᠨ ᠤ | ᠬᠠᠮᠲᠤᠪᠠᠷ ᠬᠦᠷᠲᠡᠬᠦ ᠰᠣᠯᠢᠯᠴᠠᠭᠠᠨ ᠤ ᠲᠠᠪᠴᠠᠩ ᠤᠨ ︽ᠰᠦᠯᠵᠢᠶ᠎ᠡ ᠨᠡᠪᠲᠡᠷᠡᠬᠦ︾ ︽ᠲᠤᠭ᠎ᠠ ᠪᠠᠷᠢᠮᠲᠠ ᠨᠡᠪᠲᠡᠷᠡᠬᠦ︾ | ︽ᠬᠡᠷᠡᠭᠯᠡᠭᠡ ᠨᠡᠪᠲᠡᠷᠡᠬᠦ︾ ᠶᠢ ᠪᠡᠶᠡᠯᠡᠭᠦᠯᠦᠨ᠎ᠡ᠃ | |