ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 92 ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠢ ᠪᠡᠭᠡᠵᠢᠩ ᠳᠤ ᠲᠠᠨᠢᠯᠴᠠᠭᠤᠯᠪᠠ
ᠨᠡᠶᠢᠲᠡᠯᠡᠭᠰᠡᠨ ᠴᠠᠭ᠄
2018/4/28
     4 ᠳ᠋ᠦ᠋ᠭᠡᠷ ᠰᠠᠷ᠎ᠠ ᠶᠢᠨ 27᠎ ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠭᠤᠣᠯᠯᠠᠨ ᠡᠷᠭᠢᠯᠡᠵᠦ᠂ ︽ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠪᠠ ᠬᠤᠳᠠᠯᠳᠤᠭᠠᠨ ᠤ ᠲᠤᠬᠢᠶᠠᠯ ᠢ ᠬᠠᠮᠲᠤ ᠪᠠᠷ ᠬᠦᠷᠲᠡᠶ᠎ᠡ︾ ᠭᠡᠰᠡᠨ ᠢᠶᠠᠷ ᠭᠤᠤᠯ ᠰᠡᠳᠦᠪ ᠪᠤᠯᠭᠠᠭᠰᠠᠨ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠲᠥᠷᠥᠯ ᠵᠦᠢᠯ ︵ᠪᠡᠭᠡᠵᠢᠩ︶᠎ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠬᠤᠲᠠ ᠳᠤ ᠬᠤᠷᠠᠯᠳᠤᠪᠠ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠥᠪᠥᠷ ᠮᠣᠩᠭᠤᠯ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ 92 ᠲᠦᠷᠦᠯ ᠵᠦᠢᠯ ᠢ ᠰᠢᠯᠢᠨ ᠲᠠᠨᠢᠯᠴᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1000 ᠳ᠋ᠦᠩᠰᠢᠭᠤᠷ ᠲᠥᠭᠦᠷᠢᠭ ᠰᠢᠬᠠᠮ ᠪᠠᠶᠢᠵᠤ᠂ ᠰᠣᠶᠣᠯ ᠤᠨ ᠵᠢᠭᠤᠯᠴᠢᠯᠠᠯ᠂ ᠰᠣᠶᠣᠯ ᠤᠨ ᠪᠦᠲᠦᠭᠡᠯᠴᠢ ᠦᠵᠡᠯ᠂ ᠰᠣᠶᠣᠯ ᠤᠨ ᠰᠡᠯᠡᠭᠦᠴᠡᠯ ᠵᠤᠭ᠎ᠠ ᠴᠡᠩᠭᠡᠯ ᠤᠨ ᠦᠢᠯᠡᠴᠢᠯᠡᠭᠡ᠂ ᠭᠠᠷ ᠤᠷᠠᠯᠠᠯ ᠵᠡᠷᠭᠡ 10 ᠭᠠᠷᠤᠶ ᠠᠵᠢᠯ ᠲᠥᠷᠥᠯ ᠲᠠᠢ ᠬᠤᠯᠪᠤᠭᠳᠠᠵᠠᠢ᠃      ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠦᠴᠦᠯᠡᠨ ᠲᠦᠯᠬᠢᠨ ᠠᠬᠢᠭᠤᠯᠵᠤ ᠪᠠᠶᠢᠭ᠎ᠠ 92 ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠨᠢ ᠭᠦᠨᠵᠡᠭᠡᠢ ᠰᠦᠪᠡᠭᠴᠢᠯᠡᠯᠲᠡ᠂ ᠰᠢᠨᠵᠢᠯᠡᠬᠦ ᠤᠬᠠᠭᠠᠨᠴᠢ ᠲᠦᠯᠦᠪᠵᠢᠭᠦᠯᠭᠡ ᠪᠠᠷ ᠳᠠᠮᠵᠢᠭᠠᠳ᠂ ᠰᠣᠶᠣᠯ ᠤᠨ ᠠᠭᠤᠯᠤᠭᠳᠠᠬᠤᠨ ᠢᠶᠠᠷ ᠭᠦᠨ ᠵᠤᠵᠠᠭᠠᠨ᠂ ᠵᠠᠬ᠎ᠠ ᠳᠡᠯᠭᠡᠭᠦᠷ ᠤᠨ ᠢᠷᠡᠭᠡᠳᠦᠶ ᠪᠠᠷ ᠰᠠᠶᠢᠨ᠂ ᠵᠢᠱᠢᠭᠰᠡᠨ ᠠᠰᠢᠭ ᠣᠯᠵᠠᠪᠤᠷᠢ ᠨᠢ ᠨᠡᠯᠢᠶᠡᠳ ᠶᠡᠭᠡ ᠪᠠᠶᠢᠳᠠᠭ᠃      ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠨᠳᠦᠰᠦᠲᠡᠨ ᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠨᠡᠭᠡᠭᠡᠨ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠣᠶᠣᠯ ᠤᠨ ᠠᠵᠤ ᠦᠢᠯᠡᠰ ᠢ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠴᠢᠬᠤᠯᠠ ᠭᠠᠷᠳᠠᠴᠠ ᠪᠣᠯᠭᠠᠵᠤ᠂ ᠰᠤᠶᠤᠯ ᠤᠨ ᠬᠦᠴᠦᠷᠬᠡᠭ ᠣᠷᠣᠨ ᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠪᠦᠬᠦ ᠤᠷᠤᠨ ᠤ ᠰᠣᠶᠣᠯ ᠤᠨ ᠠᠵᠤ ᠦᠢᠯᠡᠰ 4 ᠵᠢᠯ ᠳᠠᠷᠠᠭᠠᠯᠠᠨ ᠵᠢᠯ ᠪᠦᠷᠢ ᠳᠤᠮᠳᠠᠴᠢ ᠪᠠᠷ 22.1% ᠨᠡᠮᠡᠭᠳᠡᠵᠦ᠂ ᠠᠳᠠᠯᠢ ᠬᠤᠭᠤᠴᠠᠭᠠᠨ ᠤ GDP᠎ ᠶᠢᠨ ᠨᠡᠮᠡᠭᠳᠡᠯ ᠤᠨ ᠬᠤᠷᠳᠤᠴᠠ ᠠᠴᠠ 14.6 ᠵᠠᠭᠤᠨ ᠤ ᠴᠡᠭ ᠦᠨᠳᠦᠷ ᠪᠤᠯᠵᠤ᠂ ᠰᠣᠶᠣᠯ ᠤᠨ ᠠᠵᠤ ᠦᠢᠯᠡᠰ ᠤᠨ ᠨᠡᠮᠡᠭᠳᠡᠯ ᠥᠷᠲᠡᠭ ᠤᠨ GDP᠎ ᠳᠤ ᠡᠵᠡᠯᠡᠬᠦ ᠬᠤᠪᠢ ᠶᠢᠨ ᠵᠢᠩ ᠨᠢ 2014 ᠣᠨ ᠳᠤ 2% ᠪᠠᠶᠢᠭᠰᠠᠨ ᠠᠴᠠ ᠪᠠᠨ 2017 ᠣᠨ ᠪᠤᠯᠬᠤ ᠳᠤ 3.2% ᠨᠡᠮᠡᠭᠳᠡᠪᠡ᠂ ᠵᠢᠱᠢᠯᠲᠡ ᠪᠠᠷ ︽13·5︾᠎ ᠶᠢᠨ ᠡᠴᠦᠰ ᠪᠤᠯᠬᠤ ᠳᠤ ᠰᠣᠶᠣᠯ ᠤᠨ ᠠᠵᠤ ᠦᠢᠯᠡᠰ ᠤᠨ ᠨᠡᠮᠡᠭᠳᠡᠯ ᠦᠷᠳᠡᠭ ᠤᠨ GDP᠎ ᠳᠤ ᠡᠵᠡᠯᠡᠬᠦ ᠬᠤᠪᠢ ᠶᠢᠨ ᠵᠢᠩ ᠨᠢ 4%᠎ ᠠᠴᠠ ᠳᠡᠭᠡᠭᠰᠢ ᠳᠤ ᠬᠦᠷᠴᠦ᠂ ᠰᠣᠶᠣᠯ ᠤᠨ ᠠᠵᠤ ᠦᠢᠯᠡᠰ ᠢ ᠢᠳᠡᠭ ᠢᠳᠡᠭ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠶᠢᠨ ᠲᠤᠯᠭᠠᠭᠤᠷᠢ ᠠᠵᠤ ᠦᠢᠯᠡᠰ ᠪᠤᠯᠭᠠᠨ ᠪᠤᠶᠢᠵᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号