4 ᠳ᠋ᠤᠭᠡᠷ ᠰᠠᠷ᠎ᠠ ᠶᠢᠨ 27 ᠤ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠵᠢᠭᠤᠯᠴᠢᠯᠠᠯ ᠤᠨ ᠬᠦᠭᠵᠢᠬᠦᠯᠥᠯᠳᠡ ᠶᠢᠨ ᠵᠦᠪᠯᠡᠯ᠂ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶᠢᠨ | ᠵᠢᠭᠤᠯᠴᠢᠯᠠᠯ ᠤᠨ ᠲᠤᠪᠴᠢᠶ᠎ᠠ ᠶᠢᠨ ᠬᠠᠮᠳᠤᠷᠠᠨ ᠡᠷᠬᠢᠯᠡᠭᠰᠡᠡ ᠤᠯᠠᠭᠠᠨᠪᠠᠭᠠᠳᠤᠷ ᠬᠤᠳᠠ ᠶᠢᠨ ᠵᠢᠭᠤᠯᠴᠢᠯᠠᠯ ᠤᠨ | ᠲᠠᠨᠢᠯᠴᠠᠭᠤᠯᠭ᠎ᠠ ᠶᠢᠨ ᠬᠤᠷᠡᠯ ᠬᠦᠬᠡᠬᠤᠳᠠ ᠳᠤ ᠬᠤᠷᠡᠯᠳᠤᠪᠠ᠃ | ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶᠢᠨ ᠲᠠᠷᠤᠭ᠎ᠠ ᠰᠦ᠊ · ᠪᠠᠳᠤᠪᠤᠯᠤᠳ ᠲᠠᠨᠢᠯᠴᠠᠭᠤᠯᠭ᠎ᠠ ᠶᠢᠨ | ᠬᠤᠷᠡᠯ ᠳᠤ ᠤᠷᠤᠯᠴᠠᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ | ᠬᠤᠸᠠ ᠤᠭᠲᠤᠬᠤ ᠦᠭᠡ ᠬᠡᠯᠡᠵᠡᠢ᠃ | ᠠᠢ ᠯᠢ ᠬᠤᠸᠠ ᠡᠩ ᠲᠡᠷᠢᠬᠦᠨ ᠳᠤ ᠡᠨᠡ ᠤᠳᠠᠭ᠎ᠠ ᠶᠢᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠡᠯ ᠳᠤ | ᠤᠷᠤᠯᠴᠠᠬᠤ ᠪᠠᠷ ᠢᠷᠡᠭᠰᠡᠡ ᠮᠤᠩᠭᠤᠯ ᠤᠯᠤᠰ ᠤᠨ ᠵᠤᠴᠢᠳ ᠢ ᠬᠠᠯᠠᠭᠤᠨ ᠢᠶᠠᠷ ᠤᠬᠳᠤᠵᠥ ᠪᠠᠶᠢᠬᠤ ᠪᠠᠨ | ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠠᠴᠠ᠂ ᠦᠪᠤᠷ ᠮᠤᠩᠭᠤᠯ ᠤᠨ ᠬᠢᠨ ᠤᠷᠤᠨ | ᠪᠠᠶᠢᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠥ᠂ ᠲᠤᠮᠳᠠᠳᠤ ᠮᠤᠩᠭᠤᠯ ᠬᠤᠶᠠᠷ ᠤᠯᠤᠰ ᠤᠨ ᠠᠵᠥ ᠠᠬᠤᠢ | ᠠᠷᠠᠯᠵᠢᠶᠠᠨ ᠤ ᠬᠠᠮᠳᠤᠷᠠᠯᠴᠠᠭ᠎ᠠ ᠪᠤᠯᠤᠨ ᠰᠤᠶᠤᠯ ᠤᠨ ᠰᠤᠯᠢᠯᠴᠠᠭ᠎ᠠ ᠶᠢ ᠢᠳᠡᠪᠬᠢᠳᠡᠢ ᠠᠬᠢᠭᠤᠯᠵᠥ᠂ ᠤᠨᠴᠠᠭᠠᠶᠢᠯᠠᠨ | ᠵᠢᠭᠤᠯᠴᠢᠯᠠᠯ ᠤᠨ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠤ᠂ ᠲᠤᠮᠳᠠᠳᠤ ᠮᠤᠩᠭᠤᠯ ᠤᠨ | ᠵᠢᠭᠤᠯᠴᠢᠯᠠᠯ ᠤᠨ ᠰᠤᠯᠢᠯᠴᠠᠭ᠎ᠠ ᠶᠢᠨ ᠬᠡᠪᠴᠢᠶ᠎ᠡ ᠦᠷᠬᠦᠯᠵᠢᠯᠡᠨ ᠦᠷᠬᠡᠵᠢᠭᠰᠡᠡ ᠪᠠᠶᠢᠨ᠎ᠠ᠃ ᠬᠤᠶᠠᠷ ᠵᠢᠯ ᠤᠨ ᠲᠤᠷᠰᠢ | ᠂ ᠦᠪᠤᠷ ᠮᠤᠩᠭᠤᠯ ᠮᠤᠩᠭᠤᠯ ᠤᠯᠤᠰ ᠤᠨ ᠵᠢᠭᠤᠯᠴᠢᠯᠠᠭᠴᠢᠳ ᠢ ᠨᠡᠶᠢᠲᠡ 170 ᠭᠠᠷᠤᠢ ᠲᠦᠮᠡᠡ ᠬᠥᠮᠥᠨ | ᠤᠳᠠᠭ᠎ᠠ ᠬᠦᠯᠢᠶᠡᠨ ᠠᠪᠴᠦ᠂ ᠲᠤᠮᠳᠠᠳᠤ ᠤᠯᠤᠰ ᠤᠨ ᠬᠦᠯᠢᠶᠡᠨ ᠠᠪᠤᠭᠰᠠᠨ ᠮᠤᠩᠭᠤᠯ ᠤᠯᠤᠰ ᠤᠨ | ᠵᠢᠭᠤᠯᠴᠢᠯᠠᠭᠴᠢᠳ ᠤᠨ 80% ᠠᠴᠠ ᠳᠡᠭᠡᠭᠰᠢᠬᠢ ᠶᠢ ᠡᠵᠡᠯᠡᠪᠡ᠂ ᠡᠬᠦᠨ ᠤ ᠬᠠᠮᠳᠤ᠂ ᠵᠢᠯ ᠪᠤᠯᠭᠠᠨ ᠦᠪᠤᠷ | ᠮᠤᠩᠭᠤᠯ ᠢᠶᠠᠷ ᠲᠠᠮᠵᠢᠨ ᠮᠤᠩᠭᠤᠯ ᠤᠯᠤᠰ ᠲᠤ ᠬᠦᠷᠴᠦ ᠪᠠᠶᠢᠭ᠎ᠠ ᠲᠤᠮᠳᠠᠳᠤ ᠤᠯᠤᠰ ᠤᠨ ᠵᠢᠭᠤᠯᠴᠢᠯᠠᠭᠴᠢ ᠴᠦ | ᠲᠠᠰᠤᠷᠠᠯᠳᠡ ᠦᠭᠡᠢ ᠨᠡᠮᠡᠭᠳᠡᠭᠰᠡᠡ ᠪᠠᠶᠢᠨ᠎ᠠ ᠬᠡᠪᠡ᠃ ᠠᠢ ᠯᠢ ᠬᠤᠸᠠ ᠢᠯᠡᠷᠭᠡᠶᠢᠯᠡᠭᠰᠡᠨ ᠨᠢ᠂ ᠲᠤᠮᠳᠠᠳᠤ ᠮᠤᠩᠭᠤᠯ | ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠡ ᠦᠭᠡᠢ ᠬᠦᠨᠵᠡᠭᠡᠶᠢᠷᠡᠵᠤ ᠪᠠᠶᠢᠭ᠎ᠠ ᠪᠠᠶᠢᠳᠠᠯ ᠲᠤᠤᠷ᠎ᠡ᠂ ᠦᠪᠤᠷ | ᠮᠤᠩᠭᠤᠯ ᠤᠨ ᠬᠢᠨ ᠴᠢᠨᠠᠷ ᠰᠠᠶᠢᠲᠠᠢ ᠤᠯᠤᠰ ᠠᠯᠤᠰᠯᠠᠭᠰᠠᠠ ᠵᠢᠭᠤᠯᠴᠢᠯᠠᠯ ᠤᠨ ᠨᠡᠷᠡᠳᠭᠦᠨ ᠢ ᠦᠢᠯᠡᠳᠴᠦ᠂ | ᠬᠠᠮᠤᠭ ᠤᠨ ᠰᠠᠶᠢᠨ ᠵᠢᠭᠤᠯᠴᠢᠯᠠᠯ ᠤᠨ ᠦᠢᠯᠡᠴᠢᠯᠡᠬᠡᠨ ᠤ ᠤᠷᠴᠢᠨ ᠲᠤᠭᠤᠷᠢᠨ ᠢ ᠡᠬᠦᠳᠴᠤ᠂ ᠲᠠᠪᠴᠠᠩ | ᠪᠠᠶᠢᠭᠤᠯᠵᠤ᠂ ᠲᠤᠮᠳᠠᠳᠤ ᠮᠤᠩᠭᠤᠯ ᠬᠤᠶᠠᠷ ᠤᠯᠤᠰ ᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢᠨ ᠲᠠᠰᠤᠷᠠᠯᠳᠡ | ᠦᠭᠡᠢ ᠬᠦᠨᠵᠡᠭᠡᠶᠢᠷᠡᠬᠦ ᠶᠢ ᠠᠬᠢᠭᠤᠯᠤᠨ᠎ᠡ ᠬᠡᠵᠠᠢ᠃ |