| | | 3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠰᠤᠷᠭᠠᠨ ᠬᠥᠮᠦᠵᠢᠯ ᠤᠨ ᠲᠢᠩᠬᠢᠮ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠪᠥᠮᠪᠦᠭᠡ ᠶᠢᠨ ᠲᠥᠷᠥᠯ ᠤᠨ | ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ | ᠳᠠᠭᠠᠭᠠᠴᠢᠯᠠᠨ ᠡᠷᠭᠢᠯᠡᠭᠰᠡᠨ 2018 ᠣᠨ ᠤ ︽ᠪᠡᠶ᠎ᠠ ᠶᠢᠨ ᠲᠠᠮᠢᠷ ᠤᠨ ᠯᠤᠲᠲ᠋ᠧᠷᠢ ᠬᠤᠨᠳᠠᠭᠠᠳᠤ︾ ᠪᠦᠬᠦ | ᠣᠷᠣᠨ ᠤ ᠵᠠᠯᠠᠭᠤᠴᠤᠳ ᠪᠠᠭᠠᠴᠤᠳ ᠤᠨ ᠫᠢᠩᠫᠠᠩ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠬᠡᠮ ᠤᠨ | ᠤᠷᠤᠯᠳᠤᠭᠠᠨ ᠤᠯᠠᠭᠠᠨᠴᠠᠪ ᠬᠤᠲᠠ ᠳᠤ ᠶᠠᠪᠤᠭᠳᠠᠪᠠ᠃ ᠲᠣᠰ ᠲᠥᠷᠥᠯ ᠤᠨ ᠤᠷᠤᠯᠳᠤᠭᠠᠨ ᠨᠢ 5 ᠡᠳᠦᠷ | ᠶᠠᠪᠤᠭᠳᠠᠵᠤ᠂ ᠪᠦᠬᠦ ᠣᠷᠣᠨ ᠤ 10 ᠠᠶᠢᠮᠠᠭ ᠬᠤᠲᠠ ᠶᠢᠨ 350 ᠭᠠᠷᠤᠶ ᠲᠠᠮᠢᠷᠴᠢᠳ ᠣᠷᠣᠯᠴᠠᠪᠠ᠃ | ᠤᠷᠤᠯᠳᠤᠭᠠᠨ ᠨᠢ ᠬᠥᠬᠡ᠂ ᠬᠥᠬᠡᠭᠴᠢᠨ᠂ ᠤᠯᠠᠭᠠᠨ ᠭᠤᠷᠪᠠᠨ ᠳᠤᠭᠤᠶᠢᠯᠠᠩ ᠬᠤᠪᠢᠶᠠᠵᠤ᠂ ᠳᠤᠭᠤᠶᠢᠯᠠᠩ | ᠪᠦᠷᠢ ᠳᠤ ᠡᠷᠡᠭᠲᠡᠶ ᠶᠢᠨ ᠪᠦᠯᠬᠦᠮ ᠨᠡᠶᠢᠲᠡ᠂ ᠡᠮᠡᠭᠲᠡᠶ ᠶᠢᠨ ᠪᠦᠯᠬᠦᠮ ᠨᠡᠶᠢᠲᠡ᠂ ᠡᠷᠡᠭᠲᠡᠢ ᠡᠮᠡᠭᠲᠡᠢ ᠶᠢᠨ ᠬᠤᠣᠰᠯᠠᠯ᠂ | ᠡᠷᠡᠭᠲᠡᠶ ᠶᠢᠨ ᠬᠤᠣᠰᠯᠠᠯ᠂ ᠡᠮᠡᠭᠲᠡᠶ ᠶᠢᠨ ᠬᠤᠣᠰᠯᠠᠯ᠂ ᠡᠷᠡᠭᠲᠡᠶ ᠶᠢᠨ ᠳᠡᠩ ᠢᠶᠠᠷ ᠴᠣᠬᠢᠬᠤ᠂ ᠡᠮᠡᠭᠲᠡᠢ ᠶᠢᠨ ᠳᠡᠩ | ᠢᠶᠠᠷ ᠴᠣᠬᠢᠬᠤ 7 ᠤᠷᠤᠯᠳᠤᠭᠠᠨ ᠤ ᠲᠥᠷᠥᠯ ᠲᠣᠬᠢᠷᠠᠭᠤᠯᠵᠤ᠂ ᠬᠡᠪ ᠪᠠᠷᠢᠮᠵᠢᠶ᠎ᠠ ᠪᠠᠷ ᠥᠨᠳᠥᠷ᠂ ᠨᠥᠯᠥᠭᠡᠯᠡᠬᠦ | ᠬᠦᠴᠦᠨ ᠢᠶᠠᠷ ᠶᠡᠭᠡ ᠪᠣᠯᠪᠠ᠃ ᠥᠪᠥᠷ ᠮᠣᠩᠭᠤᠯ ᠤᠨ ᠪᠥᠮᠪᠦᠭᠡ ᠶᠢᠨ ᠲᠥᠷᠥᠯ ᠤᠨ ᠬᠠᠮᠢᠶᠠᠷᠤᠯᠲᠠ ᠶᠢᠨ ᠲᠥᠪ ᠤᠨ | 2018 ᠣᠨ ᠳᠤ ᠵᠣᠬᠢᠶᠠᠨ ᠪᠠᠶᠢᠭᠤᠯᠤᠭᠰᠠᠨ ᠠᠩᠬᠠᠳᠠᠭᠴᠢ ᠲᠤᠮᠤ ᠬᠡᠯᠪᠡᠷᠢ ᠶᠢᠨ ᠤᠷᠤᠯᠳᠤᠭᠠᠨ ᠪᠣᠯᠣᠭᠰᠠᠨ ᠤ | ᠬᠤᠪᠢ ᠳᠤ᠂ ᠲᠤᠰ ᠤᠷᠤᠯᠳᠤᠭᠠᠨ ᠨᠢ ᠫᠢᠩᠫᠠᠩ ᠪᠥᠮᠪᠦᠭᠡ ᠶᠢᠨ ᠲᠠᠮᠢᠷ ᠤᠨ ᠬᠥᠳᠡᠯᠭᠡᠭᠡᠨ ᠤ ᠥᠪᠥᠷ | ᠮᠣᠩᠭᠤᠯ ᠳᠠᠬᠢ ᠬᠥᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠪᠥᠮᠪᠦᠭᠡ ᠶᠢᠨ ᠲᠥᠷᠥᠯ ᠤᠨ ᠲᠠᠮᠢᠷ ᠤᠨ | ᠬᠥᠳᠡᠯᠭᠡᠭᠡᠨ ᠤ ᠡᠷᠡᠮᠡᠬᠡᠶᠢᠯᠡᠨ ᠤᠷᠤᠯᠳᠤᠬᠤ ᠢᠳᠡᠪᠬᠢᠲᠡᠶ ᠥᠭᠡᠳᠡᠷᠬᠡᠭ ᠤᠶᠤᠨ ᠰᠠᠨᠠᠭᠠᠨ ᠤ ᠳᠦᠷᠢ ᠪᠠᠶᠢᠳᠠᠯ ᠢ | ᠢᠯᠡᠷᠡᠭᠦᠯᠵᠦ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠷᠢᠨ ᠪᠡᠯᠡᠳᠬᠡᠯ ᠬᠢᠪᠡ᠃ |