ᠥᠪᠥᠷ ᠮᠣᠩᠭᠤᠯ ᠤᠨ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠬᠢᠵᠦ᠄ 100 ᠵᠦᠢᠯ ᠤᠨ ᠪᠣᠳᠠᠲᠠᠶ ᠵᠦᠢᠯᠡᠰ ᠢ ᠲᠣᠭᠲᠠᠭᠠᠪᠠ
ᠨᠡᠶᠢᠲᠡᠯᠡᠭᠰᠡᠨ ᠴᠠᠭ᠄
2018/4/3
      ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ﹀ ᠥᠭᠡᠷᠡᠴᠢᠯᠡᠯᠲᠡ ᠶᠢᠨ ᠲᠤᠷᠰᠢᠯᠲᠠ ᠬᠢᠬᠦ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠤᠯᠤᠰ ᠤᠨ ᠳᠡᠰ ᠤᠨ ᠨᠡᠭᠡᠭᠡᠯᠲᠡ ᠶᠢᠨ ᠲᠣᠭᠤᠷᠢᠭ ᠲᠤ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠬᠢᠬᠦ ᠪᠠᠷ ᠪᠣᠯᠪᠠ᠃      ᠲᠥᠰᠦᠯ ᠢ ᠦᠨᠳᠦᠰᠦᠯᠡᠪᠡᠯ᠂ ᠮᠠᠨ ᠤ ᠣᠷᠣᠨ ᠤ ᠨᠥᠬᠦᠴᠡᠯ ᠳᠤ ᠨᠡᠶᠢᠴᠡᠬᠦ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠣᠭᠤᠷᠢᠭ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠣᠭᠤᠷᠢᠭ᠂ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠲᠡ ᠶᠢᠨ ᠲᠣᠭᠤᠷᠢᠭ ᠵᠡᠷᠭᠡ ᠤᠯᠤᠰ ᠤᠨ ᠳᠡᠰ ᠤᠨ 6 ᠨᠡᠭᠡᠭᠡᠯᠲᠡ ᠶᠢᠨ ᠲᠣᠭᠤᠷᠢᠭ ᠲᠤ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠲᠤᠷᠰᠢᠯᠲᠠ ᠬᠢᠵᠦ᠂ ᠱᠠᠩᠬᠠᠶ ᠬᠤᠲᠠ ᠶᠢᠨ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠪᠣᠯᠪᠠᠰᠤᠷᠠᠩᠭᠤᠶ ᠠᠷᠭ᠎ᠠ ᠬᠢᠳᠡᠯ ᠢ ᠳᠠᠭᠤᠷᠢᠶᠠᠨ ᠳᠡᠯᠭᠡᠷᠡᠭᠦᠯᠦᠨ᠎ᠡ᠃ ᠲᠤᠷᠰᠢᠯᠲᠠ ᠶᠢᠨ ᠠᠵᠢᠯ ᠢ ᠤᠯᠤᠰ ᠠᠴᠠ ᠱᠠᠭᠠᠷᠳᠠᠭᠰᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠲᠥᠷᠦ ᠶᠢᠨ ᠶᠠᠪᠤᠳᠠᠯ ᠤᠨ ᠬᠤᠷᠢᠶ᠎ᠠ ᠪᠠᠷ ᠴᠣᠬᠤᠯᠠᠪᠤᠷᠢᠯᠠᠭᠤᠯᠤᠨ ᠱᠠᠩᠬᠠᠶ ᠬᠤᠳᠠ ᠶᠢᠨ ᠥᠷᠨᠢᠭᠦᠯᠦᠭᠰᠡᠨ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ 116 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢᠶᠠᠷ ᠯᠠᠪᠯᠠᠯᠲᠠ ᠪᠣᠯᠭᠠᠨ᠂ ᠮᠠᠨ ᠤ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠣᠷᠣᠨ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠥᠭᠡᠷᠡᠴᠢᠯᠡᠯᠲᠡ ᠶᠢ ᠬᠢᠬᠦ ᠪᠣᠳᠠᠲᠠᠢ ᠵᠦᠢᠯᠡᠰ ᠢ 100 ᠵᠦᠢᠯ ᠢᠶᠠᠷ ᠲᠣᠭᠲᠠᠭᠠᠪᠠ᠃      ᠲᠥᠰᠦᠯ ᠳᠤ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠭᠲᠠᠭᠠᠪᠠ᠄ ᠡᠯ᠎ᠡ ᠲᠦᠷᠦᠯ ᠤᠨ ᠵᠥᠪᠰᠢᠶᠡᠷᠡᠯ ᠢ ᠢᠯᠭᠠᠷᠠᠭᠤᠯᠤᠨ ᠵᠢᠷᠤᠮᠵᠢᠭᠤᠯᠤᠨ᠎ᠠ᠃ ᠤᠯᠤᠰ ᠣᠷᠣᠨ ᠤ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠪᠣᠯᠣᠨ ᠤᠯᠠᠨ ᠨᠡᠶᠢᠲᠡ ᠶᠢᠨ ᠡᠷᠡᠭᠦᠯ ᠮᠡᠨᠳᠤ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠶᠢ ᠭᠠᠷᠭᠠᠪᠠᠯ᠂ ᠰᠠᠯᠭᠠᠵᠤ ᠪᠣᠯᠬᠤ ᠵᠥᠪᠰᠢᠶᠡᠷᠡᠯ ᠤᠨ ᠲᠦᠷᠦᠯ ᠤᠨ ︽ᠦᠨᠡᠮᠯᠡᠯ︾᠎ ᠢ ᠴᠥᠮ ᠰᠠᠯᠭᠠᠵᠤ᠂ ᠲᠤᠷᠰᠢᠯᠲᠠ ᠶᠢᠨ ᠭᠠᠵᠠᠷ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ ᠵᠣᠬᠢᠰᠲᠠᠶ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠤᠰ ᠲᠤᠰ ᠬᠡᠷᠡᠭᠯᠡᠨ᠎ᠡ᠃ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠨ᠂ ᠬᠢᠨᠠᠨ ᠵᠥᠪᠰᠢᠶᠡᠷᠡᠯ ᠢ ᠳᠠᠩᠰᠠᠯᠠᠯᠲᠠ ᠪᠣᠯᠭᠠᠨ ᠥᠭᠡᠷᠡᠴᠢᠯᠡᠵᠦ᠂ ᠮᠡᠳᠡᠭᠳᠡᠬᠦ ᠠᠮᠠᠯᠳᠠᠭ᠎ᠠ ᠬᠢᠬᠦ ᠳᠥᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠢᠨᠠᠨ ᠵᠥᠪᠰᠢᠶᠡᠷᠡᠯ ᠤᠨ ᠢᠯᠡ ᠲᠣᠳᠣ ᠶᠢᠨ ᠬᠡᠮᠵᠢᠶ᠎ᠡ ᠪᠣᠯᠣᠨ ᠵᠥᠩᠨᠡᠯ ᠤᠨ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠰᠦᠯ ᠳᠤ ᠱᠠᠭᠠᠷᠳᠠᠭᠰᠠᠨ ᠨᠢ᠂ ᠲᠤᠷᠰᠢᠯᠲᠠ ᠶᠢᠨ ᠭᠠᠵᠠᠷ ᠣᠷᠣᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠥᠷᠭᠡᠳᠬᠡᠨ ᠠᠬᠢᠭᠤᠯᠵᠤ᠂ ᠲᠤᠰ ᠲᠥᠰᠦᠯ ᠤᠨ ᠪᠣᠷᠣ ᠲᠥᠯᠥᠪ ᠳᠣᠲᠣᠷ᠎ᠠ ︽ᠦᠨᠡᠮᠯᠡᠯ ᠪᠠ ᠪᠠᠲᠤᠯᠠᠪᠤᠷᠢ ᠪᠢᠴᠢᠭ ᠢ ᠰᠠᠯᠭᠠᠬᠤ︾ ᠦᠭᠡᠷᠡᠴᠢᠯᠡᠯᠲᠡ ᠶᠢᠨ ᠪᠣᠳᠠᠲᠠᠶ ᠬᠡᠷᠡᠭᠵᠢᠭᠦᠯᠬᠦ ᠲᠥᠰᠦᠯ ᠢ ᠰᠣᠳᠤᠯᠤᠨ ᠲᠣᠭᠲᠠᠭᠠᠵᠤ᠂ 2018 ᠣᠨ ᠤ 3 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠣᠷᠣᠨ ᠲᠣᠭᠠᠨ ᠤ ᠠᠯᠪᠠᠨ ᠭᠡᠷ ︵ᠬᠢᠨᠠᠨ ᠵᠠᠰᠠᠬᠤ ᠠᠯᠪᠠᠨ ᠭᠡᠷ︶᠎ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号