ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠄ ᠰᠠᠬᠢᠯᠭ᠎ᠠ ᠪᠠᠳᠤ ᠶᠢ ᠴᠢᠩᠳᠠᠯᠠᠵᠤ ᠬᠠᠩᠰᠢ ᠶᠢᠨ ᠬᠤᠭᠤᠴᠠᠭᠠᠨ ᠳᠤ ᠰᠤᠷᠳᠠᠯ ᠴᠢᠭᠡᠴᠢ ᠤᠪᠤᠷ ᠲᠦᠪ ᠪᠠᠶᠢᠬᠤ ᠪᠠᠶᠢᠳᠠᠯ ᠢ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2018/4/3
     ᠣᠢᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ︽ᠬᠠᠩᠰᠢ ᠶᠢᠨ ᠬᠤᠭᠤᠴᠠᠭᠠᠨ ᠳᠤ ᠰᠠᠬᠢᠯᠭ᠎ᠠ ᠪᠠᠳᠤ ᠶᠢ ᠴᠢᠩᠳᠠᠯᠠᠬᠤ ᠱᠠᠭᠠᠷᠳᠠᠯᠭ᠎ᠠ ᠶᠢᠨ ᠲᠤᠬᠠᠢ ᠮᠡᠳᠡᠭᠳᠡᠯ︾ ᠪᠠᠭᠤᠯᠭᠠᠵᠤ ᠱᠠᠭᠠᠷᠳᠠᠭᠰᠠᠨ ᠨᠢ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠲᠦᠪ ᠤᠨ ᠨᠠᠢᠮᠠᠨ ᠲᠤᠬᠳᠠᠭᠠᠯ ᠵᠢᠴᠢ ᠬᠡᠷᠡᠭᠵᠢᠭᠦᠯᠭᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠡᠶᠢᠳᠡᠪᠦᠷᠢᠵᠢᠭᠤᠯᠵᠤ᠂ ᠪᠡᠶ᠎ᠡ ᠪᠠᠷ ᠢᠶᠠᠨ ᠲᠦᠷᠦᠭᠦᠯᠡᠨ ᠵᠠᠩ ᠲᠠᠳᠬᠠᠯ ᠢ ᠦᠭᠡᠷᠡᠴᠢᠯᠡᠨ᠂ ᠪᠤᠯᠪᠠᠰᠤᠨ ᠲᠠᠬᠢᠯᠭ᠎ᠠ᠂ ᠲᠤᠤᠷ᠎ᠠ ᠨᠡᠭᠦᠷᠡᠰᠦᠳᠦ᠋ᠷᠦᠭᠴᠢᠳᠦ ᠲᠠᠬᠢᠯᠭ᠎ᠠ᠂ ᠠᠷᠪᠢᠯᠠᠨ ᠭᠠᠮᠨᠠᠬᠰᠠᠨ ᠲᠠᠬᠢᠯᠭ᠎ᠠ ᠶᠢᠨ ᠠᠵᠢᠯᠯᠠᠭ᠎ᠠ ᠦᠷᠨᠢᠭᠦᠯᠵᠤ᠂ ᠪᠤᠯᠪᠠᠰᠤᠨ ᠰᠢᠨ᠎ᠠ ᠬᠡᠪ ᠰᠤᠷᠳᠠᠯ ᠤᠨ ᠲᠠᠭᠠᠭᠤᠯᠤᠬᠴᠢ ᠪᠤᠯᠬᠤ ᠬᠡᠷᠡᠭᠳᠡᠢ ᠬᠡᠪᠠ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠬᠠᠩᠰᠢ ᠶᠢᠨ ᠬᠤᠭᠤᠴᠠᠭᠠᠨ ᠳᠤ᠂ ᠠᠯᠪᠠᠨ ᠤ ᠮᠠᠰᠢᠨ ᠲᠡᠷᠭᠡ ᠶᠢ ᠬᠤᠪᠢ ᠶᠢᠨ ᠤᠴᠢᠷ ᠲᠤ ᠬᠡᠷᠡᠭᠯᠡᠭᠦ᠂ ᠬᠤᠪᠢ ᠶᠢᠨ ᠮᠠᠰᠢᠨ ᠲᠡᠷᠭᠡ ᠶᠢᠨ ᠵᠠᠷᠤᠳᠠᠯ ᠢ ᠠᠯᠪᠠᠨ ᠠᠴᠠ ᠭᠠᠷᠭᠠᠬᠤ᠂ ᠠᠯᠪᠠᠨ ᠤ ᠵᠤᠭᠤᠰ ᠢᠶᠠᠷ ᠢᠳᠡᠵᠤ ᠤᠤᠭᠤᠬᠤ᠂ ᠠᠯᠪᠠᠨ ᠤ ᠵᠤᠭᠤᠰ ᠢᠶᠠᠷ ᠵᠤᠭᠠᠴᠠᠬᠤ ᠵᠢᠴᠢ ᠪᠤᠰᠤᠳ ᠨᠠᠶᠢᠷᠯᠠᠨ ᠴᠡᠩᠭᠡᠵᠤ ᠪᠡᠶ᠎ᠠ ᠪᠤᠯᠪᠠᠰᠤᠷᠠᠭᠤᠯᠬᠤ ᠠᠵᠢᠯᠯᠠᠭ᠎ᠠ ᠶᠠᠪᠤᠬᠳᠠᠭᠤᠯᠬᠤ᠂ ᠬᠤᠪᠢ ᠶᠢᠨ ᠵᠠᠷᠤᠯᠭ᠎ᠠ ᠶᠢ ᠠᠯᠪᠠᠨ ᠤ ᠲᠠᠩᠰᠠᠠ ᠠᠴᠠ ᠲᠠᠶᠢᠯᠬᠤ᠂ ᠨᠡᠮᠡᠭᠦᠷᠢ ᠨᠦᠬᠦᠪᠦᠷᠢ ᠪᠠ ᠠᠰᠠᠷᠠᠮᠵᠢ ᠶᠢᠨ ᠮᠦᠩᠭᠦ ᠲᠤᠷ᠎ᠠ ᠪᠠᠷ ᠲᠠᠷᠬᠠᠭᠠᠬᠤ᠂ ᠲᠤᠬᠳᠠᠭᠠᠯ ᠠᠴᠠ ᠵᠦᠷᠢᠴᠡᠨ ᠪᠡᠯᠡᠭ ᠰᠡᠯᠳᠡ ᠬᠤᠷᠢᠶᠠᠬᠤ᠂ ᠯᠠᠷᠵᠠᠯᠠᠨ ᠰᠤᠷᠳᠤᠭᠤᠯᠠᠵᠤ ᠪᠦᠷᠢᠯᠭᠡᠨ ᠰᠦᠢᠳᠭᠡᠭᠦ᠂ ᠹᠸᠤᠳᠠᠯ ᠤᠨ ᠮᠤᠬᠤᠷ ᠰᠦᠰᠦᠭ ᠤᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠠ ᠤᠷᠤᠯᠴᠠᠬᠤ᠂ ᠤᠯᠠᠨ ᠨᠡᠶᠢᠳᠡ ᠶᠢᠨ ᠡᠮᠬᠢ ᠵᠢᠷᠣᠮ ᠪᠤᠯᠪᠠᠰᠤᠨ ᠲᠠᠳᠬᠠᠯ ᠵᠢᠴᠢ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ ᠲᠡᠷᠰᠯᠡᠭᠦ ᠵᠡᠷᠭᠡ ᠡᠯ᠎ᠠ ᠵᠦᠢᠯ ᠤᠨ ᠰᠠᠬᠢᠯᠭ᠎ᠠ ᠲᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠳᠡᠢ ᠬᠡᠪᠠ᠃ ᠮᠡᠳᠡᠭᠳᠡᠯ ᠳᠤ ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠦᠢᠯᠡᠳᠦᠯᠭᠡᠵᠢᠭᠦᠯᠵᠤ᠂ ᠤᠯᠠᠨ ᠵᠦᠢᠯ ᠤᠨ ᠬᠡᠯᠪᠡᠷᠢ ᠪᠠᠷ ᠤᠷᠢᠳᠴᠢᠯᠡᠨ ᠮᠡᠳᠡᠭᠳᠡᠵᠤ᠂ ᠰᠡᠷᠡᠮᠵᠢᠯᠡᠭᠦᠯᠵᠤ᠂ ᠱᠠᠭᠠᠷᠳᠡᠯᠭ᠎ᠠ ᠲᠤᠷᠠᠳᠴᠤ᠂ ᠬᠦᠮᠦᠵᠢᠭᠦᠯᠦᠨ ᠰᠡᠷᠬᠡᠶᠢᠯᠡᠭᠦᠯᠭᠦ ᠪᠠᠨ ᠴᠢᠩᠭᠠᠳᠬᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠪᠠᠭ ᠤᠨ ᠭᠤᠤᠯ ᠬᠠᠷᠢᠭᠤᠴᠠᠯᠭᠠᠳᠠᠳ ᠨᠢᠭᠡᠳᠦᠭᠡᠷ ᠬᠠᠷᠢᠭᠤᠴᠠᠯᠭᠠᠳᠣ ᠬᠦᠮᠦᠨ ᠤ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ᠪᠠᠭ ᠤᠨ ᠪᠦᠷᠢᠯᠳᠦᠭᠦᠨ ᠨᠠᠷ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾᠎ ᠶᠢᠨ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠬᠠᠷᠢᠭᠤᠴᠠᠯᠭ᠎ᠠ ᠲᠠᠢ ᠪᠤᠯ ᠬᠠᠷᠢᠭᠤᠴᠠᠯᠭ᠎ᠠ ᠪᠠᠨ ᠰᠠᠶᠢᠳᠤᠷ ᠡᠭᠦᠷᠭᠡᠯᠡᠨ ᠰᠠᠶᠢᠳᠤᠷ ᠬᠦᠢᠴᠡᠳᠭᠡᠵᠤ᠂ ︽ᠬᠤᠰᠢᠭᠤᠴᠢ ᠭᠠᠯᠠᠭᠤ ᠶᠢᠨ ᠨᠦᠯᠦᠭᠡᠯᠡᠯ︾᠎ ᠢ ᠪᠤᠢ ᠪᠤᠯᠭᠠᠬᠤ ᠬᠡᠷᠡᠭᠳᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠰᠠᠶᠢᠳᠤᠷ ᠦᠢᠯᠡᠳᠦᠯᠭᠡᠵᠢᠭᠦᠯᠵᠤ᠂ ᠬᠢᠨᠠᠯᠳᠠ ᠲᠠᠯᠪᠢᠬᠤ ᠢᠯᠡᠴᠢᠯᠡᠨ ᠮᠡᠳᠡᠭᠦᠯᠭᠦ ᠠᠷᠭ᠎ᠠ ᠵᠠᠮ ᠢ ᠦᠷᠭᠡᠳᠭᠡᠭᠦ᠂ ᠢᠯᠡ ᠪᠠᠷ ᠪᠠᠶᠢᠴᠠᠭᠠᠵᠦ ᠲᠠᠯᠳᠠᠭᠤᠷ ᠰᠤᠷᠪᠤᠯᠵᠢᠯᠠᠬᠤ ᠵᠡᠷᠭᠡ ᠡᠯ᠎ᠠ ᠵᠦᠢᠯ ᠤᠨ ᠬᠡᠯᠪᠡᠷᠢ ᠪᠠᠷ ᠲᠠᠮᠵᠢᠭᠤᠯᠤᠨ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠬᠤ ᠬᠡᠷᠡᠭᠳᠡᠢ᠃ ᠡᠰᠡᠷᠭᠦᠴᠡᠨ ᠲᠡᠷᠰᠯᠡᠵᠤ ᠰᠠᠬᠢᠯᠭ᠎ᠠ ᠪᠠᠳᠤ ᠶᠢ ᠵᠦᠷᠢᠴᠡᠭᠰᠡᠳ ᠢ ᠨᠢᠭᠡ ᠶᠢ ᠢᠯᠡᠷᠡᠭᠦᠯᠪᠡᠯ᠂ ᠨᠢᠭᠡ ᠶᠢ ᠪᠠᠶᠢᠴᠠᠭᠠᠵᠤ᠂ ᠨᠢᠭᠡ ᠶᠢ ᠵᠠᠷᠯᠠᠨ ᠢᠯᠡᠴᠢᠯᠡᠭᠦ ᠶᠢᠨ ᠬᠠᠮᠳᠤ ︽ᠨᠢᠭᠡ ᠬᠡᠷᠡᠭ ᠤᠨ ᠬᠤᠤᠰ ᠪᠠᠶᠢᠴᠠᠭᠠᠯᠳᠠ︾᠎ ᠶᠢ ᠪᠠᠷᠢᠮᠳᠠᠯᠠᠵᠤ᠂ ᠴᠢᠩᠭ᠎ᠠ ᠬᠠᠷᠢᠭᠤᠴᠠᠯᠭ᠎ᠠ ᠨᠡᠭᠡᠮᠵᠢᠯᠡᠨ ᠴᠢᠩᠭ᠎ᠠ ᠬᠠᠷᠢᠭᠤᠴᠠᠯᠭ᠎ᠠ ᠲᠤᠯᠭᠠᠬᠤ ᠬᠡᠷᠡᠭᠳᠡᠢ ᠬᠡᠪᠠ᠃       ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ       ᠵᠦᠪᠯᠡᠯ ᠤᠨ ᠢᠯᠡᠴᠢᠯᠡᠨ ᠮᠡᠳᠡᠭᠦᠯᠭᠦ ᠤᠳᠠᠰᠦ  ᠄  0471 — 12388       ᠢᠯᠡᠴᠢᠯᠡᠨ ᠮᠡᠳᠡᠭᠦᠯᠭᠦ ᠰᠦᠯᠵᠢᠶ᠎ᠠ᠄ neimeng.12388.gov.cn       ᠢᠯᠡᠴᠢᠯᠡᠨ ᠮᠡᠳᠡᠭᠦᠯᠭᠦ ᠵᠠᠬᠢᠳᠠᠯ ᠤᠨ ᠬᠠᠶ᠋ᠢᠭ᠄ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠵᠠᠬᠢᠳᠠᠯ ᠰᠤᠷᠪᠤᠯᠵᠢᠯᠠᠯ ᠤᠨ ᠭᠡᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号