4 ᠳ᠋ᠦ᠋ᠭᠡᠷ ᠰᠠᠷ᠎ᠠ ᠶᠢᠨ 3 ᠤ ᠡᠳᠦᠷ ᠠᠴᠠ 4 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠬᠥᠬᠡᠬᠤᠲᠠ ᠳᠤ 2018 ᠣᠨ ᠤ ᠪᠦᠬᠦ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠠᠵᠢᠯ ᠵᠢᠴᠢ ᠪᠣᠯᠪᠠᠰᠤᠷᠠᠭᠤᠯᠤᠯ ᠤᠨ ᠬᠤᠷᠠᠯ ᠬᠢᠵᠦ᠂ ᠡᠭᠦᠨ ᠤ ᠬᠠᠮᠲᠤ ᠡᠨᠡ | ᠵᠢᠯ ᠤᠨ ᠠᠩᠬᠠᠳᠤᠭᠠᠷ ᠬᠤᠭᠤᠴᠠᠭᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ | ᠲᠣᠭᠲᠠᠭᠠᠬᠤ ᠪᠤᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠢᠪᠡ᠃ | 2017 ᠣᠨ ᠳᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠤᠶᠢᠵᠢᠭᠤᠯᠬᠤ ᠶᠢ ᠦᠨᠡᠮᠰᠢᠨ ᠲᠣᠭᠲᠠᠭᠠᠬᠤ ᠠᠵᠢᠯ ᠢᠯᠡᠳᠲᠡ ᠰᠢᠪᠲᠤᠯᠤᠯᠲᠠ ᠲᠠᠢ ᠪᠤᠯᠵᠤ᠂ ᠪᠥᠬᠦ ᠣᠷᠣᠨ ᠤ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 532 ᠡᠷᠦᠬᠡ ᠳᠤ ᠬᠦᠷᠴᠦ᠂ 2016 ᠣᠨ ᠲᠠᠢ | ᠠᠳᠠᠯᠢᠳᠬᠠᠪᠠᠯ 180 ᠡᠷᠦᠬᠡ ᠴᠡᠪᠡᠷ ᠨᠡᠮᠡᠭᠳᠡᠵᠦ᠂ ᠨᠡᠮᠡᠭᠳᠡᠯ ᠤᠨ ᠨᠤᠷᠮ᠎ᠠ ᠨᠢ 51% ᠶᠢ ᠳᠠᠪᠠᠪᠠ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠦᠢᠯᠡᠴᠢᠯᠡᠭᠡᠨ ᠤ ᠠᠵᠢᠯ ᠶᠡᠬᠡᠳᠡ ᠠᠮᠵᠢᠯᠲᠠ | ᠪᠦᠲᠦᠮᠵᠢ ᠣᠯᠵᠤ᠂ ᠤᠷᠢᠳ ᠬᠤᠵᠢᠳ 5 ᠬᠤᠭᠤᠴᠠᠭᠠᠨ ᠤ ᠦᠨᠡᠮᠰᠢᠨ ᠲᠣᠭᠲᠠᠭᠠᠬᠤ ᠪᠤᠯᠪᠠᠰᠤᠷᠠᠭᠤᠯᠤᠯ ᠪᠠ 2 | ᠬᠤᠭᠤᠴᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠤᠯᠪᠠᠰᠤᠷᠠᠭᠤᠯᠤᠯ ᠢ ᠡᠷᠬᠢᠯᠡᠵᠦ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠦᠷᠦᠯ ᠵᠦᠢᠯ ᠤᠨ ᠬᠠᠮᠢᠶᠠᠷᠤᠯᠲᠠ᠂ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ᠂ ᠪᠣᠳᠠᠲᠠᠶ ᠭᠤᠶᠤᠴᠢᠯᠠᠬᠤ ᠴᠤᠪᠤᠷᠠᠯ ᠵᠡᠷᠭᠡ ᠲᠠᠯ᠎ᠠ ᠪᠠᠷ | ᠠᠵᠤ ᠠᠬᠤᠶᠢᠯᠠᠯ ᠳᠤ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ | ᠢᠳᠡᠪᠬᠢᠲᠡᠶ ᠤᠬᠠᠭᠤᠯᠵᠤ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠪᠦᠬᠦ ᠵᠢᠯ ᠳᠤ ᠥᠪᠡᠷᠲᠡᠭᠡᠨ ᠵᠠᠰᠠᠬᠤ | ᠣᠷᠣᠨ ᠳᠤ ᠨᠡᠶᠢᠲᠡ 182 ᠡᠷᠦᠬᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠭᠠᠶᠢᠯᠢ ᠲᠠᠲᠠᠪᠤᠷᠢ ᠶᠢᠨ | ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠵᠦ᠂ ᠬᠠᠷᠠᠭᠠᠯᠵᠠᠯ ᠬᠦᠷᠲᠡᠭᠰᠡᠨ ᠠᠵᠤ | ᠠᠬᠤᠶᠢᠯᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠵᠦ᠂ ᠠᠵᠤ ᠠᠬᠤᠶᠢᠯᠠᠯ ᠤᠨ | ᠤᠯᠵᠠᠪᠤᠷᠢ ᠶᠢᠨ ᠭᠠᠶᠢᠯᠢ ᠶᠢ 28.57 ᠳ᠋ᠦᠩᠰᠢᠭᠤᠷ ᠲᠥᠭᠦᠷᠢᠭ ᠬᠠᠰᠤᠨ ᠬᠡᠯᠲᠦᠷᠢᠭᠦᠯᠵᠦ᠂ ᠠᠳᠠᠯᠢ | ᠬᠤᠭᠤᠴᠠᠭᠠᠨ ᠤ ᠬᠢ ᠠᠴᠠ 287.6% ᠨᠡᠮᠡᠭᠳᠡᠪᠡ᠃ ᠤᠳᠤᠬᠠᠨ ᠳᠤ᠂ ᠮᠠᠨ ᠤ ᠬᠤᠲᠠ ᠶᠢᠨ ᠬᠦᠴᠦᠨ ᠲᠠᠢ | ᠬᠤᠭᠤᠴᠠᠭᠠᠨ ᠳᠠᠭᠠᠨ ᠪᠠᠶᠢᠬᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠡᠶᠢᠲᠡ 196 ᠡᠷᠦᠬᠡ ᠪᠠᠶᠢᠵᠤ᠂ | ᠡᠨᠡ ᠵᠢᠯ ᠤᠳᠠᠯ ᠦᠭᠡᠢ ᠬᠤᠭᠤᠴᠠᠭ᠎ᠠ ᠨᠢ ᠲᠤᠯᠬᠤ ᠨᠢ 43 ᠡᠷᠦᠬᠡ ᠪᠠᠶᠢᠨ᠎ᠠ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠡᠬᠢᠯᠡᠭᠦᠯᠬᠦ ᠪᠠᠷ ᠪᠠᠶᠢᠨ᠎ᠠ᠃ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ | ᠲᠣᠭᠤᠷᠢᠭ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠦᠬᠦᠨ ᠢ ᠪᠦᠷᠢᠨ ᠪᠠᠶᠢᠴᠠᠭᠠᠨ ᠤᠶᠢᠯᠠᠭᠠᠬᠤ | ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠪᠠᠶᠢᠳᠠᠯ ᠢ ᠭᠦᠨᠵᠡᠭᠡᠶ ᠣᠶᠢᠯᠠᠭᠠᠵᠤ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ ᠪᠤᠶᠢᠵᠢᠭᠤᠯᠬᠤ ᠪᠠ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 30 ᠡᠷᠦᠬᠡ ᠰᠢᠨ᠎ᠡ ᠪᠠᠷ ᠨᠡᠮᠡᠭᠳᠡᠭᠦᠯᠵᠦ᠂ 50 ᠡᠷᠦᠬᠡ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠶᠢᠨ ᠬᠠᠮᠲᠤ ᠰᠢᠨᠵᠢᠯᠡᠬᠦ ᠤᠬᠠᠭᠠᠨ | ᠮᠡᠷᠭᠡᠵᠢᠯ ᠤᠨ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠰᠤᠳᠤᠯᠤᠨ ᠨᠡᠭᠡᠭᠡᠨ ᠬᠥᠭᠵᠢᠭᠦᠯᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠨᠢ ᠬᠥᠲᠥᠯᠥᠨ ᠵᠢᠯᠣᠭᠤᠳᠴᠤ᠂ ᠡᠵᠡᠨ | ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠪᠤᠯᠤᠨ᠎ᠠ᠃ |