ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠬᠤ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/5/10
     5 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠬᠤ ᠪᠠ ᠲᠥᠷᠥᠯ ᠵᠦᠢᠯ ᠎ ᠤᠨ ᠪᠥᠳᠥᠭᠡᠨ ᠪᠠᠶᠢᠭᠤᠯᠤᠯᠲᠠ ᠶᠢ ᠲᠣᠬᠢᠷᠠᠭᠤᠯᠬᠤ ᠲᠧᠯᠸᠢᠰ ᠳ᠋ᠢᠶᠡᠩᠬᠤᠸᠠ ᠬᠤᠷᠠᠯ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠢᠯ ᠤᠨ ᠭᠤᠣᠯᠳᠠᠯᠭ᠎ᠠ ᠪᠠᠨ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠬᠤ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠡᠭᠡᠷ᠎ᠡ ᠲᠠᠯᠪᠢᠵᠤ᠂ ᠨᠢᠭᠡ ᠪᠦᠯᠦᠭ ᠰᠠᠶᠢᠨ ᠲᠦᠷᠦᠯ ᠵᠦᠢᠯ᠂ ᠰᠢᠨ᠎ᠡ ᠲᠦᠷᠦᠯ ᠵᠦᠢᠯ᠂ ᠲᠤᠮᠤ ᠲᠦᠷᠦᠯ ᠵᠦᠢᠯ ᠢ ᠡᠷᠢᠯᠬᠢᠯᠡᠵᠤ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠬᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠵᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠵᠠᠩᠭᠢᠯᠠᠭ᠎ᠠ ᠶᠢᠨ ᠴᠢᠨᠠᠷᠲᠠᠶ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ ᠭᠡᠵᠡᠢ᠃      ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠶᠢ ᠲᠦᠷᠬᠡᠳᠭᠡᠨ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠦᠷᠦᠯ ᠢᠯᠭᠠᠨ᠂ ᠱᠠᠲᠤ ᠬᠤᠪᠢᠶᠠᠵᠤ᠂ ᠲᠡᠰ ᠲᠠᠪᠬᠤᠷᠭ᠎ᠠ ᠰᠠᠯᠭᠠᠵᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠢᠭᠡ ᠪᠦᠯᠦᠭ ᠰᠢᠨ᠎ᠡ ᠲᠥᠷᠥᠯ ᠵᠦᠢᠯ ᠢ ᠤᠯᠬᠤ ᠪᠠᠷ ᠴᠢᠷᠮᠠᠶᠢᠵᠤ᠂ ᠪᠦᠬᠦ ᠬᠦᠴᠦ ᠪᠠᠷ ᠢᠶᠠᠨ ᠠᠷᠭ᠎ᠠ ᠤᠬᠠᠭᠠᠨ ᠰᠦᠪᠡᠭᠴᠢᠯᠡᠨ᠂ ᠢᠳᠡᠪᠬᠢᠲᠡᠶ ᠪᠠᠷ ᠣᠷᠣᠭᠤᠯᠵᠤ ᠢᠷᠡᠭᠡᠳ ᠰᠢᠨ᠎ᠡ ᠬᠠᠭᠤᠴᠢᠨ ᠬᠥᠳᠡᠯᠭᠡᠭᠴᠢ ᠴᠢᠳᠠᠪᠬᠢ ᠶᠢᠨ ᠰᠣᠯᠢᠭᠳᠠᠯ ᠢ ᠬᠦᠭᠵᠢᠭᠦᠯᠵᠦ ᠠᠬᠢᠭᠤᠯᠤᠨ᠂ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠵᠠᠷᠤᠴᠠᠭᠤᠯᠬᠤ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ ᠭᠡᠵᠡᠢ᠃      ᠵᠠᠩ ᠵᠢᠶᠠᠨ ᠮᠢᠨ ᠱᠠᠭᠠᠷᠳᠠᠭᠰᠠᠨ ᠨᠢ᠂ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠬᠤ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠥᠬᠦ ᠣᠷᠣᠨ ᠤ ᠬᠥᠭᠵᠢᠯᠲᠡ ᠶᠢᠨ ᠶᠡᠭᠡ ᠶᠠᠪᠤᠳᠠᠯ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠨᠡᠩ ᠢᠯᠡᠭᠦᠦ ᠬᠦᠴᠦ ᠲᠠᠯᠪᠢᠵᠤ᠂ ᠴᠢᠨᠠᠷ ᠰᠠᠶᠢᠲᠠᠶ ᠬᠥᠭᠵᠢᠯᠲᠡ ᠎ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号