ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠎ ᠤᠨ 10 ᠲᠣᠮᠣ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2018/5/14
     ᠮᠠᠨ ᠤ ᠣᠷᠣᠨ ᠡᠨᠡ ᠵᠢᠯ ᠠᠴᠠ ᠡᠬᠢᠯᠡᠨ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ 10 ᠲᠣᠮᠣ ᠠᠵᠢᠯᠯᠠᠭ᠎ᠠ ᠶᠢᠨ ᠲᠥᠯᠥᠪᠯᠡᠭᠡ︾᠎ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢ ᠲᠤᠭ᠎ᠠ ᠬᠡᠮᠵᠢᠶ᠎ᠡ ᠶᠢ ᠨᠢ ᠲᠡᠷᠢᠭᠦᠨ ᠳᠤ ᠲᠠᠯᠪᠢᠵᠤ ᠪᠠᠶᠢᠭᠰᠠᠨ ᠠᠴᠠ ᠨᠢ  ᠶᠠᠰᠤ ᠴᠢᠨᠠᠷ ᠢ ᠲᠡᠷᠢᠭᠦᠨ ᠳᠤ ᠲᠠᠯᠪᠢᠬᠤ ᠪᠣᠯᠭᠠᠨ ᠬᠤᠪᠢᠷᠠᠭᠤᠯᠬᠤ᠂ ᠤᠨᠠᠯᠲᠠ ᠶᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ ᠪᠠᠶᠢᠭᠰᠠᠨ ᠠᠴᠠ ᠨᠢ ᠶᠠᠰᠤ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠩᠬᠠᠨ ᠤ ᠠᠯᠬᠤᠮ ᠢ ᠯᠠᠪᠳᠠᠭᠤᠨ ᠪᠠᠲᠤᠲᠠᠢ ᠰᠠᠶᠢᠲᠤᠷ ᠠᠯᠬᠤᠬᠤ ᠪᠣᠯᠣᠨ᠎ᠠ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ 10 ᠲᠣᠮᠣ ᠠᠵᠢᠯᠯᠠᠭ᠎ᠠ ᠶᠢᠨ ᠲᠥᠯᠥᠪᠯᠡᠭᠡ ᠳᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠶ ᠶᠢ ᠰᠢᠨᠵᠢᠯᠡᠬᠦ ᠤᠬᠠᠭᠠᠨ ᠮᠡᠷᠭᠡᠵᠢᠯ ᠳᠤ ᠲᠤᠯᠭᠠᠭᠤᠷᠢᠯᠠᠬᠤ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠨᠡᠷᠡᠳᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠥᠪᠰᠢᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠯᠥᠪᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢᠨ ᠠᠮᠤᠷ ᠲᠥᠪᠰᠢᠨ ᠤ ᠪᠠᠶᠢᠳᠠᠯ ᠢ ᠪᠠᠶᠢᠴᠠᠭᠠᠨ ᠰᠢᠯᠭᠠᠬᠤ ᠪᠠ ᠮᠥᠷᠳᠡᠨ ᠬᠠᠮᠢᠶᠠᠷᠬᠤ ᠠᠵᠢᠯᠯᠠᠭᠠᠨ ᠤ ᠲᠥᠯᠥᠪᠯᠡᠭᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠳᠦᠯᠲᠡ᠂ ᠰᠢᠪᠲᠤᠯᠤᠯᠲᠠ ᠶᠢᠨ ᠴᠢᠨᠠᠷᠲᠠᠶ ᠠᠵᠢᠯ ᠤᠨ ᠠᠵᠢᠯᠯᠠᠭᠠᠨ ᠤ ᠲᠥᠯᠥᠪᠯᠡᠭᠡ ᠪᠠᠭᠲᠠᠨ᠎ᠠ᠃ ᠣᠶᠢᠯᠠᠭᠠᠭᠰᠠᠨ ᠢᠶᠠᠷ᠂ 10 ᠲᠣᠮᠣ ᠠᠵᠢᠯᠯᠠᠭᠠᠨ ᠤ ᠲᠥᠯᠥᠪᠯᠡᠭᠡ ᠶᠢ ᠣᠨ ᠬᠤᠪᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠯᠬᠢᠨ ᠠᠬᠢᠭᠤᠯᠬᠤ ᠶᠢᠨ ᠳᠠᠭᠠᠤ ᠳ᠋ᠦᠩᠨᠡᠯᠲᠡ ᠬᠢᠵᠦ ᠪᠦᠷᠢᠨᠰᠢᠭᠦᠯᠬᠦ ᠪᠣᠯᠣᠨ᠎ᠠ᠃ 2020 ᠣᠨ ᠪᠣᠯᠬᠤ ᠳᠤ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢ 550 ᠳ᠋ᠦᠩᠰᠢᠭᠤᠷ ᠵᠢᠩ ᠤᠨ ᠣᠷᠴᠢᠮ᠂ ᠮᠠᠯ ᠤᠨ ᠶᠡᠷᠦᠩᠬᠡᠶ ᠲᠤᠭ᠎ᠠ ᠶᠢ 1.2 ᠳ᠋ᠦᠩᠰᠢᠭᠤᠷ ᠠᠴᠠ ᠳᠡᠭᠡᠭᠰᠢ᠂ ᠨᠤᠲᠤᠭ ᠪᠡᠯᠴᠢᠭᠡᠷ ᠤᠨ ᠤᠷᠭᠤᠮᠠᠯ ᠤᠨ ᠳᠤᠮᠳᠠᠴᠢ ᠪᠦᠷᠬᠦᠴᠡ ᠶᠢ 45% ᠣᠷᠴᠢᠮ ᠂ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠡᠷᠦᠩᠬᠡᠶ ᠬᠢᠷᠢ ᠲᠡᠩᠴᠡᠬᠦ ᠨᠤᠷᠮ᠎ᠠ ᠶᠢ 90%᠎ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠪᠴᠢᠯᠡᠨ ᠠᠬᠢᠭᠤᠯᠵᠤ᠂ ᠬᠢᠮᠢ ᠶᠢᠨ ᠪᠤᠷᠳᠤᠭᠤᠷ ᠲᠠᠷᠢᠶᠠᠨ ᠤ ᠡᠮ ᠬᠡᠷᠡᠭᠯᠡᠬᠦ ᠬᠡᠮᠵᠢᠶ᠎ᠡ ᠶᠢ ᠰᠥᠭᠡᠷᠭᠦ ᠨᠡᠮᠡᠭᠳᠡᠯ ᠲᠠᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号