5 ᠳ᠋ᠤᠭᠠᠷ ᠰᠠᠷ᠎ᠠ ᠶᠢᠨ 14 ᠤ ᠡᠳᠦᠷ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠬᠠᠮᠲᠤᠷᠠᠯᠴᠠᠭᠠᠨ ᠤ ᠲᠦᠷᠦᠯ ᠵᠦᠢᠯ ᠢ ᠵᠤᠯᠭᠠᠭᠤᠯᠬᠤ ᠬᠤᠷᠠᠯ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠬᠡᠬᠤᠲᠠ ᠳᠤ ᠬᠤᠷᠠᠯᠳᠤᠪᠠ᠃ ᠪᠡᠭᠡᠵᠢᠩ ᠬᠤᠳᠠ ᠶᠢᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ ᠪᠣᠯᠤᠨ ᠪᠡᠭᠡᠵᠢᠩ ᠬᠤᠳᠠ ᠶᠢᠨ ᠠᠵᠢᠯ ᠲᠦᠷᠦᠯ ᠢᠶᠠᠷ ᠢᠶᠠᠨ ᠬᠠᠪᠰᠤᠷᠤᠨ | ᠳᠡᠮᠵᠢᠬᠦ ᠬᠠᠮᠲᠤᠷᠠᠯᠴᠠᠭᠠᠨ ᠤ ᠠᠯᠪᠠᠨ ᠭᠡᠷ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ 42 ᠠᠵᠤ ᠠᠬᠤᠶᠢᠯᠠᠯ ᠨᠢ | ᠥᠪᠥᠷ ᠮᠣᠩᠭᠤᠯ ᠤᠨ ᠤᠯᠤᠰ ᠤᠨ ᠳᠡᠰ ᠤᠨ ᠶᠠᠳᠠᠭᠤ ᠬᠦᠴᠢᠷᠳᠡᠯᠲᠠᠢ 31 ᠬᠤᠰᠢᠭᠤ ᠰᠢᠶᠠᠨ ᠯᠤᠭ᠎ᠠ ᠲᠦᠷᠦᠯ | ᠵᠦᠢᠯ ᠵᠤᠯᠭᠠᠭᠤᠯᠤᠭᠰᠠᠨ ᠶᠠᠪᠤᠳᠠᠯ ᠨᠢ᠂ ᠠᠵᠢᠯ ᠲᠦᠷᠦᠯ ᠢᠶᠠᠷ ᠢᠶᠠᠨ ᠬᠠᠪᠰᠤᠷᠤᠨ ᠳᠡᠮᠵᠢᠬᠦ ᠠᠵᠢᠯ ᠰᠢᠨ᠎ᠡ | ᠱᠠᠲᠤᠨ ᠳᠤ ᠤᠷᠤᠭᠰᠠᠨ ᠢ ᠬᠠᠷᠠᠭᠤᠯᠪᠠ᠃ ᠲᠠᠨᠢᠯᠴᠠᠭᠤᠯᠤᠭᠰᠠᠨ ᠢᠶᠠᠷ᠂ ᠲᠤᠰ ᠤᠳᠠᠭ᠎ᠠ ᠶᠢᠨ ᠵᠣᠯᠭᠠᠭᠤᠯᠬᠤ | ᠬᠤᠷᠠᠯ ᠳᠤ ᠲᠠᠨᠢᠯᠴᠠᠭᠤᠯᠤᠭᠰᠠᠨ ᠠᠵᠤ ᠦᠢᠯᠡᠰ ᠤᠨ ᠲᠦᠷᠦᠯ ᠵᠦᠢᠯ ᠨᠡᠶᠢᠲᠡ 90 ᠪᠠᠶᠢᠵᠤ᠂ ᠲᠥᠯᠥᠪᠯᠡᠭᠰᠡᠨ | ᠶᠡᠷᠦᠩᠬᠡᠶ ᠪᠡᠯᠡ ᠣᠷᠣᠭᠤᠯᠤᠯᠲᠠ ᠨᠢ 266 ᠳ᠋ᠦᠡᠭᠰᠢᠭᠤᠷ ᠲᠥᠭᠦᠷᠢᠭ ᠲᠤ ᠬᠦᠷᠴᠡᠶ᠃ ᠲᠥᠷᠥᠯ ᠵᠦᠢᠯ ᠨᠢ | ᠭᠤᠤᠯᠳᠠᠭᠤ ᠶᠠᠳᠠᠭᠤ ᠬᠦᠴᠢᠷᠳᠡᠯ ᠤᠨ ᠬᠡᠮᠵᠢᠶ᠎ᠡ ᠪᠠᠷ ᠬᠠᠮᠤᠭ ᠤᠨ ᠶᠡᠭᠡ ᠪᠠᠶᠢᠭ᠎ᠠ ᠤᠯᠠᠭᠠᠨᠬᠠᠳᠠ᠂ ᠤᠯᠠᠭᠠᠨᠴᠠᠪ᠂ | ᠲᠦᠩᠯᠢᠶᠣᠤ ᠪᠣᠯᠤᠨ ᠬᠢᠩᠭᠠᠨ ᠠᠶᠢᠮᠠᠭ ᠲᠤ ᠲᠦᠪᠯᠡᠷᠡᠵᠤ᠂ ᠠᠵᠤ ᠦᠢᠯᠡᠰ ᠤᠨ ᠬᠡᠯᠪᠡᠷᠢ ᠨᠢ ᠭᠤᠤᠯᠳᠠᠭᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ᠂ ᠰᠣᠶᠣᠯ ᠤᠨ ᠵᠢᠭᠤᠯᠴᠢᠯᠠᠯ᠂ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠪᠠ ᠡᠮ ᠦᠢᠯᠡᠳᠬᠦ ᠵᠡᠷᠭᠡ ᠠᠵᠢᠯ ᠲᠦᠷᠦᠯ ᠪᠤᠯᠤᠨ᠎ᠠ᠃ | ᠤᠳᠤᠬᠠᠨ ᠳᠤ᠂ ᠵᠢᠩ ᠨᠸᠡᠭ ᠪᠦᠯᠦᠭᠯᠡᠯ᠂ ᠲᠦᠩ ᠷᠧᠨ ᠲᠠᠩ ᠪᠦᠯᠦᠭᠯᠡᠯ᠂ ᠱᠸᠤ ᠨᠦᠡᠭ ᠪᠦᠯᠦᠭᠯᠡᠯ ᠤᠨ ᠳᠤᠤᠷᠠᠬᠢ | ᠶᠤᠸᠠᠢ ᠱᠧᠩ ᠵᠠᠶ ᠯᠠᠯᠤ ᠶᠢᠨ ᠢᠳᠡᠭᠡᠨ ᠤ ᠬᠢᠵᠠᠭᠠᠷᠲᠤ ᠺᠣᠮᠫᠠᠨᠢ᠂ ᠰᠢᠤᠸᠠᠢ ᠯᠢᠶᠠᠨ ᠪᠦᠯᠦᠭᠯᠡᠯ 4 ᠠᠵᠤ ᠠᠬᠤᠶᠢᠯᠠᠯ | ᠨᠢ ᠲᠤᠰ ᠲᠤᠰ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ ᠯᠤᠭ᠎ᠠ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠬᠡᠷ ᠲᠤᠭᠲᠠᠭᠠᠵᠤ ᠭᠠᠷ ᠤᠨ ᠦᠰᠦᠭ ᠵᠢᠷᠤᠪᠠ᠃ | ᠤᠶᠢᠯᠠᠭᠠᠭᠰᠠᠨ ᠢᠶᠠᠷ᠂ ᠡᠨᠡ ᠵᠢᠯ ᠤᠨ 4 ᠳ᠋ᠤᠭᠡᠷ ᠰᠠᠷ᠎ᠠ ᠳᠤ᠂ ᠪᠡᠭᠡᠵᠢᠩ ᠬᠤᠲᠠ ᠬᠢᠭᠡᠳ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ | ᠭᠤᠷᠪᠠᠨ ᠵᠢᠯ ᠤᠨ ᠠᠵᠢᠯᠯᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠭᠰᠠᠨ ᠪᠠᠶᠢᠨ᠎ᠠ᠃ | ᠡᠨᠡ ᠤᠳᠠᠭᠠᠨ ᠤ ᠵᠤᠯᠭᠠᠭᠤᠯᠬᠤ ᠬᠤᠷᠠᠯ ᠨᠢ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠤᠯᠬᠤ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ | ᠰᠣᠯᠢᠯᠴᠠᠭ᠎ᠠ ᠬᠠᠮᠲᠤᠷᠠᠯᠴᠠᠭᠠᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠤᠯᠤᠨ᠎ᠠ᠃ |