ᠦᠪᠦᠷ ᠵᠠᠰᠠᠭ ᠠᠯᠪᠠᠨ ᠲᠠᠷᠬᠠᠭᠠᠭᠰᠠᠨ ﹇2017﹈ 168 ᠳ᠋ᠤᠭᠠᠷ ᠲᠤᠭᠠᠳᠤ | 11 ᠳ᠋ᠦ᠋ᠭᠡᠷ ᠰᠠᠷ᠎ᠠ ᠶᠢᠨ 24 ᠤ ᠡᠳᠤᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠤᠶᠢᠯᠡᠰ ᠤᠨ ᠨᠢᠭᠡᠴᠡ ᠳᠤ᠄ | ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠶᠢᠭᠤᠯᠤᠯᠲᠠ ᠶᠢᠨ ᠦᠪᠡᠷ ᠤᠨ ᠦᠷᠳᠡᠭ ᠢ | ᠪᠠᠭᠤᠷᠠᠭᠤᠯᠵᠤ᠂ ᠶᠠᠳᠠᠭᠤ ᠭᠦᠴᠢᠷᠲᠠᠯᠲᠠᠢ ᠭᠦᠮᠤᠨ ᠠᠮᠠ ᠶᠢᠨ ᠬᠢᠨ ᠤ ᠨᠡᠭᠦᠭᠦ ᠠᠴᠠ ᠪᠤᠯᠵᠤ ᠬᠡᠳᠦᠷᠭᠡᠢ | ᠦᠷᠢᠳᠤᠬᠦ ᠶᠢ ᠰᠡᠷᠬᠡᠶᠢᠯᠡᠨ᠂ ᠮᠠᠨ ᠤ ᠤᠷᠤᠨ ᠤ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ | ᠲᠦᠷᠭᠡᠳᠬᠡᠨ ᠠᠬᠢᠭᠤᠯᠬᠤ ᠶᠢᠨ ᠲᠤᠰᠠᠳᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠭᠡ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ | ᠵᠦᠢᠯ ᠢ ᠲᠡᠮᠵᠢᠬᠦ ᠬᠤᠯᠪᠤᠭᠳᠠᠯ ᠪᠦᠬᠦᠢ ᠲᠦᠷᠦ ᠶᠢᠨ ᠪᠣᠳᠤᠯᠭ᠎ᠠ ᠶᠢ ᠲᠤᠤᠷᠠᠬᠢ ᠮᠡᠲᠤ ᠮᠡᠳᠡᠭᠳᠡᠪᠡ ᠄ | ᠨᠢᠭᠡ᠂ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠲᠠᠯ᠎ᠠ ᠪᠠᠷ᠃ ᠤᠨᠳᠤᠤ | ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠳᠤ ᠬᠤᠯᠪᠤᠭᠳᠠᠬᠤ ᠬᠤᠲᠠ ᠪᠠᠯᠭᠠᠰᠤᠨ ᠤ ᠭᠠᠵᠠᠷ ᠰᠢᠷᠤᠢ | ᠬᠡᠷᠡᠭᠯᠡᠬᠦ ᠭᠠᠶᠢᠯᠢ᠂ ᠭᠡᠷ ᠪᠠᠶᠢᠰᠢᠩ ᠭᠦᠷᠦᠩᠭᠡ ᠶᠢᠨ ᠭᠠᠶᠢᠯᠢ᠂ ᠬᠡᠷᠡᠲᠤ ᠭᠠᠶᠢᠯᠢ ᠶᠢᠨ ᠲᠦᠷᠦ ᠶᠢᠨ ᠪᠤᠳᠤᠯᠭ᠎ᠠ ᠶᠢ | ᠤᠳᠤ ᠶᠢᠨ ᠬᠡᠷᠡᠭᠵᠢᠬᠦᠯᠵᠦ ᠪᠠᠶᠢᠭ᠎ᠠ ᠭᠠᠶᠢᠯᠢ ᠶᠢᠨ ᠬᠠᠤᠯᠢ ᠶᠢᠨ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ᠤᠨᠳᠤᠤ | ᠭᠠᠵᠠᠷ ᠨᠡᠭᠦᠯᠭᠡᠨ ᠶᠠᠳᠠᠭᠤ ᠶᠢ ᠲᠡᠳᠭᠦᠭᠦ ᠠᠵᠢᠯ ᠢ ᠡᠷᠬᠢᠯᠡᠵᠤ ᠪᠠᠶᠢᠭ᠎ᠠ ᠲᠦᠷᠦᠯ ᠵᠦᠢᠯ ᠤᠨ ᠪᠠᠶᠢᠭᠤᠯᠤᠯᠲᠠ ᠶᠢᠨ | ᠨᠢᠭᠡᠴᠡ ( ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠠᠶᠢᠭᠤᠯᠤᠯᠲᠠ ᠪᠠᠷ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠤᠯᠭᠠᠭᠰᠠᠨ ᠪᠦᠭᠡᠳ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ | ᠤᠨ ᠤᠷᠤᠯᠭ᠎ᠠ ᠨᠢ ᠠᠵᠤ ᠠᠬᠤᠶᠢᠯᠠᠯ ᠤᠨ ᠤᠷᠤᠯᠭ᠎ᠠ ᠶᠢᠨ ᠶᠡᠷᠤᠩᠬᠡᠢ ᠲᠤᠭᠠᠨ ᠤ 70% ᠠᠴᠠ ᠲᠡᠭᠡᠭᠰᠢᠬᠢ ᠶᠢ | ᠡᠵᠡᠯᠡᠭᠰᠡᠨ ᠪᠡᠶ᠎ᠡ ᠪᠠᠨ ᠲᠠᠭᠠᠭᠠᠭᠰᠠᠨ ᠬᠠᠤᠯᠢ ᠶᠢᠨ ᠡᠷᠭᠡᠲᠡᠨ ᠢ ᠵᠢᠭᠠᠵᠤ ᠪᠤᠢ᠂ ᠡᠭᠦᠨ ᠳᠤ ᠦᠪᠡᠷᠳᠡᠭᠡᠨ ᠵᠠᠰᠠᠬᠤ | ᠤᠷᠤᠨ ᠤ ᠲᠡᠰ ᠤᠨ ᠲᠠᠪᠴᠠᠩ ᠪᠤᠯᠬᠤ ᠺᠤᠮᠫᠠᠨᠢ ᠪᠠ ᠠᠶᠢᠮᠠᠭ ᠬᠤᠲᠠ ᠶᠢᠨ ᠲᠡᠰ᠂ ᠬᠤᠰᠢᠭᠤ ᠰᠢᠶᠠᠨ ᠤ ᠲᠡᠰ ᠤᠨ | ᠲᠠᠪᠴᠠᠩ ᠪᠤᠯᠬᠤ ᠺᠤᠮᠫᠠᠨᠢ ᠵᠢᠴᠢ ᠲᠦᠷᠦᠯ ᠵᠦᠢᠯ ᠤᠨ ᠪᠠᠶᠢᠭᠤᠯᠤᠯᠲᠠ ᠶᠢᠨ ᠨᠢᠭᠡᠴᠡ ᠪᠠᠭᠲᠠᠨ᠎ᠠ ) ᠳᠤ᠂ ᠲᠦᠷᠦᠯ | ᠵᠦᠢᠯ ᠨᠢ ᠤᠶᠢᠯᠡᠳᠪᠤᠷᠢᠯᠡᠯ ᠡᠵᠡᠩᠨᠡᠯᠲᠡ ᠶᠢᠨ ᠠᠩᠬᠠᠨ ᠤ ᠤᠷᠤᠯᠭ᠎ᠠ ᠤᠯᠤᠭᠰᠠᠨ ᠭᠠᠶᠢᠯᠢ ᠲᠤᠰᠢᠶᠠᠬᠤ ᠤᠨ ᠠᠴᠠ | ᠡᠬᠢᠯᠡᠨ᠂ ᠭᠤᠷᠪᠠᠨ ᠵᠢᠯ ᠤᠨ ᠲᠤᠳᠤᠷ᠎ᠠ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠶᠢᠨ ᠤᠷᠤᠨ | ᠨᠤᠲᠤᠭ ᠤᠨ ᠬᠤᠪᠢᠳᠠᠬᠤ ᠬᠡᠰᠡᠭ ᠠᠴᠠ ᠲᠠᠲᠠᠪᠤᠷᠢᠯᠠᠬᠤ ᠶᠢ ᠬᠡᠯᠳᠤᠷᠢᠭᠦᠯᠦᠨᠡ᠃ ᠦᠪᠡᠷᠳᠡᠭᠡᠨ ᠵᠠᠰᠠᠬᠤ ᠤᠷᠤᠨ ᠤ | ᠲᠠᠪᠴᠠᠩ ᠪᠤᠯᠬᠤ ᠺᠤᠮᠫᠠᠨᠢ ᠨᠢ ᠪᠠᠩᠬᠢ ᠯᠤᠭ᠎ᠠ ︽ᠵᠢᠭᠡᠯᠡᠯᠭᠡ ᠶᠢᠨ ᠭᠡᠷ᠎ᠡ︾ ᠲᠤᠭᠲᠠᠭᠰᠠᠨ᠂ ᠵᠢᠴᠢ ᠡᠯ᠎ᠡ ᠬᠤᠰᠢᠭᠤ | ᠰᠢᠶᠠᠨ ︵ ᠬᠤᠲᠠ᠂ ᠲᠤᠭᠤᠷᠢᠭ︶ ᠤ ᠲᠦᠷᠦᠯ ᠵᠦᠢᠯ ᠤᠨ ᠬᠡᠷᠡᠭᠵᠢᠬᠦᠯᠬᠦ ᠭᠤᠣᠯ ᠴᠤᠭᠴᠠ ᠯᠤᠭ᠎ᠠ ᠲᠤᠭᠲᠠᠭᠰᠠᠨ | ︽ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠦᠩᠭᠦ ᠶᠢ ᠭᠡᠷᠡᠭᠯᠡᠭᠦ | ᠵᠦᠪᠯᠡᠯᠴᠡᠭᠡᠷ︾ ᠵᠡᠷᠭᠡ ᠶᠢ ᠲᠤᠭᠳᠠᠭᠰᠠᠨ ᠪᠠᠶᠢᠵᠤ᠂ ︽ᠪᠦᠭᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ | ᠲᠡᠮᠳᠡᠭᠲᠦ ᠶᠢᠨ ᠭᠠᠶᠢᠯᠢ ᠶᠢᠨ ᠲᠦᠷ ᠬᠡᠷᠡᠭᠵᠢᠬᠦᠯᠬᠦ ᠳᠦᠷᠢᠮ ᠢ ᠭᠡᠷᠡᠭᠵᠢᠬᠦᠯᠬᠦ ᠨᠠᠷᠢᠨ ᠳᠦᠷᠢᠮ︾ ᠳᠤ | ᠲᠤᠭᠲᠠᠭᠠᠭᠰᠠᠨ ᠬᠦᠦ ᠮᠦᠩᠭᠦ ᠦᠬᠡᠢ ᠵᠢᠭᠡᠯᠡᠯᠭᠡ᠂ ᠳᠠᠮ ᠬᠦᠦ ᠲᠠᠢ ᠵᠢᠬᠡᠯᠡᠯᠬᠡ ᠶᠢᠨ ᠭᠡᠷ᠎ᠡ ᠳᠤ ᠨᠡᠶᠢᠴᠡᠪᠡᠯ᠂ | ᠲᠡᠮᠳᠡᠭᠲᠦ ᠶᠢᠨ ᠭᠠᠶᠢᠯᠢ ᠳᠠᠳᠠᠪᠤᠷᠢᠯᠠᠬᠤ ᠠᠴᠠ ᠬᠡᠯᠲᠤᠷᠢᠭᠦᠯᠦᠨᠡ᠃ ᠡᠬᠦᠨ ᠤ ᠬᠠᠮᠲᠤ᠂ ᠤᠯᠤᠰ ᠤᠨ ᠪᠠᠷᠢᠯᠭ᠎ᠠ ᠶᠢᠨ | ᠤᠶᠢᠯᠡᠰ ᠤᠨ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠳᠠᠪᠤᠷᠢᠯᠠᠬᠤ ᠲᠦᠷᠦ ᠶᠢᠨ | ᠪᠤᠳᠤᠯᠭ᠎ᠠ ᠵᠢᠴᠢ ᠪᠠᠷᠢᠯᠭ᠎ᠠ ᠶᠢᠨ ᠦᠢᠯᠡᠰ ᠤᠨ ᠭᠦᠭᠵᠢᠯᠲᠡ ᠶᠢ ᠲᠡᠮᠵᠢᠭᠦ ᠭᠠᠶᠢᠯᠢ ᠳᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠤᠨᠳᠤᠤ ᠭᠠᠵᠠᠷ | ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠢᠳᠡᠪᠬᠢᠲᠠᠢ ᠪᠠᠷ ᠲᠡᠮᠵᠢᠨ᠎ᠡ᠃ ᠡᠳᠡᠭᠡᠷ ᠠᠵᠢᠯ ᠤᠳ ᠢ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠠᠴᠠ ᠬᠤᠯᠪᠤᠭᠳᠠᠯ ᠪᠦᠬᠦᠢ ᠲᠡᠰ ᠳᠠᠷᠠᠭᠠᠯᠠᠯ ᠶᠤᠰᠤᠭᠠᠷ ᠭᠦᠢᠴᠡᠳᠬᠡᠨ᠎ᠡ᠃ | ᠬᠤᠶᠠᠷ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠰᠦᠢᠳᠭᠡᠯ ᠳᠠᠲᠠᠪᠤᠷᠢᠯᠠᠬᠤ ᠠᠴᠠ | ᠬᠡᠯᠲᠦᠷᠢᠭᠦᠯᠭᠦ ᠬᠡᠷᠡᠭᠳᠡᠢ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠭ ᠨᠢ ᠨᠡᠭᠦᠭᠰᠡᠨ ᠤᠯᠠᠨ | ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠪᠠ ᠭᠦᠭᠵᠢᠯᠲᠡ ᠶᠢᠨ ᠣᠷᠴᠢᠨ ᠲᠤᠭᠤᠷᠢᠨ ᠢ | ᠰᠠᠶᠢᠵᠢᠷᠠᠭᠤᠯᠬᠤ ᠶᠢᠨ ᠲᠤᠭᠤᠷᠢᠨ ᠳᠤ᠂ ᠤᠷᠤᠨ ᠰᠠᠭᠤᠴᠠ ᠪᠠ ᠴᠢᠬᠤᠯᠠ ᠳᠠᠭᠠᠯᠲᠠ ᠪᠡᠯᠡᠳᠬᠡᠮᠵᠢ᠂ ᠤᠰᠤ᠂ | ᠴᠠᠬᠢᠯᠭᠠᠨ᠂ ᠵᠠᠮ᠂ ᠬᠡᠢ᠂ ᠰᠦᠯᠵᠢᠶ᠎ᠡ ᠵᠡᠷᠭᠡ ᠦᠨᠳᠤᠰᠦᠨ ᠤᠶᠢᠯᠡᠳᠪᠤᠷᠢᠯᠡᠯ ᠠᠮᠢᠳᠤᠷᠠᠯ ᠤᠨ ᠪᠡᠯᠡᠳᠬᠡᠮᠵᠢ ᠶᠢ | ᠪᠠᠶᠢᠭᠤᠯᠵᠤ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠤᠯᠠᠨ ᠨᠡᠶᠢᠲᠡ ᠶᠢᠨ ᠤᠶᠢᠯᠠᠴᠢᠯᠡᠭᠡᠨ ᠤ | ᠪᠡᠯᠡᠳᠬᠡᠮᠵᠢ ᠶᠢ ᠲᠦᠭᠦᠷᠵᠢᠭᠦᠯᠤᠨ ᠪᠠᠶᠢᠭᠤᠯᠵᠤ᠂ ᠨᠡᠭᠦᠭᠰᠡᠨ ᠤᠯᠠᠨ ᠲᠦᠮᠡᠨ ᠤ ᠠᠵᠢᠯ ᠣᠯᠵᠣ ᠤᠷᠤᠯᠭ᠎ᠠ ᠪᠠᠨ | ᠨᠡᠮᠡᠭᠳᠡᠭᠦᠯᠬᠦ ᠳᠤ ᠲᠦᠭᠦᠷᠵᠢᠭᠦᠯᠦᠨ ᠪᠠᠶᠢᠭᠤᠯᠤᠭᠰᠠᠨ ᠠᠵᠤ ᠤᠶᠢᠯᠡᠰ ᠤᠨ ᠲᠦᠷᠦᠯ ᠵᠦᠢᠯ ᠵᠡᠷᠭᠡ ᠳᠤ᠂ ᠡᠳ᠋ ᠤᠨ | ᠵᠠᠰᠠᠭ ᠤᠨ ᠶᠠᠮᠤᠨ᠂ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ︽ᠤᠢ ᠰᠢᠭᠤᠢ ᠶᠢᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠦ ᠰᠦᠢᠳᠬᠡᠯ ᠤᠨ ᠳᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠳᠤ ᠲᠤᠬᠢᠷᠠᠭᠤᠯᠤᠯᠲᠠ ᠬᠢᠵᠤ | ᠤᠶᠢᠲᠤ ᠭᠠᠵᠠᠷ ᠢ ᠠᠷᠪᠢᠲᠠᠢ ᠡᠷᠴᠢᠮᠳᠠᠢ ᠠᠰᠢᠭᠯᠠᠬᠤ ᠶᠢ ᠭᠦᠳᠦᠯᠦᠨ ᠵᠢᠯᠤᠭᠤᠳᠬᠤ ᠲᠤᠬᠠᠢ ᠮᠡᠳᠡᠭᠳᠡᠯ︾ ︵ᠡᠳ᠋ | ᠭᠠᠶᠢᠯᠢ ﹇2015﹈ 122 ᠳ᠋ᠤᠭᠠᠷ ᠲᠤᠭᠠᠲᠤ︶ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠲᠤᠭᠳᠠᠭᠠᠯ ᠶᠤᠰᠤᠭᠠᠷ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠬᠦᠬᠡᠬᠦ ᠰᠤᠶᠢᠳᠭᠡᠯ | ᠲᠠᠳᠠᠪᠤᠷᠢᠯᠠᠬᠤ ᠠᠴᠠ ᠬᠡᠯᠲᠦᠷᠢᠭᠦᠯᠦᠨ᠎ᠡ᠃ | ᠭᠤᠷᠪᠠ᠂ ᠡᠵᠡᠩᠨᠡᠵᠤ ᠤᠶᠢᠯᠡᠴᠢᠯᠡᠬᠦ ᠴᠢᠨᠠᠷᠲᠠᠢ ᠬᠤᠷᠢᠶᠠᠬᠤ ᠰᠤᠶᠢᠳᠬᠡᠯ ᠢ ᠨᠢ ᠬᠠᠰᠤᠵᠤ ᠬᠡᠯᠲᠦᠷᠢᠭᠦᠯᠭᠦ | ᠬᠡᠷᠡᠭᠳᠡᠢ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠨᠢ ᠤᠯᠤᠰ ᠤᠨ ᠭᠠᠵᠠᠷ ᠰᠢᠷᠤᠢ | ᠡᠬᠢ ᠪᠠᠶᠠᠯᠢᠭ᠂ ᠴᠠᠭ ᠠᠭᠤᠷ᠂ ᠪᠦᠳᠦᠭᠡᠨ ᠪᠠᠶᠢᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ᠂ ᠭᠠᠵᠠᠷ | ᠭᠦᠳᠡᠯᠤᠯᠲᠡ᠂ ᠭᠠᠯ ᠰᠡᠷᠭᠡᠶᠢᠯᠡᠬᠦ ᠵᠡᠷᠭᠡ ᠲᠠᠯ᠎ᠠ ᠪᠠᠷ ᠵᠠᠰᠠᠭ ᠤᠨ ᠤᠷᠳᠤᠨ ᠠᠴᠠ ᠦᠨ᠎ᠡ ᠲᠤᠭᠳᠠᠭᠠᠬᠤ ᠶᠢ | ᠬᠡᠷᠡᠭᠵᠢᠬᠦᠯᠵᠦ ᠪᠠᠶᠢᠭ᠎ᠠ ᠡᠵᠡᠩᠨᠡᠬᠦ ᠤᠶᠢᠯᠡᠴᠢᠯᠡᠬᠦ ᠴᠢᠨᠠᠷᠲᠠᠢ ᠬᠤᠷᠢᠶᠠᠬᠤ ᠰᠤᠶᠢᠳᠬᠡᠯ ᠳᠤ ᠬᠤᠯᠪᠤᠭᠳᠠᠪᠠᠯ᠂ ᠡᠯ᠎ᠡ | ᠰᠤᠶᠢᠳᠬᠡᠯ ᠬᠤᠷᠢᠶᠠᠬᠤ ᠨᠢᠭᠡᠴᠡ ᠨᠢ ᠲᠤᠤᠷ᠎ᠠ ᠬᠢᠵᠠᠭᠠᠷ ᠢ ᠦᠨᠳᠤᠰᠤᠯᠡᠵᠤ ᠬᠠᠭᠠᠰ ᠢᠶᠠᠷ ᠬᠤᠷᠢᠶᠠᠨ᠎ᠠ᠃ ᠵᠠᠬ᠎ᠠ | ᠲᠡᠯᠭᠡᠭᠦᠷ ᠠᠴᠠ ᠦᠨ᠎ᠡ ᠲᠤᠭᠳᠠᠭᠠᠬᠤ ᠶᠢ ᠭᠡᠷᠡᠭᠵᠢᠭᠦᠯᠵᠦ ᠪᠠᠶᠢᠭ᠎ᠠ ᠡᠵᠡᠩᠨᠡᠬᠦ ᠤᠶᠢᠯᠡᠴᠢᠯᠡᠬᠦ ᠴᠢᠨᠠᠷᠲᠠᠢ ᠬᠤᠷᠢᠶᠠᠬᠤ | ᠰᠤᠶᠢᠳᠬᠡᠯ ᠳᠤ ᠪᠣᠯ᠂ ᠶᠠᠳᠠᠭᠤ ᠶᠢ ᠲᠡᠳᠭᠦᠨ ᠲᠡᠮᠵᠢᠭᠦ ᠪᠠ ᠪᠡᠯᠡ ᠪᠠᠨ ᠪᠠᠳᠤᠯᠠᠵᠤ ᠦᠴᠦᠬᠡᠨ ᠠᠰᠢᠭ ᠤᠯᠬᠤ | ᠵᠠᠷᠴᠢᠮ ᠢᠶᠠᠷ᠂ ᠡᠯ᠎ᠡ ᠠᠵᠢᠯ ᠲᠦᠷᠦᠯ ᠤᠨ ᠨᠡᠶᠢᠭᠡᠮᠯᠢᠭ ᠤᠳ ᠬᠠᠮᠢᠶ᠎ᠠ ᠪᠦᠬᠦᠢ ᠤᠶᠢᠯᠡᠴᠢᠯᠡᠭᠡᠨ ᠤ ᠪᠠᠶᠢᠭᠤᠯᠤᠮᠵᠢ ᠶᠢ | ᠵᠤᠬᠢᠴᠠᠭᠤᠯᠵᠤ ᠪᠠᠶᠢᠭᠠᠳ ᠤᠶᠢᠯᠡᠴᠢᠯᠡᠭᠡᠨ ᠤ ᠶᠠᠰᠤ ᠴᠢᠨᠠᠷ ᠢ ᠪᠠᠳᠤᠯᠠᠭᠰᠠᠨ ᠰᠠᠭᠤᠷᠢᠨ ᠲᠡᠭᠡᠷ᠎ᠡ᠂ ᠠᠵᠢᠯ | ᠡᠷᠬᠢᠯᠡᠭᠰᠡᠨ ᠰᠤᠶᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠤᠷ᠎ᠠ ᠬᠢᠵᠠᠭᠠᠷ ᠶᠤᠰᠤᠭᠠᠷ ᠬᠠᠷᠠᠭᠠᠯᠵᠠᠵᠤ ᠬᠤᠷᠢᠶᠠᠬᠤ | ᠬᠡᠷᠡᠭᠳᠡᠢ᠃ |