ᠥᠪᠥᠷ ᠮᠣᠩᠭᠤᠯ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ10%᠎ ᠪᠠᠷ ᠳᠡᠭᠡᠭᠰᠢᠯᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2018/5/16
     5 ᠳ᠋ᠤᠭᠠᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠮᠡᠳᠡᠭᠡ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠲᠥᠪᠰᠢᠨ ᠤ ᠪᠣᠳᠠᠲᠠᠶ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠵᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠰᠠᠷ᠎ᠠ ᠠᠴᠠ ᠨᠢ ᠡᠬᠢᠯᠡᠨ ᠬᠡᠷᠡᠭᠵᠢᠭᠦᠯᠬᠦ ᠪᠠᠷ ᠪᠤᠯᠵᠠᠢ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ  ᠣᠯᠭᠤᠬᠤ ᠪᠠᠷᠢᠮᠵᠢᠶ᠎ᠠ ᠶᠢᠨ ᠲᠣᠬᠢᠷᠠᠭᠤᠯᠤᠯᠲᠠ ᠶᠢ ︽ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠣᠰᠣᠭᠠᠷ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠤᠨ  ᠲᠣᠬᠠᠢ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 102 ᠳ᠋ᠤᠭᠠᠷ ᠲᠣᠭᠠᠲᠤ︶᠎ ᠲᠠᠢ ᠤᠶᠠᠯᠳᠤᠭᠤᠯᠤᠨ᠂ ᠮᠠᠨ ᠤ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ 10%᠎ ᠪᠠᠷ ᠳᠡᠭᠡᠭᠰᠢᠯᠡᠭᠦᠯᠪᠡ᠂ ᠲᠤᠬᠠᠶᠢᠯᠠᠪᠠᠯ 1 — 12 ᠳ᠋ᠤᠭᠠᠷ ᠰᠠᠷ᠎ᠠ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 90%᠎ ᠪᠠᠷ ᠣᠯᠭᠤᠨ᠎ᠠ︔ 13- 24 ᠳ᠋ᠤᠭᠠᠷ ᠰᠠᠷ᠎ᠠ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠪᠣᠯ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 80%᠎ ᠪᠠᠷ ᠣᠯᠭᠤᠨ᠎ᠠ᠃ ᠮᠠᠯᠴᠢᠨ ᠲᠠᠷᠢᠶᠠᠴᠢᠨ ᠭᠡᠷᠡᠲᠦ ᠠᠵᠢᠯᠴᠢᠨ ᠤ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠣᠰᠣᠭᠠᠷ  ᠣᠯᠭᠤᠨ᠎ᠠ᠃      ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠳᠤ ᠱᠠᠭᠠᠷᠳᠠᠭᠰᠠᠨ ᠨᠢ ᠮᠡᠳᠡᠭᠳᠡᠯ ᠎ ᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠣᠯᠭᠤᠬᠤ ᠵᠤᠯᠭᠠᠯᠳᠤᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠬᠦ ᠬᠥᠮᠥᠰ ᠤᠨ ᠬᠠᠣᠯᠢ ᠶᠣᠰᠣᠨ ᠤ ᠡᠷᠬᠡ ᠠᠰᠢᠭ ᠲᠤ ᠬᠤᠬᠢᠷᠠᠯ ᠦᠯᠦ ᠤᠴᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠶᠠᠪᠤᠴᠠ ᠎ ᠳᠤ᠂ ᠠᠰᠠᠭᠤᠳᠠᠯ ᠳᠣᠬᠢᠶᠠᠯᠳᠤᠪᠠᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠣᠬᠠᠢ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号