ᠥᠪᠥᠷ ᠮᠣᠩᠭᠤᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠦᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠣᠢ
ᠨᠡᠶᠢᠲᠡᠯᠡᠭᠰᠡᠨ ᠴᠠᠭ᠄
2018/5/16
     ᠮᠠᠨ ᠤ ᠣᠷᠣᠨ 2020 ᠣᠨ ᠪᠣᠯᠬᠤ ᠳᠤ ᠪᠦᠬᠦ ᠤᠯᠤᠰ ᠲᠤ ᠨᠡᠯᠢᠶᠡᠳ ᠥᠨᠳᠥᠷ ᠠᠯᠳᠠᠷᠰᠢᠯ ᠪᠠ ᠨᠥᠯᠥᠭᠡᠯᠡᠬᠦ ᠬᠦᠴᠦᠨ ᠪᠦᠬᠦᠢ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ 20᠎ ᠠᠴᠠ ᠳᠡᠭᠡᠭᠰᠢ ᠴᠣᠭᠴᠠᠯᠠᠬᠤ ᠪᠠᠷ ᠴᠢᠷᠮᠠᠶᠢᠵᠤ ᠪᠣᠢ᠃      ᠣᠶᠢᠯᠠᠭᠠᠭᠰᠠᠨ ᠢᠶᠠᠷ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠣᠷᠣᠨ ᠳᠦᠷᠦᠯ ᠲᠡᠮᠳᠡᠭᠲᠦ ᠶᠢᠨ ᠴᠣᠭᠴᠠᠯᠠᠯᠲᠠ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ᠂ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠂ ᠦᠪᠡᠷᠮᠢᠴᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ ᠪᠠᠶᠢᠭᠤᠯᠤᠯᠲᠠ ᠵᠢᠴᠢ ᠪᠣᠬᠢᠷᠲᠤᠯ ᠦᠭᠡᠢ᠂ ᠣᠷᠭᠠᠨᠢᠭ ᠵᠡᠷᠭᠡ ᠪᠦᠲᠦᠬᠡᠭᠳᠡᠬᠦᠨ ᠢ ᠦᠨᠡᠮᠰᠢᠬᠦ ᠯᠦᠭᠡ ᠨᠢᠭᠲᠠ ᠤᠶᠠᠯᠳᠤᠭᠤᠯᠵᠦ᠂ ᠳᠦᠷᠦᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ᠂ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠬᠡᠭᠳᠡᠬᠦᠨ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ︾᠎ ᠢ ᠪᠦᠲᠦᠭᠡᠨ ᠪᠠᠶᠢᠭᠤᠯᠬᠤ᠂ ᠳᠠᠪᠠᠭᠤᠯᠢᠭ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠢ ᠮᠥᠷᠳᠡᠬᠦ᠂ ᠣᠨᠴᠠ ᠰᠢᠯᠢᠳᠡᠭ ᠣᠷᠣᠨ ᠢ ᠪᠥᠳᠥᠭᠡᠨ ᠪᠠᠶᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠦᠯᠲᠡ ᠶᠢᠨ ᠦᠢᠯᠡᠰ ᠢ ᠳᠡᠭᠡᠭᠰᠢᠯᠡᠭᠦᠯᠬᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠯᠥᠨ ᠪᠤᠶᠢᠷ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠠᠯᠠᠰᠢᠨ ᠬᠤᠨᠢ᠂ ᠬᠤᠷᠴᠢᠨ ᠤ ᠠᠯᠠᠰᠢᠨ ᠦᠬᠡᠷ᠂ ᠤᠯᠠᠭᠠᠨᠴᠠᠪ ᠤᠨ ᠲᠥᠮᠥᠰᠥ᠂ ᠪᠣᠷᠣᠲᠣᠬᠤᠶ ᠶᠢᠨ ᠪᠤᠭᠤᠳᠠᠢ᠂ ᠥᠪᠥᠷ ᠮᠣᠩᠭᠤᠯ ᠤᠨ ᠬᠤᠯᠢᠮᠠᠭ ᠠᠮᠤ ᠪᠤᠳᠠᠭ᠎ᠠ᠂ ᠪᠣᠷᠣᠲᠣᠬᠤᠶ ᠶᠢᠨ ᠨᠡᠷᠡᠨ ᠬᠤᠸᠠᠷ ᠤᠨ ᠦᠷ᠎ᠡ ᠵᠡᠷᠭᠡ 6 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠭᠤᠣᠯᠳᠠᠯᠭ᠎ᠠ ᠲᠠᠢ ᠪᠠᠷ ᠴᠣᠭᠴᠠᠯᠠᠨ ᠳᠡᠭᠡᠭᠰᠢᠯᠡᠭᠦᠯᠵᠦ᠂ ᠠᠶᠢᠮᠠᠭ ᠬᠤᠳᠠ ᠨᠢᠭᠡᠪᠦᠷᠢ 1 ~ 2 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠦᠯ ᠲᠡᠮᠳᠡᠭᠲᠦ ᠶᠢ ᠳᠡᠭᠡᠭᠰᠢᠯᠡᠭᠦᠯᠦᠨ᠂ ᠪᠦᠬᠦ ᠣᠷᠣᠨ ᠳᠠᠶᠠᠭᠠᠷ ᠢᠶᠠᠨ ᠮᠠᠯ ᠠᠵᠤ ᠠᠬᠤᠶ ᠲᠠᠷᠢᠶᠠᠯᠠᠩ ᠤᠨ ᠲᠥᠷᠥᠯ ᠲᠡᠮᠳᠡᠭᠲᠦ ᠶᠢᠨ ᠳᠡᠭᠡᠭᠰᠢᠯᠡᠭᠦᠯᠦᠯᠲᠡ ᠶᠢ ᠬᠦᠴᠦ ᠬᠠᠮᠲᠤᠳᠬᠠᠨ ᠲᠥᠯᠬᠢᠨ ᠠᠬᠢᠭᠤᠯᠬᠤ ᠠᠵᠢᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶᠠᠲᠤ ᠣᠷᠣᠨ ᠢᠶᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ ᠰᠢᠰᠲ᠋ᠧᠮᠵᠢ ᠶᠢ ᠪᠦᠷᠢᠨᠰᠢᠭᠦᠯᠬᠦ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠬᠢᠷᠢ ᠲᠥᠪᠰᠢᠨ ᠢ ᠶᠡᠷᠦᠩᠬᠡᠶ ᠳᠤᠨᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ 2020 ᠣᠨ ᠪᠣᠯᠬᠤ ᠳᠤ᠂ ᠪᠥᠬᠦ ᠣᠷᠣᠨ ᠳᠤ ᠤᠯᠤᠰ ᠤᠨ ᠳᠡᠰ ᠤᠨ ᠠᠮᠤᠷ ᠲᠥᠪᠰᠢᠨ ᠰᠢᠶᠠᠨ 20᠂ ᠥᠪᠡᠷᠲᠡᠭᠡᠨ ᠵᠠᠰᠠᠬᠤ ᠣᠷᠣᠨ ᠤ ᠠᠮᠤᠷ ᠲᠥᠪᠰᠢᠨ ᠰᠢᠶᠠᠨ 50᠎ ᠶᠢ ᠪᠠᠶᠢᠭᠤᠯᠤᠨ᠎ᠠ︔ ᠠᠮᠤᠷ ᠲᠥᠪᠰᠢᠨ ᠰᠢᠶᠠᠨ ᠤ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠬᠡᠭᠳᠡᠬᠦᠨ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ︾᠎ ᠤᠨ ᠪᠦᠲᠦᠬᠡᠭᠳᠡᠬᠦᠨ ᠤ ᠲᠤᠬᠠᠢ ᠶᠢᠨ ᠭᠠᠵᠠᠷ ᠤᠨ ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠪᠤᠶᠤ ᠲᠠᠯᠠᠪᠠᠶ ᠳᠠᠬᠢ ᠡᠵᠡᠯᠡᠬᠦ ᠬᠤᠪᠢ ᠶᠢᠨ ᠵᠢᠩ ᠢ 50%᠎ ᠳᠤ ᠬᠦᠷᠦᠭᠦᠯᠦᠨ᠎ᠡ︔ ᠠᠮᠤᠷ ᠲᠥᠪᠰᠢᠨ ᠰᠢᠶᠠᠨ ᠤ ᠦᠢᠯᠡᠳᠪᠦᠷᠢᠯᠡᠭᠰᠡᠨ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠶᠠᠰᠤ ᠴᠢᠨᠠᠷ ᠤᠨ ᠠᠮᠤᠷ ᠲᠥᠪᠰᠢᠨ ᠢ ᠮᠦᠷᠳᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠠᠮᠤᠷ ᠲᠥᠪᠰᠢᠨ ᠰᠢᠶᠠᠨ ᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠶᠢ 15000 ᠬᠥᠮᠦᠨ ᠬᠦᠮᠦᠵᠢᠭᠦᠯᠦᠨ᠎ᠡ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤᠷ ᠲᠥᠪᠰᠢᠨ ᠰᠢᠶᠠᠨ ᠤ ᠦᠢᠯᠡᠳᠪᠦᠷᠢᠯᠡᠭᠰᠡᠨ ᠭᠤᠣᠯᠳᠠᠯᠭᠠᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠶ ᠬᠢᠷᠢ ᠲᠡᠩᠴᠡᠯᠲᠡ ᠶᠢᠨ ᠨᠣᠷᠮ᠎ᠠ ᠶᠢ ᠲᠤᠰ ᠲᠤᠰ 98% ᠪᠣᠯᠣᠨ 97%᠎ ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号